ᠤᠯᠠᠭᠠᠶ ᠬᠠᠮᠢᠶᠠᠷᠤᠯᠲᠠ᠎ᠶ᠋ᠢᠨ ᠣᠷᠣᠨ᠎ᠤ ᠠᠷᠠᠳ᠎ᠤᠨ ᠱᠢᠭᠦᠬᠦ᠌ ᠬᠤᠷᠢᠶ᠎ᠠ ᠺᠠᠳ᠋ᠷ ᠴᠠᠭ᠍ᠳᠠᠭ᠎ᠠ᠎ᠶ᠋ᠢᠨ ᠬᠦᠮᠦᠵᠢᠯ᠎ᠢ ᠴᠢᠨᠭᠭᠠᠳᠬᠠᠵᠤ ᠪᠤᠢ
2021-11-05 10:02:30
ᠵᠣᠬᠢᠶᠠᠭ᠍ᠴᠢ᠄
ᠪᠢᠯᠢᠭ᠌ᠪᠡᠭᠠᠳᠤᠷ
ᠣᠩᠱᠢᠭ᠍ᠰᠠᠨ ᠣᠳᠠᠭ᠎ᠠ᠄
★★★☆☆

ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠠᠵᠢᠯᠯᠠᠭ᠎ᠠ᠎ᠶ᠋ᠢ ᠥᠷᠨᠢᠭᠦᠯᠦᠭ᠌ᠰᠡᠨ ᠡᠴᠡ ᠨᠠᠭᠠᠰᠢ᠂ ᠤᠯᠭᠠᠢ ᠬᠠᠮᠢᠶᠠᠷᠤᠯᠲᠠ᠎ᠶ᠋ᠢᠨ ᠣᠷᠣᠨ᠎ᠤ ᠠᠷᠠᠳ᠎ᠤᠨ ᠱᠢᠭᠦᠬᠦ᠌ ᠬᠤᠷᠢᠶ᠎ᠡ᠎ᠨᠢ 《 ᠬᠥᠮᠦᠵᠢᠯ᠂ ᠵᠢᠯᠤᠭᠤᠳᠤᠯᠭ᠎ᠠ᠂ ᠬᠠᠮᠢᠶᠠᠷᠤᠯᠳᠠ᠂ ᠬᠠᠯᠠᠮᠵᠢ》ᠭᠡᠬᠦ᠌ ᠲᠦᠷᠪᠡᠨ ᠲᠠᠯ᠎ᠠ᠎ᠳᠤ ᠬᠦᠴᠦᠯᠡᠭ᠌ᠰᠡᠨ ᠪᠦᠭᠡᠳ ᠪᠣᠳᠠᠲᠠᠢ ᠠᠷᠭ᠎ᠠ ᠬᠡᠮᠵᠢᠶ᠎ᠡ ᠠᠪᠴᠤ᠌᠂ ᠺᠠᠳ᠋ᠷ ᠴᠠᠭ᠍ᠳᠠᠭ᠎ᠠ ᠨᠠᠷ᠎ᠤᠨ ᠰᠤᠷᠤᠯᠴᠠᠯᠭ᠎ᠠ᠎ᠶ᠋ᠢᠨ ᠤᠷᠮᠠᠱᠢᠯ᠎ᠢ ᠲᠠᠢᠴᠢᠯᠠᠨ᠂ ᠲᠤᠱᠢᠶᠠᠯ ᠡᠭᠦᠷᠭᠡ᠎ᠵᠢᠨ ᠲᠠᠨᠢᠯᠳᠠ᠎ᠶ᠋ᠢ ᠪᠠᠬᠢᠵᠢᠭᠦᠯᠵᠦ᠍᠂ ᠡᠩᠨᠡᠭᠡᠨ᠎ᠤ᠎ᠪᠠᠨ ᠬᠡᠪ ᠴᠢᠨᠠᠷ᠎ᠤᠨ ᠲᠡᠭᠡᠭ᠌ᠰᠢᠯᠡᠯᠳᠡ᠎ᠶ᠋ᠢ ᠱᠢᠨ᠎ᠡ ᠲᠦᠪᠱᠢᠨ᠎ᠳᠤ ᠠᠬᠢᠭᠤᠯᠪᠠ᠃

《ᠬᠦᠮᠦᠵᠢᠯ》 — ᠤᠨᠤᠯ᠎ᠢᠶᠠᠷ ᠲᠡᠷᠢᠭᠢ ᠲᠤᠯᠤᠭᠠᠢ᠎ᠪᠠᠨ ᠵᠡᠪᠰᠡᠭ᠌ᠯᠡᠬᠦ᠌᠎ᠶ᠋ᠢ ᠲᠡᠷᠢᠭᠦᠨ᠎ᠳᠤ ᠲᠠᠯᠪᠢᠵᠤ ᠂ ᠪᠠᠭ᠎ᠠ᠎ᠪᠠᠷ ᠶᠡᠭᠡ᠎ᠶ᠋ᠢ ᠂ ᠶᠡᠭᠡ᠎ᠪᠠᠷ ᠬᠠᠮᠳᠤ᠎ᠶ᠋ᠢ ᠲᠠᠢᠴᠢᠯᠠᠨ᠂ ᠠᠯᠬᠤᠮ ᠪᠦᠷᠢ᠎ᠳᠤ ᠠᠬᠢᠭᠤᠯᠵᠤ᠂ ᠤᠨᠤᠯ᠎ᠤᠨ ᠰᠤᠷᠤᠯᠴᠠᠯᠭ᠎ᠠ᠎ᠶ᠋ᠢᠨ ᠪᠦᠷᠬᠦᠴᠡ᠎ᠶ᠋ᠢ ᠲᠠᠰᠤᠷᠠᠯᠳᠠ ᠦᠭᠡᠢ ᠦᠷᠭᠡᠤᠡᠭᠡᠵᠦ᠍᠂ ᠨᠠᠮ᠎ᠤᠨ᠎ᠤᠳᠤᠷᠢᠳᠭᠤ᠎ᠳᠤᠭᠤᠢᠯᠠᠩ᠎ᠤᠨ ᠤᠨᠤᠯ ᠰᠤᠷᠤᠯᠴᠠᠬᠤ ᠭᠤᠣᠯ ᠳᠤᠭᠤᠢᠯᠠᠩ ᠲᠦᠷᠦᠭᠦᠯᠡᠨ ᠨᠠᠮ᠎ᠤ᠋ᠨ ᠡᠭᠦᠷ ᠲᠡᠭᠡᠨ ᠰᠤᠷᠤᠯᠴᠠᠬᠤ᠎ᠶ᠋ᠢ ᠤᠶᠠᠯᠳᠤᠭᠤᠯᠵᠤ᠂ ᠭᠦᠨᠵᠡᠭᠡᠢ ᠰᠤᠷᠤᠯᠴᠠᠵᠦ᠍ ᠨᠡᠪᠲᠡᠷᠡᠲᠡᠯ᠎ᠡ ᠰᠤᠷᠤᠯᠴᠠᠬᠤ᠎ᠳᠤ ᠨᠦᠬᠦᠴᠡᠯ ᠪᠤᠯᠤᠮᠵᠢ ᠭᠦᠢᠴᠡᠳ ᠤᠯᠭᠤᠪᠠ᠃ 《ᠰᠢ᠎ᠶ᠋ᠢᠨ ᠫᠢᠡᠭ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠡᠦᠬᠡ᠎ᠶ᠋ᠢᠨ ᠲᠤᠬᠠᠢ ᠥᠭᠦᠯᠡᠭ᠌ᠰᠡᠨ᠎ᠨᠢ》᠂ 《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠣᠪᠴᠢ ᠲᠡᠦᠬᠡ》 ᠵᠡᠷᠭᠡ ᠰᠤᠷᠤᠯᠴᠠᠬᠤ ᠨᠤᠮ᠎ᠢ ᠲᠠᠷᠬᠠᠭᠠᠵᠤ᠂ ᠤᠭ ᠵᠣᠬᠢᠶᠠᠯ᠎ᠢ ᠠᠮᠳᠠᠷᠬᠠᠨ ᠤᠩᠱᠢᠬᠤ᠂ ᠤᠭ ᠤᠳᠭ᠎ᠠ ᠵᠣᠬᠢᠶᠠᠯ᠎ᠢ ᠰᠤᠷᠤᠯᠴᠠᠨ ᠤᠢ᠍ᠢᠯᠠᠭᠠᠵᠤ ᠱᠢᠨ᠎ᠡ ᠲᠦᠪᠱᠢᠨ᠎ᠳᠤ ᠬᠦᠷᠬᠦ᠌ ᠵᠢ ᠠᠬᠢᠭᠤᠯᠤᠨ ᠲᠠᠢᠴᠢᠯᠠᠵᠤ᠂ ᠺᠠᠳ᠋ᠷ ᠴᠠᠭ᠍ᠳᠠᠭ᠎ᠠ ᠨᠠᠷ᠎ᠤᠨ ᠤᠨᠤᠯ᠎ᠤᠨ ᠰᠠᠭᠤᠷᠢ᠎ᠶ᠋ᠢ ᠪᠡᠳᠤ ᠪᠠᠬᠢ ᠪᠤᠯᠭᠠᠪᠠ᠃

