ᠦᠨᠳᠤᠰᠤ ᠬᠦᠨ ᠪᠤᠯ ᠰᠠᠯᠠᠭ᠎ᠠ ᠰᠠᠬᠤᠯᠢᠭ
2021-11-05 09:13:38
ᠵᠣᠬᠢᠶᠠᠭ᠍ᠴᠢ᠄
ᠹᠧᠩ ᠱᠢᠤᠸᠠᠢ ᠢᠦᠶ
ᠣᠩᠱᠢᠭ᠍ᠰᠠᠨ ᠣᠳᠠᠭ᠎ᠠ᠄
★★★☆☆

ᠰᠣᠶᠣᠯ ᠪᠣᠯ ᠨᠢᠭᠡ ᠦᠨᠳᠦᠰᠦᠲᠡᠨ᠎ᠤ ᠰᠦᠭ ᠰᠦᠨᠡᠰᠦ᠂ ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ ᠰᠤᠷᠪᠤᠯᠵᠢ ᠮᠥᠨ᠃ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠪᠦᠯᠬᠦᠮᠳᠡᠯ᠎ᠢ ᠴᠢᠩᠭᠠᠳᠭᠠᠬᠤ ᠳ᠋ᠦ᠂ ᠠᠯᠤᠰ ᠬᠡᠳᠦ᠍᠎ᠶ᠋ᠢᠨ ᠪᠠ ᠦᠨᠳᠦᠰᠦᠨ ᠵᠦᠢᠯ ᠪᠣᠯ ᠰᠣᠶᠣᠯ᠎ᠤᠨ ᠬᠠᠮᠳᠤ ᠵᠢᠨ ᠳᠠᠨᠢᠯᠳᠠ ᠵᠢ ᠴᠢᠩᠭᠠᠳᠭᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠴᠤᠭᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠢᠳᠡᠪᠬᠢᠲᠡᠢ ᠬᠥᠮᠦᠵᠢᠭᠦᠯᠬᠦ᠌ ᠶᠠᠪᠤᠳᠠᠯ ᠪᠣᠯᠤᠨ᠎ᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠳᠤ᠂ ᠳᠤᠮᠳᠠᠳᠤ᠎ᠶ᠋ᠢᠨ ᠰᠣᠶᠣᠯ ᠪᠣᠯᠤᠨ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠴᠠᠭ᠎ᠠ᠎ᠶ᠋ᠢ ᠵᠥᠪ ᠡᠵᠡᠮᠳᠡᠵᠦ᠍᠂ ᠦᠨᠳᠦᠰᠦᠲᠡᠨ᠎ᠨᠦᠭᠦᠳ᠎ᠤᠨ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠦᠵᠡᠯ ᠰᠠᠨᠠᠭᠠᠨ᠎ᠤ ᠰᠠᠭᠤᠷᠢ᠎ᠶ᠋ᠢ ᠪᠠᠬᠢᠵᠢᠭᠦᠯᠵᠦ᠍᠂ ᠤᠶᠤᠨ ᠰᠠᠨᠠᠭᠠᠨ᠎ᠤ ᠠᠤᠭ᠎ᠠ ᠬᠦᠴᠦᠨ᠎ᠢ ᠨᠢᠭ᠍ᠲᠠᠷᠠᠭᠤᠯᠬᠤ ᠎ᠳᠤ  ᠪᠤᠢ ᠃

ᠤᠷᠭᠤᠭ᠎ᠠ ᠮᠣᠳᠣ ᠦᠨᠳᠦᠰᠦ᠎ᠲᠠᠢ᠂ ᠤᠷᠤᠰᠭᠠᠯ ᠤᠰᠤ ᠡᠬᠢ᠎ᠲᠠᠢ᠃ ᠥᠷᠭᠡᠨ ᠳᠡᠯᠭᠡᠷ ᠭᠦᠨ ᠭᠦᠨᠵᠡᠭᠡᠢ᠂ ᠥᠨᠢ ᠤᠳᠠᠭᠠᠨ ᠤᠯᠠᠮᠵᠢᠯᠠᠯ᠎ᠲᠠᠢ ᠳᠤᠮᠳᠠᠳᠤ᠎ᠶ᠋ᠢᠨ ᠰᠣᠶᠣᠯ ᠪᠣᠯ ᠦᠨᠳᠦᠰᠦᠲᠡᠨ᠎ᠨᠦᠭᠦᠳ᠎ᠤᠨ ᠰᠣᠶᠣᠯ᠎ᠤᠨ ᠬᠤᠷᠠᠮᠳᠤᠯ ᠪᠠᠢᠵᠦ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠤᠭ᠎ᠤᠨ ᠭᠦᠨ ᠭᠦᠨᠵᠡᠭᠡᠢ ᠤᠶᠤᠨ ᠰᠠᠨᠠᠭᠠᠨ᠎ᠤ ᠬᠥᠭᠡᠭᠡᠴᠡᠯᠳᠦᠯ᠎ᠢ ᠬᠤᠷᠠᠮᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠦᠶ᠎ᠡ ᠤᠯᠠᠷᠢᠨ ᠣᠷᠣᠱᠢᠨ ᠲᠣᠭ᠍ᠲᠠᠨᠢᠵᠤ ᠬᠥᠭ᠌ᠵᠢᠨ ᠪᠤᠵᠠᠭᠠᠢ᠌ᠷᠠᠬᠤ᠎ᠶ᠋ᠢᠨ ᠡᠯᠪᠡᠭ ᠪᠠᠶᠠᠯᠢᠭ ᠱᠢᠮ᠎ᠡ ᠲᠡᠵᠢᠭᠡᠯ ᠮᠥᠨ᠃ ᠳᠤᠮᠳᠠᠳᠤ᠎ᠶ᠋ᠢᠨ ᠰᠣᠶᠣᠯ ᠬᠢᠭᠡᠳ  ᠦᠨᠳᠦᠰᠦᠲᠡᠨ ᠨᠤᠬᠦᠳ᠎ᠤᠨ ᠰᠣᠶᠣᠯ ᠪᠣᠯ《ᠭᠤᠣᠯ ᠡᠰᠢ》 ᠬᠢᠭᠡᠳ 《ᠰᠠᠯᠠᠭ᠎ᠠ ᠨᠠᠮᠠᠭ᠎ᠠ》᠎ᠶ᠋ᠢᠨ ᠬᠠᠷᠢᠴᠠᠭ᠎ᠠ ᠮᠥᠨ᠃ ᠨᠢᠭᠡ ᠲᠠᠯ᠎ᠠ᠎ᠪᠠᠷ᠂ ᠦᠨᠳᠦᠰᠦᠲᠡᠨ᠎ᠨᠦᠭᠦᠳ᠎ᠤᠨ ᠱᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ᠎ᠶ᠋ᠢᠨ ᠰᠣᠶᠣᠯ᠎ᠤᠨ ᠪᠦᠷᠢᠯᠳᠦᠬᠦᠨ ᠬᠡᠰᠡᠭ ᠲᠤᠯᠠ ᠦᠨᠳᠦᠰᠦᠲᠡᠨ᠎ᠨᠦᠭᠦᠳ ᠴᠥᠮ ᠳᠤᠮᠳᠠᠳᠤ᠎ᠶ᠋ᠢᠨ ᠰᠣᠶᠣᠯ᠎ᠤᠨ ᠪᠦᠷᠢᠯᠳᠦᠯ ᠪᠠ ᠬᠥᠭ᠌ᠵᠢᠯᠲᠡ᠎ᠳᠤ ᠬᠤᠪᠢ ᠨᠡᠮᠡᠷᠢ ᠦᠵᠡᠭᠦᠯᠵᠦ᠍᠂ ᠦᠨᠳᠦᠰᠦᠲᠡᠨ ᠨᠢᠭᠡ ᠪᠦᠷᠢ ᠴᠥᠮ ᠥᠪᠡᠷ᠎ᠤᠨ ᠦᠨᠳᠦᠰᠦᠲᠡᠨ᠎ᠤ᠎ᠪᠠᠨ ᠰᠣᠶᠣᠯ᠎ᠢ ᠬᠥᠭ᠌ᠵᠢᠭᠦᠯᠵᠦ᠍᠂ 《 ᠦᠪᠡᠷ ᠦᠪᠡᠷ᠎ᠤᠨ ᠭᠤᠸ᠎ᠠ ᠰᠠᠢᠬᠠᠨ ᠵᠢᠡᠷ ᠵᠢᠠᠨ ᠪᠠᠬᠠᠷᠬᠠᠵᠤ᠂ ᠬᠠᠮᠳᠤ ᠵᠢᠨ ᠭᠤᠸ᠎ᠠ ᠰᠠᠢᠬᠠᠨ᠎ᠢ ᠪᠦᠲᠦᠭᠡᠬᠦ 》 ᠴᠢᠬᠤᠯᠠ ᠳᠠᠢ᠃ ᠨᠦᠬᠦᠭᠡ ᠲᠠᠯ᠎ᠠ᠎ᠪᠠᠷ᠂ ᠦᠨᠳᠦᠰᠦᠲᠡᠨ᠎ᠨᠦᠭᠦᠳ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠌᠎ᠳᠤ᠂ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠳᠤ ᠵᠢᠨ ᠳᠠᠨᠢᠯᠳᠠ ᠵᠢ ᠴᠢᠩᠭᠠᠳᠭᠠᠭ᠍ᠰᠠᠨ ᠰᠠᠭᠤᠷᠢᠨ ᠳᠡᠭᠡᠷ᠎ᠡ ᠶᠠᠪᠤᠬᠳᠠᠭᠤᠯᠬᠤ ᠶᠤᠰᠤᠳᠠᠢ ᠪᠠᠢᠵᠦ᠂ 《ᠦᠨᠳᠦᠰᠦ ᠭᠦᠨ ᠪᠤᠯ ᠰᠠᠯᠠᠭ᠎ᠠ ᠰᠠᠬᠤᠯᠢᠭ》 ᠭᠡᠳᠡᠭ᠎ᠨᠢ ᠶᠠᠭ 《ᠰᠠᠯᠠᠭ᠎ᠠ ᠨᠠᠮᠠᠭ᠎ᠠ》 ᠎ᠪᠡᠷ 《ᠭᠤᠣᠯ ᠡᠰᠢ》  ᠎ᠶ᠋ᠢ ᠣᠷᠣᠯᠠᠭᠤᠯᠵᠤ ᠪᠣᠯᠬᠤ ᠦᠭᠡᠢ᠂ ᠡᠬᠢ ᠠᠳᠠᠭ᠎ᠢ ᠲᠣᠩᠭᠤᠷᠠᠭᠤᠯᠵᠤ ᠪᠣᠯᠬᠤ ᠦᠭᠡᠢ ᠭᠡᠰᠡᠨ ᠦᠭᠡ ᠠᠵᠢ᠃

ᠥᠪᠥᠷ ᠮᠣᠩᠭᠤᠯ ᠥᠨᠢ ᠤᠳᠠᠭᠠᠨ ᠲᠡᠦᠬᠡ᠎ᠲᠠᠢ᠂ ᠤᠯᠠᠨ ᠶᠠᠩᠵᠤᠳᠤ ᠰᠣᠶᠣᠯ᠎ᠲᠠᠢ᠂ ᠬᠤᠩᠱᠠᠨ᠎ᠤ ᠰᠣᠶᠣᠯ᠂ ᠬᠢᠳᠠᠨ᠎ᠤ ᠯᠢᠶᠣᠤ ᠤᠯᠤᠰ᠎ᠤᠨ ᠰᠣᠶᠣᠯ᠂ ᠣᠷᠳᠣ ᠴᠠᠭᠠᠨ ᠬᠡᠷᠡᠮ᠎ᠤᠨ ᠰᠣᠶᠣᠯ᠂ ᠪᠣᠷᠣᠲᠣᠬᠤᠶ᠎ᠶ᠋ᠢᠨ ᠲᠠᠷᠢᠶᠠᠯᠠᠬᠤ ᠰᠣᠶᠣᠯ᠂ ᠬᠠᠲᠤᠨ ᠭᠤᠤᠯ᠎ᠤᠨ ᠰᠣᠶᠣᠯ ᠵᠡᠷᠭᠡ ᠡᠯᠪᠡᠭ ᠪᠠᠶᠠᠯᠢᠭ ᠰᠣᠶᠣᠯ᠎ᠤᠨ ᠡᠬᠢ ᠪᠠᠶᠠᠯᠢᠭ᠎ᠲᠠᠢ᠂ ᠡᠲᠡᠭᠡᠷ ᠰᠣᠶᠣᠯ᠎ᠢ ᠨᠢᠭᠡ ᠦᠨᠳᠦᠰᠦᠲᠡᠨ ᠡᠭᠦᠳᠦᠨ ᠪᠦᠲᠦᠭᠡᠭ᠌ᠰᠡᠨ ᠪᠢᠰᠢ᠂ ᠪᠠᠰᠠ ᠨᠢᠭᠡ ᠦᠨᠳᠦᠰᠦᠲᠡᠨ᠎ᠳᠤ ᠯᠡ ᠬᠠᠷᠢᠶᠠᠯᠠᠭ᠍ᠳᠠᠬᠤ ᠪᠢᠰᠢ᠂ ᠣᠯᠠᠨ ᠦᠨᠳᠦᠰᠦᠲᠡᠨ ᠬᠠᠮᠲᠤ᠎ᠪᠠᠷ ᠡᠭᠦᠳᠦᠨ ᠪᠦᠲᠦᠭᠡᠭ᠌ᠰᠡᠨ ᠶᠤᠮ᠃ ᠪᠢᠳᠡ ᠳᠤᠮᠳᠠᠳᠤ᠎ᠶ᠋ᠢᠨ ᠦᠨᠳᠦᠰᠦᠲᠡᠨ ᠪᠣᠯᠤᠨ ᠳᠤᠮᠳᠠᠳᠤ᠎ᠶ᠋ᠢᠨ ᠰᠣᠶᠣᠯ᠎ᠤᠨ ᠤᠯᠠᠨ ᠡᠱᠢᠲᠦ ᠨᠢᠭᠡ ᠴᠣᠭ᠍ᠴᠠ᠎ᠶ᠋ᠢ ᠣᠨᠣᠪᠴᠢᠲᠠᠢ ᠲᠠᠨᠢᠵᠤ᠂ ᠥᠪᠥᠷ ᠮᠣᠩᠭᠤᠯ᠎ᠤᠨ ᠡᠨᠡ ᠬᠦ᠌ ᠬᠠᠯᠠᠭᠤᠨ ᠬᠥᠷᠥᠰᠥᠨ ᠳᠡᠭᠡᠷ᠎ᠡ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠳᠤᠮᠳᠠᠳᠤ᠎ᠶ᠋ᠢᠨ ᠦᠨᠳᠦᠰᠦᠲᠡᠨ᠎ᠳᠤ ᠦᠵᠡᠭᠦᠯᠦᠭ᠌ᠰᠡᠨ ᠲᠡᠦᠬᠡᠲᠦ ᠬᠤᠪᠢ ᠨᠡᠮᠡᠷᠢ᠎ᠶ᠋ᠢ ᠣᠨᠣᠪᠴᠢᠲᠠᠢ ᠲᠠᠨᠢᠵᠤ᠂ 《ᠲᠦᠷᠪᠡᠨ ᠬᠠᠮᠲᠤ》ᠵᠢᠨ  ᠳᠤᠮᠳᠠᠳᠤ᠎ᠶ᠋ᠢᠨ ᠦᠨᠳᠦᠰᠦᠲᠡᠨ᠎ᠤ ᠲᠡᠦᠬᠡ᠎ᠶ᠋ᠢᠨ ᠦᠵᠡᠯᠲᠡ᠎ᠶ᠋ᠢ ᠦᠨᠡᠨ ᠬᠦ᠌ ᠪᠠᠲᠤ ᠪᠤᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠳᠤ ᠵᠢᠨ ᠳᠠᠨᠢᠯᠳᠠ᠂ ᠬᠠᠷᠢᠶᠠᠯᠠᠭ᠍ᠳᠠᠬᠤᠢ ᠰᠡᠳᠭᠢᠯᠭᠡ᠂ ᠣᠮᠣᠭ᠍ᠰᠢᠯᠳᠤ ᠰᠡᠳᠭᠢᠯᠭᠡ᠎ᠪᠠᠨ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ᠃ ᠪᠢᠳᠡ᠎ᠦᠨᠳᠦᠰᠦᠲᠡᠨ᠎ᠤ ᠱᠢᠯᠢᠳᠡᠭ ᠰᠣᠶᠣᠯ᠎ᠢ ᠬᠠᠮᠠᠭᠠᠯᠠᠨ ᠪᠠᠳᠠᠷᠠᠭᠤᠯᠬᠤ᠎ᠶ᠋ᠢ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ᠌ ᠳᠤᠮᠳᠠᠳᠤ᠎ᠶ᠋ᠢᠨ ᠰᠣᠶᠣᠯ᠎ᠢ ᠤᠯᠠᠮᠵᠢᠯᠠᠨ ᠵᠠᠯᠭᠠᠮᠵᠢᠯᠠᠬᠤ᠎ᠲᠠᠢ ᠣᠷᠭᠠᠨᠢᠭ᠎ᠢᠶᠠᠷ ᠤᠶᠠᠯᠳᠤᠭᠤᠯᠬᠤ ᠬᠡᠷᠡᠭ᠌ᠲᠡᠢ᠂ ᠳᠤᠮᠳᠠᠳᠤ᠎ᠶ᠋ᠢᠨ ᠰᠣᠶᠣᠯ᠎ᠢᠶᠠᠷ ᠦᠨᠳᠦᠰᠦᠲᠡᠨ᠎ᠤ ᠪᠦᠯᠬᠦᠮᠳᠡᠯ᠎ᠢ ᠰᠢᠮᠡᠵᠢᠭᠦᠯᠬᠦ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠤᠰ ᠠᠷᠠᠳ᠎ᠤᠨ ᠰᠤᠷᠭᠠᠨ ᠬᠥᠮᠦᠵᠢᠯ᠂ ᠶᠣᠰᠣ ᠰᠤᠷᠲᠠᠬᠤᠨ᠎ᠤ ᠪᠠᠢᠭᠤᠯᠤᠯᠲᠠ᠂ ᠰᠣᠶᠣᠯ᠎ᠤᠨ ᠡᠭᠦᠳᠦᠯᠲᠡ ᠪᠠ ᠦᠢᠯᠡᠳᠪᠦᠷᠢᠯᠡᠯ ᠠᠮᠢᠳᠤᠷᠠᠯ ᠲᠠᠢ ᠠᠭᠤᠰᠤᠯᠴᠠᠭᠤᠯᠬᠤ᠎ᠶ᠋ᠢ ᠠᠬᠢᠭᠤᠯᠵᠤ᠂ ᠨᠢᠭᠡ ᠪᠦᠯᠦᠭ ᠳᠤᠮᠳᠠᠳᠤ᠎ᠶ᠋ᠢᠨ ᠰᠣᠶᠣᠯ᠎ᠤᠨ ᠠᠭᠤᠯᠤᠭ᠍ᠳᠠᠬᠤᠨ᠎ᠲᠠᠢ᠂ ᠦᠨᠳᠦᠰᠦᠲᠡᠨ ᠨᠤᠬᠦᠳ᠎ᠤᠨ ᠰᠣᠶᠣᠯ᠎ᠤᠨ ᠱᠢᠮ᠎ᠡ ᠲᠡᠵᠢᠭᠡᠯ᠎ᠢ ᠭᠦᠢᠴᠡᠳ ᠱᠢᠩᠭᠡᠭᠡᠨ ᠠᠪᠤᠬᠰᠠᠨ᠂ ᠣᠳᠣ ᠦᠶ᠎ᠡ᠎ᠶ᠋ᠢᠨ ᠪᠣᠯᠪᠠᠰᠤᠨ᠎ᠢ ᠠᠭᠤᠰᠤᠯᠴᠠᠭᠤᠯᠤᠭ᠍ᠰᠠᠨ ᠤᠳᠭ᠎ᠠ ᠤᠷᠠᠯᠢᠭ᠎ᠤᠨ ᠪᠦᠲᠦᠭᠡᠯ᠎ᠢ ᠵᠤᠬᠢᠶᠠᠨ ᠪᠦᠲᠦᠭᠡᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠱᠢᠨ᠎ᠡ᠎ᠶ᠋ᠢ ᠡᠭᠦᠳᠬᠦ᠌ ᠴᠢᠨᠠᠷᠲᠠᠶ ᠬᠥᠭ᠌ᠵᠢᠯᠲᠡ ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂  ᠦᠨᠳᠦᠰᠦᠲᠡᠨ ᠨᠤᠬᠦᠳ᠎ᠤᠨ ᠰᠡᠳᠬᠢᠯ ᠨᠢᠭᠡᠳᠦᠭᠰᠡᠨ᠂ ᠪᠦᠯᠬᠦᠮᠳᠡᠨ ᠳᠠᠪᠰᠢᠬᠤ ᠬᠦᠴᠦᠷᠬᠡᠭ ᠶᠡᠭᠡ ᠣᠶᠤᠨ ᠰᠠᠨᠠᠭᠠᠨ᠎ᠤ ᠬᠤᠯᠪᠣᠭᠠᠰᠤ ᠵᠢ ᠪᠦᠷᠢᠯᠳᠦᠭᠦᠯᠦᠨ᠎ᠡ᠃

ᠦᠷᠭᠡᠨ ᠮᠦᠷᠠᠨ ᠴᠦ᠍ ᠰᠠᠯᠪᠤᠷᠢ ᠴᠢᠳᠬᠤᠯᠠᠡᠭ ᠡᠴᠡ ᠪᠦᠷᠢᠯᠳᠤᠵᠤ᠂ ᠦᠨᠳᠤᠷ ᠠᠭᠤᠯᠠ ᠴᠦ᠍  ᠴᠢᠯᠠᠭᠤ ᠰᠢᠷᠦᠢ ᠡᠴᠡ ᠪᠦᠳᠦᠭᠰᠡᠨ ᠭᠡᠳᠡᠭ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠳᠤᠮᠳᠠᠳᠤ᠎ᠶ᠋ᠢᠨ ᠰᠣᠶᠣᠯ᠎ᠤᠨ ᠬᠠᠮᠲᠤ᠎ᠶ᠋ᠢᠨ ᠲᠠᠨᠢᠯᠲᠠ ᠵᠢ ᠲᠠᠰᠤᠷᠠᠯᠲᠠ ᠥᠬᠡᠶ ᠴᠢᠩᠭᠠᠳᠭᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠬᠢᠯ᠎ᠢ ᠲᠠᠰᠤᠷᠠᠯᠳᠠ ᠦᠭᠡᠢ ᠨᠢᠬᠳᠠᠷᠠᠭᠤᠯᠵᠤ᠂ ᠣᠶᠤᠨ ᠰᠠᠨᠠᠭ᠎ᠠ᠎ᠶ᠋ᠢᠨ ᠲᠠᠯ᠎ᠠ ᠪᠡᠷ ᠬᠠᠷᠢᠯᠴᠠᠨ ᠲᠦᠱᠢᠯᠴᠡᠭᠦᠯᠪᠡᠯ᠂ ᠪᠢᠳᠡ ᠲᠠᠷᠤᠢ ᠦᠨᠳᠦᠰᠦᠲᠡᠨ᠎ᠨᠦᠭᠦᠳ᠎ᠤᠨ ᠣᠶᠤᠨ ᠤᠬᠠᠭᠠᠨ ᠪᠠ ᠬᠦᠴᠦᠨ ᠴᠢᠳᠠᠯ᠎ᠢ ᠨᠠᠡᠭ ᠰᠠᠢᠨ ᠨᠢᠭ᠍ᠲᠠᠷᠠᠭᠤᠯᠵᠤ᠂ ᠰᠠᠢᠨ ᠰᠠᠢᠬᠠᠨ ᠬᠡᠷ ᠣᠷᠣᠨ᠎ᠢᠶᠠᠨ ᠬᠠᠮᠲᠤ᠎ᠪᠠᠷ ᠪᠥᠲᠥᠭᠡᠨ ᠪᠠᠢᠭᠤᠯᠵᠤ᠂ ᠰᠠᠢᠨ ᠰᠠᠢᠬᠠᠨ ᠢᠷᠡᠭᠡᠳᠦᠶ᠎ᠪᠠᠨ ᠬᠠᠮᠲᠤ᠎ᠪᠠᠷ ᠴᠣᠭ᠍ᠴᠠᠯᠠᠨ ᠪᠠᠢᠭᠤᠯᠵᠤ ᠴᠢᠳᠠᠬᠤ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号