ᠳᠤᠮᠳᠠᠳᠤ ᠎ᠶᠢᠨ ᠦᠨᠳᠦᠰᠦᠲᠡᠨ ᠎ᠦ ᠬᠠᠮᠲᠤ ᠵᠢᠨ ᠴᠣᠭᠴᠠ ᠎ᠵᠢᠨ ᠤᠬᠠᠮᠰᠠᠷ ᠎ᠢ ᠪᠠᠲᠤ ᠴᠣᠭᠴᠠᠯᠠᠬᠤ ᠎ᠳᠤ 《 ᠲᠠᠪᠤᠨ ᠭᠣᠣᠯᠳᠠᠯᠭ᠎ᠠ ᠎ᠲᠠᠶ ᠡᠭᠦᠷᠭᠡ 》 ᠵᠢ ᠰᠠᠢᠲᠤᠷ ᠠᠳᠬᠤᠬᠤ ᠬᠡᠷᠡᠭᠲᠡᠢ
2021-11-05 10:28:44
ᠵᠣᠬᠢᠶᠠᠭ᠍ᠴᠢ᠄
​ ᠯᠢᠦ ᠹᠦ ᠶᠢᠨᠭ
ᠣᠩᠱᠢᠭ᠍ᠰᠠᠨ ᠣᠳᠠᠭ᠎ᠠ᠄
★★★☆☆

ᠶᠡᠷᠦᠩᠬᠡᠶ ᠱᠦᠵᠢ ᠰᠢ ᠎ᠶᠢᠨ ᠫᠢᠩ ᠎ᠦᠨ ᠎ᠲᠥᠪ ᠎ᠦᠨ ᠦᠨᠳᠦᠰᠦᠲᠡᠨ ᠎ᠦ ᠠᠵᠢᠯ ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠎ᠨᠢ ᠰᠢᠨ᠎ᠡ ᠴᠠᠭ ᠦᠶ᠎ᠡ ᠵᠢᠨ ᠦᠨᠳᠦᠰᠦᠲᠡᠨ ᠎ᠦ ᠠᠵᠢᠯ ᠶᠠᠮᠠᠷ ᠲᠣᠭ᠎ᠢ ᠡᠷᠬᠦᠬᠦ ᠂ ᠶᠠᠮᠠᠷ ᠵᠠᠮ᠎ᠢᠶᠠᠷ ᠵᠠᠮᠨᠠᠬᠤ᠎ᠶᠢ ᠰᠢᠨᠵᠢᠯᠡᠬᠦ ᠤᠬᠠᠭᠠᠨᠴᠢ᠎ᠪᠠᠷ ᠬᠠᠷᠢᠭᠤᠯᠵᠤ᠂ ᠰᠢᠨ᠎ᠡ ᠴᠠᠭ ᠦᠶ᠎ᠡ᠎ᠶᠢᠨ ᠨᠠᠮ ᠎ᠤᠨ ᠦᠨᠳᠦᠰᠦᠲᠡᠨ ᠎ᠦ ᠠᠵᠢᠯ ᠎ᠤᠨ ᠴᠢᠨᠠᠷ ᠰᠠᠢᠲᠠᠶ ᠬᠥᠭᠵᠢᠯᠲᠡ ᠎ᠶᠢ ᠠᠬᠢᠭᠤᠯᠬᠤ ᠭᠤᠤᠯᠳᠠᠯᠭ᠎ᠠ᠎ᠲᠠᠶ ᠡᠭᠦᠷᠭᠡ ᠪᠠ ᠲᠥᠷᠥ ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠲᠣᠳᠣᠷᠬᠠᠶ ᠳᠤᠷᠠᠳᠴᠠᠶ ᠂ ᠡᠨᠡ᠎ᠨᠢ ᠪᠢᠳᠡᠨ᠎ᠦ ᠰᠢᠨ᠎ᠡ ᠴᠠᠭ ᠦᠶ᠎ᠡ ᠎ᠶᠢᠨ ᠦᠨᠳᠦᠰᠦᠲᠡᠨ ᠎ᠦ ᠠᠵᠢᠯ ᠎ᠢ ᠰᠠᠢᠲᠤᠷ ᠬᠢᠬᠦ ᠎ᠶᠢ ᠵᠢᠯᠣᠭᠣᠳᠬᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭᠯᠡᠭᠦᠷ ᠪᠣᠯᠤᠨ᠎ᠠ᠃

ᠳᠤᠮᠳᠠᠳᠤ ᠎ᠶᠢᠨ ᠦᠨᠳᠦᠰᠦᠲᠡᠨ ᠎ᠦ ᠬᠠᠮᠲᠤ ᠎ᠶᠢᠨ ᠤᠶᠤᠨ ᠰᠠᠨᠠᠭᠠᠨ᠎ᠤ ᠭᠡᠷ ᠣᠷᠣᠨ᠎ᠤ ᠪᠦᠲᠦᠭᠡᠨ ᠪᠠᠢᠭᠤᠯᠤᠯᠲᠠ ᠎ᠶᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠳᠤᠮᠳᠠᠳᠤ ᠎ᠶᠢᠨ ᠦᠨᠳᠦᠰᠦᠲᠡᠨ᠎ᠦ ᠬᠠᠮᠲᠤ  ᠴᠣᠭᠴᠠ᠎ᠶᠢᠨ ᠤᠬᠠᠮᠰᠠᠷ ᠎ᠢ ᠪᠠᠲᠤ ᠴᠣᠭᠴᠠᠯᠠᠬᠤ᠎ᠶᠢ ᠢᠷᠭᠡᠳ᠎ᠤᠨ ᠰᠤᠷᠭᠠᠨ ᠬᠥᠮᠦᠵᠢᠯ ᠂ ᠺᠠᠳ᠋ᠷ ᠎ᠤᠨ ᠰᠤᠷᠭᠠᠨ ᠬᠥᠮᠦᠵᠢᠯ ᠪᠠ ᠨᠡᠢᠭᠡᠮ ᠎ᠦᠨ ᠰᠤᠷᠭᠠᠨ ᠬᠥᠮᠦᠵᠢᠯ ᠎ᠦᠨ ᠪᠦᠬᠦ ᠶᠠᠪᠤᠴᠠ᠎ᠳᠤ ᠲᠤᠭᠤᠰᠢᠯᠠᠭᠤᠯᠬᠤ ᠎ᠶᠢ ᠪᠠᠷᠢᠮᠲᠠᠯᠠᠵᠤ ᠂ 《ᠲᠠᠪᠤᠨ ᠦᠵᠡᠯᠲᠡ 》 ᠪᠠ 《ᠳᠦᠷᠪᠡᠨ ᠲᠡᠦᠬᠡ》᠎ᠵᠢᠨ ᠰᠤᠷᠤᠯᠴᠠᠯᠭ᠎ᠠ ᠬᠥᠮᠦᠵᠢᠯ ᠎ᠢ ᠭᠦᠨᠵᠡᠭᠡᠢᠷᠡᠭᠦᠯᠵᠦ ᠂ ᠦᠨᠳᠦᠰᠦᠲᠡᠨ ᠎ᠨᠦᠭᠦᠳ ᠎ᠦᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠣᠭᠣᠳᠴᠤ ᠪᠠᠢᠭᠠᠳ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ ᠎ᠶᠢ ᠰᠤᠷᠤᠯᠴᠠᠨ ᠪᠠᠳᠠᠷᠠᠭᠤᠯᠵᠤ ᠂ ᠤᠬᠠᠮᠰᠠᠷ᠎ᠠᠴᠠ᠎ᠪᠠᠨ ᠬᠠᠮᠲᠤ ᠎ᠶᠢᠨ ᠬᠦᠰᠡᠯᠡᠩ ᠢᠲᠡᠭᠡᠯ ᠪᠢᠰᠢᠷᠡᠯ ᠎ᠢᠶᠡᠷ ᠰᠡᠳᠬᠢᠯ ᠰᠠᠨᠠᠭ᠎ᠠ ᠎ᠪᠠᠨ ᠨᠢᠭᠲᠠᠷᠠᠭᠤᠯᠤᠨ ᠰᠦᠭ ᠰᠦᠨᠡᠰᠦ ᠎ᠪᠡᠨ ᠱᠤᠭᠤᠬᠤ ᠬᠡᠷᠡᠭᠲᠡᠢ᠃ ᠤᠯᠤᠰ ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠎ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ ᠎ᠢ ᠳᠡᠯᠭᠡᠷᠡᠭᠦᠯᠬᠦ ᠠᠵᠢᠯ ᠎ᠢ ᠥᠴᠦᠬᠡᠨ ᠎ᠴᠦ ᠰᠤᠯᠠᠷᠠᠭᠤᠯᠤᠯ ᠦᠭᠡᠢ ᠰᠠᠢᠲᠤᠷ ᠬᠢᠵᠦ ᠂ ᠨᠠᠷᠢᠯᠢᠭ ᠨᠠᠢᠳᠠᠪᠤᠷᠢᠵᠢᠭᠤᠯᠵᠤ ᠂ ᠵᠠᠩᠭᠢᠯᠠᠭ᠎ᠠ ᠎ᠶᠢ ᠠᠳᠬᠤᠵᠤ ᠂ ᠬᠠᠮᠲᠤ  ᠴᠣᠭᠴᠠ ᠎ᠶᠢᠨ ᠤᠬᠠᠮᠰᠠᠷ ᠎ᠢ ᠡᠳᠦᠷ ᠲᠤᠳᠤᠮ᠎ᠤᠨ ᠠᠮᠢᠳᠤᠷᠠᠯ᠎ᠳᠠᠭᠠᠨ ᠠᠭᠤᠰᠬᠠᠬᠣ ᠬᠡᠷᠡᠭᠲᠡᠢ᠃ ᠦᠨᠳᠦᠰᠦᠲᠡᠨ᠎ᠨᠦᠭᠦᠳ ᠎ᠦᠨ ᠬᠠᠮᠲᠤ ᠎ᠪᠠᠷ ᠡᠳ᠋ᠯᠡᠬᠦ ᠳᠤᠮᠳᠠᠳᠤ᠎ᠶᠢᠨ ᠰᠣᠶᠣᠯ ᠎ᠤᠨ ᠲᠡᠮᠳᠡᠭ ᠪᠠ ᠳᠤᠮᠳᠠᠳᠤ᠎ᠶᠢᠨ ᠦᠨᠳᠦᠰᠦᠲᠡᠨ᠎ᠦ ᠲᠦᠷᠢ ᠲᠥᠷᠬᠦ ᠎ᠶᠢ ᠪᠤᠢ ᠪᠣᠯᠭᠠᠨ ᠲᠤᠪᠤᠢᠯᠭᠠᠵᠤ᠂ ᠦᠨᠳᠦᠰᠦᠲᠡᠨ ᠎ᠨᠦᠭᠦᠳ ᠎ᠦᠨ ᠳᠤᠮᠳᠠᠳᠤ ᠎ᠶᠢᠨ ᠰᠣᠶᠣᠯ ᠎ᠢ ᠮᠡᠳᠡᠷᠡᠬᠦ ᠬᠡᠮᠵᠢᠢ᠎ᠡ ᠪᠠ ᠳᠤᠮᠳᠠᠳᠤ ᠎ᠶᠢᠨ ᠦᠨᠳᠦᠰᠦᠲᠡᠨ᠎ᠢ ᠮᠡᠳᠡᠷᠡᠬᠦ ᠰᠡᠳᠬᠢᠯᠭᠡ ᠪᠠ ᠣᠮᠣᠭᠰᠢᠬᠤ ᠰᠡᠳᠬᠢᠯᠭᠡ ᠎ᠶᠢ ᠨᠡᠮᠡᠭᠳᠡᠭᠦᠯᠬᠦ᠎ᠶᠢᠨ ᠬᠠᠮᠲᠤ ᠦᠨᠳᠦᠰᠦᠲᠡᠨ᠎ᠨᠦᠭᠦᠳ᠎ᠦᠨ ᠰᠢᠯᠢᠳᠡᠭ ᠤᠯᠠᠮᠵᠢᠯᠠᠯᠲᠤ ᠰᠣᠶᠣᠯ᠎ᠢ ᠵᠠᠯᠭᠠᠮᠵᠢᠯᠠᠨ ᠬᠥᠭᠵᠢᠭᠦᠯᠵᠦ ᠂ ᠳᠤᠮᠳᠠᠳᠤ᠎ᠶᠢᠨ ᠰᠣᠶᠣᠯ᠎ᠤᠨ ᠴᠡᠴᠡᠭᠯᠡᠯ ᠬᠥᠭᠵᠢᠯ ᠎ᠢ ᠠᠬᠢᠭᠤᠯᠬᠤ ᠬᠡᠷᠡᠭᠲᠡᠢ᠃

ᠦᠨᠳᠦᠰᠦᠲᠡᠨ ᠎ᠨᠦᠭᠦᠳ ᠎ᠦᠨ ᠨᠡᠢᠭᠡᠮ ᠵᠢᠷᠤᠮ ᠎ᠤᠨ ᠣᠳᠣᠬᠢᠴᠢᠯᠠᠯᠲᠠ ᠲᠡᠢᠰᠢ ᠬᠠᠮᠲᠤ ᠎ᠪᠠᠷ ᠤᠷᠤᠭᠰᠢᠯᠠᠬᠤ᠎ᠶᠢ ᠠᠬᠢᠭᠤᠯᠬᠤ ᠬᠡᠷᠡᠭᠲᠡᠢ᠃ ᠶᠡᠷᠦᠩᠬᠡᠶ ᠱᠦᠵᠢ ᠰᠢ ᠎ᠶᠢᠨ ᠫᠢᠩ 《ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ ᠎ᠪᠠᠷ ᠪᠥᠲᠥᠭᠡᠨ ᠪᠠᠢᠭᠤᠯᠬᠤ᠎ᠳᠤ ᠨᠢᠭᠡ ᠦᠨᠳᠦᠰᠦᠲᠡᠨ ᠎ᠢ ᠎ᠴᠦ ᠣᠷᠬᠢᠭᠳᠠᠭᠤᠯᠵᠤ ᠪᠣᠯᠬᠤ ᠥᠬᠡᠶ》 ᠭᠡᠵᠦ ᠴᠢᠬᠣᠯᠠᠴᠢᠯᠠᠪᠠ᠃ ᠵᠦᠷᠢᠶᠠᠳᠤ ᠣᠷᠣᠨ ᠪᠦᠰᠡ᠎ᠶᠢᠨ ᠳᠡᠮᠵᠢᠯᠭᠡ ᠎ᠶᠢᠨ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠬᠦ ᠬᠡᠷᠡᠭᠲᠡᠶ᠂ ᠵᠢᠱᠶ᠋ᠶᠡᠯᠡᠪᠡᠯ ᠲᠦᠩᠯᠢᠶᠣᠤ ᠬᠣᠲᠠ᠎ᠶᠢᠨ ᠦᠨᠳᠦᠰᠦᠲᠡᠨ ᠎ᠦ ᠬᠡᠷᠡᠭᠰᠡᠯ᠎ᠦᠨ ᠦᠢᠯᠡᠳᠪᠦᠷᠢᠯᠡᠯ ᠎ᠦᠨ ᠠᠵᠤ ᠠᠬᠤᠢᠯᠠᠯ ᠂ ᠦᠨᠳᠦᠰᠦᠲᠡᠨ᠎ᠦ ᠠᠷᠠᠯᠵᠢᠶᠠᠨ᠎ᠤ ᠠᠵᠤ ᠠᠬᠤᠢᠯᠠᠯ᠎ᠤᠨ ᠡᠷᠭᠢᠯᠳᠡ ᠵᠢᠨ ᠪᠠᠯᠠ ᠮᠥᠩᠭᠥ ᠎ᠶᠢᠨ ᠵᠢᠭᠡᠯᠡᠯᠭᠡ ᠎ᠳᠦ ᠤᠯᠤᠰ᠎ᠠᠴᠠ ᠬᠦᠦ ᠮᠥᠩᠭᠥ ᠵᠢ ᠨᠢ ᠣᠷᠣᠯᠠᠨ ᠥᠭᠬᠦ ᠲᠥᠷᠥ ᠎ᠶᠢᠨ ᠪᠣᠳᠣᠯᠭ᠎ᠠ ᠵᠢ  ᠤᠯᠤᠰ ᠎ᠤᠨ ᠠᠷᠠᠳ᠎ᠤᠨ ᠠᠮᠢᠳᠤᠷᠠᠯ᠎ᠦᠨ ᠪᠠᠩᠬᠢ ᠂ ᠳᠤᠮᠳᠠᠳᠤ ᠤᠯᠤᠰ᠎ᠤᠨ ᠠᠷᠠᠳ ᠎ᠤᠨ ᠪᠠᠩᠬᠢ ᠎ᠠᠴᠠ ᠪᠢᠴᠢᠭ ᠮᠠᠲ᠋ᠧᠷᠢᠶᠠᠯ ᠪᠠᠭᠤᠯᠭᠠᠵᠤ ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠬᠤᠭᠤᠴᠠᠭᠠᠨ᠎ᠳᠤ ᠦᠷᠭᠦᠯᠵᠢᠯᠡᠨ ᠬᠡᠷᠡᠭᠵᠢᠭᠦᠯᠦᠨ᠎ᠡ ᠭᠡᠵᠦ ᠲᠣᠬᠳᠠᠪᠠ᠂ ᠡᠨᠡ ᠎ᠨᠢ ᠳᠠᠷᠤᠶ ᠵᠦᠷᠢᠶᠠᠳᠤ ᠣᠷᠣᠨ ᠪᠦᠰᠡ ᠎ᠶᠢᠨ  ᠳᠡᠮᠵᠢᠯᠭᠡ ᠎ᠶᠢᠨ ᠲᠥᠷᠥ᠎ᠶᠢᠨ ᠪᠣᠳᠣᠯᠭ᠎ᠠ ᠎ᠶᠢ ᠢᠯᠡᠷᠡᠭᠦᠯᠵᠦ ᠪᠠᠢᠨ᠎ᠠ᠃ ᠦᠨᠳᠦᠰᠦᠲᠡᠨ᠎ᠦ ᠭᠠᠵᠠᠷ ᠣᠷᠣᠨ ᠎ᠤ ᠰᠠᠭᠤᠷᠢ ᠲᠥᠬᠥᠭᠡᠷᠦᠮᠵᠢ  ᠵᠢᠨ ᠪᠥᠲᠥᠭᠡᠨ ᠪᠠᠢᠭᠤᠯᠤᠯᠲᠠ᠂ ᠠᠵᠤ ᠦᠢᠯᠡᠰ᠎ᠦᠨ ᠪᠦᠲᠦᠴᠡ᠎ᠶᠢᠨ ᠲᠣᠬᠢᠷᠠᠭᠤᠯᠤᠯᠲᠠ᠎ᠶᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ ᠂ ᠲᠦᠩᠯᠢᠶᠣᠤ ᠬᠣᠲᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠥᠲᠥᠭᠡᠨ ᠪᠠᠢᠭᠤᠯᠤᠯᠲᠠ᠎ᠶᠢ ᠴᠢᠩᠭᠠᠳᠬᠠᠵᠤ᠂ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠲᠠᠷᠢᠶᠠᠯᠠᠩ ᠎ᠤᠨ ᠪᠦᠲᠦᠭᠡᠭᠳᠡᠬᠦᠨ ᠎ᠦ ᠦᠢᠯᠡᠳᠪᠦᠷᠢᠯᠡᠯ ᠎ᠦᠨ ᠰᠠᠭᠤᠷᠢᠨ᠂ ᠡᠷᠳᠡᠨᠢ ᠰᠢᠰᠢ᠎ᠶᠢᠨ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠦᠨ ᠠᠵᠤ ᠦᠢᠯᠡᠰ ᠎ᠦᠨ ᠰᠠᠭᠤᠷᠢᠨ ᠂ ᠬᠥᠩᠭᠡᠨᠴᠠᠭᠠᠨ ᠨᠢᠺᠧᠯ ᠴᠠᠬᠢᠭᠤᠷ ᠎ᠤᠨ ᠪᠣᠬᠢᠷᠲᠤᠯ ᠥᠬᠡᠶ ᠰᠢᠨ᠎ᠡ ᠮᠠᠲ᠋ᠧᠷᠢᠶᠠᠯ ᠎ᠤᠨ ᠰᠠᠭᠤᠷᠢᠨ ᠪᠣᠯᠤᠨ ᠣᠲᠣ ᠦᠶ᠎ᠡ ᠵᠢᠨ ᠡᠨᠧᠷᠭᠢ ᠵᠢᠨ ᠠᠵᠤ ᠠᠬᠤᠶ ᠎ᠵᠢᠨ ᠵᠢᠱᠶ᠋ᠶ᠎ᠡ ᠦᠵᠡᠭᠦᠯᠬᠦ ᠬᠣᠲᠠ ᠵᠢ ᠪᠠᠢᠭᠤᠯᠵᠤ ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ ᠎ᠶᠢᠨ ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ᠎ᠦ ᠲᠥᠷᠥᠭᠳᠡᠯ᠎ᠢ ᠨᠡᠮᠡᠭᠳᠡᠭᠦᠯᠬᠦ ᠬᠡᠷᠡᠭᠲᠡᠶ᠃ ᠦᠨᠳᠦᠰᠦᠲᠡᠨ᠎ᠦ ᠭᠠᠵᠠᠷ ᠣᠷᠣᠨ ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ ᠎ᠢᠶᠡᠨ ᠪᠡᠬᠢᠵᠢᠭᠦᠯᠬᠦ ᠎ᠶᠢ ᠬᠥᠳᠡᠭᠡ ᠲᠣᠰᠬᠣᠨ ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠎ᠶᠢ ᠲᠡᠮᠵᠢᠵᠥ ᠂ ᠮᠠᠯ ᠠᠵᠤ ᠠᠬᠤᠢ ᠲᠠᠷᠢᠶᠠᠯᠠᠩ ᠎ᠤᠨ ᠴᠢᠨᠠᠷ ᠰᠠᠢᠲᠠᠢ ᠥᠨᠳᠥᠷ ᠦᠷ᠎ᠡ ᠪᠦᠲᠦᠮᠵᠢᠲᠡᠢ ᠬᠦᠭᠵᠢᠬᠦᠯᠬᠦ᠂ ᠬᠥᠳᠡᠭᠡ ᠲᠣᠰᠬᠣᠨ᠎ᠤ ᠣᠷᠣᠰᠢᠨ ᠰᠠᠭᠤᠬᠤ ᠎ᠪᠠ ᠦᠢᠯᠡᠰ ᠪᠤᠰᠬᠠᠬᠤ ᠎ᠳᠤ ᠲᠣᠬᠢᠷᠠᠮᠵᠢᠲᠠᠢ᠂ ᠮᠠᠯᠴᠢᠨ ᠲᠠᠷᠢᠶᠠᠴᠢᠨ ᠪᠠᠶᠠᠨ ᠴᠢᠨᠡᠭᠡᠯᠢᠭ ᠪᠠᠢᠬᠣ ᠎ᠶᠢ ᠠᠬᠢᠭᠤᠯᠬᠤ ᠬᠡᠷᠡᠭᠲᠡᠢ᠃ ᠥᠪᠥᠷ ᠮᠣᠩᠭᠣᠯ ᠬᠢᠯᠢ ᠬᠢᠵᠠᠭᠠᠷ ᠎ᠤᠨ ᠦᠨᠳᠦᠰᠦᠲᠡᠨ᠎ᠦ ᠭᠠᠵᠠᠷ ᠣᠷᠣᠨ ᠪᠣᠯᠤᠭᠰᠠᠨ᠎ᠤ ᠬᠤᠪᠢ᠎ᠳᠤ᠂ ᠪᠦᠬᠦ ᠲᠠᠯ᠎ᠠ᠎ᠳᠤ ᠵᠣᠭᠰᠣᠨ᠂ ᠡᠭᠦᠷᠭᠡᠯᠡᠯ᠎ᠢᠶᠡᠨ ᠴᠢᠩᠭᠠᠳᠬᠠᠵᠤ᠂ ᠤᠬᠠᠮᠰᠠᠷ᠎ᠠᠴᠠ ᠎ᠪᠠᠨ ᠦᠨᠳᠦᠰᠦᠲᠡᠨ᠎ᠦ ᠪᠦᠯᠬᠦᠮᠳᠡᠯ᠎ᠢ ᠪᠡᠬᠢᠵᠢᠭᠦᠯᠬᠦ᠂ ᠨᠡᠢᠭᠡᠮ᠎ᠦᠨ ᠲᠣᠭᠲᠠᠭᠤᠨ ᠎ᠢ ᠬᠠᠮᠠᠭᠠᠯᠠᠬᠤ ᠂ ᠬᠢᠯᠢ ᠬᠢᠵᠠᠭᠠᠷ ᠎ᠤᠨ ᠠᠮᠤᠷ ᠲᠦᠪᠰᠢᠨ ᠪᠠ ᠠᠮᠢ ᠠᠬᠤᠢ ᠎ᠶᠢᠨ ᠠᠮᠤᠷ ᠲᠦᠪᠰᠢᠨ᠎ᠢ ᠪᠠᠲᠤᠯᠠᠬᠤ ᠵᠡᠷᠭᠡ ᠲᠠᠯ᠎ᠠ ᠎ᠪᠠᠷ ᠶᠡᠬᠡ ᠲᠠᠯ᠎ᠠ ᠎ᠶᠢ ᠡᠷᠬᠢᠮᠯᠡᠵᠦ᠂ ᠬᠦᠨᠳᠦ ᠬᠠᠷᠢᠭᠤᠴᠠᠯᠭ᠎ᠠ ᠎ᠶᠢ ᠡᠭᠦᠷᠭᠡᠯᠡᠨ᠂ ᠪᠣᠳᠠᠲᠠᠢ ᠠᠵᠢᠯ ᠬᠢᠵᠦ᠂ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ ᠎ᠪᠠᠷ ᠪᠦᠳᠦᠭᠡᠨ ᠪᠠᠢᠭᠤᠯᠬᠤ᠎ᠳᠤ ᠦᠨᠡᠨ᠎ᠬᠦ ᠥᠪᠥᠷ ᠮᠣᠩᠭᠣᠯ ᠎ᠤᠨ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠬᠦ ᠬᠡᠷᠡᠭᠲᠡᠢ ᠭᠡᠳᠡᠭ ᠎ᠢ ᠪᠢᠳᠡ ᠭᠦᠨᠵᠡᠭᠡᠢ ᠲᠠᠨᠢᠬᠤ ᠬᠡᠷᠡᠭᠲᠡᠢ᠃

ᠦᠨᠳᠦᠰᠦᠲᠡᠨ᠎ᠨᠦᠭᠦᠳ ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠢᠯᠠᠭᠠᠭᠳᠠᠬᠤᠨ᠎ᠢ ᠦᠢᠯᠡᠳᠦᠯᠭᠡᠵᠢᠭᠦᠯᠵᠦ᠂ ᠥᠪᠥᠷ ᠮᠣᠩᠭᠣᠯ᠎ᠤᠨ ᠪᠣᠳᠠᠲᠤ ᠪᠠᠢᠳᠠᠯ ᠎ᠲᠠᠶ ᠪᠠᠨ ᠨᠢᠭᠲᠠ ᠤᠶᠠᠯᠳᠤᠭᠤᠯᠤᠨ ᠳᠤᠮᠳᠠᠳᠤ᠎ᠶᠢᠨ ᠦᠨᠳᠦᠰᠦᠲᠡᠨ᠎ᠦ ᠣᠯᠠᠨ ᠡᠰᠢᠲᠦ ᠨᠢᠭᠡ ᠴᠣᠭᠴᠠᠵᠢᠭᠰᠠᠨ ᠪᠠᠢᠷᠢᠰᠢᠯ ᠎ᠢ ᠲᠣᠳᠣᠷᠬᠠᠢᠯᠠᠨ ᠲᠠᠢᠯᠪᠤᠷᠢᠯᠠᠬᠤ ᠎ᠪᠠᠨ ᠴᠢᠩᠭᠠᠳᠬᠠᠵᠤ᠂ ᠨᠡᠢᠭᠡᠮ᠎ᠦᠨ ᠲᠣᠭᠲᠠᠭᠤᠨ ᠪᠠ ᠬᠢᠯᠢ ᠬᠢᠵᠠᠭᠠᠷ ᠎ᠤᠨ ᠠᠮᠤᠷ ᠲᠣᠭᠲᠠᠭᠤᠨ᠎ᠢ ᠬᠠᠮᠠᠭᠠᠯᠠᠵᠤ ᠂ ᠡᠬᠡ ᠤᠯᠤᠰ᠎ᠤᠨ ᠤᠮᠠᠷᠠᠲᠤ ᠎ᠶᠢᠨ ᠠᠮᠤᠷ ᠲᠦᠪᠰᠢᠨ ᠲᠣᠭᠲᠠᠭᠤᠨ ᠎ᠦ ᠬᠠᠯᠬᠠᠪᠴᠢ᠎ᠶᠢ ᠪᠠᠲᠤ ᠴᠣᠭᠴᠠᠯᠠᠵᠤ ᠂ ᠰᠢᠨ᠎ᠡ ᠴᠠᠭ ᠦᠶ᠎ᠡ᠎ᠳᠦ ᠵᠢᠱᠶ᠋ᠶᠡᠴᠢ ᠥᠪᠡᠷᠲᠡᠭᠡᠨ ᠵᠠᠰᠠᠬᠤ ᠣᠷᠣᠨ ᠎ᠤ ᠡᠷᠬᠢᠮ ᠳᠡᠭᠡᠳᠦ ᠢᠷᠠᠭᠤ ᠠᠯᠳᠠᠷ ᠎ᠢᠶᠠᠨ ᠦᠷᠭᠦᠯᠵᠢᠯᠡᠨ ᠪᠠᠲᠤᠯᠠᠬᠤ ᠬᠡᠷᠡᠭᠲᠡᠶ᠃ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠢᠭᠤᠯᠬᠤ ᠠᠵᠢᠯ᠎ᠢ ᠢᠳᠡᠪᠬᠢᠲᠡᠶ ᠥᠷᠨᠢᠭᠦᠯᠵᠦ ᠂ ᠠᠭᠤᠯᠤᠭᠳᠠᠬᠤᠨ᠎ᠢ ᠭᠦᠨᠵᠡᠭᠡᠢᠷᠡᠭᠦᠯᠬᠦ ᠂ ᠬᠡᠯᠪᠡᠷᠢ ᠎ᠶᠢ ᠪᠠᠶᠠᠯᠢᠭᠵᠢᠭᠤᠯᠬᠣ ᠂ ᠠᠷᠭ᠎ᠠ ᠎ᠶᠢᠨ ᠰᠢᠨ᠎ᠡ ᠎ᠶᠢ ᠡᠭᠦᠳᠬᠦ ᠪᠡᠷ ᠬᠦᠴᠦᠯᠡᠵᠦ᠂ ᠲᠦᠩᠯᠢᠶᠣᠤ ᠬᠣᠲᠠ ᠵᠢᠯ ᠪᠦᠷᠢ ᠣᠯᠠᠨ ᠶᠠᠩᠵᠤ ᠬᠡᠯᠪᠡᠷᠢ᠎ᠶᠢᠨ 《ᠦᠨᠳᠦᠰᠦᠲᠡᠨ᠎ᠦ ᠪᠦᠯᠬᠦᠮᠳᠡᠯ ᠎ᠦᠨ ᠤᠬᠠᠭᠤᠯᠭ᠎ᠠ᠎ᠶᠢᠨ ᠰᠠᠷ᠎ᠠ 》 ᠵᠢᠨ ᠠᠵᠢᠯᠯᠠᠭ᠎ᠠ ᠡᠷᠭᠢᠯᠡᠬᠦ ᠎ᠶᠢ ᠪᠠᠷᠢᠮᠲᠠᠯᠠᠵᠤ ᠂ ᠤᠯᠤᠰ᠎ᠤᠨ ᠦᠨᠳᠦᠰᠦᠲᠡᠨ ᠎ᠦ ᠪᠦᠯᠬᠦᠮᠳᠡᠯ ᠳᠠᠪᠰᠢᠯᠲᠠ ᠎ᠶᠢᠨ ᠵᠢᠱᠶ᠋ᠶ᠎ᠡ ᠦᠵᠡᠭᠦᠯᠬᠦ ᠬᠣᠲᠠ᠎ᠶᠢ ᠴᠢᠷᠮᠠᠢᠨ ᠡᠭᠦᠳᠬᠦ ᠬᠡᠷᠡᠭᠲᠡᠶ᠃ ᠡᠶ᠎ᠡ ᠵᠣᠬᠢᠴᠠᠩᠭᠤᠢ ᠰᠠᠢᠨ ᠰᠠᠢᠬᠠᠨ ᠨᠡᠢᠭᠡᠮ᠎ᠦᠨ ᠣᠷᠴᠢᠨ ᠲᠣᠭᠣᠷᠢᠨ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠵᠦ᠂ ᠦᠨᠳᠦᠰᠦᠲᠡᠨ᠎ᠨᠦᠭᠦᠳ ᠎ᠦᠨ ᠤᠯᠠᠨ ᠲᠦᠮᠡᠨ᠎ᠦ ᠬᠠᠷᠢᠯᠴᠠᠨ ᠣᠢᠯᠠᠭᠠᠯᠴᠠᠵᠤ ᠂ ᠬᠠᠷᠢᠯᠴᠠᠨ ᠬᠦᠨᠳᠦᠳᠬᠡᠵᠦ ᠂ ᠬᠠᠷᠢᠯᠴᠠᠨ ᠪᠠᠭᠲᠠᠭᠠᠵᠤ᠂ ᠬᠠᠷᠢᠯᠴᠠᠨ ᠬᠠᠪᠰᠤᠷᠤᠯᠴᠠᠬᠤ᠎ᠶᠢ ᠵᠣᠷᠢᠭᠵᠢᠭᠤᠯᠵᠤ᠂ ᠰᠡᠳᠬᠢᠯ ᠎ᠢᠶᠡᠨ ᠮᠡᠳᠡᠯᠴᠡᠭᠰᠡᠨ ᠨᠠᠢᠵᠠ ᠪᠣᠯᠤᠯᠴᠠᠵᠤ᠂ ᠰᠠᠢᠨ ᠰᠠᠢᠬᠠᠨ ᠤᠷᠤᠭ ᠎ᠤᠨ ᠪᠠᠷᠢᠯᠳᠤᠯᠭ᠎ᠠ ᠎ᠲᠠᠶ ᠪᠤᠯᠵᠤ ᠂ ᠡᠶᠡᠯᠳᠡᠭ ᠬᠥᠷᠰᠢ ᠪᠣᠯᠬᠤ᠎ᠶᠢ ᠪᠡᠶᠡᠯᠡᠭᠦᠯᠬᠦ ᠬᠡᠷᠡᠭᠲᠡᠢ᠃ ᠦᠨᠳᠦᠰᠦᠲᠡᠨ ᠎ᠦ ᠪᠦᠯᠬᠦᠮᠳᠡᠯ᠎ᠦᠨ ᠬᠥᠮᠦᠵᠢᠯ᠎ᠢ ᠴᠢᠩᠭᠠᠳᠬᠠᠵᠤ ᠂ ᠬᠡᠨ ᠎ᠳᠦ ᠬᠥᠮᠦᠵᠢᠯ ᠬᠢᠬᠦ ᠂ ᠶᠠᠮᠠᠷ ᠬᠦᠮᠦᠵᠢᠯ ᠬᠢᠬᠦ ᠂ ᠶᠠᠭᠠᠬᠢᠵᠤ ᠬᠦᠮᠦᠵᠢᠯ ᠬᠢᠬᠦ ᠪᠤᠢ ? ᠬᠡᠳᠡᠭ᠎ᠢ ᠰᠠᠢᠳᠣᠷ ᠰᠢᠢᠳᠪᠦᠷᠢᠯᠡᠬᠦ ᠬᠡᠷᠡᠭᠳᠡᠢ᠃ ᠶᠣᠰᠣ ᠰᠤᠷᠲᠠᠬᠤᠨ ᠎ᠢᠶᠠᠷ ᠬᠥᠮᠦᠨ ᠎ᠢ ᠬᠥᠮᠦᠵᠢᠭᠦᠯᠬᠦ ᠦᠨᠳᠦᠰᠦᠨ ᠡᠭᠦᠷᠭᠡ ᠎ᠶᠢᠨ ᠲᠣᠭᠣᠷᠢᠨ ᠎ᠳᠤ ᠂ ᠵᠠᠯᠠᠭᠤᠴᠤᠳ ᠪᠠᠭᠠᠴᠤᠳ  ᠡᠴᠡ ᠡᠬᠢᠯᠡᠨ ᠠᠳᠬᠤᠬᠤ᠎ᠶᠢ ᠪᠠᠷᠢᠮᠲᠠᠯᠠᠵᠤ᠂ ᠢᠯᠠᠩᠭᠤᠶ᠎ᠠ ᠳᠤᠮᠳᠠᠳᠤ ᠎ᠶᠢᠨ ᠦᠨᠳᠦᠰᠦᠲᠡᠨ ᠎ᠦ ᠬᠠᠮᠲᠤ ᠴᠣᠭᠴᠠ ᠎ᠶᠢᠨ ᠤᠬᠠᠮᠰᠠᠷ ᠎ᠢ ᠪᠠᠲᠤ ᠴᠣᠭᠴᠠᠯᠠᠬᠤ ᠎ᠶᠢ ᠰᠤᠷᠭᠠᠭᠤᠯᠢ ᠡᠷᠭᠢᠯᠡᠬᠦ ᠰᠤᠷᠭᠠᠭᠤᠯᠢ ᠵᠠᠰᠠᠬᠤ ᠂ ᠪᠢᠴᠢᠭ ᠵᠢᠭᠠᠵᠤ ᠬᠥᠮᠦᠨ ᠬᠥᠮᠦᠵᠢᠭᠦᠯᠬᠦ ᠪᠥᠬᠥ ᠶᠠᠪᠤᠴᠠ᠎ᠳᠤ ᠠᠭᠤᠰᠬᠠᠨ ᠣᠷᠣᠭᠤᠯᠵᠤ᠂ ᠦᠨᠳᠦᠰᠦᠲᠡᠨ ᠎ᠦ ᠰᠤᠷᠭᠠᠭᠤᠯᠢ᠎ᠶᠢᠨ ᠰᠤᠷᠭᠠᠭᠤᠯᠢ ᠡᠷᠭᠢᠯᠡᠬᠦ ᠵᠠᠭᠪᠤᠷ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠂ ᠦᠨᠳᠦᠰᠦᠲᠡᠨ᠎ᠨᠦᠭᠦᠳ᠎ᠦᠨ ᠰᠤᠷᠤᠭᠴᠢᠳ ᠎ᠤᠨ ᠰᠤᠷᠭᠠᠭᠤᠯᠢ ᠨᠡᠢᠯᠡᠭᠦᠯᠬᠦ᠂ ᠠᠩᠭᠢ ᠪᠠᠢᠷᠢ ᠬᠣᠯᠢᠯᠳᠣᠭᠣᠯᠣᠨ ᠰᠠᠭᠣᠯᠭᠠᠬᠣ᠎ᠶᠢ ᠡᠮᠬᠢ ᠵᠢᠷᠤᠮ ᠎ᠲᠠᠶ ᠎ᠪᠠᠷ ᠠᠬᠢᠭᠤᠯᠵᠤ ᠂ ᠬᠡᠦᠬᠡᠳ ᠎ᠦᠳ᠎ᠢ ᠬᠠᠮᠲᠤ ᠎ᠪᠠᠷ ᠦᠰᠦᠨ ᠪᠣᠢᠵᠢᠭᠤᠯᠵᠤ ᠳᠠᠪᠰᠢᠭᠤᠯᠬᠤ ᠬᠡᠷᠡᠭᠲᠡᠶ᠃

ᠦᠨᠳᠦᠰᠦᠲᠡᠨ᠎ᠦ ᠭᠡᠷᠡᠭ ᠶᠠᠪᠣᠳᠠᠯ᠎ᠦᠨ ᠵᠠᠰᠠᠯᠲᠠ ᠎ᠶᠢᠨ ᠰᠢᠰᠲ᠋ᠧᠮ ᠪᠣᠯᠤᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠨᠠᠮ᠎ᠤᠨ ᠦᠨᠳᠦᠰᠦᠲᠡᠨ ᠎ᠦ ᠤᠨᠤᠯ ᠲᠦᠷᠦ᠎ᠶᠢᠨ ᠪᠤᠳᠤᠯᠭ᠎ᠠ᠎ᠶᠢ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠦᠨᠳᠦᠰᠦᠲᠡᠨ ᠎ᠦ ᠭᠠᠵᠠᠷ ᠣᠷᠣᠨ ᠎ᠤ ᠦᠨᠳᠦᠰᠦᠨ ᠱᠠᠲᠤᠨ᠎ᠤ ᠵᠠᠰᠠᠭ᠎ᠤᠨ ᠪᠠᠢᠭᠤᠯᠤᠯᠲᠠ᠎ᠶᠢ ᠴᠢᠩᠭᠠᠳᠬᠠᠨ ᠂ ᠦᠨᠳᠦᠰᠦᠨ ᠱᠠᠲᠤᠨ᠎ᠤ ᠰᠠᠭᠤᠷᠢ ᠎ᠶᠢ ᠪᠡᠬᠢᠵᠢᠭᠦᠯᠵᠦ ᠂ ᠨᠠᠮ᠎ᠤᠨ ᠦᠨᠳᠦᠰᠦᠲᠡᠨ᠎ᠦ ᠤᠨᠤᠯ ᠪᠠ ᠦᠨᠳᠦᠰᠦᠲᠡᠨ᠎ᠦ ᠲᠦᠷᠦ ᠎ᠶᠢᠨ ᠪᠤᠳᠤᠯᠭ᠎ᠠ᠎ᠶᠢ ᠦᠨᠳᠦᠰᠦᠨ ᠱᠠᠲᠤᠨ᠎ᠳᠤ ᠬᠦᠷᠲᠡᠯ᠎ᠡ ᠣᠢᠯᠠᠭᠠᠬᠤ ᠬᠥᠮᠦᠨ᠎ᠲᠡᠶ᠂ ᠦᠨᠳᠦᠰᠦᠲᠡᠨ᠎ᠦ ᠠᠵᠢᠯ᠎ᠢ ᠦᠨᠳᠦᠰᠦᠨ ᠱᠠᠲᠤᠨ᠎ᠳᠤ ᠠᠳᠬᠤᠬᠤ ᠬᠥᠮᠦᠨ᠎ᠲᠡᠶ ᠪᠠᠢᠬᠤ ᠎ᠶᠢ ᠦᠨᠡᠨ᠎ᠬᠦ ᠪᠠᠲᠤᠯᠠᠬᠤ ᠬᠡᠷᠡᠭᠲᠡᠢ᠃ ᠨᠠᠮ᠎ᠤᠨ ᠦᠨᠳᠦᠰᠦᠲᠡᠨ ᠎ᠦ ᠠᠵᠢᠯ ᠎ᠤᠨ ᠰᠢᠨ᠎ᠡ᠎ᠶᠢ ᠡᠭᠦᠳᠦᠨ ᠬᠥᠭᠵᠢᠬᠦᠯᠬᠦ᠎ᠳᠦ᠂ ᠵᠥᠪ ᠣᠨᠣᠪᠴᠢᠲᠠᠢ ᠵᠢ ᠨᠢ ᠪᠠᠷᠢᠮᠳᠠᠯᠠᠵᠦ᠂ ᠴᠠᠭ ᠦᠶ᠎ᠡ᠎ᠡᠴᠡ ᠬᠣᠴᠣᠷᠤᠭᠰᠠᠨ᠎ᠳᠦᠨᠢ ᠲᠤᠬᠢᠷᠠᠭᠤᠯᠤᠯᠳᠠ ᠬᠢᠵᠦ᠂ ᠣᠨᠴᠠᠭᠠᠢ ᠭᠠᠵᠠᠷ ᠣᠷᠣᠨ ᠂ ᠣᠨᠴᠠᠭᠠᠢ ᠠᠰᠠᠭᠤᠳᠠᠯ ᠂ ᠣᠨᠴᠠᠭᠠᠢ ᠵᠦᠢᠯᠡᠰ  ᠎ᠲᠦ ᠴᠢᠭᠯᠡᠭᠦᠯᠦᠨ ᠵᠥᠷᠢᠶᠡᠲᠦ ᠣᠷᠣᠨ ᠪᠦᠰᠡ ᠵᠢᠨ ᠲᠠᠮᠵᠢᠯᠭᠡ᠎ᠵᠢᠨ ᠲᠦᠷᠦ᠎ᠶᠢᠨ ᠪᠤᠳᠤᠯᠭ᠎ᠠ ᠵᠢ ᠲᠣᠭᠲᠠᠭᠠᠨ ᠬᠡᠷᠡᠭᠵᠢᠭᠦᠯᠵᠦ᠂ ᠦᠨᠳᠦᠰᠦᠲᠡᠨ᠎ᠨᠦᠭᠦᠳ ᠎ᠦᠨ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠰᠢᠭ ᠎ᠢ ᠦᠨᠡᠨ᠎ᠬᠦ ᠪᠠᠲᠤᠯᠠᠬᠤ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ ᠴᠣᠭᠴᠠ ᠎ᠶᠢᠨ ᠤᠬᠠᠮᠰᠠᠷ᠎ᠢ ᠪᠠᠲᠤ ᠴᠣᠭᠴᠠᠯᠠᠬᠤ ᠎ᠪᠠᠷ ᠬᠡᠮᠵᠢᠬᠦ ᠪᠠᠷᠢᠮᠵᠢᠶ᠎ᠠ ᠪᠣᠯᠭᠠᠵᠤ ᠂ ᠦᠨᠳᠦᠰᠦᠲᠡᠨ᠎ᠦ ᠠᠵᠢᠯ᠎ᠳᠤ ᠬᠣᠯᠪᠣᠭᠳᠠᠬᠤ ᠬᠠᠤᠯᠢ ᠲᠣᠭᠲᠠᠭᠠᠯ ᠲᠦᠷᠢᠮ ᠂ ᠴᠢᠬᠤᠯᠠ ᠲᠦᠷᠦ᠎ᠶᠢᠨ ᠪᠤᠳᠤᠯᠭ᠎ᠠ ᠪᠠ ᠴᠢᠬᠤᠯᠠ ᠶᠡᠬᠡ ᠠᠷᠭ᠎ᠠ ᠬᠡᠮᠵᠢᠢ᠎ᠡ ᠎ᠶᠢ ᠰᠢᠨᠵᠢᠯᠡᠬᠦ ᠤᠬᠠᠭᠠᠨᠴᠢ ᠪᠡᠷ ᠲᠣᠭᠳᠠᠭᠠᠨ᠎ᠠ᠃ ᠦᠨᠳᠦᠰᠦᠲᠡᠨ᠎ᠦ ᠬᠡᠷᠡᠭ ᠶᠠᠪᠤᠳᠠᠯ ᠎ᠢ ᠬᠠᠤᠯᠢ ᠶᠣᠰᠣᠭᠠᠷ ᠵᠠᠰᠠᠬᠤ ᠎ᠶᠢ ᠪᠠᠷᠢᠮᠲᠠᠯᠠᠵᠤ ᠂ ᠦᠨᠳᠦᠰᠦᠲᠡᠨ᠎ᠦ ᠬᠡᠷᠡᠭ ᠶᠠᠪᠤᠳᠠᠯ ᠎ᠢ ᠬᠠᠮᠲᠤ ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ ᠎ᠪᠠᠷ ᠡᠳ᠋ᠯᠡᠬᠦ ᠨᠡᠢᠭᠡᠮ ᠎ᠦᠨ ᠵᠠᠰᠠᠯᠲᠠ᠎ᠶᠢᠨ ᠪᠠᠢᠷᠢᠰᠢᠯ ᠎ᠳᠤ ᠣᠷᠣᠭᠤᠯᠵᠤ ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠎ᠦ ᠬᠠᠤᠯᠢ ᠶᠣᠰᠣᠨ ᠎ᠤ ᠡᠷᠬᠡ ᠠᠰᠢᠭ ᠎ᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠃ ᠴᠥᠭᠡᠨ ᠲᠣᠭᠠᠲᠤ ᠦᠨᠳᠦᠰᠦᠲᠡᠨ ᠎ᠦ ᠤᠯᠠᠨ ᠲᠦᠮᠡᠨ ᠎ᠳᠦ ᠬᠣᠯᠪᠣᠭᠳᠠᠭᠰᠠᠨ ᠡᠩ ᠎ᠦᠨ ᠴᠢᠨᠠᠷᠲᠠᠢ ᠨᠡᠢᠭᠡᠮ ᠎ᠦᠨ ᠬᠡᠷᠡᠭ ᠶᠠᠪᠤᠳᠠᠯ ᠎ᠤᠨ ᠠᠵᠢᠯ᠎ᠢ ᠳᠥᠭᠥᠮᠬᠡᠨ ᠎ᠢᠶᠡᠷ ᠦᠨᠳᠦᠰᠦᠲᠡᠨ᠎ᠦ ᠠᠵᠢᠯ ᠭᠡᠵᠦ ᠬᠤᠷᠢᠶᠠᠩᠭᠤᠢᠯᠠᠵᠤ ᠪᠣᠯᠬᠤ ᠦᠭᠡᠢ᠂ ᠴᠥᠭᠡᠨ ᠲᠣᠭᠠᠲᠤ ᠦᠨᠳᠦᠰᠦᠲᠡᠨ ᠎ᠦ ᠤᠯᠠᠨ ᠲᠦᠮᠡᠨ᠎ᠳᠦ ᠬᠣᠯᠪᠣᠭᠳᠠᠭᠰᠠᠨ ᠢᠷᠭᠡᠨ᠎ᠦ ᠬᠡᠷᠡᠭ᠂ ᠡᠷᠡᠭᠦᠦ ᠎ᠶᠢᠨ ᠬᠡᠷᠡᠭ ᠎ᠦᠨ ᠠᠰᠠᠭᠤᠳᠠᠯ ᠎ᠢ ᠳᠥᠭᠥᠮᠬᠡᠨ ᠎ᠢᠶᠡᠷ ᠦᠨᠳᠦᠰᠦᠲᠡᠨ᠎ᠦ ᠠᠰᠠᠭᠤᠳᠠᠯ ᠭᠡᠵᠦ ᠬᠤᠷᠢᠶᠠᠩᠭᠤᠢᠯᠠᠵᠤ ᠪᠣᠯᠬᠤ ᠦᠭᠡᠢ ᠂ ᠦᠨᠳᠦᠰᠦᠲᠡᠨ᠎ᠦ ᠭᠠᠵᠠᠷ ᠣᠷᠣᠨ ᠎ᠳᠤ ᠡᠭᠦᠰᠦᠭᠰᠡᠨ ᠡᠩ ᠎ᠦᠨ ᠵᠥᠷᠢᠴᠡᠯ ᠵᠠᠭᠤᠷᠠᠯᠳᠤᠭᠠᠨ᠎ᠢ ᠳᠥᠭᠥᠮᠬᠡᠨ ᠵᠢᠡᠷ ᠦᠨᠳᠦᠰᠦᠲᠡᠨ ᠎ᠦ ᠵᠥᠷᠢᠴᠡᠯ ᠭᠡᠵᠦ ᠬᠤᠷᠢᠶᠠᠩᠭᠤᠢᠯᠠᠵᠤ ᠪᠣᠯᠬᠤ ᠦᠭᠡᠢ᠃ ᠬᠣᠯᠪᠣᠭᠳᠠᠯ ᠪᠦᠬᠦᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ ᠎ᠳᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠬᠦ ᠠᠰᠠᠭᠤᠳᠠᠯ ᠎ᠢ ᠭᠦᠨᠵᠡᠭᠡᠢ ᠰᠤᠳᠤᠯᠵᠤ ᠂ ᠬᠣᠯᠪᠣᠭᠳᠠᠯ ᠪᠦᠬᠦᠢ ᠵᠦᠷᠢᠶᠡᠳᠦ ᠲᠠᠮᠵᠢᠯᠭᠡ ᠵᠢᠨ ᠲᠦᠷᠦ᠎ᠶᠢᠨ ᠪᠤᠳᠤᠯᠭ᠎ᠠ ᠎ᠶᠢ ᠡᠮᠬᠢᠯᠡᠵᠦ ᠦᠨᠡᠯᠡᠬᠦ᠎ᠶᠢ ᠴᠢᠩᠭᠠᠳᠬᠠᠵᠤ ᠂ ᠴᠠᠭ ᠲᠤᠬᠠᠢ ᠎ᠳᠤᠨᠢ ᠯᠠᠪᠳᠠᠭᠤᠨ ᠪᠣᠯᠭᠣᠮᠵᠢᠲᠠᠢ ᠎ᠪᠠᠷ ᠲᠤᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃  

