ᠲᠠᠬᠢᠨ ᠱᠢᠨ᠎ᠡ ᠵᠠᠮ ᠨᠡᠬᠡᠬᠡᠨ ᠪᠠᠷᠠᠭᠤᠨ ᠣᠷᠣᠨ᠎ᠢ ᠬᠦᠭᠵᠢᠬᠦᠯᠵᠤ ᠦᠷᠭᠦᠯᠵᠢᠯᠡᠨ ᠲᠡᠮᠡᠴᠡᠵᠦ᠍ ᠱᠢᠨ᠎ᠡ ᠪᠠᠢᠳᠠᠯ᠎ᠢ ᠡᠬᠦᠳᠤᠨ᠎ᠠ — ᠶᠡᠷᠦᠩᠬᠡᠢ ᠱᠦᠵᠢ ᠰᠢ᠎ᠶ᠋ᠢᠨ ᠫᠢᠩ ᠪᠠᠷᠠᠭᠤᠨ ᠣᠷᠣᠨ᠎ᠢ ᠶᠡᠬᠡ᠎ᠪᠡᠷ ᠨᠡᠭᠡᠭᠡᠨ ᠬᠥᠭ᠌ᠵᠢᠭᠦᠯᠬᠦ᠌᠎ᠶ᠋ᠢ ᠲᠥᠯᠥᠪᠵᠢᠭᠦᠯᠦᠨ ᠠᠬᠢᠭᠤᠯᠵᠤ ᠱᠢᠨ᠎ᠡ ᠬᠠᠭᠤᠳᠠᠰᠤ᠎ᠶ᠋ᠢ ᠪᠢᠴᠢᠭ᠌ᠯᠡᠭᠰᠡᠨ ᠲᠡᠮᠳᠡᠭᠯᠡᠯ
2021-11-06 12:12:00
ᠵᠣᠬᠢᠶᠠᠭ᠍ᠴᠢ᠄
ᠰᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠸᠠᠩ ᠯᠸᠢ ᠰᠦᠨ ᠢ ᠯᠢᠦ ᠱᠢᠶᠠ ᠼᠦᠨ ᠱᠢᠤᠢ ᠵᠢᠨ ᠢᠦᠢ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠪᠠᠷᠠᠭᠤᠨ ᠣᠷᠣᠨ᠎ᠤ ᠨᠤᠲᠤᠭ ᠳᠡᠪᠢᠰᠭᠡᠷ ᠥᠷᠭᠡᠨ ᠠᠭᠤᠳᠠᠮ᠂ ᠤᠯᠤᠰ ᠣᠷᠣᠨ᠎ᠤ ᠪᠦᠬᠦᠢᠯᠡ  ᠴᠣᠭ᠍ᠴᠠ᠎ᠶ᠋ᠢᠨ ᠬᠥᠭ᠌ᠵᠢᠯᠲᠡ᠎ᠯᠤᠭᠡ ᠬᠣᠯᠪᠣᠭ᠍ᠳᠠᠵᠤ ᠪᠠᠢᠳᠠᠭ᠃ ᠪᠠᠷᠠᠭᠤᠨ ᠣᠷᠣᠨ᠎ᠢ ᠲᠦᠰᠦᠪᠯᠡᠨ ᠪᠣᠳᠣᠯᠬᠢᠯᠠᠵᠤ᠂ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ᠎ᠢ ᠱᠢᠢᠳᠪᠦᠷᠢᠯᠡᠬᠦ᠌ ᠪᠣᠯ ᠶᠡᠷᠦᠩᠬᠡᠢ ᠱᠦᠵᠢ ᠰᠢ᠎ᠵᠢᠨ ᠫᠢᠩ᠎ᠦᠨ ᠢᠮᠠᠭ᠍ᠲᠠ ᠲᠥᠯᠥᠪᠵᠢᠭᠦᠯᠵᠦ᠍ ᠢᠷᠡᠭᠰᠡᠨ ᠲᠤᠮᠤ ᠶᠠᠪᠤᠳᠠᠯ ᠪᠣᠯᠤᠨ᠎ᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ᠎ᠵᠢᠨ ᠫᠢᠩ ᠪᠠᠷᠠᠭᠤᠨ ᠣᠷᠣᠨ᠎ᠤ ᠠᠵᠤ ᠠᠬᠤᠢ ᠨᠡᠢᠭᠡᠮ᠎ᠦᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠪᠠᠷᠠᠭᠤᠨ ᠣᠷᠣᠨ᠎ᠤ ᠮᠤᠵᠢ᠎ᠪᠠᠷ 20 ᠭᠠᠷᠤᠢ ᠤᠳᠠᠭ᠎ᠠ ᠱᠢᠨᠵᠢᠯᠡᠨ ᠪᠠᠢᠴᠠᠭᠠᠵᠤ᠂ ᠦᠨᠳᠦᠰᠦᠨ ᠱᠠᠲᠤ ᠬᠢᠯᠢ ᠬᠢᠵᠠᠭᠠᠷ᠎ᠤᠨ ᠡᠮᠦᠨ᠎ᠡ ᠹᠷᠣᠨᠲ᠎ᠲᠤ ᠭᠦᠨᠵᠡᠭᠡᠢᠷᠡᠵᠦ᠍᠂ ᠱᠢᠷᠢᠰ ᠴᠢᠬᠤᠯᠠ ᠶᠠᠷᠢᠶ᠎ᠠ ᠲᠠᠯᠪᠢᠵᠤ᠂ ᠱᠢᠨ᠎ᠡ ᠴᠠᠭ ᠦᠶ᠎ᠡ᠎ᠶ᠋ᠢᠨ ᠪᠠᠷᠠᠭᠤᠨ ᠣᠷᠣᠨ᠎ᠢ ᠶᠡᠬᠡ᠎ᠪᠡᠷ ᠨᠡᠭᠡᠭᠡᠨ ᠬᠥᠭ᠌ᠵᠢᠭᠦᠯᠬᠦ᠌ ᠲᠤᠬᠠᠢ ᠵᠠᠳᠠᠯᠤᠨ ᠮᠠᠭᠠᠳᠯᠠᠵᠤ ᠴᠢᠭ᠌ᠯᠡᠯ᠎ᠢ ᠲᠣᠭ᠍ᠲᠠᠭᠠᠵᠤ ᠦᠭᠴᠡᠢ᠃

5000 ᠭᠠᠷᠤᠢ ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠪᠦᠬᠦ᠌ ᠲᠠᠯ᠎ᠠ᠎ᠪᠠᠷ ᠶᠠᠳᠠᠭᠤ᠎ᠡᠴᠡ ᠠᠩᠭᠢᠵᠢᠷᠠᠭᠤᠯᠵᠤ᠂ ᠴᠢᠬᠤᠯᠠ ᠶᠡᠬᠡ ᠡᠨᠧᠷᠭᠢ᠎ᠶ᠋ᠢᠨ ᠢᠨᠵᠧᠨᠧᠷᠢᠩ ᠬᠤᠢᠨ᠎ᠠ ᠬᠤᠢᠨ᠎ᠠ ᠡᠴᠡ ᠪᠠᠨ ᠪᠠᠷᠢᠯᠭ᠎ᠠ ᠳᠠᠭᠤᠰᠴᠤ᠌᠂ ᠱᠢᠨ᠎ᠡ ᠠᠵᠤ ᠦᠢᠯᠡᠰ ᠱᠢᠨ᠎ᠡ ᠡᠵᠡᠩᠨᠡᠯᠲᠡ᠎ᠶ᠋ᠢᠨ ᠬᠡᠯᠪᠡᠷᠢ ᠥᠷᠨᠢᠭᠦᠨ ᠬᠥᠭ᠌ᠵᠢᠪᠡ ᠁ ᠨᠡᠩ ᠦᠵᠡᠰᠭᠦᠯᠡᠩᠲᠦ ᠰᠠᠢᠬᠠᠨ᠂ ᠨᠡᠩ ᠨᠡᠭᠡᠭᠡᠯᠲᠡᠲᠡᠢ᠂ ᠨᠡᠩ ᠠᠮᠢᠵᠢᠷᠠᠯ᠎ᠤᠨ ᠬᠦᠴᠦᠨ᠎ᠲᠡᠶ ᠳᠤᠮᠳᠠᠳᠤ ᠤᠯᠤᠰ᠎ᠤᠨ ᠪᠠᠷᠠᠭᠤᠨ ᠣᠷᠣᠨ ᠶᠠᠭ ᠱᠢᠨ᠎ᠡ ᠭᠠᠷᠤᠭ᠎ᠠ ᠳᠡᠭᠡᠷ᠎ᠡ᠎ᠡᠴᠡ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠡᠭᠦᠳᠴᠦ᠍᠂ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠠ᠃


ᠶᠠᠳᠠᠭᠤ᠎ᠡᠴᠡ ᠠᠩᠭᠢᠵᠢᠷᠠᠭᠤᠯᠤᠭ᠍ᠰᠠᠨ ᠠᠮᠵᠢᠯᠲᠠ ᠪᠦᠲᠦᠮᠵᠢ᠎ᠶ᠋ᠢ ᠪᠡᠬᠢᠵᠢᠭᠦᠯᠵᠦ᠍ ᠦᠷᠭᠦᠯᠵᠢᠯᠡᠬᠦ᠌ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠲᠠᠰᠤᠷᠠᠯᠳᠠ ᠦᠭᠡᠢ ᠪᠠᠳᠠᠷᠠᠭᠤᠯᠪᠠ


《ᠥᠩᠭᠡᠷᠡᠭ᠌ᠰᠡᠨ᠎ᠳᠦ ᠭᠠᠳᠠᠭ᠍ᠰᠢ ᠭᠠᠷᠬᠤ᠎ᠳᠤ ᠬᠡᠳᠦᠨ ᠠᠷᠪᠠᠨ ᠮᠧᠲ᠋ᠷ ᠥᠨᠳᠥᠷ᠎ᠤᠨ ᠠᠰᠭ᠎ᠠ ᠬᠠᠳᠠ᠎ᠶ᠋ᠢ ᠠᠪᠠᠷᠢᠨ ᠦᠩᠬᠡᠷᠡᠬᠦ ᠬᠡᠷᠡᠭ᠌ᠲᠡᠶ ᠪᠠᠢᠬᠰᠠᠨ᠃ ᠡᠨᠡ ᠠᠶᠦᠯ ᠡᠴᠡ ᠠᠶᠤᠵᠤ ᠵᠠᠷᠢᠮ ᠲᠣᠰᠭᠣᠨ᠎ᠤ ᠠᠷᠠᠳ ᠬᠣᠶᠠᠷ ᠭᠤᠷᠪᠠᠨ ᠵᠢᠯ᠎ᠢᠶᠡᠷ ᠲᠤᠰᠬᠤᠨ᠎ᠡᠴᠡ ᠪᠠᠨ ᠭᠠᠷᠴᠤ ᠴᠢᠳᠠᠬᠤ ᠦᠬᠡᠢ ᠶᠤᠮ》᠃ ᠰᠠᠭᠤᠷᠢ ᠲᠥᠬᠥᠭᠡᠷᠦᠮᠵᠢ᠎ᠶ᠋ᠢᠨ ᠰᠠᠢᠵᠢᠷᠠᠯᠲᠠ ᠨᠢ ᠭᠦᠢᠵᠧᠦ ᠮᠤᠵᠢ᠎ᠶ᠋ᠢᠨ ᠴᠢᠶᠠᠨ ᠰᠢ ᠬᠤᠳᠠ᠎ᠶ᠋ᠢᠨ ᠱᠢᠨ ᠷᠧᠨ ᠮᠢᠶᠣᠣ ᠦᠨᠳᠦᠰᠦᠲᠡᠨ᠎ᠦ ᠱᠢᠶᠠᠩ᠎ᠤᠨ ᠬᠤᠸᠠ ᠡᠸ᠋ ᠲᠣᠰᠭᠣᠨ᠎ᠤ ᠠᠷᠠᠳ᠎ᠢ ᠳᠣᠭ᠍ᠳᠣᠯᠤᠭᠤᠯᠬᠤ ᠦᠬᠡᠢ ᠪᠠᠢᠬᠤ ᠵᠢᠨ ᠠᠷᠭ᠎ᠠ ᠦᠬᠡᠢ ᠶᠤᠮ᠃ ᠡᠳᠦᠭᠡ᠂ ᠡᠨᠡ ᠬᠦ᠌ ᠦᠵᠢᠶᠠᠩ ᠮᠥᠷᠡᠨ᠎ᠦ ᠬᠥᠪᠡᠭᠡᠨ᠎ᠳᠡᠬᠢ 《ᠠᠰᠭ᠎ᠠ ᠬᠠᠲᠠᠨ᠎ᠤ ᠲᠣᠰᠭᠣᠨ》 ᠳ᠋ᠤ ᠠᠯᠢ ᠭᠡᠳᠤᠢᠨ ᠠᠭᠤᠯᠠᠨ ᠵᠠᠮ ᠨᠡᠪᠲᠡᠷᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠪᠠᠢᠳᠠᠯ᠎ᠢ ᠤᠭ᠍ᠲᠤᠨ ᠠᠪᠤᠯ᠎ᠠ᠃

ᠪᠠᠷᠠᠭᠤᠨ ᠣᠷᠣᠨ ᠪᠣᠯ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠭᠣᠣᠯ ᠳᠠᠢᠯᠠᠯᠳᠤᠭᠠᠨ᠎ᠤ ᠲᠠᠯᠠᠪᠤᠷ ᠮᠥᠨ᠂《ᠭᠤᠷᠪᠠᠨ ᠣᠷᠣᠨ ᠭᠤᠷᠪᠠᠨ ᠵᠧᠦ》ᠵᠢᠨ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ ᠪᠦᠬᠦᠨ᠎ᠢᠶᠡᠷ᠎ᠢᠶᠡᠨ ᠪᠠᠷᠠᠭᠤᠨ ᠣᠷᠣᠨ᠎ᠳᠤ ᠪᠠᠢᠷᠢᠯᠠᠵᠤ ᠪᠠᠢᠨ᠎ᠠ᠃ ᠡᠨᠡ ᠵᠢᠯ ᠳᠤᠮᠳᠠᠳᠤ ᠤᠯᠤᠰ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢ ᠳᠠᠭᠠᠯᠳᠤᠨ᠂ ᠪᠠᠷᠠᠭᠤᠨ ᠣᠷᠣᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠠᠨ ᠲᠡᠬᠦᠰ ᠠᠮᠵᠢᠯᠳᠠ ᠲᠠᠢ ᠱᠢᠯᠭᠠᠯᠲᠠ᠎ᠶ᠋ᠢᠨ ᠬᠠᠭᠤᠳᠠᠰᠤ᠎ᠶ᠋ᠢ ᠲᠤᠱᠢᠶᠠᠪᠠ᠄ 2012 ᠣᠨ᠎ᠡᠴᠡ ᠨᠠᠭᠠᠰᠢ᠂ ᠪᠠᠷᠠᠭᠤᠨ ᠣᠷᠣᠨ᠎ᠤ 5086 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦ᠌ ᠲᠠᠯ᠎ᠠ᠎ᠪᠠᠷ ᠶᠠᠳᠠᠭᠤ᠎ᠡᠴᠡ ᠠᠩᠭᠢᠵᠢᠷᠠᠵᠤ᠂ 568 ᠶᠠᠳᠠᠭᠤ ᠬᠦᠴᠢᠷᠳᠡᠯᠲᠡᠢ ᠱᠢᠶᠠᠨ ᠪᠦᠬᠦᠨ᠎ᠢᠶᠡᠷ᠎ᠢᠶᠡᠨ ᠶᠠᠳᠠᠭᠤ᠎ᠡᠴᠡ ᠠᠩᠭᠢᠵᠢᠷᠠᠪᠠ!

《ᠴᠢᠨᠡᠭᠡᠯᠢᠭ ᠨᠡᠢᠭᠡᠮ᠎ᠢ ᠪᠡᠶᠡᠯᠡᠭᠦᠯᠬᠦ᠌ ᠪᠣᠯ ᠡᠴᠦᠰ᠎ᠦᠨ ᠴᠡᠭ ᠪᠢᠰᠢ᠂ ᠬᠠᠷᠢᠨ ᠱᠢᠨ᠎ᠡ ᠭᠠᠷᠤᠭ᠎ᠠ ᠮᠦᠨ》᠃

2021 ᠣᠨ᠎ᠤ ᠴᠠᠭᠠᠨ ᠰᠠᠷ᠎ᠠ ᠬᠦᠷᠴᠦ᠍ ᠢᠷᠡᠬᠦ᠌ ᠲᠠᠱᠢᠷᠠᠮ᠎ᠢᠶᠠᠷ᠂ ᠶᠡᠷᠦᠩᠬᠡᠢ ᠱᠦᠵᠢ ᠰᠢ᠎ᠵᠢᠨ ᠫᠢᠩ ᠭᠦᠢᠵᠧᠦ᠍᠎ᠳᠦ ᠱᠢᠨᠵᠢᠯᠡᠨ ᠪᠠᠢᠴᠠᠭᠠᠬᠤ᠎ᠳᠠᠭᠠᠨ᠂ ᠬᠤᠸᠠ ᠡᠸ᠋ ᠲᠣᠰᠭᠣᠨ᠎ᠳᠤ ᠲᠤᠰᠭᠠᠢᠯᠠᠨ ᠬᠦᠷᠴᠤ ᠢᠷᠡᠭᠰᠡᠨ ᠶᠤᠮ᠃《ᠪᠢᠳᠡ ᠪᠠᠰᠠ ᠶᠠᠳᠠᠭᠤ᠎ᠡᠴᠡ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢᠶᠡᠨ ᠪᠡᠬᠢᠵᠢᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠲᠣᠭ᠍ᠲᠠᠭ᠍ᠰᠠᠨ ᠬᠠᠷᠠᠯᠲᠠ ᠶᠣᠰᠣᠭᠠᠷ ᠯᠠᠪᠳᠠᠭᠤᠨ ᠪᠠᠲᠤᠲᠠᠶ ᠤᠷᠤᠭ᠍ᠰᠢᠯᠠᠵᠤ᠂ ᠠᠵᠤ ᠦᠶ᠋ᠯᠡᠰ᠎ᠢ ᠰᠠᠢᠲᠤᠷ ᠬᠥᠭ᠌ᠵᠢᠭᠦᠯᠵᠦ᠍᠂ ᠬᠥᠳᠡᠭᠡ ᠲᠣᠰᠭᠣᠨ᠎ᠢ ᠨᠠᠩ ᠰᠠᠢᠲᠤᠷ ᠪᠥᠲᠥᠭᠡᠨ ᠪᠠᠢᠭᠤᠯᠵᠤ᠂ ᠨᠠᠩ ᠪᠠᠶᠠᠯᠢᠭ ᠰᠠᠢᠬᠠᠨ ᠠᠮᠢᠳᠤᠷᠠᠯ᠎ᠢ ᠴᠣᠭ᠍ᠴᠠᠯᠠᠬᠤ ᠬᠡᠷᠡᠭ᠌ᠲᠡᠶ》᠃ ᠶᠡᠷᠦᠩᠬᠡᠢ ᠱᠦᠵᠢ ᠰᠢ ᠵᠢᠨ ᠫᠢᠩ᠎ᠤᠨ ᠶᠠᠷᠢᠶ᠎ᠠ ᠵᠢ ᠰᠤᠨᠤᠰᠤᠬᠰᠡᠨ ᠲᠤᠬᠠᠢ᠎ᠶ᠋ᠢᠨ ᠲᠠᠯᠠᠪᠠᠢ᠎ᠳᠤ ᠪᠠᠢᠬᠰᠠᠨ ᠬᠥᠮᠦᠰ ᠬᠠᠯᠠᠭᠤᠨ ᠠᠯᠠᠭ᠎ᠠ ᠲᠠᠱᠢᠵᠤ ᠪᠠᠶᠠᠷᠯᠠᠯᠳᠤᠪᠠ᠃

《ᠨᠢᠬᠡ ᠨᠤᠲᠤᠭ᠎ᠤᠨ ᠬᠦᠷᠦᠰᠦ ᠤᠰᠤ ᠨᠢ ᠡᠨᠡ ᠨᠤᠳᠤᠭ᠎ᠤᠨ ᠠᠷᠠᠳ ᠢᠷᠭᠡᠳ᠎ᠢ ᠲᠡᠵᠢᠭᠡᠵᠦ᠍ ᠳᠡᠢᠯᠬᠦ᠌ ᠦᠭᠡᠢ》 ᠭᠠᠴᠢᠭ᠍ᠳᠠᠯᠳᠤ ᠪᠠᠢᠳᠠᠯ ᠪᠤᠯ ᠪᠠᠷᠠᠭᠤᠨ ᠣᠷᠣᠨ᠎ᠤ ᠠᠷᠠᠳ ᠤᠯᠠᠨ᠎ᠤ ᠬᠠᠮᠤᠭ᠎ᠤᠨ ᠭᠦᠨ ᠰᠠᠭᠤᠭ᠍ᠳᠠᠯ ᠪᠣᠯᠤᠨ᠎ᠠ᠃ ᠡᠳᠦᠭᠡ ᠂ ᠪᠠᠷᠠᠭᠤᠨ ᠣᠷᠣᠨ᠎ᠤ ᠠᠷᠠᠳ ᠤᠯᠠᠨ ᠰᠠᠢ᠌ᠨ ᠰᠠᠢᠬᠠᠨ ᠠᠮᠢᠳᠤᠷᠠᠯ᠎ᠢ ᠡᠳ᠋ᠯᠡᠵᠦ᠍᠂ ᠱᠢᠨ᠎ᠡ ᠠᠶᠠᠨ᠎ᠳᠠᠭᠠᠨ ᠮᠣᠷᠳᠠᠯ᠎ᠠ ᠂ ᠡᠨᠡ ᠨᠢ ᠶᠡᠷᠦᠩᠬᠡᠢ ᠱᠦᠵᠢ ᠰᠢ᠎ᠵᠢᠨ ᠫᠢᠩ᠎ᠦᠨ ᠤᠯᠠᠨ ᠵᠢᠯ᠎ᠦᠨ ᠲᠤᠷᠱᠢᠬᠢ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠬᠦ ᠂ ᠬᠠᠮᠵᠢᠯᠴᠠᠨ ᠬᠥᠭ᠌ᠵᠢᠬᠦ ᠂ ᠬᠠᠮᠲᠤ᠎ᠪᠡᠷ ᠬᠥᠭ᠌ᠵᠢᠬᠦ ᠵᠢ ᠠᠬᠢᠭᠤᠯᠬᠤ ᠲᠤᠬᠠᠢ ᠪᠤᠳᠤᠯᠬᠢᠯᠠᠯ ᠪᠣᠯᠤᠨ ᠲᠥᠯᠥᠪᠵᠢᠭᠦᠯᠭᠡ᠎ᠡᠴᠡ ᠰᠠᠯᠵᠤ ᠴᠢᠳᠠᠬᠤ ᠦᠭᠡᠢ ᠶᠤᠮ᠃

《 ᠪᠠᠢᠳᠠᠯ ᠪᠠ ᠡᠭᠦᠷᠭᠡ᠎ᠶ᠋ᠢᠨ ᠬᠤᠪᠢᠷᠠᠯᠲᠠ᠎ᠳᠤ ᠵᠣᠬᠢᠴᠠᠭᠤᠯᠤᠨ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ ᠂ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠪᠣᠯᠤᠨ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠠᠵᠢᠯ᠎ᠢ ᠭᠦᠨᠵᠡᠭᠡᠢᠷᠡᠭᠦᠯᠬᠦ᠌ ᠬᠡᠷᠡᠭ᠌ᠲᠡᠢ》᠃

