ᠤᠯᠤᠰ ᠲᠥᠷᠥ᠎ᠶ᠋ᠢᠨ ᠴᠢᠭ᠌ᠯᠡᠯ᠎ᠢ ᠪᠠᠲᠤ ᠡᠵᠡᠮᠳᠡᠨ ᠠᠵᠢᠯ᠎ᠤᠨ ᠭᠤᠤᠯ ᠱᠢᠵᠢᠮ᠎ᠢ ᠴᠢᠩᠭ᠎ᠠ ᠠᠳᠭᠤᠵᠤ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠱᠢᠨ᠎ᠡ ᠪᠠᠢᠳᠠᠯ᠎ᠢ ᠴᠢᠷᠮᠠᠢᠨ ᠡᠭᠦᠳᠦᠨ᠎ᠡ
2021-11-06 11:58:17
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ ᠬᠣᠷᠢᠶᠠᠨ᠎ᠤ ᠱᠦᠵᠢ ᠶᠤᠤ ᠶᠦᠩ ᠪᠥᠸᠧ

 

ᠱᠢᠯᠢ᠎ᠶ᠋ᠢᠨ ᠭᠣᠣᠯ ᠠᠢᠮᠠᠭ ᠪᠣᠯ ᠨᠡᠢᠲᠡᠯᠢᠭ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠪᠣᠯᠤᠨ᠎ᠠ᠂ ᠦᠨᠳᠦᠰᠦᠲᠡᠨ᠎ᠦ ᠠᠵᠢᠯ᠎ᠢ ᠰᠠᠢᠲᠤᠷ ᠠᠳᠭᠤᠬᠤ ᠨᠢ ᠤᠯᠤᠰ᠎ᠤᠨ ᠠᠮᠤᠷ ᠲᠦᠪᠱᠢᠨ᠎ᠦ ᠶᠡᠬᠡ ᠲᠠᠯ᠎ᠠ᠎ᠳᠤ ᠬᠣᠯᠪᠣᠭ᠍ᠳᠠᠵᠤ᠂ ᠭᠠᠵᠠᠷ ᠣᠷᠣᠨ᠎ᠤ ᠬᠥᠭ᠌ᠵᠢᠯ ᠴᠡᠴᠡᠭ᠌ᠯᠡᠯ᠎ᠳᠦ ᠬᠣᠯᠪᠣᠭ᠍ᠳᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠤᠶᠠᠨ ᠵᠢᠷᠭᠠᠯ᠎ᠳᠤ ᠬᠣᠯᠪᠣᠭ᠍ᠳᠠᠨ᠎ᠠ᠃ ᠱᠢᠨ᠎ᠡ ᠲᠡᠦᠬᠡ᠎ᠶ᠋ᠢᠨ ᠭᠠᠷᠤᠭ᠎ᠠ ᠳᠡᠭᠡᠷ᠎ᠡ᠂ ᠪᠢᠳᠡ ᠶᠡᠷᠦᠩᠬᠡᠶ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ 《ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌ 》᠎ᠳ᠋ᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ᠃

ᠨᠢᠭᠡ᠎ᠳᠦ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠰᠤᠷᠤᠯᠴᠠᠨ ᠡᠵᠡᠮᠰᠢᠵᠤ ᠨᠡᠪᠲᠡᠷᠡᠳᠡᠯ᠎ᠠ ᠤᠢᠯᠠᠭᠠᠵᠤ ᠪᠤᠳᠠᠳᠠᠢᠵᠢᠭᠤᠯᠬᠤ ᠲᠠᠯ᠎ᠠ᠎ᠪᠠᠷ ᠠᠡᠭᠬᠠᠷᠤᠯ᠎ᠵᠢᠡᠨ ᠲᠦᠪᠯᠡᠷᠡᠬᠦᠯᠵᠤ  