ᠶᠤᠸᠠᠨ ᠪᠦᠦ ᠱᠠᠨ ᠪ ᠠᠵᠤ ᠦᠢᠯᠡᠰ᠎ᠠᠮᠢᠵᠢᠷᠠᠯ᠎ᠤᠨ ᠬᠦᠴᠦᠨ ᠵᠢᠡᠷ᠎ᠪᠢᠯᠬᠠᠮ᠎ᠠ
2021-11-07 10:55:14
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠶᠤᠸᠠᠨ ᠪᠦᠦ ᠱᠠᠨ ᠲᠣᠭᠣᠷᠢᠭ᠎ᠤᠨ ᠬᠠᠷᠢᠶᠠᠨ ᠳᠣᠲᠣᠷ᠎ᠠ ᠪᠠᠢᠷᠢᠯᠠᠵᠤ ᠪᠠᠢᠭ᠎ᠠ ᠤᠯᠠᠭᠠᠨᠬᠠᠳᠠ ᠬᠤᠳᠠ᠎ᠶ᠋ᠢᠨ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠨᠡᠭᠡᠭᠡᠨ ᠬᠥᠭ᠌ᠵᠢᠭᠦᠯᠬᠦ᠌ ᠲᠤᠷᠱᠢᠯᠲᠠ᠎ᠶ᠋ᠢᠨ ᠣᠷᠣᠨ ᠮᠠᠰᠢ ᠤᠯᠠᠨ《ᠪᠡᠶ᠎ᠡ ᠵᠢᠨ ᠦᠨᠠᠮᠯᠠᠯ》 ᠲᠠᠢ᠄ ᠤᠯᠤᠰ᠎ᠤᠨ ᠲᠡᠰ᠎ᠤᠨ ᠤᠯᠠᠨ᠎ᠢᠶᠠᠷ᠎ᠢᠶᠠᠨ ᠦᠢᠯᠡᠰ ᠪᠤᠰᠭᠠᠵᠤ ᠨᠡᠢᠲᠡ᠎ᠪᠡᠷ᠎ᠢᠶᠡᠨ ᠱᠢᠨ᠎ᠡ᠎ᠶ᠋ᠢ ᠡᠭᠦᠳᠬᠦ᠌ ᠣᠷᠣᠨ ᠵᠠᠢ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠭᠠᠳᠠᠭᠠᠳᠤ ᠠᠷᠠᠯᠵᠢᠶᠠᠨ᠎ᠤ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠰᠠᠭᠤᠷᠢᠨ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠳᠡᠭᠡᠳᠦ ᠱᠢᠨ᠎ᠡ ᠤᠨᠴᠠᠯᠢᠬ᠍ᠳᠤ ᠠᠵᠤ ᠦᠢᠯᠡᠰ᠎ᠦᠨ ᠰᠠᠭᠤᠷᠢᠨ ᠁ ᠶᠤᠸᠠᠨ ᠪᠦᠦ ᠱᠠᠨ ᠲᠣᠭᠣᠷᠢᠭ᠎ᠤᠨ ᠬᠡᠯᠪᠡᠷᠢ᠎ᠶ᠋ᠢ ᠬᠤᠪᠢᠷᠠᠭᠤᠯᠤᠨ ᠬᠥᠭ᠌ᠵᠢᠭᠦᠯᠬᠦ᠌ ᠡᠮᠦᠨ᠎ᠡ ᠹᠷᠣᠨᠲ᠎ᠤᠨ ᠵᠢᠭ᠍ᠰᠠᠭᠠᠯ᠎ᠤᠨ ᠭᠠᠵᠠᠷ ᠪᠣᠯᠤᠭ᠍ᠰᠠᠨ᠎ᠤ ᠬᠤᠪᠢ᠎ᠳᠤ᠂ ᠡᠨᠳᠡ ᠶᠠᠭ ᠨᠡᠩ ᠤᠯᠠᠨ《ᠵᠢᠵᠢᠭ ᠰᠣᠳᠣᠨ》ᠠᠵᠤ ᠠᠬᠤᠢᠯᠠᠯ᠎ᠤᠨ ᠨᠤᠲᠤᠭ᠍ᠰᠢᠬᠤ ᠭᠠᠵᠠᠷ ᠪᠤᠯᠵᠤ ᠪᠤᠢ᠃

ᠨᠡᠬᠡᠭᠡᠯᠲᠡ ᠵᠢᠨ ᠲᠤᠭᠤᠷᠢᠭ ᠳᠦ᠍ ᠰᠠᠭᠤᠷᠢᠰᠢᠵᠤ ᠪᠠᠢ᠌ᠭ᠎ᠠ ᠤᠯᠠᠭᠠᠨᠬᠠᠳᠠ᠎ᠶ᠋ᠢᠨ ᠹᠦ᠋ ᠯᠠᠶ ᠲᠧ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠵᠢᠯ᠎ᠳᠦ 50 ᠲᠣᠨ ᠨᠡᠢᠯᠡᠮᠡᠯ ᠯᠠᠵᠤᠤ᠎ᠶ᠋ᠢᠨ ᠡᠳ᠋᠎ᠦᠢᠯᠡᠳᠪᠦᠷᠢᠯᠡᠬᠦ᠌ ᠲᠥᠷᠥᠯ ᠵᠦᠶ᠋ᠯ ᠡᠨᠡ ᠵᠢᠯ᠎ᠦᠨ ᠡᠬᠢᠨ᠎ᠳᠦ ᠠᠮᠵᠢᠯᠲᠠ᠎ᠲᠠᠶ᠎ᠪᠠᠷ ᠠᠱᠢᠬ᠍ᠯᠠᠯᠳᠠ᠎ᠳᠤ ᠣᠷᠣᠪᠠ᠃ ᠨᠡᠢᠯᠡᠮᠡᠯ ᠯᠠᠵᠤᠤ᠎ᠶ᠋ᠢᠨ ᠡᠳ᠋᠎ᠦᠨ ᠬᠡᠷᠡᠭ᠌ᠯᠡᠯᠲᠡ ᠪᠣᠯ ᠲᠣᠰ ᠠᠵᠤ ᠠᠬᠤᠢᠯᠠᠯ ᠪᠣᠯᠤᠨ ᠪᠡᠭᠡᠵᠢᠩ᠎ᠦᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠶ᠋ᠢᠨ ᠬᠠᠮᠲᠤᠷᠠᠭ᠍ᠰᠠᠨ ᠰᠤᠳᠤᠯᠭᠠᠨ᠎ᠤ ᠦᠷ᠎ᠡ ᠪᠦᠲᠦᠭᠡᠯ ᠪᠣᠯᠬᠤ ᠪᠥᠭᠡᠳ ᠨᠢᠭᠡᠨᠲᠡ ᠤᠯᠤᠰ᠎ᠤᠨ ᠲᠤᠰᠭᠠᠶ ᠠᠱᠢᠭ᠎ᠤᠨ ᠡᠷᠬᠡ ᠵᠢ ᠣᠯᠤᠭ᠍ᠰᠠᠨ ᠪᠠᠢᠨ᠎ᠠ᠃ ᠡᠢᠮᠦᠷᠬᠦᠤ ᠱᠢᠨ᠎ᠡ ᠮᠠᠶᠢᠭ᠎ᠤᠨ ᠠᠷᠠᠳ᠎ᠤᠨ ᠬᠡᠷᠡᠭ᠌ᠯᠡᠭᠡᠨ᠎ᠦ ᠦᠢᠯᠡᠳᠬᠦᠨ᠎ᠢ ᠣᠩᠭᠣᠴᠠ ᠰᠠᠯ᠎ᠢ ᠱᠢᠷᠳᠡᠬᠤ ᠪᠠ ᠳᠠᠯᠠᠢ ᠲᠠᠩᠭᠢᠰ᠎ᠤᠨ ᠮᠢᠺᠷᠣᠪ᠎ᠤᠨ ᠨᠠᠭᠠᠯᠳᠤᠬᠤ᠎ᠶ᠋ᠢ ᠬᠣᠷᠢᠬ᠍ᠯᠠᠬᠤ ᠵᠢᠴᠢ ᠴᠠᠬᠢᠯᠭᠠᠨ ᠳᠡᠭᠡᠰᠦ᠎ᠪᠡᠷ ᠬᠤᠯᠤᠭᠠᠨ᠎ᠠ ᠰᠡᠷᠭᠡᠢᠯᠡᠬᠦ᠌᠎ᠳᠦ ᠥᠷᠭᠡᠨ᠎ᠢᠶᠡᠷ ᠬᠡᠷᠡᠭ᠌ᠯᠡᠵᠦ᠍ ᠪᠤᠯᠤᠨ᠎ᠠ᠂ ᠲᠡᠷᠡ ᠨᠢ ᠣᠷᠴᠢᠨ ᠠᠬᠤᠢ᠎ᠶ᠋ᠢ ᠬᠠᠮᠠᠭᠠᠯᠠᠬᠤ ᠱᠠᠭᠠᠷᠳᠠᠯᠭ᠎ᠠ ᠲᠠᠢ ᠨᠡᠢ᠌ᠴᠡᠬᠦ᠌ ᠪᠦᠭᠡᠳ ᠤᠯᠠᠨ ᠤᠯᠤᠰ᠎ᠤᠨ ᠳᠠᠯᠠᠢ ᠲᠠᠩᠭᠢᠰ᠎ᠤᠨ ᠨᠡᠢᠲᠡ᠎ᠶ᠋ᠢᠨ ᠭᠡᠷ᠎ᠡ᠎ᠶ᠋ᠢᠨ ᠬᠣᠯᠪᠣᠭ᠍ᠳᠠᠯ ᠪᠦᠬᠦᠢ ᠲᠣᠭ᠍ᠲᠠᠭᠠᠯ᠎ᠳᠤ ᠴᠤ᠌ ᠨᠡᠢᠴᠡᠵᠦ᠍ ᠪᠠᠢᠨ᠎ᠠ᠃

ᠣᠳᠣᠬᠠᠨ᠎ᠳᠤ᠂ ᠤᠯᠠᠭᠠᠨᠬᠠᠳᠠ ᠬᠣᠲᠠ᠎ᠶ᠋ᠢᠨ ᠹᠦ᠋ ᠯᠠᠢ ᠲᠸ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠢᠵᠠᠭᠠᠷᠲᠤ ᠺᠣᠮᠫᠠᠨᠢ ᠱᠢᠭ᠋ ᠤᠯᠤᠰ᠎ᠤᠨ ᠤᠷᠤᠢ᠌ᠯᠠᠭ᠍ᠰᠠᠨ ᠭᠤᠤᠯᠯᠠᠬᠴᠢ ᠮᠡᠷᠭᠡᠵᠢᠯ᠎ᠢ ᠡᠵᠡᠮᠱᠢᠭ᠌ᠰᠡᠨ 12《ᠵᠢᠵᠢᠭ ᠰᠤᠳᠤᠨ》ᠠᠵᠤ ᠠᠬᠤᠢᠯᠠᠯ ᠤᠯᠠᠭᠠᠨᠬᠠᠳᠠ ᠶ᠋ᠢᠨ ᠡᠬᠢ ᠪᠠᠶᠠᠯᠢᠭ᠎ᠤᠨ ᠬᠡᠯᠪᠡᠷᠢ᠎ᠶ᠋ᠢᠨ ᠬᠣᠲᠠ᠎ᠶ᠋ᠢᠨ ᠠᠵᠤ ᠠᠬᠤᠶ᠎ᠶ᠋ᠢᠨ ᠬᠡᠯᠪᠡᠷᠢ᠎ᠵᠢ ᠬᠤᠪᠢᠷᠠᠭᠤᠯᠤᠨ ᠨᠡᠭᠡᠭᠡᠨ ᠬᠥᠭ᠌ᠵᠢᠭᠦᠯᠬᠦ᠌ ᠲᠤᠷᠱᠢᠯᠲᠠ᠎ᠶ᠋ᠢᠨ ᠣᠷᠣᠨ᠎ᠳᠤ ᠨᠢᠭᠡᠨᠲᠡ ᠰᠠᠭᠤᠷᠢᠱᠢᠵᠤ᠂ ᠦᠶ᠋ᠯᠡᠳᠬᠦᠨ᠎ᠦ ᠥᠷᠲᠡᠭ᠎ᠦᠨ ᠡᠵᠡᠯᠡᠬᠦ᠌ ᠬᠠᠷᠢᠴᠠᠯ ᠨᠢ 86% ᠳ᠋ᠤ᠎ᠬᠦᠷᠴᠦ᠍᠎ᠪᠤᠢ᠃ ᠨᠡᠭᠡᠭᠡᠯᠲᠡ᠎ᠶ᠋ᠢᠨ ᠲᠣᠭᠣᠷᠢᠭ᠎ᠤᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ 790.8 ᠳ᠋ᠦᠩᠱᠢᠭᠤᠷ ᠲᠥᠭᠥᠷᠢᠭ᠎ᠦᠨ ᠦᠢᠯᠡᠳᠬᠦᠨ᠎ᠦ ᠥᠷᠲᠡᠭ᠎ᠢ ᠪᠡᠶᠡᠯᠡᠭᠦᠯᠵᠦ᠍᠂ ᠡᠭᠦᠨ ᠳ᠋ᠤ ᠡᠨᠧᠷᠭᠢ᠎ᠶ᠋ᠢᠨ ᠠᠵᠤ ᠦᠢᠯᠡᠰ᠎ᠦᠨ ᠦᠢᠯᠡᠳᠬᠦᠨ᠎ᠦ ᠥᠷᠲᠡᠭ᠎ᠦᠨ ᠡᠵᠡᠯᠡᠬᠦ᠌ ᠬᠠᠷᠢᠴᠠᠯ ᠨᠢ ᠪᠠᠭᠤᠷᠠᠭᠠᠳ 29.2% ᠪᠣᠯᠵᠠᠢ᠃ ᠨᠡᠭᠡᠭᠡᠯᠲᠡ᠎ᠶ᠋ᠢᠨ ᠲᠣᠭᠣᠷᠢᠭ ᠨᠢ ᠨᠢᠭᠡᠨᠲᠡ ᠶᠤᠸᠠᠨ ᠪᠦᠦ ᠱᠠᠨ ᠲᠣᠭᠣᠷᠢᠭ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠭᠣᠣᠯ ᠲᠠᠪᠴᠠᠩ ᠪᠣᠯᠤᠭ᠍ᠰᠠᠨ ᠪᠠᠢᠨ᠎ᠠ᠃

《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠂ ᠶᠤᠸᠠᠨ ᠪᠦᠦ ᠱᠠᠨ ᠲᠣᠭᠣᠷᠢᠭ ᠴᠢᠨᠠᠷ ᠰᠠᠢᠲᠠᠢ ᠬᠥᠭ᠌ᠵᠢᠯᠲᠡ᠎ᠶ᠋ᠢᠨ ᠭᠣᠣᠯ ᠱᠢᠵᠢᠮ᠎ᠢ ᠴᠢᠩᠭ᠎ᠠ ᠡᠵᠡᠮᠳᠡᠵᠦ᠍᠂ ᠠᠵᠤ ᠦᠢᠯᠡᠰ᠎ᠦᠨ ᠪᠦᠲᠦᠴᠡ᠎ᠳᠦ ᠲᠤᠬᠢᠷᠠᠭᠤᠯᠤᠯᠳᠠ ᠬᠢᠵᠦ᠍᠂ ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠤᠨ᠂ ᠭᠤᠷᠪᠠᠨ ᠠᠵᠤ ᠦᠢᠯᠡᠰ᠎ᠦᠨ ᠶᠠᠰᠤ ᠴᠢᠨᠠᠷ ᠦᠷ᠎ᠡ ᠠᠱᠢᠭ ᠵᠡᠷᠭᠡ᠎ᠪᠡᠷ ᠨᠡᠮᠡᠭ᠌ᠳᠡᠪᠡ᠃

ᠶᠤᠸᠠᠨ ᠪᠦᠦ ᠱᠠᠨ᠎ᠤ ᠣᠯᠠᠨ ᠤᠯᠤᠰ᠎ᠤᠨ ᠱᠢᠯᠢᠳᠡᠭ ᠡᠭᠦᠯᠳᠡᠷ᠎ᠤᠨ ᠴᠢᠬᠢ  ᠪᠤᠢ᠌ᠵᠢᠭᠤᠯᠬᠤ ᠣᠨᠴᠠᠯᠢᠭ᠍ᠲᠤ ᠵᠢᠵᠢᠭ ᠪᠠᠯᠭᠠᠰᠤᠨ᠎ᠤ ᠲᠠᠷᠢᠶᠠᠯᠠᠩ᠎ᠤᠨ ᠴᠤᠭ᠍ᠯᠠᠭᠠᠨ ᠨᠠᠢ᠌ᠷ᠎ᠤᠨ ᠲᠤᠬᠠᠢ ᠵᠢᠨ ᠲᠠᠯᠠᠪᠠᠢ ᠳ᠋ᠤ ᠬᠦᠷᠬᠦ᠌ ᠳ᠋ᠤ ᠬᠤᠸᠠᠷ ᠴᠡᠴᠡᠭ ᠮᠢᠷᠠᠯᠵᠠᠨ ᠳᠡᠯᠭᠡᠷᠡᠵᠦ᠍᠂ ᠤᠯᠠᠭᠠᠨ ᠨᠤᠭᠤᠭᠠᠨ ᠥᠩᠭᠡ ᠢᠯᠭᠠᠷᠠᠨ᠂ ᠬᠠᠴᠢᠨ ᠰᠤᠨᠢᠨ ᠬᠡᠯᠪᠡᠷᠢ ᠳᠦᠷᠰᠦ ᠲᠠᠢ ᠭᠤᠸᠠ ᠵᠢᠮᠢᠰ ᠢᠳᠡᠱᠢᠨ ᠨᠣᠭᠣᠭ᠎ᠠ᠎ᠬᠠᠷᠠᠭ᠎ᠠ ᠵᠢ ᠪᠠᠶᠠᠰᠭᠠᠨ᠎ᠠ᠃ ᠡᠨᠳᠡ᠂ ᠵᠢᠭᠤᠯᠴᠢᠯᠠᠭ᠍ᠴᠢᠳ ᠳᠡᠭᠡᠳᠦ ᠱᠢᠨ᠎ᠡ ᠮᠡᠷᠭᠡᠵᠢᠯ᠎ᠦᠨ ᠣᠳᠣᠬᠢᠴᠢᠯᠠᠭ᠍ᠰᠠᠨ ᠲᠠᠷᠢᠶᠠᠯᠠᠩ᠎ᠢ ᠤᠢ᠍ᠢᠯᠠᠭᠠᠵᠤ ᠪᠤᠯᠤᠨ᠎ᠠ᠂ ᠲᠠᠷᠢᠮᠠᠯ᠎ᠤᠨ ᠤᠷᠭᠤᠯᠲᠠ᠎ᠶ᠋ᠢ ᠠᠵᠢᠬ᠍ᠯᠠᠵᠤ ᠪᠣᠯᠤᠨ᠎ᠠ᠂ ᠬᠤᠳᠠᠯᠳᠤᠭᠠᠴᠢᠨ ᠴᠤ᠌ ᠲᠤᠬᠠᠶ᠎ᠶ᠋ᠢᠨ ᠲᠠᠯᠠᠪᠤᠷ᠎ᠲᠤ ᠴᠢᠬᠢ ᠵᠠᠬᠢᠶᠠᠯᠠᠵᠤ ᠪᠣᠯᠤᠨ᠎ᠠ᠃ ᠣᠳᠣᠬᠠᠨ ᠪᠣᠯᠲᠠᠯ᠎ᠠ᠂ ᠵᠢᠵᠢᠭ ᠪᠠᠯᠭᠠᠰᠤ ᠨᠢᠭᠡᠨᠲᠡ ᠳᠥᠷᠪᠡᠨ ᠬᠤᠭᠤᠴᠠᠭᠠᠨ᠎ᠤ᠎ᠲᠠᠷᠢᠶᠠᠯᠠᠩ᠎ᠤᠨ᠎ᠴᠤᠬᠯᠠᠭᠠᠨ᠎ᠢ᠎ᠠᠮᠵᠢᠯᠲᠠ᠎ᠲᠠᠶ ᠡᠷᠭᠢᠯᠡᠵᠦ᠍᠂ ᠵᠢᠭᠤᠯᠴᠢᠯᠠᠭ᠍ᠴᠢᠳ᠎ᠢ ᠨᠡᠢᠲᠡ 57 ᠲᠦᠮᠡᠨ ᠬᠥᠮᠦᠨ ᠤᠳᠠᠭ᠎ᠠ ᠭᠥᠯᠢᠶᠡᠨ ᠠᠪᠴᠠᠶ᠃ ᠵᠢᠱ᠌ᠢᠯᠲᠡ᠎ᠪᠡᠷ 2023 ᠤᠨ ᠪᠣᠯᠬᠤ᠎ᠳᠤ᠂ ᠵᠢᠵᠢᠭ ᠪᠠᠯᠭᠠᠰᠤᠨ᠎ᠤ ᠵᠢᠯ᠎ᠦᠨ ᠪᠤᠢ᠌ᠵᠢᠭᠤᠯᠬᠤ ᠡᠯ᠎ᠡ ᠲᠥᠷᠥᠯ᠎ᠦᠨ ᠱᠢᠯᠢᠳᠡᠭ ᠡᠭᠦᠯᠳᠡᠷ᠎ᠤᠨ ᠴᠢᠬᠢ 10 ᠳ᠋ᠦᠩᠱᠢᠭᠤᠷ ᠰᠠᠭᠤᠷᠢ ᠬᠦᠷᠴᠦ᠍᠂ ᠡᠵᠡᠩᠨᠡᠯᠲᠡ᠎ᠶ᠋ᠢᠨ ᠶᠡᠷᠦᠩᠬᠡᠶ ᠣᠷᠣᠯᠭ᠎ᠠ 10 ᠳ᠋ᠦᠩᠱᠢᠭᠤᠷ ᠲᠥᠭᠥᠷᠢᠭ᠎ᠲᠦ ᠬᠦᠷᠬᠦ᠌ ᠪᠤᠯᠤᠨ᠎ᠠ᠃