ᠡᠨᠡ ᠵᠢᠯ᠎ᠦᠨ 4 ᠰᠠᠷ᠎ᠠ᠎ᠳᠤ᠂ ᠨᠢᠩᠱᠢᠶᠠ᠎ᠳᠤ ᠬᠤᠷᠠᠯᠳᠤᠭ᠍ᠰᠠᠨ ᠪᠦᠬᠦ᠌ ᠤᠯᠤᠰ᠎ᠤᠨ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠪᠣᠯᠤᠨ ᠲᠥᠪ᠎ᠦᠨ ᠨᠢᠭᠡᠴᠢ᠎ᠶ᠋ᠢᠨ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠠᠵᠢᠯ᠎ᠢ ᠠᠬᠢᠭᠤᠯᠬᠤ ᠬᠤᠷᠠᠯ ᠨᠢ ᠶᠡᠷᠦᠩᠬᠡᠢ ᠱᠦᠵᠢ ᠰᠢ᠎ᠵᠢᠨ ᠫᠢᠩ᠎ᠦᠨ ᠴᠢᠬᠤᠯᠠ ᠵᠢᠭᠠᠪᠤᠷᠢ᠎ᠶ᠋ᠢ ᠤᠯᠠᠮᠵᠢᠯᠠᠨ ᠰᠤᠷᠤᠯᠴᠠᠪᠠ᠃ ᠵᠡᠭᠦᠨ ᠪᠠᠷᠠᠭᠤᠨ ᠣᠷᠣᠨ ᠬᠠᠮᠵᠢᠯᠴᠠᠬᠤ ᠪᠠ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠠᠵᠢᠯ᠎ᠤᠨ ᠲᠤᠬᠠᠢ᠂ ᠶᠡᠷᠦᠩᠬᠡᠢ ᠱᠦᠵᠢ ᠰᠢ᠎ᠵᠢᠨ ᠫᠢᠩ᠎ᠦᠨ ᠴᠢᠬᠤᠯᠠ ᠵᠢᠭᠠᠪᠤᠷᠢ ᠳ᠋ᠤ ᠲᠤᠳᠤᠷᠬᠠᠢ ᠪᠠᠢᠷᠢ ᠲᠣᠭ᠍ᠲᠠᠭᠠᠯᠲᠠ ᠬᠢᠵᠤ ᠦᠭᠴᠡᠢ —ᠡᠨᠡ ᠪᠤᠯ ᠨᠠᠮ᠎ᠤᠨ ᠲᠥᠪ ᠬᠣᠷᠢᠶ᠎ᠠ᠎ᠡᠴᠡ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ᠂ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠲᠠᠯ᠎ᠡ ᠡᠴᠡ ᠪᠤᠳᠤᠯᠬᠢᠯᠠᠵᠤ ᠲᠤᠬᠳᠠᠭᠠᠬᠰᠠᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠤᠯᠤᠨ᠎ᠠ᠃

ᠡᠷᠡᠮᠡᠬᠡᠢᠯᠡᠨ ᠳᠠᠪᠱᠢᠭ᠍ᠰᠠᠨ ᠤᠨ ᠰᠠᠷ᠎ᠠ᠎ᠶ᠋ᠢ ᠥᠩᠭᠡᠷᠡᠭᠦᠯᠵᠦ᠍᠂ ᠯᠤᠲᠤ ᠶᠡᠬᠡ ᠬᠤᠪᠢᠷᠠᠯᠲᠠ᠎ᠶ᠋ᠢ ᠭᠡᠷᠡᠴᠢᠯᠡᠵᠦ᠍᠂ ᠴᠤ ᠱᠢᠨ᠎ᠡ ᠳᠦᠷᠰᠦ ᠪᠠᠢᠳᠠᠯ᠎ᠢ ᠡᠭᠦᠳᠪᠡ᠃

ᠪᠠᠷᠠᠭᠤᠨ ᠣᠷᠣᠨ᠎ᠤ ᠡᠬᠡ ᠭᠠᠵᠠᠷ᠎ᠢ ᠬᠠᠷᠠᠬᠤ᠎ᠳᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ᠎ᠡᠴᠡ ᠠᠪᠤᠭᠠᠳ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠬᠦᠷᠲᠡᠯᠡᠬᠢ ᠪᠤᠤᠬᠢᠶ᠎ᠠ ᠲᠡᠮᠵᠢᠭᠤᠯᠬᠤ ᠤᠷᠤᠯᠳᠤᠭᠠᠨ ᠶᠠᠭ ᠬᠥᠭ᠌ᠵᠢᠶᠡᠨᠲᠡᠢ ᠶᠠᠪᠤᠭ᠍ᠳᠠᠵᠤ ᠪᠤᠢ —

《ᠠᠭᠤᠯᠠ ᠤᠰᠤᠨ᠎ᠤ ᠬᠠᠢᠷ᠎ᠠ ᠰᠡᠳᠭᠢᠯᠭᠡ》ᠭᠡᠬᠦ᠌ ᠲᠧᠯᠸᠢᠰ ᠵᠦᠴᠦᠭᠡ᠎ᠨᠢ ᠦᠵᠡᠭᠴᠢᠳ ᠤᠯᠠᠨ᠎ᠤ ᠪᠠᠬᠠᠷᠬᠠᠯ᠎ᠢ ᠳᠠᠳᠠᠵᠤ᠂ ᠵᠡᠭᠦᠨ ᠪᠠᠷᠠᠭᠤᠨ ᠣᠷᠣᠨ᠎ᠤ ᠬᠢᠨ᠎ᠦ ᠬᠠᠮᠵᠢᠯᠴᠠᠭ᠍ᠰᠠᠨ ᠦᠯᠢᠭᠡᠷ ᠳᠠᠭᠤᠷᠢᠶᠠᠯ — ᠨᠢᠩᠱᠢᠶᠠ᠎ᠶ᠋ᠢᠨ ᠮᠢᠨᠨᠢᠩ ᠪᠠᠯᠭᠠᠰᠤ ᠪᠦᠬᠦ᠌ ᠤᠯᠤᠰ᠎ᠤᠨ ᠦᠵᠡᠭ᠌ᠴᠢᠳ᠎ᠲᠦ ᠲᠠᠨᠢᠬᠳᠠᠯ᠎ᠠ᠃ 20 ᠭᠠᠷᠤᠢ ᠵᠢᠯ᠎ᠦᠨ ᠲᠤᠷᠰᠢ᠂ ᠨᠢᠩᠱᠢᠶᠠ᠎ᠶ᠋ᠢᠨ ᠺᠠᠳ᠋ᠷ ᠤᠯᠠᠨ ᠲᠦᠮᠡᠨ ᠪᠣᠯᠤᠨ ᠹᠦᠵᠢᠶᠠᠨ᠎ᠤ ᠨᠢᠩᠱᠢᠶᠠ᠎ᠶ᠋ᠢ ᠲᠤᠰᠠᠯᠠᠬᠤ ᠤᠯᠠᠨ ᠲᠦᠮᠡᠨ ᠭᠠᠷ ᠬᠣᠯᠪᠣᠨ《ᠬᠠᠭᠤᠷᠠᠢ ᠡᠯᠡᠰᠦᠨ ᠲᠠᠩ》᠎ᠢ᠋《ᠠᠯᠳᠠᠨ ᠡᠯᠡᠰᠦᠨ ᠲᠠᠩ》ᠪᠣᠯᠭᠠᠨ ᠬᠤᠪᠢᠷᠠᠭᠤᠯᠤᠬᠰᠠᠨ ᠦᠯᠢᠬᠡᠷ ᠨᠢ ᠬᠥᠮᠦᠰ᠎ᠤᠨ ᠰᠡᠳᠭᠢᠯ ᠵᠢᠷᠦᠬᠡ ᠵᠢ ᠢᠭᠳᠦᠯᠦᠬᠦᠯᠵᠤ ᠪᠢᠯᠡ᠃

ᠦᠨᠭᠭᠡᠷᠡᠭᠰᠡᠨ ᠳ᠋ᠤ ᠭᠣᠪᠢ ᠴᠦᠯ᠎ᠪᠠᠢᠬᠰᠠᠨ ᠭᠠᠵᠠᠷ ᠲᠡᠭᠡᠷ᠎ᠡ ᠣᠳᠣᠬᠢᠴᠢᠯᠠᠭ᠍ᠰᠠᠨ ᠠᠷᠢᠬᠢᠨ ᠲᠤᠰᠬᠤ ᠵᠢ ᠪᠠᠢᠭᠤᠯᠵᠤ᠂ ᠬᠥᠮᠦᠰ ᠰᠦᠯᠵᠢᠶᠡᠨ᠎ᠦ《ᠱᠢᠭᠤᠳ ᠨᠡᠪᠲᠡᠷᠡᠭᠦᠯᠭᠡ》ᠪᠡᠷ ᠪᠠᠷᠠᠭ᠎ᠠ ᠬᠤᠳᠠᠯᠳᠤᠬᠤ ᠵᠢ ᠰᠤᠷᠴᠤ᠌᠂ ᠬᠥᠳᠡᠭᠡ ᠠᠵᠤ ᠠᠬᠤᠢ ᠵᠡᠷᠭᠡ ᠤᠯᠠᠮᠵᠢᠯᠠᠯᠲᠤ ᠠᠵᠤ ᠦᠢᠯᠡᠰ ᠨᠢ ᠪᠣᠬᠢᠷᠲᠤᠯ ᠦᠭᠡᠢ ᠢᠳᠡᠭᠡᠨ᠎ᠢ ᠡᠳ᠋ᠱᠢᠭᠦᠯᠤᠨ ᠪᠤᠯᠪᠠᠰᠤᠷᠠᠭᠤᠯᠬᠤ᠂ ᠰᠣᠶᠣᠯ ᠵᠢᠭᠤᠯᠴᠢᠯᠠᠯ᠎ᠲᠠᠶ ᠲᠦᠷᠭᠡᠨ ᠠᠭᠤᠰᠤᠯᠴᠠᠵᠤ᠂ ᠶᠠᠳᠠᠭᠤ᠎ᠡᠴᠡ ᠠᠩᠭᠢᠵᠢᠷᠠᠬᠰᠠᠨ ᠭᠠᠵᠠᠷ ᠣᠷᠣᠨ᠎ᠤ ᠳᠣᠲᠣᠭᠠᠳᠤ᠎ᠶ᠋ᠢᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠦᠷᠭᠦᠯᠵᠢᠯᠡᠨ ᠳᠡᠭᠡᠭ᠌ᠰᠢᠯᠡᠪᠡ᠁

ᠪᠠᠭ᠎ᠠ ᠯᠢᠶᠠᠩ ᠱᠠᠨ ᠭᠡᠭᠳᠡᠭᠰᠡᠨ ᠶᠦᠨᠨᠠᠨ ᠮᠤᠵᠢ᠎ᠶ᠋ᠢᠨ ᠯᠢ ᠵᠢᠶᠠᠩ ᠬᠣᠲᠠ᠎ᠶ᠋ᠢᠨ ᠨᠢᠩ ᠯᠠᠩ ᠢ ᠦᠨᠳᠦᠰᠦᠲᠡᠨ᠎ᠦ ᠥᠪᠡᠷᠲᠡᠭᠡᠨ ᠵᠠᠰᠠᠬᠤ ᠱᠢᠶᠠᠨ ᠨᠢ ᠣᠢᠷ᠎ᠠ᠎ᠶ᠋ᠢᠨ ᠵᠢᠯ ᠱᠠᠩᠬᠠᠶ ᠶᠦᠨᠨᠠᠨ᠎ᠤ ᠬᠠᠮᠲᠤᠷᠠᠯᠴᠠᠭ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ᠂ ᠠᠵᠤ ᠠᠬᠤᠢᠯᠠᠯ᠎ᠢᠶᠠᠷ ᠳᠠᠭᠠᠭᠤᠯᠬᠤ ᠵᠡᠷᠭᠡ ᠪᠡᠷ ᠳᠠᠮᠵᠢᠭᠤᠯᠤᠨ ᠶᠦᠨᠨᠠᠨ᠎ᠤ ᠪᠠᠷᠠᠭᠤᠨ ᠬᠣᠢᠲᠤ ᠬᠡᠰᠡᠭ᠎ᠦᠨ ᠬᠠᠮᠤᠭ᠎ᠤᠨ ᠲᠣᠮᠣ ᠲᠥᠮᠥᠰᠥᠨ᠎ᠦ ᠬᠤᠤᠷ ᠥᠬᠡᠢᠳᠡᠭᠦᠯᠦᠭ᠌ᠰᠡᠨ ᠦᠷ᠎ᠡ᠎ᠶ᠋ᠢᠨ ᠲᠥᠮᠥᠰᠥ᠎ᠶ᠋ᠢ ᠦᠷᠡᠵᠢᠭᠦᠯᠦᠨ ᠪᠣᠢᠵᠢᠭᠤᠯᠬᠤ ᠰᠠᠭᠤᠷᠢᠨ᠎ᠢ ᠪᠠᠢᠭᠤᠯᠵᠤ᠂ ᠲᠥᠮᠥᠰᠥ᠎ᠶ᠋ᠢ 《ᠠᠮᠢ ᠠᠪᠤᠷᠬᠠᠸ᠋ ᠲᠥᠮᠥᠰᠥ᠍》 ᠪᠠᠢᠭ᠍ᠰᠠᠨ᠎ᠡᠴᠡ《ᠪᠠᠶᠠᠵᠢᠯ᠎ᠤᠨ ᠲᠥᠮᠥᠰᠥ᠍》 ᠪᠣᠯᠭᠠᠨ ᠬᠤᠪᠢᠷᠠᠭᠤᠯᠵᠤ᠂ ᠠᠵᠤ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠳᠠᠯᠳᠠ ᠬᠦᠴᠦᠨ᠎ᠢ ᠲᠠᠰᠤᠷᠠᠯᠲᠠ ᠥᠬᠡᠶ ᠪᠠᠳᠠᠷᠠᠭᠤᠯᠪᠠ᠃

