ᠶᠡᠷᠦᠩᠬᠡᠶ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠪᠠᠷ ᠵᠦᠭ᠌ᠯᠡᠭᠦᠷ ᠪᠤᠯᠭᠠᠵᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠦᠨᠡᠨ ᠬᠦ᠌ ᠪᠠᠲᠤ ᠴᠤᠭᠴᠠᠯᠠᠨ᠎ᠠ
2021-11-05 09:21:13
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ   ᠸᠠᠨ ᠴᠤᠤ ᠴᠢ

ᠶᠡᠷᠦᠩᠬᠡᠶ ᠱᠦᠵᠢ ᠰᠢ᠎ᠶ᠋ᠢᠨ ᠫᠢᠩ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠳᠡᠭᠡᠷ᠎ᠡ ᠮᠠᠨ᠎ᠤ ᠨᠠᠮ᠎ᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠍᠂《ᠠᠷᠪᠠᠨ ᠬᠣᠶᠠᠷ ᠡᠷᠬᠡᠪᠰᠢ ᠪᠠᠢᠬᠤ》 ᠴᠢᠬᠤᠯᠠ ᠱᠠᠭᠠᠷᠳᠠᠯᠭ᠎ᠠ᠎ᠶ᠋ᠢ ᠳᠤᠷᠠᠳᠤᠨ ᠭᠠᠷᠭᠠᠵᠤ᠂ ᠪᠢᠳᠡᠨ᠎ᠦ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠨ ᠥᠭ᠌ᠴᠦ᠂ ᠦᠨᠳᠦᠰᠦᠨ ᠵᠢᠷᠤᠮᠯᠠᠯ ᠬᠠᠩᠭᠠᠪᠠ᠃ ᠪᠢᠳᠡ ᠤᠯᠤᠰ ᠲᠥᠷᠥ᠎ᠶ᠋ᠢᠨ ᠲᠠᠯ᠎ᠠ᠎ᠠᠴᠠ ᠦᠵᠡᠬᠦ᠌᠂ ᠤᠯᠤᠰ ᠲᠥᠷᠥ᠎ᠶ᠋ᠢᠨ ᠲᠠᠯ᠎ᠠ᠎ᠠᠴᠠ ᠬᠢᠬᠦ᠌᠎ᠶ᠋ᠢ ᠢᠮᠠᠭ᠍ᠲᠠ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠢᠶ᠋ᠳᠪᠦᠷᠢᠲᠦ ᠪᠣᠳᠣᠯᠭ᠎ᠠ᠎ᠪᠠᠢᠷᠢᠯᠠᠭᠤᠯᠤᠯᠲᠠ᠎ᠶ᠋ᠢ ᠡᠷᠡᠰ ᠭᠤᠢᠪᠢᠰᠢ ᠥᠬᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠦ᠂᠎ᠦᠨᠳᠦᠰᠦᠲᠡᠨ᠎ᠦ᠎ᠠᠵᠢᠯ᠎ᠢ᠎ᠦᠨᠡᠨ᠎ᠬᠦ᠌ ᠴᠢᠩᠭᠠᠳᠭᠠᠨ ᠰᠠᠢᠵᠢᠷᠠᠭᠤᠯᠵᠤ᠂ ᠦᠨᠳᠦᠰᠦᠲᠡᠨ  ᠪᠦᠯᠬᠦᠮᠳᠡᠯ ᠲᠠᠢ ᠂ ᠨᠡᠢᠭᠡᠮ ᠲᠣᠭ᠍ᠲᠠᠭᠤᠨ᠂ ᠠᠵᠤ ᠠᠬᠤᠢ ᠬᠦᠭᠵᠢᠭᠰᠡᠨ ᠲᠦᠷᠰᠦ ᠪᠠᠢᠳᠠᠯ᠎ᠢ ᠲᠠᠰᠤᠷᠠᠯᠲᠠ ᠥᠬᠡᠶ ᠪᠡᠬᠢᠵᠢᠭᠦᠯᠬᠦ ᠬᠡᠷᠡᠭᠳᠡᠢ᠃

ᠳᠤᠮᠳᠠᠳᠤ ᠎ᠶ᠋ᠢᠨ ᠎ᠦᠨᠳᠦᠰᠦᠲᠡᠨ ᠎ᠦ ᠎ᠬᠠᠮᠲᠤ ᠎ᠴᠣᠭ᠍ᠴᠠ ᠎ᠶ᠋ᠢᠨ ᠎ᠤᠬᠠᠮᠰᠠᠷ ᠎ᠢ  ᠪᠠᠲᠤ ᠴᠤᠬᠴᠠᠯᠠᠬᠤ ᠡᠨᠡ ᠬᠦ᠌ ᠭᠤᠤᠯ ᠱᠢᠵᠢᠮ᠎ᠦᠨ ᠲᠣᠭᠣᠷᠢᠨ᠎ᠳᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ᠎ᠲᠦᠮᠡᠨ᠎ᠦ᠎ᠦᠵᠡᠯ᠎ᠰᠠᠨᠠᠭᠠᠨ᠎ᠤ᠎ᠬᠥᠮᠦᠵᠢᠯ᠎ᠢ᠎ᠦᠨᠡᠨ᠎ᠬᠦ᠌ ᠴᠢᠩᠭᠠᠳᠬᠠᠨ᠎ᠠ᠃ ᠤᠯᠠᠭᠠᠨᠬᠠᠳᠠ ᠥᠨᠢ ᠤᠳᠠᠭᠠᠨ ᠲᠡᠦᠬᠡ᠎ᠲᠡᠶ᠂ ᠡᠯ᠎ᠡ ᠦᠨᠳᠦᠰᠦᠲᠡᠨ᠎ᠤ ᠰᠣᠶᠣᠯ ᠬᠠᠷᠢᠯᠴᠠᠨ ᠠᠭᠤᠰᠤᠯᠴᠠᠵᠤ᠂ ᠬᠠᠷᠢᠯᠴᠠᠨ ᠦᠩᠭᠡ ᠨᠡᠮᠡᠷᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠣᠯᠠᠨ ᠡᠱᠢᠲᠦ ᠨᠢᠭᠡ ᠴᠣᠭ᠍ᠴᠠᠵᠢᠭ᠍ᠰᠠᠨ ᠪᠠᠢᠷᠢᠱᠢᠯ᠎ᠢ ᠪᠦᠷᠢᠯᠳᠦᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠰᠣᠶᠣᠯ᠎ᠢ ᠬᠠᠮᠲᠤ᠎ᠪᠠᠷ ᠡᠭᠦᠳᠴᠦ᠍᠂ ᠬᠠᠮᠳᠤ ᠪᠡᠷ ᠴᠡᠴᠡᠭ᠌ᠯᠡᠭᠦᠯᠦᠨ ᠬᠥᠭ᠌ᠵᠢᠭᠦᠯᠬᠦ᠌ ᠲᠠᠯ᠎ᠠ᠎ᠪᠠᠷ ᠴᠢᠬᠤᠯᠠ ᠪᠠᠢᠷᠢ ᠰᠠᠭᠤᠷᠢ᠎ᠶ᠋ᠢ ᠡᠵᠡᠯᠡᠵᠦ᠍ ᠪᠠᠢᠳᠠᠭ᠃ ᠪᠢᠳᠡ ᠮᠠᠷᠺᠰ᠎ᠤᠨ ᠦᠵᠡᠯ᠎ᠦᠨ ᠦᠨᠳᠦᠰᠦᠲᠡᠨ᠎ᠦ ᠦᠵᠡᠯᠲᠡ᠎ᠶ᠋ᠢ᠎ᠪᠠᠲᠤ᠎ᠪᠣᠶ᠎ᠪᠣᠯᠭᠠᠬᠤ᠎ᠠᠴᠠ ᠭᠠᠷᠳᠠᠵᠤ᠂ ᠤᠯᠠᠭᠠᠨᠬᠠᠳᠠ᠎ᠣᠷᠣᠨ᠎ᠤ ᠦᠨᠳᠦᠰᠦᠲᠡᠨ᠎ᠦ ᠠᠭᠤᠰᠤᠯᠴᠠᠯ᠎ᠤᠨ ᠲᠡᠦᠬᠡ᠎ᠶ᠋ᠢᠨ ᠰᠤᠳᠤᠯᠭᠠᠨ᠎ᠢ ᠴᠢᠩᠭᠠᠳᠭᠠᠵᠤ᠂ ᠺᠠᠳ᠋ᠷ ᠣᠯᠠᠨ ᠲᠦᠮᠡᠨ᠎ᠤ ᠳᠤᠮᠳᠠᠳᠤ᠎ᠶ᠋ᠢᠨ ᠪᠣᠯᠪᠠᠰᠤᠨ᠎ᠤ ᠡᠬᠢ ᠡᠭᠦᠰᠦᠯ ᠪᠠ ᠲᠡᠦᠬᠡᠨ ᠰᠤᠳᠠᠰᠤ᠎ᠶ᠋ᠢ ᠣᠨᠣᠪᠴᠢᠲᠠᠶ ᠲᠠᠨᠢᠬᠤ ᠵᠢ ᠎ᠬᠦᠳᠦᠯᠦᠨ ᠎ᠵᠢᠯᠤᠭᠤᠳᠴᠤ᠂ ᠎ᠦᠨᠳᠦᠰᠦᠲᠡᠨ ᠎ᠨᠦᠭᠦᠳ ᠎ᠦᠨ ᠎ᠬᠥᠭ᠌ᠵᠢᠯᠲᠡ ᠎ᠶ᠋ᠢᠨ ᠎ᠲᠡᠦᠬᠡᠨ ᠶᠠᠪᠤᠴᠠ᠎ᠠᠴᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠡᠦᠬᠡ᠎ᠶ᠋ᠢᠨ ᠵᠠᠢᠯᠠᠰᠢ ᠥᠬᠡᠶ ᠴᠢᠨᠠᠷ᠎ᠢ ᠡᠵᠡᠮᠳᠡᠬᠥ ᠬᠡᠷᠡᠭᠲᠡᠢ᠃ ᠪᠠᠢᠭᠤᠯᠭ᠎ᠠ ᠨᠢᠭᠡᠴᠢ᠂ ᠱᠢᠶᠠᠩ ᠪᠠᠯᠭᠠᠰᠤ ᠠᠢᠯ ᠲᠣᠰᠭᠣᠨ᠂ ᠠᠵᠤ ᠠᠬᠤᠢᠯᠠᠯ ᠰᠤᠷᠭᠠᠭᠤᠯᠢ᠎ᠪᠠᠷ ᠭᠣᠣᠯ ᠵᠢᠭ᠍ᠰᠠᠭᠠᠯ᠎ᠤᠨ ᠭᠠᠵᠠᠷ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠵᠦ᠍᠂ ᠺᠠᠳ᠋ᠷ ᠤᠯᠠᠨ ᠲᠦᠮᠡᠨ ᠎ᠤ ᠦᠨᠳᠦᠰᠦᠲᠡᠨ᠎ᠦ ᠪᠦᠯᠬᠦᠮᠳᠡᠯ᠎ᠢ ᠪᠡᠬᠢᠵᠢᠭᠦᠯᠬᠦ᠌᠂ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ᠂ ᠬᠢᠯᠢ ᠬᠢᠵᠠᠭᠠᠷ᠎ᠤᠨ ᠠᠮᠤᠷ ᠲᠦᠪᠱᠢᠨ ᠪᠠ ᠠᠮᠢ ᠠᠬᠤᠢ᠎ᠶ᠋ᠢᠨ ᠠᠮᠤᠷ ᠲᠦᠪᠱᠢᠨ᠎ᠢ ᠪᠠᠲᠤᠯᠠᠬᠤ ᠵᠡᠷᠭᠡ ᠲᠠᠯ᠎ᠠ᠎ᠪᠠᠷ ᠶᠡᠬᠡ ᠲᠠᠯ᠎ᠠ᠎ᠶ᠋ᠢ ᠡᠷᠬᠢᠮᠯᠡᠵᠦ᠂ ᠬᠦᠨᠳᠦ ᠬᠠᠷᠢᠭᠤᠴᠠᠯᠭ᠎ᠠ᠎ᠶ᠋ᠢ ᠡᠬᠦᠷᠭᠡᠯᠡᠬᠦ ᠵᠢ ᠬᠦᠳᠦᠯᠦᠨ ᠵᠢᠯᠤᠭᠤᠳᠴᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠡᠭᠦᠷᠭᠡ᠎ᠬᠠᠷᠢᠭᠤᠴᠠᠯᠭ᠎ᠠ᠎ᠠᠴᠠ᠎ᠳᠤᠮᠳᠠᠳᠤ᠎ᠶ᠋ᠢᠨ᠎ᠦᠨᠳᠦᠰᠦᠲᠡᠨ᠎ᠦ᠎ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠲᠤᠢᠯ᠎ᠤᠨ ᠴᠢᠬᠤᠯᠠ ᠴᠢᠨᠠᠷ᠎ᠢ ᠡᠵᠡᠮᠳᠡᠬᠥ ᠬᠡᠷᠡᠭᠲᠡᠢ᠃ ᠪᠤᠷᠤᠭᠤ ᠬᠡᠯᠪᠡᠷᠢᠯ᠎ᠢ ᠬᠦᠴᠦᠯᠡᠨ ᠵᠠᠯᠠᠷᠠᠭᠤᠯᠵᠤ᠂ ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠨ᠂ ᠺᠠᠳ᠋ᠷ ᠤᠯᠠᠨ ᠲᠦᠮᠡᠨ᠎ᠤ ᠦᠵᠡᠯ ᠰᠠᠨᠠᠭᠠᠨ᠎ᠤ ᠲᠥᠭᠡᠷᠢᠭ᠌ᠳᠡᠯ᠎ᠡᠴᠡ ᠰᠠᠯᠵᠤ᠂ ᠪᠤᠷᠤᠭᠤ ᠲᠠᠨᠢᠯᠲᠠ᠎ᠠᠴᠠ ᠠᠩᠭᠢᠵᠢᠷᠠᠬᠤ ᠵᠢ ᠬᠦᠮᠦᠵᠢᠬᠦᠯᠦᠨ ᠵᠢᠯᠤᠭᠤᠳᠴᠤ᠂᠎ᠦᠨᠳᠦᠰᠦᠲᠡᠨ᠎ᠦ᠎ᠠᠵᠢᠯ᠎ᠤᠨ᠎ᠳᠤᠲᠠᠭᠤᠳᠠᠯ᠎ᠪᠠᠭᠤᠷᠠᠢ ᠲᠠᠯ᠎ᠠ᠎ᠠᠴᠠ ᠳᠤᠮᠳᠠᠳᠤ᠎ᠶ᠋ᠢᠨ ᠦᠨᠳᠦᠰᠦᠲᠡᠨ᠎ᠦ᠎ᠬᠠᠮᠲᠤ᠎ᠴᠣᠭ᠍ᠴᠠ᠎ᠶ᠋ᠢᠨ᠎ᠤᠬᠠᠮᠰᠠᠷ᠎ᠢ᠎ᠪᠠᠲᠤ᠎ᠴᠣᠭ᠍ᠴᠠᠯᠠᠬᠤ᠎ᠪᠣᠳᠠᠲᠠᠢ ᠴᠢᠭᠯᠡᠬᠦᠯᠦᠯᠳᠦ ᠴᠢᠨᠠᠷ᠎ᠢ ᠡᠵᠡᠮᠳᠡᠬᠥ ᠬᠡᠷᠡᠭᠲᠡᠢ᠃ ᠪᠦᠬᠦ᠌ ᠬᠣᠲᠠ᠎ᠶ᠋ᠢᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠎ᠤ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠴᠣᠭ᠍ᠴᠠ ᠎ᠶ᠋ᠢᠨ ᠎ᠤᠬᠠᠮᠰᠠᠷ ᠎ᠢ ᠎ᠪᠠᠲᠤ ᠴᠣᠭ᠍ᠴᠠᠯᠠᠬᠤ ᠤᠬᠠᠮᠰᠠᠷ ᠎ᠢ ᠲᠠᠰᠤᠷᠠᠯᠲᠠ ᠦᠭᠡᠢ ᠭᠦᠨᠵᠡᠭᠡᠢᠷᠡᠬᠥᠯᠵᠥ ᠂ 《 ᠭᠤᠷᠪᠠᠨ ᠰᠠᠯᠵᠤ ᠴᠢᠳᠠᠬᠤ ᠦᠭᠡᠢ》᠂ 《ᠲᠠᠪᠤᠨ ᠬᠠᠮᠲᠤ᠎ᠶ᠋ᠢᠨ ᠲᠠᠨᠢᠯᠲᠠ》 ᠶ᠋ᠢ ᠡᠳᠦᠷ ᠢᠷᠡᠬᠦᠶ᠎ᠡ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠢ ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ《ᠬᠥᠲᠥᠯᠪᠦᠷᠢ》᠎ᠶ᠋ᠢ ᠪᠠᠲᠤ ᠡᠵᠡᠮᠳᠡᠵᠦ᠍᠂ ᠪᠤᠢ ᠪᠦᠬᠦᠢ ᠠᠵᠢᠯ  ᠴᠥᠮ ᠡᠭᠦᠨ ᠎ᠤ᠋ ᠲᠤᠭᠤᠷᠢᠨ ᠳ᠋ᠤ ᠠᠩᠬᠠᠷᠤᠯ ᠵᠢᠡᠨ ᠲᠦᠪᠯᠡᠷᠡᠬᠦᠯᠵᠦ ᠬᠦᠴᠦᠨ᠎ᠢᠶᠡᠨ ᠲᠥᠪᠯᠡᠷᠡᠭᠦᠯᠤᠨ᠎ᠠ᠃ ᠶᠡᠷᠦᠩᠬᠡᠢ ᠱᠦᠵᠢ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ ᠪᠣᠯ ᠤᠯᠤᠰ ᠭᠡᠷ᠎ᠤᠨ ᠲᠤᠬᠠᠢ᠎ᠬᠠᠮᠲᠤ᠎ᠶ᠋ᠢᠨ ᠲᠠᠨᠢᠯᠲᠠ᠂ ᠦᠨᠳᠦᠰᠦᠲᠡᠨ᠎ᠦ ᠠᠭᠤᠰᠤᠯᠴᠠᠯ᠎ᠤᠨ᠎ᠬᠠᠢᠷ᠎ᠠ ᠰᠡᠳᠭᠢᠯᠭᠡ᠎ᠶ᠋ᠢᠨ ᠬᠣᠯᠪᠣᠭᠠᠰᠤ ᠮᠥᠨ᠂ ᠡᠬᠡ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠦᠨ ᠦᠵᠡᠯ ᠰᠠᠨᠠᠭᠠᠨ᠎ᠤ᠎ᠰᠠᠭᠤᠷᠢ᠎ᠮᠥᠨ᠂ ᠳᠤᠮᠳᠠᠳᠤ᠎ᠶ᠋ᠢᠨ᠎ᠦᠨᠳᠦᠰᠦᠲᠡᠨ᠎ᠦ᠎ᠥᠨᠢ᠎ᠡᠭᠦᠷᠢᠳᠡ ᠦᠷᠭᠦᠯᠵᠢᠯᠡᠨ ᠬᠥᠭ᠌ᠵᠢᠬᠦ᠌᠎ᠶ᠋ᠢᠨ ᠬᠦᠴᠦᠨ ᠴᠢᠳᠠᠯ᠎ᠤᠨ ᠡᠬᠢ ᠪᠤᠯᠠᠭ ᠮᠥᠨ ᠭᠡᠵᠦ ᠵᠢᠭᠠᠵᠦ ᠭᠠᠷᠭᠠᠪᠠ᠃ ᠠᠰᠠᠭᠤᠳᠠᠯ᠎ᠢ ᠪᠣᠳᠣᠯᠬᠢᠯᠠᠵᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠭ᠍ᠰᠠᠨ ᠴᠤ᠌ ᠲᠡᠷᠡ᠂ ᠠᠵᠢᠯ ᠦᠢᠯᠡᠰ᠎ᠢ ᠲᠦᠯᠬᠢᠨ ᠠᠬᠢᠭᠤᠯᠤᠭ᠍ᠰᠠᠨ ᠴᠤ᠌ ᠲᠡᠷᠡ᠂ ᠪᠢᠳᠡ ᠴᠥᠮ ᠲᠡᠭᠦᠨ᠎ᠳᠦ ᠠᠭᠤᠯᠤᠭ᠍ᠳᠠᠵᠤ ᠪᠠᠢᠭ᠎ᠠ ᠭᠦᠨ ᠭᠦᠨᠵᠡᠭᠡᠢ ᠠᠭᠤᠯᠤᠭ᠍ᠳᠠᠬᠤᠨ ᠪᠠ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠠᠭᠤᠳᠠᠯᠬᠤ᠎ᠶ᠋ᠢ ᠴᠢᠬᠤᠯᠠᠴᠢᠯᠠᠵᠤ᠂ ᠬᠥᠲᠥᠯᠪᠦᠷᠢ ᠪᠡᠷ ᠤᠳᠤᠷᠢᠳᠤᠮᠵᠢ ᠪᠤᠯᠭᠠᠵᠤ᠂ ᠦᠷ᠎ᠡ ᠪᠦᠲᠦᠮᠵᠢ ᠤᠯᠬᠤ᠎ᠪᠠᠷ ᠬᠦᠴᠦᠯᠡᠨ ᠴᠢᠷᠮᠠᠢᠬᠤ ᠬᠡᠷᠡᠭᠲᠡᠢ᠃ ᠴᠢᠨᠠᠷ ᠰᠠᠢᠲᠠᠢ ᠬᠥᠭ᠌ᠵᠢᠯᠲᠡ ᠎ᠶ᠋ᠢᠨ ᠎ᠲᠠᠯ᠎ᠠ ᠎ᠪᠠᠷ᠂ ᠦᠨᠳᠦᠰᠦᠲᠡᠨ ᠨᠤᠭᠦᠳ ᠎ᠦᠨ ᠎ᠨᠡᠢᠭᠡᠮ ᠵᠢᠷᠤᠮᠲᠤ ᠣᠳᠣᠬᠢᠴᠢᠯᠠᠯᠲᠠ᠎ᠶ᠋ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠨᠡᠢᠭᠡᠮ᠎ᠦᠨ ᠦᠢᠯᠡᠰ᠎ᠦᠨ ᠬᠥᠭ᠌ᠵᠢᠯᠲᠡ᠎ᠶ᠋ᠢᠨ ᠳᠤᠲᠠᠭᠤᠳᠠᠯ᠎ᠢ᠎ᠨᠥᠬᠥᠪᠥᠷᠢᠯᠡᠵᠦ᠍᠂᠎ᠠᠷᠠᠳ᠎ᠤᠨ᠎ᠠᠮᠢᠳᠤᠷᠠᠯ᠎ᠢ ᠰᠠᠢᠵᠢᠷᠠᠭᠤᠯᠬᠤ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ᠂ ᠪᠦᠯᠬᠦᠮᠳᠡᠯ᠎ᠢ ᠴᠢᠩᠭᠠᠳᠭᠠᠬᠤ ᠲᠠᠯ᠎ᠠ ᠳᠡᠭᠡᠷ᠎ᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠢᠯᠡᠷᠡᠭᠦᠯᠬᠥ ᠬᠡᠷᠡᠭᠲᠡᠢ᠃ ᠲᠣᠭ᠍ᠲᠠᠭᠤᠨ ᠪᠠᠢᠳᠠᠯ᠎ᠢ ᠬᠠᠮᠠᠭᠠᠯᠠᠬᠤ ᠲᠠᠯ᠎ᠠ᠎ᠪᠠᠷ᠂ ᠦᠨᠳᠦᠰᠦᠨ ᠱᠠᠲᠤᠨ᠎ᠤ ᠵᠥᠷᠢᠴᠡᠯ ᠵᠢᠭᠤᠷᠠᠯᠳᠤᠭᠠᠨ᠎ᠢ ᠵᠢᠭ᠍ᠰᠠᠭᠠᠨ ᠪᠠᠢᠴᠠᠭᠠᠵᠤ ᠨᠠᠮᠳᠠᠭᠤᠯᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠦᠨᠳᠦᠰᠦᠲᠡᠨ᠎ᠦ  ᠪᠦᠯᠬᠦᠮᠳᠡᠯ᠎ᠢ ᠡᠪᠳᠡᠭ᠌ᠰᠡᠨ ᠡᠯ᠎ᠡ ᠲᠥᠷᠥᠯ᠎ᠦᠨ ᠴᠤᠬᠤᠢᠯᠲᠠ᠎ᠶ᠋ᠢᠨ ᠴᠢᠨᠠᠷᠲᠠᠶ ᠬᠡᠯᠪᠡᠷᠢᠯ᠎ᠦᠨ ᠴᠢᠨᠠᠷᠲᠠᠶ᠎ᠠᠰᠠᠭᠤᠳᠠᠯ᠎ᠢ᠎ᠴᠠᠭ᠎ᠲᠤᠬᠠᠶ᠎ᠳᠤᠨᠢ᠎ᠱᠢᠶ᠋ᠳᠪᠦᠷᠢᠯᠡᠵᠦ᠍᠂᠎ᠦᠨᠳᠦᠰᠦᠲᠡᠨ᠎ᠦ ᠬᠦᠷᠢᠶᠡᠨ᠎ᠳᠡᠬᠢ ᠠᠶᠤᠯ᠎ᠲᠦᠭ᠌ᠰᠢᠭᠦᠷᠢ᠎ᠶ᠋ᠢᠨ᠎ᠳᠠᠯᠳᠠ᠎ᠭᠡᠮ᠎ᠢ᠎ᠪᠦᠲᠦᠮᠵᠢᠲᠡᠶ᠎ᠰᠡᠷᠭᠡᠢᠯᠡᠵᠦ᠍ ᠦᠨᠳᠦᠰᠦᠲᠡᠨ ᠎ᠨᠦᠭᠦᠳ ᠎ᠦᠨ ᠣᠯᠠᠨ ᠲᠦᠮᠡᠨ ᠎ᠦ  ᠪᠦᠯᠬᠦᠮᠳᠡᠯ ᠎ᠢ ᠡᠷᠢᠯᠬᠢᠯᠡᠵᠦ᠍᠂ ᠲᠣᠭ᠍ᠲᠠᠭᠤᠨ ᠪᠠᠢᠳᠠᠯ᠎ᠢ ᠪᠣᠳᠣᠯᠬᠢᠯᠠᠵᠤ᠂ ᠪᠠᠶᠠᠵᠢᠨ ᠴᠢᠨᠡᠭᠡᠯᠢᠭᠵᠢᠬᠦ ᠪᠡᠶᠡᠴᠢ ᠴᠢᠳᠠᠮᠠᠭᠠᠶ ᠴᠢᠨᠠᠷ᠎ᠢ ᠪᠠᠳᠠᠷᠠᠭᠤᠯᠵᠤ᠂ ᠳᠣᠲᠣᠭᠠᠳᠤ᠎ᠶ᠋ᠢᠨ ᠬᠥᠳᠡᠯᠭᠡᠬᠦ᠌ ᠬᠦᠴᠦᠨ᠎ᠢ ᠬᠥᠭ᠌ᠵᠢᠭᠡᠵᠦ᠍᠂ ᠣᠯᠠᠨ ᠲᠦᠮᠡᠨ᠎ᠦ ᠳᠡᠷᠭᠡᠳᠡᠬᠢ ᠪᠠᠭᠠᠲᠤᠷ ᠵᠢᠱ᠌ᠢᠶᠡᠴᠢ᠂ ᠲᠡᠷᠢᠭᠦᠨ᠎ᠦ ᠦᠯᠢᠭᠡᠷ ᠳᠠᠭᠤᠷᠢᠶᠠᠯ᠎ᠢ ᠪᠤᠢ ᠪᠣᠯᠭᠠᠵᠤ᠂ ᠲᠣᠭ᠍ᠲᠠᠭᠤᠨ ᠪᠠᠢᠳᠠᠯ᠎ᠢ ᠠᠬᠢᠭᠤᠯᠬᠤ ᠬᠡᠷᠡᠭᠲᠡᠢ ᠃ ᠤᠬᠠᠭᠤᠯᠭ᠎ᠠ ᠬᠥᠮᠦᠵᠢᠯ᠎ᠦᠨ ᠲᠠᠯ᠎ᠠ᠎ᠪᠠᠷ᠂ ᠨᠠᠮ᠎ᠤᠨ ᠰᠤᠷᠭᠠᠭᠤᠯᠢ᠂ ᠺᠠᠳ᠋ᠷ᠎ᠤᠨ ᠳᠡᠭᠡᠳᠦ ᠰᠤᠷᠭᠠᠭᠤᠯᠢ ᠪᠣᠯᠤᠨ ᠡᠯ᠎ᠡ ᠲᠥᠷᠥᠯ᠎ᠦᠨ ᠵᠠᠭᠤᠴᠢᠯᠠᠭᠤᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠣᠯᠠᠨ ᠲᠦᠮᠡᠨᠴᠢ ᠴᠢᠨᠠᠷᠲᠠᠶ ᠤᠬᠠᠭᠤᠯᠭ᠎ᠠ ᠬᠥᠮᠦᠵᠢᠯ᠎ᠢ ᠥᠷᠭᠡᠨ ᠳᠡᠯᠭᠡᠷ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠳᠠ ᠵᠢ ᠠᠬᠢᠭᠤᠯᠬᠤ ᠬᠡᠷᠡᠭᠲᠡᠢ᠃ ᠬᠥᠭ ᠠᠮᠢᠰᠭᠤᠯ᠎ᠢ ᠪᠣᠶ ᠪᠣᠯᠭᠠᠬᠤ ᠲᠠᠯ᠎ᠠ᠎ᠪᠠᠷ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠡᠭᠦᠳᠦᠨ ᠪᠠᠢᠭᠤᠯᠬᠤ᠎ᠶ᠋ᠢ ᠭᠦᠨᠵᠡᠭᠡᠶ ᠥᠷᠨᠢᠭᠦᠯᠵᠦ᠍᠂ ᠠᠭᠤᠰᠤᠯᠴᠠᠭᠰᠠᠨ ᠮᠠᠶᠢᠭ᠎ᠤᠨ ᠨᠡᠢᠭᠡᠮ᠎ᠦᠨ ᠪᠦᠲᠦᠴᠡ᠎ᠶ᠋ᠢ ᠶᠡᠬᠡ ᠪᠡᠷ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠡᠶ᠎ᠡ ᠨᠠᠢᠷᠲᠠᠶ᠎ᠪᠠᠷ ᠬᠠᠮᠲᠤ ᠣᠷᠣᠱᠢᠬᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠬᠤ᠂ ᠡᠶ᠎ᠡ ᠵᠣᠬᠢᠴᠠᠨᠭᠭᠤᠢ ᠪᠡᠷ ᠬᠥᠭ᠌ᠵᠢᠬᠦ᠌᠎ᠶ᠋ᠢ ᠠᠬᠢᠭᠤᠯᠬᠤ ᠬᠡᠷᠡᠭᠲᠡᠢ ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠰᠡᠬᠦ᠌᠎ᠪᠡᠷ ᠡᠯ᠎ᠡ ᠵᠦᠢᠯ᠎ᠦᠨ ᠠᠵᠢᠯ᠎ᠤᠨ ᠦᠷ᠎ᠡ ᠪᠦᠲᠦᠮᠵᠢ᠎ᠶ᠋ᠢ ᠬᠡᠮᠵᠢᠶᠡᠯᠡᠬᠦ ᠴᠢᠬᠤᠯᠠ ᠪᠠᠷᠢᠮᠵᠢᠶ᠎ᠠ ᠪᠣᠯᠭᠠᠵᠤ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠦᠨᠳᠦᠰᠦᠲᠡᠨ᠎ᠨᠦᠭᠦᠳ᠎ᠦᠨ ᠦᠨᠳᠦᠰᠦᠨ ᠠᠱᠢᠭ ᠲᠤᠰᠠ᠎ᠶ᠋ᠢ ᠬᠠᠮᠠᠭᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠂ ᠡᠷᠬᠡ ᠲᠡᠭ᠌ᠰᠢ ᠪᠦᠯᠬᠦᠮᠳᠡᠯ᠎ᠲᠡᠶ ᠬᠠᠷᠢᠯᠴᠠᠨ ᠬᠠᠪᠰᠤᠷᠤᠯᠴᠠᠭ᠍ᠰᠠᠨ ᠡᠶ᠎ᠡ ᠵᠣᠬᠢᠴᠠᠩᠭᠤᠢ ᠨᠡᠢᠭᠡᠮ ᠵᠢᠷᠤᠮ᠎ᠤᠨ ᠦᠨᠳᠦᠰᠦᠲᠡᠨ᠎ᠦ ᠬᠠᠷᠢᠴᠠᠭ᠎ᠠ᠎ᠶ᠋ᠢ ᠪᠡᠬᠢᠵᠢᠭᠦᠯᠦᠨ ᠬᠥᠭ᠌ᠵᠢᠭᠦᠯᠬᠦ᠌᠂ ᠨᠠᠮ᠎ᠤᠨ ᠦᠨᠳᠦᠰᠦᠲᠡᠨ᠎ᠦ ᠠᠵᠢᠯ᠎ᠤᠨ ᠱᠢᠨ᠎ᠡ ᠪᠠᠢᠳᠠᠯ᠎ᠢ ᠡᠭᠦᠳᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠯ᠎ᠡ ᠵᠦᠶ᠋ᠯ᠎ᠦᠨ ᠠᠵᠢᠯ᠎ᠢ ᠠᠬᠢᠭᠤᠯᠬᠤ ᠳᠤᠮᠳᠠ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ  ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠢᠮᠠᠭ᠍ᠲᠠ ᠲᠣᠪᠣᠢᠮ᠎ᠠ ᠪᠠᠢᠷᠢᠨ᠎ᠳᠤ ᠲᠠᠯᠪᠢᠵᠤ᠂᠎ᠡᠬᠦᠪᠡᠷ ᠠᠵᠢᠯ᠎ᠤᠨ᠎ᠣᠯᠵᠤ᠎ᠠᠯᠳᠠᠬᠤ᠂ ᠠᠵᠢᠯ ᠦᠶ᠋ᠯᠡᠰ᠎ᠦᠨ᠎ᠢᠯᠠᠵᠤ ᠢᠯᠠᠭ᠍ᠳᠠᠬᠤ᠎ᠶ᠋ᠢ ᠬᠡᠮᠵᠢᠶᠡᠯᠡᠬᠥ ᠬᠡᠷᠡᠭᠲᠡᠢ ᠃ ᠣᠨ᠎ᠤ ᠠᠵᠢᠯ᠎ᠤᠨ ᠬᠠᠷᠠᠯᠲᠠ ᠡᠭᠦᠷᠭᠡ᠎ᠶ᠋ᠢ  ᠬᠢᠨᠠᠨ ᠱᠢᠯᠭᠠᠬᠤ ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠣᠯᠭᠣᠬᠤ ᠡᠷᠬᠡ᠎ᠶ᠋ᠢᠨ ᠬᠠᠷᠢᠴᠠᠯ᠎ᠢ 15% ᠪᠣᠯᠭᠠᠨ ᠳᠡᠭᠡᠭ᠌ᠰᠢᠯᠡᠭᠦᠯᠵᠦ᠍᠂ ᠤᠳᠤᠷᠢᠳᠭᠤ ᠪᠠᠭ᠎ᠤᠨ ᠪᠣᠳᠠᠲᠤ ᠠᠮᠵᠢᠯᠲᠠ᠎ᠶ᠋ᠢ ᠦᠨᠡᠯᠡᠨ ᠲᠣᠭ᠍ᠲᠠᠭᠠᠬᠤ᠂ ᠺᠠᠳ᠋ᠷ᠎ᠤᠨ ᠠᠵᠢᠯ᠎ᠤᠨ ᠠᠮᠵᠢᠯᠲᠠ᠎ᠶ᠋ᠢ ᠬᠢᠨᠠᠨ ᠱᠢᠯᠭᠠᠬᠤ ᠵᠢᠨ ᠴᠢᠬᠤᠯᠠ ᠦᠨᠳᠦᠰᠦᠯᠡᠯ ᠪᠤᠯᠭᠠᠨ᠎ᠠ᠃ ᠺᠠᠳ᠋ᠷ᠎ᠢ ᠱᠢᠯᠢᠨ ᠳᠡᠪᠱᠢᠭᠦᠯᠵᠦ᠍ ᠲᠣᠮᠢᠯᠠᠨ ᠬᠡᠷᠡᠭ᠌ᠯᠡᠬᠦ᠌ ᠶᠠᠪᠤᠴᠠ᠎ᠳᠦ᠂ ᠱᠢᠨ᠎ᠡ ᠴᠠᠭ ᠦᠶ᠎ᠡ᠎ᠶ᠋ᠢᠨ ᠰᠠᠢ᠌ᠨ ᠺᠠᠳ᠋ᠷ᠎ᠤᠨ ᠪᠠᠷᠢᠮᠵᠢᠶ᠎ᠠ᠎ᠶ᠋ᠢ ᠪᠠᠷᠢᠮᠲᠠᠯᠠᠵᠤ᠂ 《ᠲᠦᠷᠪᠡᠨ ᠣᠨᠴᠠᠭᠠᠢ》 ᠪᠡᠷ ᠴᠢᠬᠤᠯᠠ ᠱᠠᠭᠠᠷᠳᠠᠯᠭ᠎ᠠ ᠪᠣᠯᠭᠠᠵᠤ᠂ ᠡᠯ᠎ᠡ ᠱᠠᠲᠤᠨ᠎ᠤ᠎ᠤᠳᠤᠷᠢᠳᠭᠤ᠎ᠪᠠᠭ᠎ᠲᠤ᠎ᠱᠢᠯᠢᠳᠡᠭ᠎ᠢ ᠨᠢ ᠰᠣᠩᠭᠣᠵᠤ ᠬᠦᠴᠦᠷᠬᠡᠭ᠎ᠢ᠎ᠨᠢ ᠲᠤᠬᠢᠷᠠᠭᠤᠯᠬᠤ ᠬᠡᠷᠡᠭᠲᠡᠢ᠃ ᠎ᠤᠯᠤᠰ ᠲᠦᠷᠦ᠍ ᠎ᠶ᠋ᠢᠨ ᠲᠣᠭᠣᠷᠢᠨ ᠎ᠪᠠᠢᠴᠠᠭᠠᠯᠲᠠ ᠂ ᠡᠳᠦᠷ ᠎ᠲᠤᠳᠤᠮ ᠎ᠤᠨ ᠱᠠᠯᠠᠪᠳᠠᠭᠤᠯᠤᠨ᠎ᠪᠠᠢᠴᠠᠭᠠᠯᠲᠠ ᠵᠡᠷᠭᠡ ᠠᠵᠢᠯ᠎ᠤᠨ ᠳᠤᠮᠳᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ ᠪᠠᠢᠬᠤ ᠡᠰᠡᠬᠦ᠌᠎ᠪᠡᠷ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠦᠨ ᠠᠵᠢᠯ᠎ᠤᠨ ᠦᠷ᠎ᠡ ᠪᠦᠲᠦᠮᠵᠢ᠎ᠶ᠋ᠢ  ᠬᠢᠨᠠᠨ ᠱᠢᠯᠭᠠᠬᠤ᠎ᠶ᠋ᠢ ᠪᠠᠷᠢᠮᠲᠠᠯᠠᠬᠤ ᠬᠡᠷᠡᠭᠲᠡᠢ ᠃ ᠬᠣᠢᠱᠢᠳᠠ ᠪᠢᠳᠡ ᠮᠥᠨ ᠬᠦ᠌ ᠲᠠᠰᠤᠷᠠᠯᠲᠠ ᠥᠬᠡᠶ ᠪᠠᠷᠢᠮᠵᠢᠶᠠᠯᠠᠨ ᠬᠠᠷᠭᠤᠭᠤᠯᠵᠤ ᠂ ᠎ᠪᠠᠢᠩᠭᠤ ᠎ᠬᠠᠷᠭᠤᠭᠤᠯᠤᠨ ᠂ ᠦᠨᠳᠦᠰᠦᠲᠡᠨ ᠎ᠦ ᠠᠵᠢᠯ᠎ᠢ ᠦᠷᠭᠦᠯᠵᠢᠯᠡᠨ ᠴᠢᠩᠭᠠᠳᠭᠠᠨ ᠰᠠᠢᠵᠢᠷᠠᠭᠤᠯᠵᠤ᠂ ᠤᠯᠠᠭᠠᠨᠬᠠᠳᠠ ᠬᠣᠲᠠ᠎ᠶ᠋ᠢᠨ ᠦᠨᠳᠦᠰᠦᠲᠡᠨ᠎ᠦ ᠠᠵᠢᠯ᠎ᠤᠨ ᠢᠮᠠᠭ᠍ᠲᠠ ᠵᠥᠪ ᠣᠨᠣᠪᠴᠢᠲᠠᠶ ᠤᠯᠤᠰ ᠲᠥᠷᠥ᠎ᠶ᠋ᠢᠨ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠪᠠᠲᠤᠯᠠᠬᠤ ᠬᠡᠷᠡᠭᠳᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号