《ᠵᠢᠯᠤᠭᠤᠳᠤᠯᠭ᠎ᠠ》 — ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠬᠦᠲᠦᠯᠦᠨ ᠵᠢᠯᠤᠭᠤᠳᠴᠤ᠌᠂ ᠤᠯᠤᠰ ᠲᠦᠷᠦ᠍᠎ᠶ᠋ᠢᠨ ᠤᠬᠠᠮᠰᠠᠷ᠂ ᠶᠡᠭᠡ ᠲᠠᠯ᠎ᠠ᠎ᠶ᠋ᠢᠨ ᠤᠬᠠᠮᠰᠠᠷ᠎ᠢ ᠪᠠᠷᠢᠮᠲᠠᠯᠠᠵᠤ᠂ ᠱᠢᠭᠦᠨ ᠲᠠᠰᠤᠯᠬᠤ ᠶᠠᠰᠤ ᠴᠢᠨᠠᠷ ᠪᠠ ᠲᠠᠰᠤᠯᠤᠯᠲᠠ᠎ᠶ᠋ᠢ ᠲᠠᠭᠠᠵᠤ ᠵᠠᠷᠭᠤᠯᠳᠤᠬᠤ᠎ᠶ᠋ᠢ ᠪᠤᠯᠢᠬᠤ ᠨᠤᠷᠮ᠎ᠠ᠎ᠶ᠋ᠢ ᠳᠡᠭᠡᠭ᠌ᠰᠢᠯᠡᠭᠦᠯᠪᠡ᠃ ᠭᠦᠢᠴᠡᠳᠭᠡᠭ᠌ᠰᠡᠨ ᠬᠡᠷᠡᠭ᠎ᠤᠨ ᠶᠠᠰᠤ ᠴᠢᠨᠠᠷ ᠦᠷ᠎ᠡ ᠪᠦᠲᠦᠮᠵᠢ ᠪᠠ ᠠᠷᠠᠳ ᠤᠯᠠᠨ᠎ᠤ ᠬᠠᠨᠤᠮᠵᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠪᠠᠷ ᠭᠤᠤᠯ ᠪᠤᠯᠭᠠᠵᠤ᠂《3 +1》 ᠶ᠋ᠢᠨ ᠭᠤᠣᠯ ᠭᠦᠢᠴᠡᠳᠭᠡᠯ ᠲᠤᠭ᠎ᠠ᠎ᠶ᠋ᠢ ᠪᠠᠷᠢᠮᠵᠢᠶ᠎ᠠ᠎ᠳᠤ ᠬᠦᠷᠭᠡᠬᠦ᠌ ᠪᠠ ᠲᠠᠪᠠᠭᠤ ᠪᠠᠢᠷᠢᠨ᠎ᠳᠤ ᠪᠠᠢᠯᠠᠭᠠᠬᠤ᠎ᠶ᠋ᠢ ᠦᠨᠡᠨ ᠬᠦ᠌ ᠪᠠᠲᠤᠯᠠᠪᠠ᠃ ᠲᠦᠷᠢᠮ᠎ᠤᠨ ᠪᠠᠢᠭᠤᠯᠤᠯᠲᠠ ᠪᠠ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠴᠢᠩᠭᠠᠷᠠᠭᠤᠯᠵᠤ᠂《ᠬᠡᠷᠡᠭ ᠪᠣᠯᠭᠠᠨ ᠳᠠᠩᠰᠠᠯᠠᠬᠤ᠂ ᠵᠠᠬᠢᠳᠠᠯ ᠰᠤᠷᠪᠤᠯᠵᠢᠯᠠᠭ᠎ᠠ ᠬᠢᠬᠦ᠂ ᠱᠢᠷᠢᠰ ᠬᠡᠷᠡᠭ᠂ ᠤᠷᠳᠤ ᠬᠤᠭᠤᠴᠠᠭ᠎ᠠ᠎ᠪᠠᠷ ᠱᠢᠢᠳᠪᠦᠷᠢᠯᠡᠵᠦ᠍ ᠳᠠᠭᠤᠰᠤᠭᠠᠳᠤᠶ ᠬᠡᠷᠡᠭ᠂ ᠠᠷᠠᠳ᠎ᠤᠨ ᠠᠮᠢᠳᠤᠷᠠᠯ᠎ᠳᠤ ᠬᠤᠯᠪᠣᠭ᠍ᠳᠠᠭ᠍ᠰᠠᠨ ᠬᠡᠷᠡᠭ》 ᠵᠡᠷᠭᠡ ᠬᠦᠷᠢᠶᠡᠨ᠎ᠳᠤ ᠣᠷᠣᠱᠢᠵᠤ ᠪᠠᠢᠭ᠎ᠠ᠎ᠠᠷᠠᠳ ᠤᠯᠠᠨ᠎ᠤ ᠠᠱᠢᠬ᠎ᠲᠤᠰᠠ᠎ᠳᠤ ᠨᠢᠭ᠍ᠳᠠ ᠬᠤᠯᠪᠤᠭ᠍ᠳᠠᠵᠤ ᠪᠠᠢᠭ᠎ᠠ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍᠂ ᠠᠷᠬᠠᠭ ᠭᠡᠮ᠎ᠢ ᠴᠡᠭ᠌ᠴᠡᠯᠡᠨ ᠵᠠᠰᠠᠵᠤ᠂ ᠠᠵᠢᠯ ᠎ᠤᠨ ᠎ᠰᠤᠷᠲᠠᠯ ᠎ᠢ ᠬᠤᠪᠢᠷᠠᠭᠤᠯᠵᠤ᠂᠎ᠲᠤᠱᠢᠶᠠᠯ ᠬᠠᠷᠢᠭᠤᠴᠠᠯᠭ᠎ᠠ ᠎ᠪᠠᠨ ᠎ᠭᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠪᠡ᠃

《ᠬᠠᠮᠢᠶᠠᠷᠤᠯᠳᠠ》 — ᠬᠢᠨᠠᠯᠲᠠ ᠬᠠᠮᠢᠶᠠᠷᠤᠯᠲᠠ᠎ᠶ᠋ᠢ ᠴᠢᠩᠳᠠᠯᠠᠨ᠂ ᠨᠠᠮ᠎ᠤᠨ ᠰᠤᠷᠲᠠᠯ ᠢ᠋ ᠴᠡᠭ᠌ᠴᠡᠯᠡᠵᠦ᠍ ᠠᠷᠢᠭᠤᠨ ᠴᠢᠭᠡᠴᠢ᠎ᠪᠠᠷ ᠵᠠᠰᠠᠭ ᠪᠠᠷᠢᠬᠤ ᠪᠠ ᠰᠠᠬᠢᠯᠭ᠎ᠠ ᠪᠠᠲᠤ ᠣᠪᠣᠷ ᠰᠤᠷᠲᠠᠯ᠎ᠤᠨ ᠪᠠᠢᠭᠤᠯᠤᠯᠲᠠ᠎ᠶ᠋ᠢ᠎ᠦᠷᠭᠦᠯᠵᠢᠯᠡᠨ᠎ᠴᠢᠩᠭᠠᠤᠡᠬᠠᠪᠠ᠃᠎ᠳᠦᠷᠢᠮ᠎ᠤᠨ ᠬᠢᠵᠠᠭᠠᠷᠯᠠᠯ᠎ᠢ ᠴᠢᠩᠭᠠᠤᠡᠬᠠᠵᠤ᠂ 《ᠱᠢᠯᠢ᠎ᠶ᠋ᠢᠨ ᠭᠤᠣᠯ᠎ᠤᠨ ᠤᠯᠠᠭᠠᠶ ᠬᠠᠮᠢᠶᠠᠷᠤᠯᠲᠠ᠎ᠶ᠋ᠢᠨ ᠣᠷᠣᠨ᠎ᠤ ᠠᠷᠠᠳ᠎ᠤᠨ ᠱᠢᠭᠦᠬᠦ᠌ ᠬᠤᠷᠢᠶᠠᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠬᠠᠮᠢᠶᠠᠷᠤᠯᠲᠠ᠎ᠶ᠋ᠢᠨ ᠳᠦᠷᠢᠮ(ᠲᠤᠷᠱᠢᠨ ᠬᠡᠷᠡᠭ᠌ᠵᠢᠭᠦᠯᠬᠦ᠌)》᠂ 《ᠱᠢᠯᠢ᠎ᠶ᠋ᠢᠨ ᠭᠤᠣᠯ᠎ᠤᠨ ᠤᠯᠠᠭᠠᠶ ᠬᠠᠮᠢᠶᠠᠷᠤᠯᠲᠠ᠎ᠶ᠋ᠢᠨ ᠣᠷᠣᠨ᠎ᠤ ᠠᠷᠠᠳ᠎ᠤᠨ ᠱᠢᠭᠦᠬᠦ᠌ ᠬᠤᠷᠢᠶᠠᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠺᠠᠳ᠋ᠷ ᠴᠠᠭ᠍ᠳᠠᠭ᠎ᠠ ᠵᠢᠴᠢ ᠲᠡᠳᠡᠨ᠎ᠤ ᠭᠡᠷ ᠪᠦᠯᠢ᠎ᠶ᠋ᠢᠨ᠎ᠬᠢᠨ᠎ᠤ ᠲᠣᠭ᠍ᠲᠠᠭᠠᠯ ᠡᠴᠡ ᠵᠥᠷᠢᠴᠡᠨ ᠡᠵᠡᠩᠨᠡᠯᠲᠡ᠎ᠶ᠋ᠢᠨ ᠠᠵᠢᠯᠯᠠᠭ᠎ᠠ ᠬᠢᠬᠦ᠂ ᠲᠣᠭ᠍ᠲᠠᠭᠠᠯ ᠡᠴᠡ ᠵᠥᠷᠢᠴᠡᠨ ᠬᠤᠪᠢ ᠣᠷᠣᠵᠤ ᠵᠢᠭᠡᠯᠡᠯᠭᠡ ᠠᠪᠬᠤ ᠵᠢ ᠴᠡᠭᠴᠡᠯᠡᠨ ᠵᠠᠰᠠᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠲᠣᠭ᠍ᠲᠠᠭᠠᠨ ᠬᠡᠷᠡᠭ᠌ᠵᠢᠭᠦᠯᠪᠡ᠃

《ᠬᠠᠯᠠᠮᠵᠢ》 —  ᠬᠠᠯᠠᠮᠵᠢ ᠬᠠᠢᠷ᠎ᠠ᠎ᠶ᠋ᠢ ᠮᠡᠳᠡᠷᠡᠭᠦᠯᠬᠦ᠌᠎ᠶ᠋ᠢ ᠴᠢᠬᠤᠯᠠᠴᠢᠯᠠᠵᠤ᠂ ᠺᠠᠳ᠋ᠷ ᠴᠠᠭ᠍ᠳᠠᠭ᠎ᠠ᠎ᠶ᠋ᠢᠨ ᠡᠷᠡᠭᠦᠯ ᠮᠡᠨᠳᠤ᠎ᠶ᠋ᠢᠨ ᠪᠠᠢᠴᠠᠭᠠᠯᠲᠠ᠎ᠶ᠋ᠢᠨ ᠲᠦᠷᠢᠮ᠎ᠢ ᠪᠦᠷᠢᠨᠱᠢᠬᠦᠯᠵᠤ᠂ ᠪᠦᠬᠦ᠌ ᠡᠮᠨᠡᠯᠭᠡ᠎ᠶ᠋ᠢᠨ ᠬᠤᠷᠢᠶᠠᠨ᠎ᠤ ᠺᠠᠳ᠋ᠷ ᠴᠠᠭ᠍ᠳᠠᠭ᠎ᠠ ᠨᠠᠷ᠎ᠲᠤ ᠵᠢᠯ᠎ᠳᠤ ᠨᠢᠭᠡ ᠤᠳᠠᠭ᠎ᠠ ᠪᠡᠶ᠎ᠡ᠎ᠶ᠋ᠢᠨ ᠪᠠᠢᠴᠠᠭᠠᠯᠲᠠ ᠬᠢᠵᠦ᠍ ᠦᠭ᠌ᠭᠦ᠎ᠶ᠋ᠢ ᠪᠠᠲᠤᠯᠠᠪᠠ᠃ ᠤᠯᠠᠨ ᠶᠠᠩᠵᠤ ᠭᠡᠯᠪᠡᠷᠢ ᠵᠢᠨ ᠭᠤᠣᠯ ᠰᠡᠳᠦᠪᠲᠦ ᠠᠵᠢᠯᠯᠠᠭ᠎ᠠ᠎ᠶ᠋ᠢ ᠥᠷᠨᠢᠭᠦᠯᠬᠦ᠌᠎ᠪᠠᠷ ᠲᠠᠮᠵᠢᠭᠤᠯᠤᠨ᠎ᠺᠠᠳ᠋ᠷ᠎ᠴᠠᠭ᠍ᠳᠠᠭ᠎ᠠ᠎ᠨᠠᠷ᠎ᠤᠨ᠎ᠰᠣᠶᠣᠯ᠎ᠤᠨ ᠠᠮᠢᠳᠤᠷᠠᠯ᠎ᠢ ᠪᠠᠶᠠᠯᠢᠬ᠍ᠵᠢᠭᠤᠯᠵᠠᠢ᠃ ᠪᠥᠬᠦ᠌ ᠺᠠᠳ᠋ᠷ ᠴᠠᠭ᠍ᠳᠠᠭ᠎ᠠ᠎ᠪᠠᠨ ᠵᠣᠬᠢᠶᠠᠨ ᠪᠠᠢᠭᠤᠯᠤᠨ ᠪᠥᠬᠦ᠌ ᠠᠢᠮᠠᠭ᠎ᠤᠨ ᠬᠡᠪᠴᠢᠶᠡᠨ᠎ᠤ ᠱᠢᠭᠦᠬᠦ᠌ ᠬᠤᠷᠢᠶ᠎ᠠ᠎ᠶ᠋ᠢᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠮᠡᠳᠡᠯᠭᠡ᠎ᠶ᠋ᠢ ᠬᠤᠷᠠᠯ᠎ᠳᠤ ᠣᠷᠣᠯᠴᠠᠭᠤᠯᠵᠤ᠂ ᠺᠠᠳ᠋ᠷ ᠴᠠᠭ᠍ᠳᠠᠭ᠎ᠠ᠎ᠶ᠋ᠢ ᠦᠷᠭᠦᠯᠵᠢ ᠦᠭᠡᠳᠡᠷᠬᠡᠭ ᠪᠠᠶᠠᠰᠤᠩᠭᠤᠢ ᠎ᠤᠪᠤᠷ ᠎ᠢᠶᠠᠷ ᠠᠵᠢᠯ ᠎ᠦᠢᠯᠡᠰ ᠎ᠲᠡᠭᠡᠨ ᠎ᠭᠠᠪᠱᠢᠭᠠᠢ᠌ᠯᠠᠵᠤ᠂᠎ᠤᠷᠤᠭ᠍ᠰᠢᠯᠠᠨ ᠲᠠᠪᠱᠢᠬᠤ᠎ᠪᠠᠷ ᠮᠡᠷᠡᠢᠨ ᠲᠡᠮᠡᠴᠡᠬᠦ᠌ ᠤᠮᠤᠭ ᠵᠤᠷᠢᠭ᠎ᠲᠠᠢ  ᠪᠤᠯᠭᠠᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号