ᠪᠠᠷᠠᠭᠤᠨ ᠣᠷᠣᠨ᠎ᠤ ᠡᠬᠡ ᠭᠠᠵᠠᠷ᠎ᠢ ᠬᠠᠷᠠᠬᠤ ᠳ᠋ᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠱᠢᠨ᠎ᠡ ᠬᠥᠳᠡᠯᠭᠡᠬᠦ᠌ ᠬᠦᠴᠦᠨ᠎ᠢ ᠪᠤᠢ ᠪᠣᠯᠭᠠᠭ᠍ᠰᠠᠨ ᠢᠷᠠᠭᠤ ᠬᠠᠭᠤᠳᠠᠰᠤ ᠶᠠᠭ ᠪᠢᠴᠢᠭ᠌ᠯᠡᠭᠳᠡᠵᠤ ᠡᠬᠢᠯᠡᠯ᠎ᠡ —

ᠪᠦᠬᠦ᠌ ᠤᠯᠤᠰ᠎ᠤᠨ ᠠᠩᠬᠠᠳᠠᠭ᠍ᠴᠢ ᠲᠤᠮᠤ ᠳ᠋ᠠᠢᠲ᠋ᠠ᠎ᠶ᠋ᠢᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠣᠷᠣᠨ ᠪᠤᠯᠤᠬᠰᠠᠨ ᠭᠦᠢᠵᠧᠦ᠍᠎ᠳᠦ᠂ ᠠᠱᠢᠭ᠍ᠯᠠᠯᠲᠠ᠎ᠳᠤ ᠤᠷᠤᠭ᠍ᠰᠠᠨ ᠵᠢᠴᠢ ᠪᠠᠢᠭᠤᠯᠵᠤ ᠪᠠᠢᠭ᠎ᠠ ᠭᠣᠣᠯᠳᠠᠯᠭ᠎ᠠ᠎ᠲᠠᠶ ᠳ᠋ᠠᠢᠲ᠋ᠠ᠎ᠶ᠋ᠢᠨ ᠲᠥᠪ ᠨᠢᠭᠡᠨᠲᠡ 23 ᠪᠣᠯᠪᠠ; ᠨᠢᠩᠱᠢᠶᠠ᠎ᠶ᠋ᠢᠨ ᠵᠥᠩ ᠸᠧᠶ ᠬᠣᠲᠠ᠎ᠶ᠋ᠢᠨ ᠪᠠᠷᠠᠭᠤᠨ ᠤᠷᠤᠨ᠎ᠤ ᠡᠭᠦᠯᠡᠨ ᠰᠠᠭᠤᠷᠢᠨ᠎ᠳᠤ ᠨᠢᠭᠡᠨᠲᠡ 6 ᠲᠣᠮᠣ ᠬᠡᠯᠪᠡᠷᠢ᠎ᠶ᠋ᠢᠨ ᠳ᠋ᠠᠢᠲ᠋ᠠ᠎ᠶ᠋ᠢᠨ ᠲᠥᠪ᠎ᠢ ᠪᠠᠢᠭᠤᠯᠪᠠ; ᠨᠡᠢᠲᠡ 6000 ᠱᠢᠬᠠᠮ ᠡᠯ᠎ᠡ ᠲᠥᠷᠥᠯ᠎ᠦᠨ ᠲᠣᠭᠠᠴᠢᠯᠠᠭ᠍ᠰᠠᠨ ᠠᠵᠤ ᠠᠬᠤᠶ᠎ᠶ᠋ᠢᠨ ᠠᠵᠤ ᠠᠬᠤᠢᠯᠠᠯ ᠴᠦᠩᠴᠢᠩ᠎ᠦᠨ ᠯᠢᠶᠠᠩᠵᠢᠶᠠᠩ᠎ᠤᠨ ᠲᠣᠭᠠᠴᠢᠯᠠᠭ᠍ᠰᠠᠨ ᠠᠵᠤ ᠠᠬᠤᠶ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠳᠦ ᠳᠠᠩᠰᠠᠯᠠᠭᠤᠯᠪᠠ; ᠰᠸᠴᠤᠸᠠᠨ ᠮᠤᠵᠢ ᠤᠯᠠᠨ ᠤᠯᠤᠰ᠎ᠲᠤ ᠨᠥᠯᠥᠭᠡᠯᠡᠬᠦ᠌ ᠬᠦᠴᠦᠨ᠎ᠲᠡᠶ ᠳᠤᠮᠳᠠᠳᠤ ᠤᠯᠤᠰ᠎ᠤᠨ 《ᠬᠠᠳᠠᠭᠠᠯᠠᠮᠵᠢ᠎ᠶ᠋ᠢᠨ ᠬᠥᠨᠳᠡᠢ》 ᠵᠢ ᠪᠠᠢᠭᠤᠯᠤᠨ᠎ᠠ ᠭᠡᠵᠦ᠍ ᠨᠡᠢᠲᠡᠯᠡᠪᠡ᠁

ᠣᠢᠷ᠎ᠠ᠎ᠶ᠋ᠢᠨ ᠵᠢᠯ᠎ᠳᠦ᠂ ᠪᠠᠷᠠᠭᠤᠨ ᠣᠷᠣᠨ᠎ᠤ ᠬᠢᠨ ᠲᠤᠰ ᠪᠡᠶ᠎ᠡ᠎ᠶ᠋ᠢᠨ ᠳᠠᠪᠠᠭᠤᠯᠢᠭ᠎ᠲᠠᠶ᠎ᠪᠠᠨ ᠤᠶᠠᠯᠳᠤᠭᠤᠯᠤᠨ᠂ ᠤᠯᠠᠮᠵᠢᠯᠠᠯᠲᠤ ᠠᠵᠤ ᠦᠢᠯᠡᠰ᠎ᠦᠨ ᠳᠤᠮᠳᠠ ᠳᠡᠭᠡᠳᠦ ᠳᠡᠰ ᠵᠦᠭ ᠳᠡᠰ ᠳᠡᠪᠱᠢᠬᠦ᠌᠎ᠶ᠋ᠢ ᠠᠬᠢᠭᠤᠯᠬᠤ᠎ᠶ᠋ᠢᠨ ᠬᠠᠮᠲᠤ ᠣᠨᠴᠠᠯᠢᠭ᠍ᠲᠤ ᠠᠵᠤ ᠦᠢᠯᠡᠰ᠎ᠢ ᠴᠢᠨᠠᠬᠰᠢᠳᠠ ᠪᠣᠢᠵᠢᠭᠤᠯᠤᠨ ᠬᠥᠭ᠌ᠵᠢᠭᠦᠯᠦᠭ᠌ᠰᠡᠨ ᠪᠠᠢᠨ᠎ᠠ; ᠴᠡᠪᠡᠷ ᠡᠨᠧᠷᠭᠢ᠂ ᠲᠤᠮᠤ ᠳ᠋ᠠᠢᠲ᠋ᠠ᠂ ᠲᠣᠭᠠᠴᠢᠯᠠᠭ᠍ᠰᠠᠨ ᠠᠵᠤ ᠠᠬᠤᠢ᠎ᠶ᠋ᠢᠨ ᠠᠵᠤ ᠦᠢᠯᠡᠰ ᠵᠡᠷᠭᠡ ᠱᠢᠨ᠎ᠡ ᠠᠵᠤ ᠠᠬᠤᠢ ᠥᠷᠨᠢᠭᠦᠨ ᠬᠥᠭ᠌ᠵᠢᠵᠦ᠍᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠪᠤᠢ ᠪᠣᠯᠭᠠᠪᠠ᠃


ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠵᠢ ᠪᠠᠷᠢᠮᠳᠠᠯᠠᠵᠤ ᠲᠤᠰ ᠭᠠᠵᠠᠷ᠎ᠤᠨ ᠪᠣᠳᠠᠲᠤ ᠪᠠᠢᠳᠠᠯ᠎ᠳᠤ ᠨᠡᠢᠴᠡᠭ᠌ᠰᠡᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢ ᠰᠦᠪᠡᠭ᠌ᠴᠢᠯᠡᠪᠠ


ᠪᠠᠷᠠᠭᠤᠨ ᠣᠷᠣᠨ ᠪᠣᠯ ᠮᠠᠨ᠎ᠤ ᠤᠯᠤᠰ᠎ᠤᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ ᠮᠥᠨ᠂ ᠪᠠᠰᠠ ᠴᠤ᠌ ᠬᠥᠬᠡᠮᠥ᠋ᠷᠡᠨ᠂ ᠬᠠᠳᠤᠨ ᠭᠣᠣᠯ᠂ ᠯᠠᠨᠼᠠᠩᠵᠢᠶᠠᠩ ᠮᠥᠷᠡᠨ ᠵᠡᠷᠭᠡ ᠮᠠᠰᠢ ᠤᠯᠠᠨ ᠶᠡᠬᠡ ᠭᠣᠣᠯ ᠮᠥᠷᠡᠨ᠎ᠦ ᠡᠬᠢ ᠠᠪᠤᠭ᠍ᠰᠠᠨ ᠭᠠᠵᠠᠷ ᠮᠥᠨ᠃ ᠪᠠᠷᠠᠭᠤᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠨᠢ ᠪᠠᠷᠠᠭᠤᠨ ᠣᠷᠣᠨ᠎ᠳᠤ ᠬᠣᠯᠪᠣᠭ᠍ᠳᠠᠬᠤ᠎ᠪᠦᠭᠡᠳ ᠨᠡᠩ ᠴᠤ᠌ ᠪᠦᠬᠦ᠌ ᠤᠯᠤᠰ᠎ᠲᠤ ᠬᠣᠯᠪᠣᠭ᠍ᠳᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠦᠷ᠎ᠡ ᠬᠤᠢᠴᠢᠰ ᠲᠤ᠌ ᠬᠣᠯᠪᠣᠭ᠍ᠳᠠᠨ᠎ᠠ᠃

《ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠨᠠᠷ ᠰᠠᠢᠲᠠᠢ ᠬᠥᠭ᠌ᠵᠢᠯᠲᠡ᠎ᠶ᠋ᠢᠨ ᠦᠨᠳᠦᠰᠦᠨ ᠤᠷᠢᠲᠠᠯ ᠪᠠ ᠬᠠᠲᠠᠭᠤ ᠬᠢᠵᠠᠭᠠᠷᠯᠠᠯ ᠪᠣᠯᠭᠠᠬᠤ ᠬᠡᠷᠡᠭ᠌ᠲᠡᠢ》᠂《ᠵᠥᠪ ᠠᠮᠢ ᠠᠬᠤᠢ᠎ᠶ᠋ᠢᠨ ᠦᠵᠡᠯᠲᠡ᠂ ᠬᠥᠭ᠌ᠵᠢᠯᠲᠡ᠎ᠶ᠋ᠢᠨ ᠦᠵᠡᠯᠲᠡ᠎ᠶ᠋ᠢ ᠪᠠᠷᠢᠮᠲᠠᠯᠠᠬᠤ ᠬᠡᠷᠡᠭ᠌ᠲᠡᠢ》 ᠁ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ᠎ᠵᠢᠨ ᠫᠢᠩ ᠪᠠᠷᠠᠭᠤᠨ ᠣᠷᠣᠨ᠎ᠤ ᠮᠤᠵᠢ᠎ᠪᠠᠷ ᠱᠢᠨᠵᠢᠯᠡᠨ ᠪᠠᠢᠴᠠᠭᠠᠬᠤ᠎ᠳᠠᠭᠠᠨ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠢᠮᠠᠭ᠍ᠲᠠ ᠴᠢᠬᠤᠯᠠᠴᠢᠯᠠᠵᠤ᠂《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》ᠭᠡᠬᠦ᠌ ᠣᠢᠯᠠᠭᠠᠭ᠍ᠳᠠᠬᠤᠨ᠎ᠢ ᠢᠮᠠᠭ᠍ᠲᠠ ᠲᠤᠭᠤᠱᠢᠯᠠᠭᠤᠯᠪᠠ᠃

ᠤᠯᠠᠨ ᠵᠢᠯ᠎ᠦᠨ ᠲᠤᠷᠰᠢ ᠂ ᠪᠠᠷᠠᠭᠤᠨ ᠣᠷᠣᠨ ᠠᠮᠢ ᠠᠬᠤᠢ᠎ᠣᠷᠴᠢᠨ ᠲᠤᠭᠤᠷᠢᠨ᠎ᠦ ᠬᠠᠮᠠᠭᠠᠯᠠᠯᠲᠠ᠎ᠶ᠋ᠢ ᠲᠤᠪᠤᠢ᠌ᠮ᠎ᠠ ᠴᠢᠬᠤᠯᠠ ᠪᠠᠢᠷᠢᠨ᠎ᠳᠤ ᠲᠠᠯᠪᠢᠵᠤ᠂ ᠲᠠᠷᠢᠶᠠᠯᠠᠬᠤ᠎ᠶ᠋ᠢ ᠵᠣᠭ᠍ᠰᠣᠭᠠᠵᠤ ᠤᠢᠵᠢᠭᠤᠯᠬᠤ᠂ ᠮᠠᠯᠵᠢᠬᠤ᠎ᠶ᠋ᠢ ᠵᠣᠭ᠍ᠰᠣᠭᠠᠵᠤ ᠪᠡᠯᠴᠢᠭᠡᠷ᠎ᠢ ᠰᠡᠷᠭᠦᠭᠡᠬᠦ᠌᠂ ᠪᠠᠢᠭᠠᠯᠢ᠎ᠶ᠋ᠢᠨ ᠤᠢ᠎ᠶ᠋ᠢ ᠬᠠᠮᠠᠭᠠᠯᠠᠬᠤ᠂ ᠤᠮᠠᠷᠠᠲᠤ᠎ᠶ᠋ᠢᠨ ᠭᠤᠷᠪᠠᠨ ᠣᠷᠣᠨ᠎ᠤ ᠬᠠᠯᠬᠠᠪᠴᠢ ᠤᠢ᠂ ᠴᠦᠯᠯᠠᠷᠭᠡᠭᠵᠢᠯ᠎ᠢ ᠶᠡᠷᠦᠩᠬᠡᠢᠯᠡᠨ ᠵᠠᠰᠠᠬᠤ ᠵᠡᠷᠭᠡ ᠭᠣᠣᠯᠳᠠᠯᠭ᠎ᠠ᠎ᠲᠠᠶ ᠠᠮᠢ ᠠᠬᠤᠢ᠎ᠶ᠋ᠢᠨ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠠᠮᠢ ᠠᠬᠤᠢ ᠤᠷᠴᠢᠨ ᠲᠤᠭᠤᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠪᠠ᠃ 2020 ᠣᠨ᠎ᠤ ᠡᠴᠦᠰ ᠪᠣᠯᠲᠠᠯ᠎ᠠ᠂ ᠪᠠᠷᠠᠭᠤᠨ ᠣᠷᠣᠨ᠎ᠳᠤ ᠲᠠᠷᠢᠶᠠᠯᠠᠬᠤ᠎ᠶ᠋ᠢ ᠵᠣᠭ᠍ᠰᠣᠭᠠᠵᠤ ᠣᠶ ᠱᠢᠭᠤᠶ ᠡᠪᠡᠰᠦ ᠪᠡᠯᠴᠢᠭᠡᠷ᠎ᠢ ᠰᠡᠷᠭᠦᠭᠡᠭ᠌ᠰᠡᠨ ᠲᠠᠯᠠᠪᠠᠶ ᠨᠡᠢᠲᠡ 1.37 ᠳ᠋ᠦᠩᠱᠢᠭᠤᠷ ᠮᠤ᠌᠎ᠶ᠋ᠢ ᠳᠠᠪᠠᠵᠤ᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ 19.3% ᠵᠢ ᠳᠠᠪᠠᠪᠠ᠃

ᠬᠦᠮᠦᠨ ᠬᠦᠬᠡᠮᠳᠦᠭ ᠠᠭᠤᠯᠠ ᠵᠢ ᠬᠦᠰᠡᠷᠳᠡᠬᠦᠯᠬᠦ ᠦᠬᠡᠢ ᠶᠤᠮ ᠪᠤᠯ ᠬᠦᠬᠡᠮᠳᠦᠭ ᠠᠭᠤᠯᠠ ᠯᠠᠪᠳᠠᠢ ᠬᠦᠮᠦᠨ᠎ᠢ ᠬᠦᠰᠡᠷᠳᠡᠬᠦᠯᠬᠦ ᠦᠬᠡᠢ᠃

ᠡᠨᠡ ᠵᠢᠯ᠎ᠦᠨ 9 ᠰᠠᠷ᠎ᠠ᠎ᠶ᠋ᠢᠨ 13᠎ᠤ᠋ ᠡᠳᠦᠷ᠂ ᠶᠡᠷᠦᠩᠬᠡᠢ ᠱᠦᠵᠢ ᠰᠢ᠎ᠵᠢᠨ ᠫᠢᠩ ᠱᠠᠨᠰᠢ ᠮᠤᠵᠢ᠎ᠶ᠋ᠢᠨ ᠮᠢ ᡁᠢ ᠱᠢᠶᠠᠨ᠎ᠤ ᠭᠤᠤ ᠰᠢ ᠭᠸᠤ ᠲᠣᠰᠭᠣᠨ᠎ᠳᠤ ᠬᠦᠷᠴᠦ᠍᠂ ᠬᠥᠷᠥᠰᠥ᠍ ᠱᠢᠷᠣᠢ᠎ᠶ᠋ᠢᠨ ᠢᠳᠡᠭ᠌ᠳᠡᠯ᠎ᠢ ᠵᠠᠰᠠᠬᠤ ᠪᠠ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠤᠭ᠍ᠰᠠᠨ ᠪᠠᠢᠳᠠᠯ᠎ᠢ ᠣᠢᠯᠠᠭᠠᠪᠠ᠃ ᠭᠤᠤ ᠰᠢ ᠭᠸᠤ ᠲᠣᠰᠭᠣᠨ᠎ᠤ ᠨᠢᠭᠡᠨ ᠠᠭᠤᠯᠠᠨ ᠤᠷᠤᠢ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠠᠯᠤᠰ᠎ᠢ ᠪᠠᠷᠠᠯᠠᠨ᠎ᠠ᠃ ᠨᠠᠮᠤᠷ᠎ᠤᠨ ᠡᠬᠢᠨ᠎ᠤ ᠰᠠᠢᠬᠠᠨ ᠤᠯᠠᠷᠢᠯ᠎ᠤᠨ ᠬᠥᠬᠡ ᠲᠩᠷᠢ ᠬᠥᠪᠥᠩ ᠴᠠᠭᠠᠨ ᠡᠭᠦᠯᠡᠨ᠎ᠦ ᠳᠤᠤᠷ᠎ᠠ᠂ ᠱᠢᠷ᠎ᠠ ᠬᠥᠷᠥᠰᠥᠲᠦ ᠥᠨᠳᠥᠷᠯᠢᠭ᠎ᠦᠨ ᠭᠤᠤ ᠭᠠᠨᠭᠬ᠎ᠠ ᠨᠣᠭᠣᠭᠠᠨ ᠬᠦᠷᠮ᠎ᠡ ᠬᠡᠳᠦᠷᠴᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃

ᠭᠤᠤ ᠭᠠᠩᠭ᠎ᠠ᠎ᠦᠷᠬᠦᠯᠵᠢᠯᠡᠭᠰᠡᠨ ᠱᠢᠷ᠎ᠠ ᠬᠥᠷᠥᠰᠥᠲᠦ ᠥᠨᠳᠥᠷᠯᠢᠭ᠎ᠡᠴᠡ᠂ ᠬᠥᠬᠡᠮᠳᠦᠭ ᠨᠣᠭᠣᠭᠠᠨ ᠬᠥᠬᠡᠨᠠᠭᠤᠷ ᠲᠥᠪᠡᠳ᠎ᠦᠨ ᠥᠨᠳᠥᠷᠯᠢᠭ ᠬᠦᠷᠲᠡᠯ᠎ᠡ᠂ ᠲᠠᠬᠢᠭᠠᠳ ᠦᠩᠭᠡ ᠢᠯᠭᠠᠷᠠᠭ᠍ᠰᠠᠨ ᠶᠦᠨᠨᠠᠨ ᠭᠦᠢᠵᠧᠦ᠍᠎ᠶ᠋ᠢᠨ ᠥᠨᠳᠥᠷᠯᠢᠭ ᠬᠦᠷᠲᠡᠯ᠎ᠡ᠂ ᠨᠣᠭᠣᠭᠠᠨ ᠦᠩᠭᠡ ᠨᠢ ᠪᠠᠷᠠᠭᠤᠨ ᠣᠷᠣᠨ᠎ᠤ ᠬᠥᠭ᠌ᠵᠢᠯᠲᠡ᠎ᠶ᠋ᠢᠨ ᠳᠡᠪᠢᠰᠭᠡᠷ ᠦᠩᠭᠡ ᠪᠤᠯᠵᠤ ᠪᠢᠯᠡ᠃

ᠲᠥᠪᠡᠳ᠎ᠲᠦ ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠲᠠᠯᠠᠪᠠᠢ ᠨᠢᠭᠡᠨᠲᠡ 60.8 ᠲᠦᠮᠡᠨ ᠲᠡᠭ᠌ᠰᠢ ᠳᠥᠷᠪᠡᠯᠵᠢᠨ ᠺᠢᠯᠤᠮᠸᠲᠷ ᠲᠤ᠌ ᠬᠦᠷᠴᠦ᠍᠂ ᠪᠦᠬᠦ᠌ ᠥᠪᠡᠷᠲᠡᠭᠡᠨ ᠵᠠᠰᠠᠬᠤ ᠣᠷᠣᠨ᠎ᠤ ᠬᠠᠭᠠᠰ ᠣᠷᠣᠨ ᠪᠦᠰᠡ ᠨᠢ  ᠴᠥᠮ ᠬᠠᠮᠤᠭ᠎ᠤᠨ ᠴᠢᠩᠭ᠎ᠠ ᠬᠠᠮᠠᠭᠠᠯᠠᠯᠲᠠ᠎ᠶ᠋ᠢᠨ ᠬᠡᠪᠴᠢᠶᠡᠨ᠎ᠳᠦ ᠣᠷᠣᠪᠠ; ᠭᠦᠢᠵᠧᠦ᠍᠂ ᠲᠦᠷᠦᠭᠦᠦ ᠪᠦᠯᠦᠭ᠎ᠦᠨ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠲᠤᠷᠱᠢᠯᠲᠠ᠎ᠶ᠋ᠢᠨ ᠣᠷᠣᠨ᠎ᠤ ᠨᠢᠭᠡ ᠪᠣᠯᠤᠭ᠍ᠰᠠᠨ᠎ᠤ ᠬᠤᠪᠢ᠎ᠳᠤ᠂ ᠪᠦᠬᠦ᠌ ᠮᠤᠵᠢ᠎ᠳᠤ ᠠᠮᠢ ᠠᠬᠤᠢ ᠣᠷᠴᠢᠨ ᠲᠣᠭᠣᠷᠢᠨ᠎ᠢ ᠲᠣᠭᠣᠷᠢᠭ ᠬᠤᠪᠢᠶᠠᠨ ᠬᠠᠮᠢᠶᠠᠷᠤᠨ ᠡᠵᠡᠮᠳᠡᠬᠦ᠌ 1332 ᠨᠢᠭᠡᠴᠢ  ᠶ᠋ᠢ ᠲᠣᠭ᠍ᠲᠠᠭᠠᠵᠤ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠣᠨᠢᠨ ᠲᠡᠭᠡᠷ᠎ᠡ ᠨᠢ ᠦᠷᠨᠢᠬᠦᠯᠪᠡ; ᠬᠥᠬᠡᠨᠠᠭᠤᠷ᠎ᠲᠤ᠂ ᠠᠮᠢ ᠠᠬᠤᠢ᠎ᠶ᠋ᠢᠨ ᠨᠥᠬᠥᠪᠥᠷᠢ᠎ᠶ᠋ᠢᠨ ᠲᠦᠷᠢᠮ ᠨᠢ ᠮᠠᠯᠴᠢᠨ ᠲᠦᠮᠡᠨ ᠠᠮᠢ ᠠᠬᠤᠢ᠎ᠶ᠋ᠢᠨ ᠠᠱᠢᠭ᠍ᠯᠠᠭ᠍ᠴᠢ ᠪᠠᠢᠭ᠍ᠰᠠᠨ ᠡᠴᠡ᠎ᠪᠠᠨ ᠠᠮᠢ ᠠᠬᠤᠢ᠎ᠶ᠋ᠢᠨ ᠬᠠᠮᠠᠭᠠᠯᠠᠭ᠍ᠴᠢ ᠪᠣᠯᠬᠤ᠎ᠶ᠋ᠢ ᠠᠬᠢᠭᠤᠯᠪᠠ ; ᠨᠢᠩᠱᠢᠶᠠ᠎ᠶ᠋ᠢᠨ 5 ᠭᠷᠠᠳᠦ᠋ᠰ ᠴᠠᠬᠢᠯᠭᠠᠨ  ᠨᠢᠬᠡᠪᠦᠷᠢ ᠳ᠋ᠡᠬᠢ 1 ᠭᠷᠠᠳᠦ᠋ᠰ ᠨᠢ ᠱᠢᠨ᠎ᠡ ᠡᠨᠧᠷᠭᠢ ᠪᠡᠷ ᠭᠠᠷᠭᠠᠬᠰᠠᠨ᠎ᠴᠠᠬᠢᠯᠭᠠᠨ ᠪᠠᠢᠵᠤ᠂ ᠪᠤᠬᠢᠷᠳᠤᠯ ᠦᠭᠡᠢ ᠴᠠᠬᠢᠯᠭᠠᠨ᠎ᠢ《ᠪᠠᠷᠠᠭᠤᠨ ᠣᠷᠣᠨ᠎ᠤ ᠴᠠᠬᠢᠯᠭᠠᠨ᠎ᠢ ᠵᠡᠭᠦᠨᠰᠢ ᠬᠦᠷᠭᠡᠬᠦ᠌》ᠵᠠᠮ᠎ᠢᠶᠠᠷ ᠪᠥᠬᠥ᠌ ᠤᠯᠤᠰ᠎ᠤᠨ ᠣᠯᠠᠨ ᠭᠠᠵᠠᠷ᠎ᠲᠤ ᠬᠦᠷᠭᠡᠵᠦ᠍ ᠪᠠᠢᠨ᠎ᠠ   ᠁

ᠠᠭᠤᠯᠠ ᠤᠰᠤ ᠬᠦᠭᠡᠷᠠᠨ ᠨᠣᠭᠣᠭᠠᠷᠠᠵᠤ᠂ ᠠᠷᠠᠳ ᠢᠷᠭᠡᠳ᠎ᠤᠨ ᠤᠷᠤᠯᠭ᠎ᠠ ᠨᠡᠮᠡᠭᠳᠡᠵᠤ᠂ ᠪᠠᠷᠠᠭᠤᠨ ᠤᠷᠤᠨ᠎ᠤ ᠡᠭᠡ ᠭᠠᠵᠠᠷ ᠠᠮᠢᠵᠢᠷᠠᠯ᠎ᠤᠨ ᠬᠦᠴᠤᠨ ᠵᠢᠡᠷ ᠪᠢᠯᠬᠠᠨ᠎ᠠ᠃


ᠬᠠᠷᠢᠴᠠᠩᠭᠤᠢ ᠳᠠᠪᠠᠭᠤᠯᠢᠭ᠎ᠢᠶᠠᠨ ᠪᠠᠳᠠᠷᠠᠭᠤᠯᠵᠤ ᠨᠡᠩ ᠥᠨᠳᠥᠷ ᠲᠦᠪᠱᠢᠨ᠎ᠤ ᠨᠡᠭᠡᠭᠡᠯᠲᠡ  ᠪᠡᠷ ᠱᠢᠨ᠎ᠡ ᠪᠠᠢᠷᠢᠱᠢᠯ᠎ᠢ ᠡᠬᠦᠳᠤᠨ᠎ᠠ


10 ᠰᠠᠷ᠎ᠠ᠎ᠶ᠋ᠢᠨ 11 ᠎ᠤ᠋ ᠦᠦᠷ᠎ᠤᠨ 2 ᠴᠠᠭ᠎ᠲᠤ᠂ ᠠᠭᠤᠷ᠎ᠤᠨ ᠱᠤᠤᠭᠢᠯ᠎ᠤᠨ ᠲᠠᠭᠤᠨ᠎ᠢᠶᠡᠷ᠂ ᠠᠩᠬᠠᠳᠠᠭ᠍ᠴᠢ 《ᠱᠠᠩᠬᠠᠢ ᠨᠡᠷᠡᠮᠵᠢᠲᠦ》ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠠᠯᠠᠭ ᠠᠭᠤᠯᠠ ᠬᠢᠯᠢ᠎ᠶ᠋ᠢᠨ ᠪᠣᠭᠣᠮᠲᠠ ᠡᠴᠡ ᠮᠤᠷᠳᠠᠵᠤ᠂ ᠳᠤᠮᠳᠠᠳᠤ ᠤᠯᠤᠰ᠎ᠤᠨ ᠱᠠᠩᠬᠠᠢ᠎ᠳᠤ ᠲᠡᠷᠭᠡᠨ᠎ᠳᠦ ᠠᠴᠢᠭ᠍ᠰᠠᠨ ᠬᠤᠪᠴᠠᠰᠤ ᠱᠠᠬᠠᠢ ᠭᠤᠳᠤᠯ᠂ ᠮᠠᠱᠢᠨ ᠲᠡᠷᠭᠡᠨ᠎ᠦ ᠰᠡᠯᠪᠢᠭ ᠲᠤᠨᠤᠭ᠂ ᠨᠠᠷᠢᠯᠢᠭ ᠬᠡᠮᠵᠢᠭᠦᠷᠯᠢᠭ ᠡᠬᠦᠨ ᠎ᠢᠶᠡᠷ ᠳᠠᠮᠵᠢᠨ ᠭᠸᠷᠮᠠᠨ᠎ᠤ ᠬᠠᠮᠪᠦᠢᠷᠡᠭ᠎ᠲᠤ᠌ ᠬᠦᠷᠦᠨ᠎ᠠ᠂ ᠡᠨᠡ ᠨᠢ ᠱᠢᠨᠵᠢᠶᠠᠩ᠎ᠤᠨ ᠠᠯᠠᠭ ᠠᠭᠤᠯᠠ ᠬᠢᠯᠢ᠎ᠶ᠋ᠢᠨ ᠪᠣᠭᠣᠮᠲᠠ᠎ᠪᠠᠷ ᠨᠡᠪᠳᠡᠷᠡᠨ ᠥᠩᠭᠡᠷᠡᠬᠦ᠌ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡᠨ᠎ᠦ ᠵᠠᠮ ᠱᠤᠭᠤᠮ ᠨᠢᠭᠡᠨᠲᠡ 60 ᠵᠤᠷᠪᠤᠰ᠎ᠲᠤ ᠬᠦᠷᠦᠭ᠌ᠰᠡᠨ᠎ᠢ ᠬᠠᠷᠠᠭᠤᠯᠵᠤ ᠪᠠᠢᠨ᠎ᠠ᠃

ᠮᠠᠨ᠎ᠤ ᠤᠯᠤᠰ᠎ᠤᠨ ᠧᠦ᠋ᠷᠣᠫᠠ ᠲᠢᠪ᠎ᠦᠨ ᠤᠯᠤᠰ᠎ᠤᠳ᠎ᠤᠨ ᠬᠣᠯᠪᠣᠭ᠎ᠠ᠎ᠡᠴᠡ ᠬᠠᠮᠤᠭ᠎ᠤᠨ ᠣᠢᠷ᠎ᠠ ᠪᠠᠢᠭ᠎ᠠ ᠲᠡᠮᠦᠷ ᠵᠠᠮ᠎ᠤᠨ ᠪᠣᠭᠣᠮᠲᠠ ᠪᠣᠯᠤᠭ᠍ᠰᠠᠨ᠎ᠤ ᠬᠤᠪᠢ᠎ᠳᠤ ᠂ ᠠᠯᠠᠭ ᠠᠭᠤᠯᠠ ᠬᠢᠯᠢ ᠵᠢᠨ ᠪᠣᠭᠣᠮᠲᠠ᠎ᠨᠢ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠪᠥᠬᠥ᠌ ᠪᠥᠮᠪᠥᠷᠴᠡᠭ᠎ᠲᠦ ᠦᠷᠪᠢᠰᠦᠨ ᠳᠡᠯᠭᠡᠷᠡᠭ᠌ᠰᠡᠨ ᠠᠬᠤᠶ ᠪᠠᠢᠳᠠᠯ ᠳᠤᠤᠷ᠎ᠠ ᠥᠨᠳᠥᠷ ᠪᠦᠲᠦᠮᠵᠢᠲᠡᠶ᠎ᠪᠡᠷ ᠠᠵᠢᠯᠯᠠᠵᠤ ᠂ ᠳᠤᠮᠳᠠᠳᠤ ᠤᠯᠤᠰ᠎ᠤᠨ ᠪᠠᠷᠠᠭᠤᠨ ᠣᠷᠣᠨ᠎ᠤ《ᠨᠢᠭᠡ ᠪᠦᠰᠡ ᠨᠢᠭᠡ ᠵᠠᠮ》ᠤ᠋ᠨ ᠣᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠥᠷᠭᠡᠳᠭᠡᠭ᠌ᠰᠡᠨ ᠬᠤᠷᠢᠶᠠᠩᠭᠤᠶ ᠳᠦᠷᠰᠦ ᠪᠣᠯᠵᠠᠶ᠃

《〈ᠨᠢᠭᠡ ᠪᠦᠰᠡ ᠨᠢᠭᠡ ᠵᠠᠮ〉ᠢ᠋ ᠬᠠᠮᠲᠤ᠎ᠪᠠᠷ ᠪᠥᠲᠥᠭᠡᠨ ᠪᠠᠢᠭᠤᠯᠬᠤ᠎ᠳᠤ ᠠᠭᠤᠰᠤᠯᠴᠠᠬᠤ》᠂《ᠥᠪᠡᠷᠮᠢᠴᠡ ᠣᠷᠣᠨ ᠪᠠᠢᠷᠢ᠎ᠶ᠋ᠢᠨ ᠳᠠᠪᠠᠭᠤᠯᠢᠭ᠎ᠢᠶᠠᠨ ᠨᠠᠩ ᠰᠠᠢᠲᠤᠷ ᠨᠡᠭᠡᠭᠡᠯᠲᠡ ᠬᠢᠵᠦ᠍ ᠬᠥᠭ᠌ᠵᠢᠭᠦᠯᠬᠦ᠌ ᠳᠠᠪᠠᠭᠤᠯᠢᠭ ᠪᠣᠯᠭᠠᠨ ᠬᠤᠪᠢᠷᠠᠭᠤᠯᠤᠨ᠎ᠠ 》᠂ 《 ᠨᠡᠭᠡᠭᠡᠯᠲᠡ᠎ᠪᠡᠷ ᠥᠭᠡᠷᠡᠴᠢᠯᠡᠯᠲᠡ᠎ᠶ᠋ᠢ ᠠᠬᠢᠭᠤᠯᠵᠤ ᠂ ᠬᠥᠭ᠌ᠵᠢᠯᠲᠡ᠎ᠶ᠋ᠢ ᠠᠬᠢᠭᠤᠯᠤᠨ᠎ᠠ 》 ᠁ ᠣᠢᠷ᠎ᠠ᠎ᠶ᠋ᠢᠨ ᠵᠢᠯ᠎ᠦᠨ ᠲᠤᠷᠰᠢ᠂ ᠶᠡᠷᠦᠩᠬᠡᠶ ᠱᠦᠵᠢ ᠰᠢ᠎ᠵᠢᠨ ᠫᠢᠩ ᠣᠯᠠᠨ ᠲᠠᠯᠠᠪᠤᠷ᠎ᠲᠤ ᠳᠤᠮᠳᠠᠳᠤ ᠤᠯᠤᠰ᠎ᠤᠨ ᠪᠠᠷᠠᠭᠤᠨ ᠣᠷᠣᠨ᠎ᠤ ᠨᠡᠭᠡᠭᠡᠯᠲᠡ ᠬᠢᠵᠦ᠍ ᠬᠥᠭ᠌ᠵᠢᠬᠦ᠌᠎ᠶ᠋ᠢ ᠴᠢᠬᠤᠯᠠᠴᠢᠯᠠᠵᠤ ᠪᠠᠢᠬᠤ᠎ᠪᠠᠨ ᠢᠯᠡᠳᠭᠡᠪᠡ᠃