ᠦᠨᠳᠦᠰᠦᠲᠡᠨ ᠎ᠦ ᠬᠦᠷᠢᠶᠡᠨ ᠎ᠦ ᠡᠯ᠎ᠡ ᠲᠥᠷᠥᠯ᠎ᠦᠨ ᠠᠶᠤᠯ ᠲᠦᠭᠰᠢᠭᠦᠷᠢ ᠎ᠶᠢᠨ ᠳᠠᠯᠳᠠ ᠭᠡᠮ ᠎ᠢ ᠡᠷᠡᠰ ᠰᠡᠷᠭᠡᠢᠯᠡᠬᠦ ᠬᠡᠷᠡᠭᠲᠡᠶ᠃ ᠦᠵᠡᠯ ᠤᠬᠠᠮᠰᠠᠷ ᠎ᠤᠨ ᠬᠡᠯᠪᠡᠷᠢ ᠎ᠶᠢᠨ ᠪᠡᠬᠢᠯᠡᠯᠲᠡ ᠎ᠶᠢ ᠰᠠᠢᠲᠤᠷ ᠰᠠᠬᠢᠬᠤ ᠬᠡᠷᠡᠭᠲᠡᠶ᠃ ᠶᠡᠷᠦᠩᠬᠡᠢ ᠱᠦᠵᠢ ᠰᠢ ᠎ᠶᠢᠨ ᠫᠢᠩ᠄ 《ᠦᠨᠳᠦᠰᠦᠲᠡᠨ ᠎ᠳᠦ ᠬᠣᠯᠪᠣᠭᠳᠠᠬᠤ ᠬᠦᠴᠦᠨ ᠵᠦᠢᠯ᠎ᠦᠨ ᠦᠵᠡᠯ ᠤᠬᠠᠮᠰᠠᠷ ᠎ᠤᠨ ᠬᠡᠯᠪᠡᠷᠢ ᠎ᠶᠢᠨ ᠠᠰᠠᠭᠤᠳᠠᠯ ᠎ᠢ ᠢᠳᠡᠪᠬᠢᠲᠡᠢ ᠯᠠᠪᠳᠠᠭᠤᠨ  ᠵᠢᠡᠷ ᠰᠢᠢᠳᠪᠦᠷᠢᠯᠡᠵᠦ ᠂ ᠦᠨᠳᠦᠰᠦᠲᠡᠨ ᠎ᠦ ᠬᠠᠭᠠᠴᠠᠯ᠂ ᠱᠠᠰᠢᠨ ᠎ᠤ ᠬᠡᠲᠦᠷᠡᠮᠡᠬᠡᠢ ᠦᠵᠡᠯ ᠰᠠᠨᠠᠭᠠᠨ ᠎ᠤ ᠬᠣᠣᠷ ᠨᠥᠯᠥᠭᠡ ᠎ᠶᠢ ᠦᠷᠭᠦᠯᠵᠢᠯᠡᠨ ᠠᠷᠢᠯᠭᠠᠬᠤ ᠬᠡᠷᠡᠭᠲᠡᠢ》 ᠭᠡᠵᠦ ᠵᠢᠭᠠᠵᠦ ᠭᠠᠷᠭᠠᠪᠠ᠃ ᠡᠯ᠎ᠡ ᠲᠦᠷᠦᠯ ᠎ᠦᠨ ᠦᠵᠡᠯ ᠤᠬᠠᠮᠰᠠᠷ ᠎ᠤᠨ ᠬᠡᠯᠪᠡᠷᠢ᠎ᠶᠢᠨ ᠵᠢᠭᠰᠠᠭᠠᠯ ᠎ᠤᠨ ᠭᠠᠵᠠᠷ ᠎ᠢ ᠬᠠᠮᠢᠶᠠᠷᠤᠨ ᠡᠵᠡᠮᠳᠡᠬᠦ ᠬᠦᠴᠦᠨ ᠎ᠵᠢᠡᠨ ᠬᠦᠴᠦᠯᠡᠨ ᠴᠢᠩᠭᠠᠳᠬᠠᠵᠤ ᠂ ᠤᠯᠤᠰ ᠲᠦᠷᠦ᠎ᠶᠢᠨ ᠵᠠᠷᠴᠢᠮ ᠂ ᠦᠵᠡᠯ ᠰᠠᠨᠠᠭ᠎ᠠ ᠲᠠᠨᠢᠯᠲᠠ ᠂ ᠡᠷᠳᠡᠮ ᠰᠢᠨᠵᠢᠯᠡᠭᠡᠨ᠎ᠦ ᠦᠵᠡᠯᠲᠡ᠎ᠶᠢᠨ ᠠᠰᠠᠭᠤᠳᠠᠯ᠎ᠢ ᠵᠥᠪ ᠢᠯᠭᠠᠵᠤ᠂ ᠦᠨᠳᠦᠰᠦᠲᠡᠨ᠎ᠦ ᠡᠯᠧᠮᠧᠨ᠋ᠲ᠎ᠲᠡᠶ ᠬᠣᠯᠪᠣᠭᠳᠠᠭᠰᠠᠨ ᠦᠵᠡᠯ ᠤᠬᠠᠮᠰᠠᠷ᠎ᠤᠨ ᠬᠡᠯᠪᠡᠷᠢ ᠎ᠶᠢᠨ ᠠᠰᠠᠭᠤᠳᠠᠯ᠎ᠢ ᠢᠳᠡᠪᠬᠢᠲᠡᠢ ᠯᠠᠪᠳᠠᠭᠤᠨ ᠎ᠢᠶᠠᠷ ᠰᠢᠢᠳᠪᠦᠷᠢᠯᠡᠵᠦ ᠂ ᠦᠵᠡᠯ ᠤᠬᠠᠮᠰᠠᠷ᠎ᠤᠨ ᠬᠡᠯᠪᠡᠷᠢ᠎ᠶᠢᠨ ᠬᠦᠷᠢᠶᠡᠨ᠎ᠳᠡᠬᠢ ᠲᠡᠮᠡᠴᠡᠯ ᠎ᠦᠨ ᠰᠠᠨᠠᠭᠠᠴᠢᠯᠠᠭᠠᠲᠤ ᠲᠠᠢᠨ᠎ᠢ ᠵᠠᠪᠠᠯ ᠰᠠᠢᠲᠤᠷ ᠬᠢᠬᠦ ᠬᠡᠷᠡᠭᠲᠡᠢ᠃ ᠦᠨᠳᠦᠰᠦᠲᠡᠨ᠎ᠦ ᠠᠰᠠᠭᠣᠳᠠᠯ ᠨᠢ ᠶᠡᠷᠦ ᠎ᠡᠴᠡ ᠳᠠᠢᠰᠤᠩᠨᠠᠭᠴᠢ ᠬᠦᠴᠦᠨ ᠎ᠦ ᠮᠠᠨ ᠎ᠤ ᠣᠷᠣᠨ᠎ᠳᠤ ᠨᠡᠪᠴᠢᠯᠲᠡ ᠡᠪᠳᠡᠯᠡᠭᠡ ᠬᠢᠬᠦ ᠭᠣᠣᠯᠳᠠᠯᠭ᠎ᠠ ᠪᠠ ᠥᠷᠥᠨᠡᠴᠢᠯᠡᠬᠦ ᠵᠠᠳᠠᠷᠠᠭᠤᠯᠬᠤ ᠰᠢᠪᠲᠤᠯᠤᠯᠲᠠ᠎ᠶᠢᠨ ᠴᠡᠭ ᠪᠣᠯᠤᠭᠰᠠᠭᠠᠷ ᠢᠷᠡᠵᠡᠢ᠃ ᠳᠠᠢᠰᠤᠨ ᠎ᠲᠠᠶ ᠲᠡᠮᠡᠴᠡᠬᠦ ᠵᠢ ᠢᠮᠠᠭᠲᠠ ᠴᠢᠩᠭᠠᠳᠬᠠᠬᠣ ᠬᠡᠷᠡᠭᠲᠡᠢ᠂ ᠤᠯᠤᠰ ᠲᠥᠷᠥ ᠎ᠶᠢᠨ ᠬᠤᠷᠴᠠ ᠰᠡᠷᠭᠡᠭ ᠴᠢᠨᠠᠷ ᠪᠠ ᠤᠯᠤᠰ ᠲᠥᠷᠥ᠎ᠶᠢᠨ ᠢᠯᠭᠠᠨ ᠲᠠᠨᠢᠬᠤ ᠴᠢᠳᠠᠪᠤᠷᠢ ᠎ᠶᠢ ᠦᠨᠡᠨ᠎ᠬᠦ ᠴᠢᠩᠭᠠᠳᠬᠠᠵᠦ ᠂ ᠦᠨᠳᠦᠰᠦᠲᠡᠨ ᠎ᠦ ᠬᠦᠷᠢᠶᠡᠨ ᠎ᠳᠡᠬᠢ ᠴᠣᠬᠣᠢᠨ ᠢᠯᠡᠷᠡᠬᠦ ᠪᠣᠯᠣᠯᠴᠠᠭ᠎ᠠ ᠲᠠᠢ ᠬᠡᠯᠪᠡᠷᠢᠯ᠎ᠦᠨ ᠴᠢᠨᠠᠷᠲᠠᠶ ᠠᠰᠠᠭᠤᠳᠠᠯ᠎ᠢ ᠴᠠᠭ ᠲᠤᠬᠠᠶ ᠎ᠳᠤᠨᠢ ᠢᠯᠡᠷᠡᠭᠦᠯᠵᠦ᠂ ᠡᠷᠡᠰ ᠰᠢᠭᠤᠷᠬᠠᠶ ᠰᠢᠢᠳᠪᠦᠷᠢᠯᠡᠵᠦ᠂ ᠬᠢᠯᠢ ᠎ᠶᠢᠨ ᠳᠣᠲᠣᠨ᠎ᠠ ᠭᠠᠳᠠᠨᠠᠬᠢ ᠳᠠᠢᠰᠤᠩᠨᠠᠭᠴᠢ ᠬᠦᠴᠦᠨ᠎ᠦ ᠡᠯ᠎ᠡ ᠵᠦᠢᠯ ᠎ᠦᠨ ᠨᠡᠪᠴᠢᠯᠲᠡ ᠡᠪᠳᠡᠯᠡᠭᠡ ᠨᠤᠷᠠᠭᠠᠯᠲᠠ ᠎ᠶᠢᠨ ᠠᠵᠢᠯᠯᠠᠭ᠎ᠠ᠎ᠶᠢ ᠴᠢᠩᠭ᠎ᠠ ᠰᠡᠷᠭᠡᠢᠯᠡᠨ ᠪᠦᠲᠦᠮᠵᠢᠲᠡᠢ ᠠᠷᠭᠠᠴᠠᠭᠠᠬᠣ ᠬᠡᠷᠡᠭᠳᠡᠢ᠃ ᠦᠨᠳᠦᠰᠦᠲᠡᠨ ᠎ᠦ ᠬᠦᠷᠢᠶᠡᠨ ᠎ᠳᠦ 《ᠬᠠᠷ᠎ᠠ ᠬᠤᠨ ᠭᠠᠯᠠᠭᠤ 》 ᠂ 《 ᠪᠣᠷᠣ ᠬᠡᠷᠢᠰ》᠎ᠦᠨ ᠬᠡᠷᠡᠭ ᠶᠠᠪᠤᠳᠠᠯ ᠡᠭᠦᠰᠭᠦ ᠵᠢ ᠡᠷᠡᠰ ᠰᠡᠷᠭᠡᠢᠯᠡᠵᠦ᠂ ᠳᠤᠮᠳᠠᠳᠤ ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠎ᠶᠢ ᠪᠡᠶᠡᠯᠡᠭᠦᠯᠬᠦ ᠎ᠪᠡᠷ ᠵᠣᠷᠢᠯᠲᠠ ᠪᠠ ᠲᠤᠰᠤᠯᠲᠠ ᠪᠣᠯᠭᠠᠨ᠎ᠠ᠂ ᠦᠨᠳᠦᠰᠦᠲᠡᠨ ᠎ᠦ ᠬᠦᠷᠢᠶᠡᠨ ᠎ᠳᠡᠬᠢ ᠠᠶᠤᠯ ᠲᠦᠭᠰᠢᠭᠦᠷᠢ ᠵᠢᠨ ᠲᠠᠯᠳᠠ ᠭᠡᠮ ᠎ᠢ  ᠰᠡᠷᠭᠡᠢᠯᠡᠨ ᠠᠷᠢᠯᠭᠠᠨ᠎ᠠ᠂ ᠨᠤᠷᠠᠭᠠᠯᠲᠠ ᠎ᠶᠢᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠎ᠢ ᠪᠠᠲᠤ ᠰᠠᠬᠢᠨ᠎ᠠ᠂ ᠦᠨᠳᠦᠰᠦᠲᠡᠨ ᠎ᠦ ᠪᠦᠯᠬᠦᠮᠳᠡᠯ ᠎ᠢ ᠴᠢᠩᠭᠠᠳᠬᠠᠨ᠎ᠠ᠂ ᠦᠨᠳᠦᠰᠦᠲᠡᠨ ᠎ᠦ ᠰᠡᠷᠭᠦᠨ ᠮᠠᠨᠳᠤᠯᠲᠠ ᠎ᠶᠢ ᠪᠡᠶᠡᠯᠡᠭᠦᠯᠬᠦ ᠰᠦᠷ ᠳᠠᠯᠠᠢᠴᠠᠲᠠᠶ ᠬᠦᠴᠦᠨ ᠎ᠢ ᠬᠠᠮᠤᠭ ᠎ᠤᠨ ᠶᠡᠬᠡ ᠬᠡᠮᠵᠢᠶ᠎ᠡ  ᠎ᠪᠡᠷ ᠨᠢᠭᠲᠠᠷᠠᠭᠤᠯᠬᠣ ᠬᠡᠷᠡᠭᠳᠡᠢ᠃ ᠰᠦᠷᠳᠡᠭᠦᠯᠦᠯ ᠎ᠢ ᠡᠰᠡᠷᠭᠦᠴᠡᠬᠦ ᠤᠯᠠᠨ ᠤᠯᠤᠰ᠎ᠤᠨ ᠬᠠᠮᠲᠤᠷᠠᠯᠴᠠᠭ᠎ᠠ᠎ᠶᠢ ᠴᠢᠩᠭᠠᠳᠬᠠᠬᠤ ᠬᠡᠷᠡᠭᠲᠡᠢ᠃ ᠦᠨᠳᠦᠰᠦᠲᠡᠨ ᠎ᠦ ᠠᠵᠢᠯ᠎ᠤᠨ ᠬᠠᠤᠯᠢᠵᠢᠯ ᠎ᠤᠨ ᠲᠦᠪᠰᠢᠨ ᠎ᠢ ᠳᠡᠭᠡᠭᠰᠢᠯᠡᠭᠦᠯᠬᠦ ᠬᠡᠷᠡᠭᠲᠡᠢ᠃ ᠬᠠᠤᠯᠢ ᠶᠣᠰᠣᠨ ᠎ᠤ ᠬᠢ᠎ᠶᠢ ᠬᠠᠮᠠᠭᠠᠯᠠᠵᠤ ᠂ ᠬᠠᠤᠯᠢ ᠴᠠᠭᠠᠵᠠ ᠎ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠢᠬᠤ ᠵᠢ ᠪᠠᠷᠢᠮᠲᠠᠯᠠᠬᠤ ᠬᠡᠷᠡᠭᠲᠡᠢ᠃ ᠬᠦᠴᠦᠷᠬᠡᠭᠯᠡᠯ ᠰᠦᠷᠳᠡᠭᠦᠯᠦᠯ᠎ᠦᠨ ᠦᠵᠡᠯ᠂ ᠬᠡᠲᠦᠷᠡᠮᠡᠬᠡᠢ ᠱᠠᠰᠢᠨ᠎ᠤ ᠦᠵᠡᠯ ᠂ ᠦᠨᠳᠦᠰᠦᠲᠡᠨ ᠎ᠢ ᠬᠠᠭᠠᠴᠠᠭᠤᠯᠤᠨ ᠰᠠᠯᠭᠠᠬᠤ ᠦᠵᠡᠯ ᠵᠡᠷᠭᠡ ᠶᠠᠯᠠᠲᠤ ᠠᠵᠢᠯᠯᠠᠭ᠎ᠠ ᠎ᠳᠦ ᠡᠷᠬᠡᠪᠰᠢ ᠴᠣᠬᠢᠯᠲᠠ ᠥᠭᠴᠦ ᠂  ᠴᠢᠩᠭ᠎ᠠ ᠰᠢᠢᠳᠬᠡᠵᠦ ᠠᠭᠣᠴᠢᠯᠠᠵᠦ ᠪᠣᠯᠬᠣ ᠦᠬᠡᠢ ᠃

ᠶᠡᠷᠦᠩᠬᠡᠢᠯᠡᠪᠡᠯ᠂ ᠦᠨᠳᠦᠰᠦᠲᠡᠨ᠎ᠦ ᠠᠵᠢᠯ᠎ᠢ ᠰᠠᠢᠲᠤᠷ ᠬᠢᠵᠦ᠂ ᠦᠨᠳᠦᠰᠦᠲᠡᠨ᠎ᠦ ᠪᠦᠯᠬᠦᠮᠳᠡᠯ᠎ᠢ ᠰᠠᠢᠲᠤᠷ ᠬᠢᠬᠦ ᠎ᠳᠦ ᠂ ᠪᠢᠳᠡ ᠶᠡᠷᠦᠩᠬᠡᠶ ᠱᠦᠵᠢ ᠰᠢ᠎ᠶᠢᠨ ᠫᠢᠩ ᠎ᠦᠨ ᠲᠥᠪ᠎ᠦᠨ ᠦᠨᠳᠦᠰᠦᠲᠡᠨ ᠎ᠦ ᠠᠵᠢᠯ᠎ᠤᠨ ᠬᠤᠷᠠᠯ ᠳᠡᠭᠡᠷᠡᠬᠢ ᠶᠠᠷᠢᠶᠠᠨ ᠎ᠤ ᠵᠣᠷᠢᠭ ᠰᠠᠨᠠᠭ᠎ᠠ᠎ᠶᠢ ᠭᠦᠨᠵᠡᠭᠡᠶ ᠣᠢᠯᠠᠭᠠᠬᠤ ᠪᠠ ᠪᠥᠬᠥ ᠲᠠᠯ᠎ᠠ᠎ᠪᠠᠷ ᠲᠤᠭᠤᠰᠢᠯᠠᠭᠤᠯᠵᠤ ᠂ ᠵᠢᠱᠶ᠋ᠶᠡᠴᠢ ᠥᠪᠡᠷᠲᠡᠭᠡᠨ ᠵᠠᠰᠠᠬᠤ ᠣᠷᠣᠨ ᠎ᠤ ᠢᠷᠠᠭᠤ ᠠᠯᠳᠠᠷᠲᠤ ᠤᠯᠠᠮᠵᠢᠯᠠᠯ ᠎ᠢ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠰᠢᠨ᠎ᠡ ᠬᠠᠭᠤᠳᠠᠰᠤ ᠎ᠶᠢ ᠦᠷᠭᠦᠯᠵᠢᠯᠡᠨ ᠪᠢᠴᠢᠭᠯᠡᠵᠦ ᠂ ᠥᠪᠥᠷ ᠮᠣᠩᠭᠣᠯ᠎ᠢᠶᠠᠨ ᠦᠨᠡᠨ᠎ᠬᠦ ᠡᠬᠡ ᠤᠯᠤᠰ ᠎ᠤᠨ ᠤᠮᠠᠷᠠᠲᠤ ᠵᠢᠨ ᠠᠮᠤᠷ ᠲᠣᠭᠲᠠᠭᠤᠨ ᠎ᠤ ᠬᠠᠯᠬᠠᠪᠴᠢ ᠪᠣᠯᠭᠠᠨ ᠪᠥᠲᠥᠭᠡᠨ ᠪᠠᠢᠭᠤᠯᠬᠤ ᠬᠡᠷᠡᠭᠲᠡᠶ᠃

(ᠵᠣᠬᠢᠶᠠᠬᠴᠢ ᠪᠤᠯ ᠳᠦᠩᠯᠢᠶᠣᠣ ᠬᠤᠳᠠ᠎ᠶ᠋ᠢᠨ ᠨᠠᠮ᠎ᠤᠨ ᠰᠣᠷᠭᠠᠭᠤᠯᠢ ᠵᠢᠨ ᠫᠷᠤᠹᠧᠰᠰᠤᠷ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号