ᠬᠦᠴᠦᠨ᠎ᠢᠶᠡᠨ ᠨᠢᠬᠳᠠᠷᠠᠭᠤᠯᠤᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠨᠢ ᠨᠠᠮ᠎ᠤᠨ ᠦᠨᠳᠦᠰᠦᠲᠡᠨ᠎ᠦ ᠠᠵᠢᠯ᠎ᠤᠨ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶ᠋ᠢᠨ ᠠᠰᠠᠭᠤᠳᠠᠯ᠎ᠳᠤ ᠱᠢᠨᠵᠢᠯᠡᠬᠦ᠌ ᠤᠬᠠᠭᠠᠨᠴᠢ ᠬᠠᠷᠢᠭᠤᠯᠲᠠ ᠥᠭᠴᠦ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠠᠳᠭᠤᠬᠤ ᠦᠨᠳᠦᠰᠦᠨ ᠵᠢᠷᠤᠮᠯᠠᠯ ᠮᠥᠨ᠂ ᠡᠷᠬᠡᠪᠰᠢ ᠰᠤᠷᠤᠯᠴᠠᠨ ᠡᠵᠡᠮᠰᠢᠵᠤ ᠨᠡᠪᠲᠡᠷᠡᠳᠡᠯ᠎ᠠ ᠤᠢᠯᠠᠭᠠᠵᠤ ᠪᠤᠳᠠᠳᠠᠢᠵᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠭᠤᠤᠯ ᠠᠭᠤᠯᠭ᠎ᠠ᠂ ᠵᠤᠷᠢᠭ ᠰᠠᠨᠠᠭᠠᠨ᠎ᠤ ᠮᠦᠨ ᠴᠢᠨᠠᠷ᠂ ᠪᠠᠶᠠᠯᠢᠭ ᠠᠭᠤᠯᠤᠬᠳᠠᠬᠤᠨ ᠪᠠ ᠦᠢᠯᠡᠳᠦᠯᠭᠡ᠎ᠶᠢᠨ ᠱᠠᠭᠠᠷᠳᠠᠯᠭ᠎ᠠ ᠵᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠡᠵᠡᠮᠳᠡᠨ ᠲᠤᠭᠤᠱᠢᠯᠠᠭᠤᠯᠵᠤ᠂ ᠤᠬᠠᠮᠰᠠᠷ ᠡᠴᠡ᠎ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ᠎ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠦᠢᠯᠡᠳᠦᠯᠭᠡ᠎ᠶ᠋ᠢᠨ ᠦᠷ᠎ᠡ ᠪᠦᠲᠦᠮᠵᠢ᠎ᠪᠡᠷ《ᠬᠣᠶᠠᠷ᠎ᠢ ᠬᠠᠮᠠᠭᠠᠯᠠᠬᠤ》ᠵᠢ ᠦᠨᠡᠨᠴᠢ᠎ᠪᠡᠷ ᠦᠢᠯᠡᠳᠦᠯᠭᠡᠵᠢᠭᠦᠯᠬᠦ᠌ ᠬᠡᠷᠡᠭ᠌ᠲᠡᠢ᠃ ᠡᠷᠬᠡᠪᠰᠢ ᠭᠦᠨᠵᠡᠭᠡᠢ ᠰᠤᠷᠤᠯᠴᠠᠨ ᠨᠠᠷᠢᠨ ᠣᠢᠯᠠᠭᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ)ᠶ᠋ᠢᠨ ᠤᠨᠤᠯ ᠰᠤᠷᠤᠯᠴᠠᠬᠤ ᠭᠣᠣᠯ ᠳᠤᠭᠤᠢᠯᠠᠩ᠂ ᠨᠠᠮ᠎ᠤᠨ ᠰᠤᠷᠭᠠᠭᠤᠯᠢ(ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠪᠣᠯᠤᠨ ᠦᠨᠳᠦᠰᠦᠨ ᠱᠠᠲᠤᠨ᠎ᠤ ᠶᠡᠬᠡ ᠬᠢᠴᠢᠶᠡᠯ᠎ᠦᠨ ᠲᠠᠩᠬᠢᠮ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠤᠷᠤᠯᠴᠠᠯᠭ᠎ᠠ ᠤᠬᠠᠭᠤᠯᠭ᠎ᠠ ᠬᠥᠮᠦᠵᠢᠯ ᠪᠣᠯᠪᠠᠰᠤᠷᠠᠯ᠎ᠤᠨ ᠠᠵᠢᠯ᠎ᠢ ᠪᠦᠬᠦ᠌ ᠲᠠᠯ᠎ᠠ᠎ᠪᠠᠷ ᠠᠬᠢᠭᠤᠯᠵᠤ᠂ ᠦᠨᠳᠦᠰᠦᠲᠡᠨ᠎ᠨᠦᠭᠦᠳ᠎ᠦᠨ ᠺᠠᠳ᠋ᠷ ᠎ᠤᠨ ᠨᠠᠮ᠎ᠤᠨ ᠱᠢᠨ᠎ᠡ᠎ᠶ᠋ᠢ ᠡᠭᠦᠳᠬᠦ ᠤᠨᠤᠯ᠎ᠢᠶᠠᠷ ᠦᠨᠳᠦᠰᠦᠲᠡᠨ᠎ᠦ ᠠᠰᠠᠭᠤᠳᠠᠯ᠎ᠢ ᠵᠠᠳᠠᠯᠤᠨ ᠱᠢᠢᠳᠪᠦᠷᠢᠯᠡᠬᠦ᠌᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠤᠬᠠᠮᠰᠠᠷ ᠪᠣᠯᠤᠨ ᠴᠢᠳᠠᠪᠤᠷᠢ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠡᠷᠬᠡᠪᠰᠢ ᠦᠶ᠋ᠯᠡᠳᠦᠯᠭᠡ᠎ᠶ᠋ᠢ ᠳᠣᠪᠣᠢᠯᠭᠠᠨ ᠪᠣᠳᠠᠲᠠᠶ ᠠᠵᠢᠯᠯᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠶ ᠨᠠᠢᠳᠠᠪᠤᠷᠢᠵᠢᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠡᠯ᠎ᠡ ᠱᠠᠲᠤᠨ᠎ᠤ ᠤᠳᠤᠷᠢᠳᠭᠤ ᠪᠠᠭ᠎ᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠰᠭᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠵᠢᠬᠰᠠᠭᠠᠵᠤ ᠪᠠᠢᠴᠠᠭᠠᠭᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠵᠢ ᠴᠢᠨᠭᠭᠠᠳᠬᠠᠨ ᠰᠠᠢᠵᠢᠷᠠᠭᠤᠯᠬᠤ ᠵᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠬᠠᠷᠭᠤᠭᠤᠯᠤᠨ ᠪᠠᠷᠢᠮᠵᠢᠶᠠᠯᠠᠵᠤ᠂ ᠵᠥᠷᠢᠶ᠎ᠡ ᠪᠠᠨ ᠵᠠᠯᠠᠷᠠᠭᠤᠯᠵᠤ᠂ ᠦᠨᠳᠦᠰᠦᠲᠡᠨ᠎ᠦ ᠠᠵᠢᠯ᠎ᠤᠨ ᠵᠥᠪ ᠣᠨᠣᠪᠴᠢᠲᠠᠶ ᠤᠯᠤᠰ ᠲᠥᠷᠥ᠎ᠶ᠋ᠢᠨ ᠴᠢᠭ᠌ᠯᠡᠯ᠎ᠢ ᠢᠮᠠᠭ᠍ᠲᠠ ᠪᠠᠲᠤ ᠡᠵᠡᠮᠳᠡᠵᠦ᠍᠂ ᠦᠨᠳᠦᠰᠦᠲᠡᠨ᠎ᠨᠦᠭᠦᠳ᠎ᠦᠨ ᠡᠶ᠎ᠡ ᠨᠠᠢᠷᠲᠠᠶ᠎ᠪᠠᠷ ᠬᠠᠮᠲᠤ ᠣᠷᠣᠱᠢᠬᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠬᠤ᠂ ᠡᠶ᠎ᠡ ᠵᠣᠬᠢᠴᠠᠩᠭᠤᠶ᠎ᠪᠠᠷ ᠬᠥᠭ᠌ᠵᠢᠬᠦ᠌᠎ᠶ᠋ᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠪᠥᠬᠥ᠌ ᠠᠢᠮᠠᠭ᠎ᠤᠨ ᠡᠯ᠎ᠡ ᠲᠦᠷᠦᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠶ᠃

ᠬᠣᠶᠠᠷ᠎ᠲᠤ᠂  ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠦᠨᠡᠨ ᠬᠦ᠌ ᠪᠠᠲᠤ ᠴᠣᠭ᠍ᠴᠠᠯᠠᠬᠤ ᠲᠠᠯ᠎ᠠ ᠪᠡᠷ ᠠᠩᠬᠠᠷᠤᠯ᠎ᠵᠢᠡᠨ ᠲᠦᠪᠯᠡᠷᠡᠬᠦᠯᠵᠤ ᠬᠦᠴᠦᠨ᠎ᠢᠶᠡᠨ ᠨᠢᠬᠳᠠᠷᠠᠭᠤᠯᠤᠨ᠎ᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ ᠳᠡᠭᠡᠷ᠎ᠡ ᠠᠩᠬᠠᠷᠤᠯ ᠵᠢᠡᠨ ᠲᠥᠪᠯᠡᠷᠡᠭᠦᠯᠵᠦ᠍᠂ ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ ᠪᠠ ᠦᠨᠳᠦᠰᠦᠲᠡᠨ ᠨᠤᠬᠦᠳ᠎ᠤᠨ ᠤᠬᠠᠮᠰᠠᠷ᠂ ᠳᠤᠮᠳᠠᠳᠤ᠎ᠶ᠋ᠢᠨ ᠰᠣᠶᠣᠯ ᠪᠠ  ᠦᠨᠳᠦᠰᠦᠲᠡᠨ ᠨᠤᠬᠦᠳ᠎ᠤᠨ ᠰᠣᠶᠣᠯ᠂ ᠪᠣᠳᠠᠰ ᠪᠠ ᠣᠶᠤᠨ ᠰᠠᠨᠠᠭᠠᠨ᠎ᠤ《ᠳᠥᠷᠪᠡᠨ ᠬᠠᠷᠢᠴᠠᠭ᠎ᠠ》 ᠎ᠶ᠋ᠢ ᠵᠥᠪ ᠡᠵᠡᠮᠳᠡᠵᠦ᠍᠂ ᠶᠠᠮᠠᠷᠪᠠ ᠴᠠᠭ ᠦᠶ᠎ᠡ᠂ ᠶᠠᠮᠠᠷᠪᠠ ᠪᠠᠢᠳᠠᠯ ᠳᠤᠤᠷ᠎ᠠ ᠴᠢᠭ᠌ᠯᠡᠯ ᠬᠡᠯᠪᠡᠢᠬᠦ᠌ ᠥᠬᠡᠶ᠂ ᠭᠤᠤᠯᠳᠠᠯᠭ᠎ᠠ᠎ᠪᠠᠨ ᠱᠢᠯᠵᠢᠭᠦᠯᠬᠦ᠌ ᠥᠬᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠡᠷᠬᠡᠪᠰᠢ《ᠬᠣᠶᠠᠷ ᠬᠠᠯᠬᠠᠪᠴᠢ》《ᠬᠣᠶᠠᠷ ᠰᠠᠭᠤᠷᠢᠨ》《 ᠨᠢᠭᠡ ᠪᠡᠬᠢᠯᠡᠯᠲᠡ》ᠵᠢ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶᠢᠨ ᠲᠤᠭᠤᠷᠢᠨ᠎ᠳᠤ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠣᠳᠣᠬᠢᠴᠢᠯᠠᠯᠲᠠ᠎ᠶ᠋ᠢ ᠴᠢᠷᠮᠠᠢᠨ ᠠᠬᠢᠭᠤᠯᠬᠤ ᠬᠡᠷᠡᠭ᠌ᠲᠡᠶ᠃ ᠡᠷᠬᠡᠪᠰᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》 ᠢ᠋ ᠭᠦᠨᠵᠡᠭᠡᠶ ᠲᠤᠭᠤᠱᠢᠯᠠᠭᠤᠯᠵᠤ᠂ ᠪᠥᠬᠥ᠌ ᠠᠢᠮᠠᠭ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ ᠪᠣᠯᠪᠠᠰᠤᠷᠠᠯ᠎ᠤᠨ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠴᠤᠬᠴᠠᠯᠠᠯᠲᠠ᠎ᠶᠢᠨ ᠠᠵᠢᠯᠯᠠᠭ᠎ᠠ᠎ᠶ᠋ᠢ ᠦᠷᠭᠦᠯᠵᠢᠯᠡᠨ ᠰᠠᠢᠲᠤᠷ ᠠᠳᠭᠤᠵᠤ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠭ᠌ᠰᠡᠨ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭ᠌ᠰᠢᠯᠡᠭᠦᠯᠵᠦ᠍᠂《ᠭᠤᠷᠪᠠᠨ ᠰᠠᠯᠵᠤ ᠴᠢᠳᠠᠬᠤ ᠥᠬᠡᠶ》《ᠲᠠᠪᠤᠨ ᠬᠠᠮᠲᠤ᠎ᠶ᠋ᠢᠨ ᠲᠠᠨᠢᠯᠲᠠ》᠎ᠶ᠋ᠢᠨ ᠣᠢᠯᠠᠭᠠᠭ᠍ᠳᠠᠬᠤᠨ᠎ᠢ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠲᠠᠷᠢᠬᠢᠨ᠎ᠳᠤ ᠭᠦᠨ ᠬᠠᠳᠠᠩᠱᠢᠭᠤᠯᠬᠤ ᠬᠡᠷᠡᠭ᠌ᠲᠡᠶ᠃ ᠡᠷᠬᠡᠪᠰᠢ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠦ ᠬᠦᠷᠢᠶᠡᠨ᠎ᠳᠡᠬᠢ ᠠᠶᠤᠯ ᠲᠦᠭ᠌ᠰᠢᠭᠦᠷᠢ ᠬᠡᠮ ᠰᠣᠭᠣᠭ᠎ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠪᠣᠳᠠᠲᠤ ᠦᠷ᠎ᠡ ᠪᠦᠲᠦᠮᠵᠢ᠎ᠪᠡᠷ᠎ᠢᠶᠡᠨ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》ᠤ᠋ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ ᠬᠡᠷᠡᠭ᠌ᠲᠡᠶ᠃

ᠭᠤᠷᠪᠠ᠎ᠳᠤ᠂ ᠦᠨᠳᠦᠰᠦᠲᠡᠨ ᠎ᠦ ᠎ᠠᠵᠢᠯ ᠎ᠳᠠᠬᠢ ᠎ᠨᠠᠮ ᠎ᠤᠨ ᠎ᠤᠳᠤᠷᠢᠳᠤᠯᠭ᠎ᠠ᠎ᠶ᠋ᠢ ᠦᠷᠭᠦᠯᠵᠢᠯᠡᠨ ᠴᠢᠩᠭᠠᠳᠭᠠᠬᠤ ᠲᠠᠯ᠎ᠠ᠎ᠪᠠᠷ ᠠᠩᠬᠠᠷᠤᠯ᠎ᠵᠢᠡᠨ ᠲᠦᠪᠯᠡᠷᠡᠬᠦᠯᠵᠤ ᠬᠦᠴᠦᠨ᠎ᠢᠶᠡᠨ ᠨᠢᠬᠳᠠᠷᠠᠭᠤᠯᠤᠨ᠎ᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠡᠷᠬᠡᠪᠰᠢ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂《ᠤᠯᠤᠰ᠎ᠤᠨ ᠶᠡᠬᠡ ᠶᠠᠪᠤᠳᠠᠯ》ᠢ᠋ ᠪᠠᠲᠤ ᠴᠡᠭᠡᠵᠢᠯᠡᠵᠦ᠍᠂ ᠨᠠᠮ᠎ᠤᠨ ᠦᠨᠳᠦᠰᠦᠲᠡᠨ᠎ᠦ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠤᠯᠠᠮ ᠴᠢᠨᠠᠭ᠍ᠰᠢᠳᠠ ᠴᠢᠩᠭᠠᠳᠭᠠᠨ ᠲᠡᠭᠦᠯᠳᠡᠷᠵᠢᠭᠦᠯᠵᠦ᠍᠂ ᠨᠠᠮ᠎ᠤᠨ ᠬᠣᠷᠢᠶ᠎ᠠ ᠨᠢᠭᠡᠳᠦᠯᠲᠡᠢ ᠤᠳᠤᠷᠢᠳᠤᠭ᠍ᠰᠠᠨ᠂ ᠵᠠᠰᠠᠭ᠎ᠤᠨ ᠣᠷᠳᠣᠨ ᠬᠠᠤᠯᠢ ᠶᠣᠰᠣᠭᠠᠷ ᠬᠠᠮᠢᠶᠠᠷᠤᠭ᠍ᠰᠠᠨ᠂ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠤᠭ᠍ᠰᠠᠨ᠂ ᠦᠨᠳᠦᠰᠦᠲᠡᠨ᠎ᠦ ᠠᠵᠢᠯ᠎ᠤᠨ ᠰᠠᠯᠠᠭ᠎ᠠ ᠮᠥᠴᠢᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ᠂ ᠡᠯ᠎ᠡ ᠰᠠᠯᠠᠭ᠎ᠠ ᠮᠥᠴᠢᠷ ᠬᠦᠴᠦ᠍᠎ᠪᠡᠨ ᠬᠠᠮᠲᠤᠳᠭᠠᠨ ᠬᠠᠮᠵᠢᠯᠴᠠᠭ᠍ᠰᠠᠨ᠂ ᠪᠦᠬᠦ᠌ ᠨᠡᠢᠭᠡᠮ᠎ᠢᠶᠡᠷ᠎ᠢᠶᠡᠨ ᠬᠠᠮᠲᠤ᠎ᠪᠠᠷ ᠣᠷᠣᠯᠴᠠᠭ᠍ᠰᠠᠨ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠪᠠᠢᠷᠢᠱᠢᠯ᠎ᠢ ᠬᠦᠴᠦᠯᠡᠨ ᠪᠠᠢᠭᠤᠯᠬᠤ ᠬᠡᠷᠡᠭ᠌ᠲᠡᠢ᠃ ᠡᠷᠬᠡᠪᠰᠢ ᠤᠯᠤᠰ ᠲᠦᠷᠦ᠍᠎ᠶ᠋ᠢᠨ ᠲᠠᠯ᠎ᠠ ᠡᠴᠡ ᠪᠤᠳᠤᠯᠬᠢᠯᠠᠵᠤ᠂ ᠤᠯᠤᠰ ᠲᠦᠷᠦ᠍᠎ᠶ᠋ᠢᠨ ᠲᠠᠯ᠎ᠠ ᠡᠴᠡ ᠭᠠᠷᠳᠠᠨ ᠬᠢᠬᠦ ᠵᠢ ᠪᠠᠷᠢᠮᠲᠠᠯᠠᠵᠤ᠂ ᠦᠨᠳᠦᠰᠦᠲᠡᠨ᠎ᠦ ᠠᠵᠢᠯ᠎ᠢ ᠨᠠᠮ᠎ᠤᠨ ᠬᠣᠷᠢᠶᠠᠨ᠎ᠤ ᠬᠡᠷᠡᠭ ᠵᠥᠪᠯᠡᠬᠦ᠌᠂ ᠪᠣᠳᠠᠲᠤ ᠠᠵᠢᠯ᠎ᠤᠨ ᠬᠢᠷᠢ ᠪᠦᠲᠦᠮᠵᠢ᠎ᠶ᠋ᠢ ᠬᠢᠨᠠᠨ ᠱᠢᠯᠭᠠᠬᠤ᠂ ᠺᠠᠳ᠋ᠷ᠎ᠢ ᠬᠥᠮᠦᠵᠢᠭᠦᠯᠬᠦ᠌᠂ ᠤᠯᠤᠰ ᠲᠦᠷᠦ᠍᠎ᠶ᠋ᠢᠨ ᠬᠢᠨᠠᠯᠲᠠ ᠲᠠᠯᠪᠢᠬᠤ ᠴᠢᠬᠤᠯᠠ ᠠᠭᠤᠯᠭ᠎ᠠ᠎ᠳᠤ ᠣᠷᠣᠭᠤᠯᠵᠤ᠂ ᠳᠦᠷᠢᠮ᠎ᠦᠨ ᠱᠢᠰᠲ᠋ᠧᠮ ᠪᠠ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠲᠡᠷᠡ ᠶᠣᠰᠣᠭᠠᠷ ᠨᠢ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠡᠷᠬᠡᠪᠰᠢ ᠤᠯᠤᠰ ᠲᠦᠷᠦ᠍᠎ᠶ᠋ᠢᠨ ᠪᠠᠷᠢᠮᠵᠢᠶ᠎ᠠ᠎ᠶ᠋ᠢ ᠲᠤᠪᠤᠢ᠌ᠯᠭᠠᠵᠤ᠂ ᠬᠥᠮᠦᠨ ᠬᠡᠷᠡᠭ᠌ᠯᠡᠬᠦ᠌ ᠭᠤᠭᠴᠤᠭ᠎ᠠ᠎ᠶ᠋ᠢ ᠰᠠᠢᠲᠤᠷ ᠡᠵᠡᠮᠳᠡᠵᠤ᠂ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠬᠠᠮᠠᠭᠠᠯᠠᠬᠤ ᠣᠪᠣᠷ ᠣᠨᠴᠠᠭᠠᠢ ᠡᠷᠡᠰ ᠪᠠᠲᠤ᠂ ᠵᠥᠪ ᠪᠤᠷᠤᠭᠤ᠎ᠶ᠋ᠢ ᠲᠣᠳᠣᠷᠬᠠᠢ ᠢᠯᠭᠠᠬᠤ ᠵᠣᠭ᠍ᠰᠣᠯᠲᠠ ᠣᠨᠴᠠᠭᠠᠢ ᠰᠡᠷᠭᠡᠭ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯᠯᠠᠭ᠎ᠠ ᠣᠨᠴᠠᠭᠠᠢ ᠡᠷᠡᠰ ᠪᠠᠲᠤ᠂ ᠦᠨᠳᠦᠰᠦᠲᠡᠨ᠎ᠨᠦᠭᠦᠳ᠎ᠢ ᠬᠠᠢᠷᠠᠯᠠᠬᠤ ᠰᠡᠳᠭᠢᠯᠭᠡ ᠣᠨᠴᠠᠭᠠᠢ ᠴᠢᠩ ᠦᠨᠡᠨᠴᠢ ᠺᠠᠳ᠋ᠷ᠎ᠤᠨ ᠡᠩᠨᠡᠭᠡ᠎ᠶ᠋ᠢ ᠪᠦᠬᠦ᠌ ᠬᠦᠴᠦᠨ᠎ᠢᠶᠡᠷ᠎ᠢᠶᠡᠨ ᠪᠠᠢᠭᠤᠯᠬᠤ ᠬᠡᠷᠡᠭ᠌ᠲᠡᠢ᠃ ᠡᠷᠬᠡᠪᠰᠢ ᠭᠤᠤᠯᠳᠠᠯᠭ᠎ᠠ᠎ᠪᠠᠨ ᠦᠨᠳᠦᠰᠦᠨ ᠱᠠᠲᠤᠨ᠎ᠳᠤ ᠱᠢᠯᠵᠢᠭᠦᠯᠦᠨ᠂ ᠰᠠᠭᠤᠷᠢ ᠵᠢ ᠪᠡᠬᠢᠵᠢᠭᠦᠯᠬᠦ ᠵᠢ ᠪᠠᠷᠢᠮᠲᠠᠯᠠᠵᠤ᠂ ᠦᠨᠳᠦᠰᠦᠲᠡᠨ᠎ᠦ ᠠᠵᠢᠯ᠎ᠤᠨ ᠪᠠᠲᠤᠯᠠᠭ᠎ᠠ᠎ᠶ᠋ᠢᠨ ᠨᠥᠬᠥᠴᠡᠯ᠎ᠢ ᠤᠯᠠᠮ ᠴᠢᠨᠠᠬᠰᠢᠲᠠ ᠰᠠᠢᠵᠢᠷᠠᠭᠤᠯᠤᠨ᠂ ᠪᠥᠬᠥ᠌ ᠠᠢᠮᠠᠭ᠎ᠤᠨ ᠪᠣᠶ ᠪᠥᠬᠥᠶ ᠰᠤᠮᠤ ᠱᠢᠶᠠᠩ ᠪᠠᠯᠭᠠᠰᠤ ᠵᠡᠭᠡᠯᠢ ᠭᠤᠳᠤᠮᠵᠢ᠎ᠳᠤ ᠲᠤᠰᠬᠠᠢ ᠲᠤᠰᠢᠶᠠᠯᠲᠤ ᠨᠢᠭᠡᠳᠦᠮᠡᠯ ᠹᠷᠣᠨᠲ᠎ᠤᠨ ᠭᠡᠱᠢᠭᠦᠨ ᠲᠠᠢ ᠪᠠᠢᠬᠤ ᠵᠢ ᠪᠡᠶᠡᠯᠡᠭᠦᠯᠵᠦ᠂ ᠦᠨᠳᠦᠰᠦᠨ ᠱᠠᠲᠤᠨ᠎ᠤ ᠦᠨᠳᠦᠰᠦᠲᠡᠨ᠎ᠦ ᠠᠵᠢᠯ᠎ᠢ ᠥᠨᠳᠥᠷ ᠪᠦᠲᠦᠮᠵᠢᠲᠡᠶ ᠥᠷᠨᠢᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠡᠷᠬᠡᠪᠰᠢ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ ᠎ᠶ᠋ᠢ ᠎ᠴᠢᠩᠭᠠᠳᠭᠠᠵᠤ᠂ ᠦᠨᠳᠦᠰᠦᠨ ᠎ᠱᠠᠲᠤᠨ ᠎ᠤ ᠎ᠨᠠᠮ ᠎ᠤᠨ ᠎ᠵᠣᠬᠢᠶᠠᠨ ᠪᠠᠢᠭᠤᠯᠤᠯᠲᠠ᠎ᠶ᠋ᠢᠨ ᠤᠯᠤᠰ ᠲᠥᠷᠥ᠎ᠶ᠋ᠢᠨ ᠴᠢᠳᠠᠮᠵᠢ ᠪᠣᠯᠤᠨ ᠵᠣᠬᠢᠶᠠᠨ ᠪᠠᠢᠭᠤᠯᠬᠤ ᠬᠦᠴᠦᠨ᠎ᠢ ᠬᠦᠴᠦᠯᠡᠨ ᠳᠡᠭᠡᠭ᠌ᠰᠢᠯᠡᠭᠦᠯᠵᠦ᠍᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ᠂ ᠣᠯᠠᠨ ᠲᠦᠮᠡᠨ᠎ᠢ ᠳᠠᠢᠴᠢᠯᠠᠨ ᠴᠢᠨᠡᠭᠡᠯᠢᠵᠢᠭᠦᠯᠬᠦ᠂ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠮᠠᠭᠠᠯᠠᠬᠤ ᠪᠠᠲᠤ ᠴᠢᠩᠭ᠎ᠠ ᠳᠠᠢᠴᠢᠨ ᠪᠡᠬᠢᠯᠡᠯᠲᠡ ᠪᠣᠯᠭᠠᠨ ᠪᠠᠢᠭᠤᠯᠬᠤ᠎ᠪᠠᠷ ᠴᠢᠷᠮᠠᠢᠬᠤ ᠬᠡᠷᠡᠭ᠌ᠲᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号