2020 ᠣᠨ᠎ᠳᠤ ᠪᠠᠷᠠᠭᠤᠨ ᠣᠷᠣᠨ᠎ᠤ ᠭᠠᠳᠠᠭᠠᠳᠤ ᠡᠴᠡ ᠣᠷᠣᠭᠤᠯᠵᠤ ᠭᠠᠷᠭᠠᠬᠰᠠᠨ ᠶᠡᠷᠦᠩᠬᠡᠶ ᠲᠣᠭ᠎ᠠ 2.95 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ 1999 ᠣᠨ᠎ᠤ 26 ᠳᠠᠬᠢᠨ ᠪᠣᠯᠪᠠ; ᠪᠠᠷᠠᠭᠤᠨ ᠣᠷᠣᠨ᠎ᠤ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 7000 ᠭᠠᠷᠤᠢ ᠡᠬᠡᠯᠵᠢ ᠠᠶᠠᠯᠠᠵᠤ᠂ ᠪᠦᠬᠦ᠌ ᠤᠯᠤᠰ᠎ᠤᠨ ᠶᠡᠷᠦᠩᠬᠡᠢ ᠲᠣᠭᠠᠨ᠎ᠤ 59% ᠱᠢᠬᠠᠮ᠎ᠢ ᠡᠵᠡᠯᠡᠪᠡ; ᠪᠠᠷᠠᠭᠤᠨ ᠤᠷᠤᠨ᠎ᠤ ᠡᠬᠡ ᠬᠠᠭᠤᠷᠠᠢ ᠳᠠᠯᠠᠢ ᠲᠠᠩᠭᠢᠰ᠎ᠤᠨ ᠱᠢᠨ᠎ᠡ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠡᠬᠡ ᠬᠠᠭᠤᠷᠠᠢ ᠳᠠᠯᠠᠢ ᠲᠠᠩᠭᠢᠰ ᠳᠣᠲᠣᠭᠠᠳᠤ ᠭᠠᠳᠠᠭᠠᠳᠤ ᠬᠣᠯᠪᠣᠭᠠᠯᠠᠨ ᠬᠥᠳᠡᠯᠦᠯᠴᠡᠵᠦ᠍᠂ ᠵᠡᠭᠦᠨ ᠪᠠᠷᠠᠭᠤᠨ ᠬᠣᠣᠰ ᠴᠢᠭ᠌ᠯᠡᠯ᠎ᠢᠶᠡᠷ ᠬᠠᠷᠢᠯᠴᠠᠨ ᠲᠤᠰᠠᠯᠠᠯᠴᠠᠬᠰᠠᠨ ᠨᠡᠭᠡᠭᠡᠯᠲᠡ᠎ᠶ᠋ᠢᠨ ᠪᠠᠢᠷᠢᠱᠢᠯ᠎ᠢ ᠪᠤᠢ ᠪᠣᠯᠭᠠᠬᠤ᠎ᠶ᠋ᠢ ᠠᠬᠢᠭᠤᠯᠪᠠ; ᠳᠤᠮᠳᠠᠳᠤ ᠯᠠᠤᠰ᠎ᠤᠨ ᠲᠡᠮᠦᠷ ᠵᠠᠮ ᠵᠡᠷᠭᠡ ᠬᠢᠯᠢ ᠠᠯᠤᠰᠯᠠᠭ᠍ᠰᠠᠨ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠯᠠᠪᠳᠠᠭᠤᠨ᠎ᠢᠶᠠᠷ ᠠᠭᠢᠪᠠ; ᠳᠤᠮᠳᠠᠳᠤ ᠭᠠᠳᠠᠭᠠᠳᠤ᠎ᠶ᠋ᠢᠨ ᠬᠠᠮᠲᠤᠷᠠᠯᠴᠠᠭᠠᠨ᠎ᠤ ᠠᠵᠤ ᠦᠢᠯᠡᠰ᠎ᠦᠨ ᠬᠦᠷᠢᠶᠡᠯᠡᠩ ᠲᠣᠭᠣᠷᠢᠭ᠂ ᠬᠢᠯᠢ ᠠᠯᠤᠰᠯᠠᠭ᠍ᠰᠠᠨ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠣᠷᠣᠨ ᠵᠡᠷᠭᠡ ᠨᠡᠭᠡᠭᠡᠯᠲᠡᠲᠦ ᠲᠠᠪᠴᠠᠩ ᠦᠷᠭᠦᠯᠵᠢᠯᠡᠨ ᠡᠷᠴᠢᠮ ᠴᠢᠩᠭᠠᠯᠠᠨ ᠠᠵᠢᠯᠯᠠᠨ᠎ᠠ᠃

ᠱᠢᠨ᠎ᠡ ᠴᠠᠭ ᠦᠶ᠎ᠡ᠎ᠳᠦ ᠰᠠᠭᠤᠷᠢᠯᠠᠵᠤ ᠂ ᠱᠢᠨ᠎ᠡ ᠠᠶᠠᠨ᠎ᠳᠤ ᠮᠤᠷᠳᠠᠨ᠎ᠠ᠃ ᠳᠤᠮᠳᠠᠳᠤ ᠤᠯᠤᠰ᠎ᠤᠨ ᠪᠠᠷᠠᠭᠤᠨ ᠣᠷᠣᠨ ᠶᠠᠭ ᠨᠢᠭᠡᠨ ᠦᠶ᠎ᠡ ᠬᠠᠷᠢᠴᠠᠩᠭᠤᠢ ᠪᠡᠷ ᠪᠢᠲᠡᠭᠦᠮᠵᠢᠯᠡᠭ᠌ᠳᠡᠭ᠌ᠰᠡᠨ ᠪᠠᠢᠳᠠᠯ᠎ᠡᠴᠡ ᠪᠠᠨ ᠤᠯᠠᠮ ᠡᠴᠡ ᠤᠯᠠᠮ ᠨᠡᠭᠡᠭᠡᠯᠲᠡᠯᠢᠭ《ᠬᠤᠰᠢᠭᠤᠷᠠᠯ ᠤᠷᠤᠨ》ᠪᠤᠯᠵᠤ ᠬᠦᠭᠵᠢᠵᠤ ᠪᠠᠢᠨ᠎ᠠ᠃

2020 ᠣᠨ᠎ᠤ 5 ᠰᠠᠷ᠎ᠠ᠎ᠳᠤ᠂《ᠱᠢᠨ᠎ᠡ ᠴᠠᠭ ᠦᠶ᠎ᠡ᠎ᠳᠦ ᠪᠠᠷᠠᠭᠤᠨ ᠣᠷᠣᠨ᠎ᠢ ᠶᠡᠬᠡ᠎ᠪᠡᠷ ᠨᠡᠭᠡᠭᠡᠨ ᠬᠥᠭ᠌ᠵᠢᠭᠦᠯᠬᠦ᠌᠎ᠶ᠋ᠢ ᠠᠬᠢᠭᠤᠯᠵᠤ ᠱᠢᠨ᠎ᠡ ᠪᠠᠢᠷᠢᠱᠢᠯ᠎ᠢ ᠪᠦᠷᠢᠯᠳᠦᠭᠦᠯᠬᠦ᠌ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠵᠢᠯᠣᠭᠣᠳᠭᠤ ᠰᠠᠨᠠᠯ》 ᠢ᠋ ᠨᠡᠢᠲᠡᠯᠡᠵᠦ᠍ ᠂ ᠪᠠᠷᠠᠭᠤᠨ ᠣᠷᠣᠨ᠎ᠢ ᠶᠡᠬᠡ᠎ᠪᠡᠷ ᠨᠡᠭᠡᠭᠡᠨ ᠬᠥᠭ᠌ᠵᠢᠭᠦᠯᠬᠦ᠌᠎ᠶ᠋ᠢ ᠠᠬᠢᠭᠤᠯᠵᠤ᠂ ᠶᠡᠬᠡ᠎ᠪᠡᠷ ᠬᠠᠮᠠᠭᠠᠯᠠᠬᠤ᠂ ᠶᠡᠬᠡ᠎ᠪᠡᠷ ᠨᠡᠭᠡᠭᠡᠯᠲᠡ ᠬᠢᠬᠦ᠌ ᠂ ᠴᠢᠨᠠᠷ ᠰᠠᠢᠲᠠᠶ ᠬᠥᠭ᠌ᠵᠢᠭᠦᠯᠬᠦ᠌ ᠱᠢᠨ᠎ᠡ ᠪᠠᠢᠷᠢᠱᠢᠯ᠎ᠢ ᠪᠦᠷᠢᠯᠳᠦᠭᠦᠯᠬᠦ᠌᠎ᠪᠡᠷ ᠵᠣᠷᠢᠯᠲᠠ ᠪᠣᠯᠭᠠᠪᠠ᠃ ᠡᠭᠦᠨ᠎ᠦ ᠵᠡᠷᠭᠡ ᠪᠡᠷ᠂ ᠴᠧᠩᠳᠦ᠋ ᠴᠦᠨᠭᠴᠢᠩ ᠣᠷᠣᠨ᠎ᠤ ᠬᠣᠣᠰ ᠬᠤᠳᠠ᠎ᠶ᠋ᠢᠨ ᠠᠵᠤ ᠠᠬᠤᠢ᠎ᠶ᠋ᠢᠨ ᠲᠣᠭᠣᠷᠢᠭ᠂ ᠪᠠᠷᠠᠭᠤᠨ ᠣᠷᠣᠨ᠎ᠤ ᠬᠠᠭᠤᠷᠠᠢ ᠲᠠᠯᠠᠢ᠎ᠶ᠋ᠢᠨ ᠱᠢᠨ᠎ᠡ ᠵᠠᠮ ᠵᠡᠷᠭᠡ ᠤᠯᠤᠰ᠎ᠤᠨ ᠲᠡᠰ᠎ᠤᠨ ᠴᠢᠬᠤᠯᠠ ᠲᠥᠯᠥᠪᠵᠢᠭᠦᠯᠭᠡ ᠬᠤᠢᠨ᠎ᠡ ᠬᠤᠢᠨ᠎ᠡ ᠡᠴᠡ ᠪᠠᠨ ᠨᠡᠢᠳᠡᠯᠡᠭᠳᠡᠵᠤ᠂ ᠳᠤᠮᠳᠠᠳᠤ ᠤᠯᠤᠰ᠎ᠤᠨ ᠪᠠᠷᠠᠭᠤᠨ ᠣᠷᠣᠨ᠎ᠢ ᠨᠡᠩ ᠥᠷᠭᠡᠨ ᠠᠭᠤᠳᠠᠮ ᠬᠥᠭ᠌ᠵᠢᠯᠲᠡ᠎ᠶ᠋ᠢᠨ ᠢᠷᠡᠭᠡᠳᠦᠢ᠎ᠲᠡᠶ ᠪᠣᠯᠭᠠᠵᠠᠢ᠃

ᠪᠥᠬᠥ᠌ ᠤᠯᠤᠰ᠎ᠤᠨ ᠠᠩᠬᠠᠳᠠᠭ᠍ᠴᠢ ᠳᠣᠲᠣᠭᠠᠳᠤ ᠬᠠᠭᠤᠷᠠᠶ᠎ᠶ᠋ᠢᠨ ᠨᠡᠭᠡᠭᠡᠯᠲᠡᠯᠢᠭ ᠬᠡᠯᠪᠡᠷᠢ᠎ᠶ᠋ᠢᠨ ᠠᠵᠤ ᠠᠬᠤᠶ᠎ᠶ᠋ᠢᠨ ᠲᠤᠷᠱᠢᠯᠲᠠ᠎ᠶ᠋ᠢᠨ ᠣᠷᠣᠨ ᠪᠣᠯᠤᠭ᠍ᠰᠠᠨ᠎ᠤ ᠬᠤᠪᠢ᠎ᠳᠤ᠂ 《ᠬᠢᠯᠢ ᠵᠢᠨ ᠪᠤᠭᠤᠮᠳᠠ ᠦᠭᠡᠢ ᠲᠡᠯᠡᠶ ᠎ᠯᠤᠭ᠎ᠠ ᠬᠠᠪᠢᠳᠠᠬᠤ ᠥᠬᠡᠶ》ᠨᠢᠩᠱᠢᠶᠠ ᠨᠢ ᠨᠢᠭᠡᠨᠲᠡ ᠵᠠᠯᠭᠠᠭ᠎ᠠ᠎ᠪᠠᠷ 5 ᠬᠤᠭᠤᠴᠠᠭᠠᠨ᠎ᠤ ᠳᠤᠮᠳᠠᠳᠤ ᠤᠯᠤᠰ — ᠠᠷᠠᠪ᠎ᠤᠨ ᠤᠯᠤᠰ᠎ᠤᠳ᠎ᠤᠨ ᠦᠵᠡᠰᠭᠦᠯᠡᠩ᠎ᠦᠨ ᠴᠤᠭ᠍ᠯᠠᠭᠠᠨ᠎ᠢ ᠠᠮᠵᠢᠯᠳᠠ ᠲᠠᠢ ᠡᠷᠭᠢᠯᠡᠪᠡ᠃ ᠡᠨᠡ ᠵᠢᠯ᠎ᠦᠨ 8 ᠰᠠᠷ᠎ᠠ᠎ᠳᠤ ᠲᠡᠭᠦᠰ ᠠᠮᠵᠢᠯᠲᠠ᠎ᠲᠠᠶ ᠲᠡᠭᠦᠰᠦᠭ᠌ᠰᠡᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠠᠷᠠᠪ᠎ᠤᠨ ᠦᠵᠡᠰᠭᠦᠯᠡᠩ᠎ᠦᠨ ᠴᠤᠭ᠍ᠯᠠᠭᠠᠨ ᠳᠡᠭᠡᠷ᠎ᠡ ᠨᠡᠢᠲᠡ 277 ᠦᠷ᠎ᠡ ᠪᠦᠲᠦᠭᠡᠯ ᠳᠡᠭᠡᠷ᠎ᠡ ᠭᠠᠷ᠎ᠤᠨ ᠥᠰᠥᠭ ᠵᠢᠷᠤᠪᠠ᠃

ᠳᠤᠮᠳᠠᠳᠤ ᠠᠷᠠᠪ᠎ᠤᠨ ᠦᠵᠡᠰᠭᠦᠯᠡᠩ᠎ᠦᠨ ᠴᠤᠭ᠍ᠯᠠᠭᠠᠨ ᠨᠢ ᠠᠵᠤ ᠠᠬᠤᠢᠯᠠᠯ᠎ᠳᠤ《ᠲᠤᠮᠤ ᠬᠤᠳᠠᠯᠳᠤᠭᠠᠨ᠎ᠤ ᠠᠵᠠ ᠲᠣᠬᠢᠶᠠᠯ》ᠣᠯᠭᠣᠵᠤ᠂ ᠳᠤᠮᠳᠠᠳᠤ ᠤᠯᠤᠰ᠎ᠤᠨ ᠨᠡᠬᠡᠬᠡᠯᠳᠡ ᠬᠢᠬᠦ᠌ ᠡᠭᠦᠳᠡ᠎ᠪᠡᠨ ᠨᠡᠩ ᠦᠷᠬᠡᠨ᠎ᠢᠶᠡᠷ ᠨᠡᠭᠡᠭᠡᠵᠤ ᠪᠠᠢᠭ᠎ᠠ᠎ᠶ᠋ᠢ ᠬᠠᠷᠠᠭᠤᠯᠵᠤ ᠪᠠᠢᠨ᠎ᠠ᠃ ᠨᠢᠩᠱᠢᠶᠠ᠎ᠶ᠋ᠢᠨ ᠦᠵᠡᠰᠭᠦᠯᠡᠩ᠎ᠦᠨ ᠴᠤᠬᠯᠠᠭᠠᠨ᠎ᠤ ᠲᠣᠪᠴᠢᠶᠠᠨ᠎ᠤ ᠳᠡᠳ᠋ ᠳᠠᠷᠤᠭ᠎ᠠ ᠵᠠᠩ ᠯᠢ ᠸᠧᠶ᠎ᠶ᠋ᠢᠨ ᠬᠡᠯᠡᠭ᠌ᠰᠡᠨᠴᠢᠯᠡᠨ᠄《ᠳᠤᠮᠳᠠᠳᠤ ᠠᠷᠠᠪ᠎ᠤᠨ ᠦᠵᠡᠰᠭᠦᠯᠡᠩ᠎ᠦᠨ ᠴᠤᠭ᠍ᠯᠠᠭᠠᠨ ᠨᠢᠩᠱᠢᠶᠠ᠎ᠳᠤ ᠶᠠᠪᠤᠭ᠍ᠳᠠᠭ᠍ᠰᠠᠨ ᠪᠣᠯᠪᠠᠴᠤ᠌ ᠵᠥᠪᠬᠡᠨ ᠨᠢᠩᠱᠢᠶᠠ᠎ᠳᠤ ᠬᠠᠷᠢᠶᠠᠯᠠᠭ᠍ᠳᠠᠬᠤ ᠪᠢᠰᠢ᠂ ᠲᠡᠷᠡ ᠪᠣᠯ ᠳᠤᠮᠳᠠᠳᠤ ᠤᠯᠤᠰ᠎ᠤᠨ ᠡᠯ᠎ᠡ ᠮᠤᠵᠢ ᠣᠷᠣᠨ ᠬᠣᠲᠠ᠎ᠶ᠋ᠢᠨ ᠠᠷᠠᠪ᠎ᠤᠨ ᠤᠯᠤᠰ᠎ᠤᠳ᠎ᠲᠤ ᠬᠠᠨᠳᠤᠭᠤᠯᠤᠭ᠍ᠰᠠᠨ᠂ ᠳᠡᠯᠡᠬᠡᠶ᠎ᠳᠦ ᠬᠠᠨᠳᠤᠭᠤᠯᠤᠭ᠍ᠰᠠᠨ ᠨᠡᠭᠡᠭᠡᠯᠲᠡ᠎ᠶ᠋ᠢᠨ ᠲᠠᠪᠴᠠᠩ ᠪᠣᠯᠤᠨ᠎ᠠ》᠃

ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 6.1% ᠎ᠪᠠᠷ ᠨᠡᠮᠡᠭ᠌ᠳᠡᠪᠡ! ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠮᠠᠨ᠎ᠤ ᠤᠯᠤᠰ᠎ᠤᠨ ᠪᠠᠷᠠᠭᠤᠨ ᠣᠷᠣᠨ᠎ᠤ ᠭᠠᠳᠠᠭᠠᠳᠤ ᠪᠠᠯᠠ᠎ᠶ᠋ᠢ ᠪᠣᠳᠠᠲᠠᠶ ᠬᠡᠷᠡᠭ᠌ᠯᠡᠭ᠌ᠰᠡᠨ ᠡᠨᠡ ᠬᠦ᠌ ᠬᠢᠷᠢ ᠪᠦᠲᠦᠮᠵᠢ᠎ᠶ᠋ᠢᠨ ᠬᠠᠭᠤᠳᠠᠰᠤ᠎ᠨᠢ ᠪᠥᠬᠥ᠌ ᠳᠡᠯᠡᠬᠡᠶ᠎ᠶ᠋ᠢᠨ ᠬᠢᠵᠢᠭ᠎ᠦᠨ ᠪᠠᠢᠳᠠᠯ ᠮᠥᠨ ᠯᠡ ᠬᠦᠨᠳᠦ ᠨᠣᠴᠢᠲᠠᠶ ᠪᠠᠢᠭ᠎ᠠ ᠪᠠᠢᠳᠠᠯ ᠳᠤᠤᠷ᠎ᠠ᠂ ᠦᠨᠡᠬᠡᠷ ᠬᠢᠯᠪᠡᠷ  ᠪᠤᠰᠤ ᠪᠡᠷ ᠢᠷᠡᠭᠰᠡᠨ ᠶᠤᠮ᠃

ᠢᠯᠠᠯᠲᠠ᠎ᠶ᠋ᠢᠨ ᠡᠷᠴᠢᠨ ᠳᠡᠭᠡᠷ᠎ᠡ ᠦᠷᠬᠦᠯᠵᠢᠯᠡᠨ ᠤᠷᠤᠭ᠍ᠰᠢᠯᠠᠵᠤ᠂ ᠡᠷᠡᠮᠡᠬᠡᠢᠯᠡᠨ ᠲᠡᠮᠡᠴᠡᠨ᠎ᠠ᠃

ᠱᠢᠨ᠎ᠡ ᠴᠠᠭ ᠦᠶ᠎ᠡ᠎ᠳᠦ ᠪᠠᠷᠠᠭᠤᠨ ᠣᠷᠣᠨ᠎ᠢ ᠶᠡᠬᠡ ᠪᠡᠷ ᠨᠡᠭᠡᠭᠡᠨ ᠬᠥᠭ᠌ᠵᠢᠭᠦᠯᠬᠦ᠌ ᠵᠢᠨ ᠱᠢᠨ᠎ᠡ ᠵᠠᠮ᠎ᠢ ᠨᠡᠭᠡᠭᠡᠵᠦ᠍᠂ ᠪᠠᠷᠠᠭᠤᠨ ᠣᠷᠣᠨ᠎ᠢ ᠶᠡᠬᠡ ᠪᠡᠷ ᠨᠡᠭᠡᠭᠡᠨ ᠬᠥᠭ᠌ᠵᠢᠭᠦᠯᠬᠦ᠌ ᠱᠢᠨ᠎ᠡ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠤᠶ᠎ᠠ᠃ ᠰᠢ᠎ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠠᠷᠠᠭᠤᠨ ᠣᠷᠣᠨ᠎ᠢ ᠶᠡᠬᠡ ᠪᠡᠷ ᠨᠡᠭᠡᠭᠡᠨ ᠬᠥᠭ᠌ᠵᠢᠭᠦᠯᠬᠦ᠌ ᠠᠶᠠᠨ᠎ᠳᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠨᠡᠩ ᠶᠡᠬᠡ ᠵᠢᠳᠬᠦᠯ ᠴᠢᠷᠮᠠᠢᠯᠭ᠎ᠠ ᠲᠠᠢ ᠰᠠᠷᠠᠭᠤᠯ ᠢᠷᠡᠭᠡᠳᠦᠢ᠎ᠪᠡᠨ ᠤᠭ᠍ᠲᠤᠨ᠎ᠠ᠃

(ᠰᠤᠷᠪᠤᠯᠵᠢᠯᠠᠭ᠍ᠴᠢ᠄ ᠯᠢ ᠴᠢᠶᠠᠨ ᠢᠦᠢ  ᠵᠠᠩ ᠶᠠᠨ  ᠳ᠋ᠦᠩ ᠪᠥᠸᠧ ᠲᠢᠩ  ᠬᠦ᠋ ᠢᠦᠢ  ᠬᠤ᠌ ᠱᠢᠤᠢ  ᠵᠧᠦ ᠺᠠᠢ  ᠸᠠᠩ ᠮᠢᠩ ᠢᠦᠢ  ᠱᠢᠤᠢ ᠬᠠᠢ ᠲᠤᠤ  ᠠᠨ ᠯᠦ᠍ ᠮᠸᠩ  ᠫᠦ ᠴᠤᠤ)

(ᠰᠢᠨᠬᠤᠸᠠ ᠬᠤᠷᠢᠶᠠᠨ᠎ᠤ ᠪᠡᠭᠡᠵᠢᠩ᠎ᠤᠨ 10 ᠰᠠᠷ᠎ᠠ ᠵᠢᠨ 24 ᠤ᠋ ᠴᠠᠬᠢᠯᠭᠠᠨ ᠮᠡᠳᠡᠭᠡ)


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号