《ᠠᠷᠪᠠᠨ᠎ᠭᠤᠷᠪᠠᠳᠤᠭᠠᠷ ᠲᠠᠪᠤᠨ᠎ᠵᠢᠯ》᠎ᠤ᠋ᠨ᠎ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠶᠤᠸᠠᠨ ᠪᠦᠦ ᠱᠠᠨ ᠲᠣᠭᠣᠷᠢᠭ᠎ᠤᠨ《ᠢᠳᠡᠱᠢᠨ ᠨᠣᠭᠣᠭ᠎ᠠ ᠰᠦ ᠮᠢᠬ᠎ᠠ》ᠵᠢᠨ ᠭᠤᠤᠯᠯᠠᠬ᠍ᠴᠢ ᠠᠵᠤ ᠦᠶ᠋ᠯᠡᠰ ᠱᠢᠪᠲᠤᠯᠤᠯᠲᠠ᠎ᠶ᠋ᠢᠨ ᠴᠢᠨᠠᠷᠲᠠᠶ ᠠᠬᠢᠴᠠ᠎ᠲᠠᠶ ᠪᠣᠯᠵᠣ᠂ 1.5 ᠲᠦᠮᠡᠨ ᠮᠥ᠍ ᠲᠦᠬᠦᠭᠡᠷᠦᠮᠵᠢᠲᠦ ᠲᠠᠷᠢᠶᠠᠯᠠᠩ᠎ᠤᠨ ᠬᠦᠷᠢᠶᠡᠯᠡᠩ ᠲᠣᠭᠣᠷᠢᠭ᠂ 330 ᠲᠡᠵᠢᠭᠡᠨ ᠦᠷᠡᠵᠢᠭᠦᠯᠬᠦ᠌ ᠲᠣᠭᠣᠷᠢᠭ᠂1.95 ᠲᠦᠮᠡᠨ ᠰᠠᠭᠠᠯᠢ᠎ᠶ᠋ᠢᠨ ᠦᠨᠢᠶ᠎ᠡ ᠲᠠᠢ ᠪᠤᠯᠪᠠ᠃ 3 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠣᠢᠵᠢᠭᠤᠯᠵᠤ ᠨᠣᠭᠣᠭᠠᠷᠠᠭᠤᠯᠬᠤ ᠵᠡᠷᠭᠡ 131 ᠲᠥᠷᠥᠯ ᠵᠦᠢᠯ᠎ᠢ ᠬᠡᠷᠡᠭ᠌ᠵᠢᠭᠦᠯᠵᠦ᠍᠂ ᠲᠠᠷᠢᠶᠠᠯᠠᠩ᠎ᠤᠨ ᠰᠠᠭᠤᠷᠢ ᠨᠥᠬᠥᠴᠡᠯ ᠦᠷᠭᠦᠯᠵᠢᠯᠡᠨ ᠰᠠᠢᠵᠢᠷᠠᠵᠤ᠂ ᠲᠠᠷᠢᠶᠠᠯᠠᠩ᠎ᠤᠨ ᠣᠳᠣᠬᠢᠴᠢᠯᠠᠯᠲᠠ ᠵᠢ ᠱᠢᠨ᠎ᠡ ᠳᠡᠭ᠌ᠲᠡᠷ᠎ᠲᠦ ᠭᠠᠷᠭᠠᠪᠠ᠃

2020 ᠣᠨ᠎ᠤ 11 ᠰᠠᠷ᠎ᠠ᠎ᠶ᠋ᠢᠨ16᠎ᠤ ᠡᠳᠦᠷ᠂ ᠲᠢᠶᠠᠨᠵᠢᠨ ᠭᠠᠷᠠᠮ᠎ᠤᠨ ᠪᠦᠯᠦᠭ᠌ᠯᠡᠯ᠎ᠤᠨ ᠤᠯᠠᠭᠠᠨᠬᠠᠳᠠ᠎ᠶ᠋ᠢᠨ ᠤᠰᠤ ᠥᠬᠡᠶ ᠭᠠᠷᠠᠮ᠎ᠤᠨ ᠴᠢᠩᠭᠡᠯᠢᠭ᠎ᠦᠨ ᠵᠢᠱᠢᠶᠠᠨ᠎ᠤ ᠭᠠᠯᠲᠤ ᠲᠡᠷᠭᠡ ᠠᠩᠬ᠎ᠠ ᠤᠳᠠᠭ᠎ᠠ ᠠᠶᠠᠯᠠᠯ ᠵᠢᠡᠨ ᠡᠬᠢᠯᠡᠭᠦᠯᠪᠡ᠃ ᠲᠡᠷᠡ ᠨᠢ ᠥᠪᠥᠷ ᠮᠣᠩᠭᠣᠯ᠎ᠤᠨ ᠢ ᠫᠢᠨ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠡᠳ᠋ ᠪᠠᠷᠠᠭ᠎ᠠ᠎ᠶ᠋ᠢ ᠲᠡᠭᠡᠭᠡᠵᠦ᠍᠂ ᠦᠪᠦᠷ ᠮᠤᠩᠭᠤᠯ᠎ᠤᠨ ᠵᠡᠭᠦᠨ ᠬᠡᠰᠡᠭ᠎ᠤᠨ ᠤᠯᠠᠨ ᠤᠯᠤᠰ᠎ᠤᠨ ᠪᠠᠷᠠᠭᠠᠨ᠎ᠤ ᠭᠦᠢᠯᠭᠡᠭᠡᠨ᠎ᠦ ᠭᠠᠷᠠᠮ᠎ᠠᠴᠠ ᠮᠣᠷᠳᠠᠵᠤ᠂ ᠲᠢᠶᠠᠨᠵᠢᠨ ᠭᠠᠷᠠᠮ᠎ᠢ ᠴᠢᠭ᠌ᠯᠡᠪᠡ᠃ ᠡᠨᠡ ᠨᠢ ᠶᠤᠸᠠᠨ ᠪᠦᠦ ᠱᠠᠨ ᠲᠣᠭᠣᠷᠢᠭ᠎ᠤᠨ ᠲᠠᠯᠠᠢ ᠲᠡᠢᠰᠢ ᠱᠢᠯᠵᠢᠬᠦ᠌ ᠵᠠᠮ ᠨᠡᠪᠲᠡᠷᠡᠭ᠌ᠰᠡᠨ᠎ᠢ ᠬᠠᠷᠠᠭᠤᠯᠵᠤ᠂ ᠡᠬᠡ ᠬᠠᠭᠤᠷᠠᠢ ᠲᠠᠯᠠᠢ ᠲᠠᠩᠭᠢᠰ ᠳᠣᠲᠣᠭᠠᠳᠤ ᠭᠠᠳᠠᠭᠠᠳᠤ ᠬᠣᠯᠪᠣᠭᠠᠯᠠᠨ ᠬᠥᠳᠡᠯᠦᠯᠴᠡᠬᠦ᠌ ᠦᠢᠯᠡᠳᠦᠯ ᠨᠡᠩ ᠲᠤᠪᠤᠢ᠌ᠮ᠎ᠠ ᠪᠤᠯᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠤ ᠬᠠᠮᠤᠭ᠎ᠤᠨ ᠲᠤᠮᠤ ᠤᠯᠠᠨ ᠬᠡᠯᠪᠡᠷᠢ᠎ᠶ᠋ᠢᠨ ᠬᠣᠯᠪᠣᠭᠠᠯᠠᠨ ᠲᠡᠭᠡᠭᠡᠪᠦᠷᠢᠯᠡᠬᠦ᠌ ᠪᠠᠷᠠᠭᠠᠨ᠎ᠤ ᠭᠦᠢᠯᠭᠡᠭᠡᠨ᠎ᠦ ᠬᠦᠢᠰᠦ ᠠᠩᠬ᠎ᠠ ᠠᠯᠬᠤᠮ ᠢᠯᠡᠷᠡᠭ᠌ᠰᠡᠨ᠎ᠢ ᠬᠠᠷᠠᠭᠤᠯᠵᠤ ᠪᠠᠢ᠌ᠨ᠎ᠠ᠃

ᠡᠳ᠋ ᠪᠠᠷᠠᠭᠠᠨ᠎ᠤ ᠭᠦᠶ᠋ᠯᠭᠡᠭᠡᠨ᠎ᠦ ᠠᠵᠤ ᠦᠶ᠋ᠯᠡᠰ᠎ᠦᠨ ᠬᠥᠭ᠌ᠵᠢᠨ ᠪᠤᠵᠠᠭᠠᠢᠷᠠᠯ᠎ᠨᠢ ᠬᠡᠷᠡᠭ᠌ᠯᠡᠭᠡᠨ᠎ᠦ ᠣᠢᠯᠠᠭᠠᠯᠲᠠ᠎ᠶ᠋ᠢᠨ ᠲᠠᠰ ᠳᠡᠪᠱᠢᠬᠦ᠌᠎ᠶ᠋ᠢ ᠳᠠᠢᠴᠢᠯᠠᠪᠠ᠃᠎ᠦᠷᠭᠦᠯᠵᠢᠯᠡᠨ ᠨᠡᠮᠡᠭ᠌ᠳᠡᠵᠦ᠍ ᠪᠠᠢᠭ᠎ᠠ ᠬᠡᠷᠡᠭ᠌ᠯᠡᠭᠡ ᠴᠦ᠍ ᠭᠠᠳᠠᠭᠠᠳᠤ ᠠᠷᠠᠯᠵᠢᠶ᠎ᠠ᠎ᠶ᠋ᠢ ᠬᠥᠭ᠌ᠵᠢᠭᠡᠵᠦ᠍᠂ ᠣᠳᠣᠬᠠᠨ᠎ᠳᠤ᠂ ᠶᠤᠸᠠᠨ ᠪᠦᠦ ᠱᠠᠨ ᠲᠣᠭᠣᠷᠢᠭ᠎ᠤᠨ ᠭᠠᠳᠠᠭᠠᠳᠤ ᠠᠷᠠᠯᠵᠢᠶᠠᠨ᠎ᠤ ᠭᠠᠳᠠᠭᠠᠳᠤ ᠤᠷᠤᠭᠤᠯᠤᠯᠲᠠ ᠭᠠᠷᠭᠠᠯᠲᠠ ᠵᠢᠨ ᠠᠵᠤ ᠠᠬᠤᠢᠯᠠᠯ 73 ᠪᠤᠯᠵᠤ᠂ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠶ ᠬᠡᠮᠵᠢᠶ᠎ᠡ ᠨᠡᠢᠲᠡ18.55 ᠳ᠋ᠦᠩᠱᠢᠭᠤᠷ ᠳ᠋ᠣᠯᠯᠠᠷ᠎ᠢ ᠪᠡᠶᠡᠯᠡᠭᠦᠯᠵᠦ᠍ ᠂ ᠲᠠᠪᠤᠨ ᠵᠢᠯ ᠳᠠᠷᠠᠭᠠᠯᠠᠨ ᠪᠥᠬᠥ᠌ ᠬᠣᠲᠠ᠎ᠶ᠋ᠢᠨ ᠲᠡᠷᠢᠭᠦᠨ ᠪᠠᠢ᠌ᠷᠢ᠎ᠳᠦ ᠣᠷᠣᠪᠠ᠃

ᠠᠮᠢ ᠠᠬᠤᠶ᠎ᠶ᠋ᠢᠨ ᠳᠠᠪᠠᠭᠤᠯᠢᠭ ᠪᠠ ᠣᠷᠣᠨ ᠪᠠᠢᠷᠢ᠎ᠶ᠋ᠢᠨ ᠳᠠᠪᠠᠭᠤᠯᠢᠭ᠎ᠲᠤ ᠲᠦᠱᠢᠭ᠌ᠯᠡᠨ᠂ ᠶᠤᠸᠠᠨ ᠪᠦᠦ ᠱᠠᠨ ᠲᠣᠭᠣᠷᠢᠭ᠎ᠨᠢ ᠰᠣᠶᠣᠯ ᠵᠢᠭᠤᠯᠴᠢᠯᠠᠯ᠂ ᠬᠦᠳᠡᠭᠡ ᠨᠤᠳᠤᠭ᠎ᠤᠨ ᠵᠢᠭᠤᠯᠴᠢᠯᠠᠯ  ᠠᠭᠤᠰᠤᠯᠴᠠᠯ᠎ᠤᠨ ᠲᠣᠭᠣᠷᠢᠨ᠎ᠳᠤ ᠡᠵᠡᠩᠨᠡᠯᠲᠡ᠎ᠶ᠋ᠢᠨ ᠪᠠᠢᠳᠠᠯ᠎ᠤᠨ ᠠᠭᠤᠰᠤᠯᠴᠠᠯ᠂ ᠨᠠᠷᠠᠲᠤ ᠲᠥᠷᠥᠯ ᠲᠡᠮᠳᠡᠭ᠌ᠲᠦ᠍᠎ᠶ᠋ᠢᠨ ᠠᠭᠤᠰᠤᠯᠴᠠᠯ ᠪᠠ ᠦᠶ᠋ᠯᠡᠴᠢᠯᠡᠭᠡᠨ᠎ᠦ ᠠᠭᠤᠰᠤᠯᠴᠠᠯ᠎ᠢ ᠠᠬᠢᠭᠤᠯᠪᠠ᠃ ᠣᠯᠠᠨ ᠤᠯᠤᠰ᠎ᠤᠨ ᠱᠢᠯᠢᠳᠡᠭ ᠡᠭᠦᠯᠳᠡᠷ᠎ᠤᠨ ᠴᠢᠬᠢ ᠪᠤᠢ᠌ᠵᠢᠭᠤᠯᠬᠤ ᠣᠨᠴᠠᠯᠢᠭ᠍ᠲᠤ ᠵᠢᠵᠢᠭ ᠪᠠᠯᠭᠠᠰᠤ᠂ ᠹᠧᠩ ᠱᠦᠶ ᠭᠸᠤ ᠪᠠᠯᠭᠠᠰᠤᠨ᠎ᠤ ᠤᠯᠤᠰ᠎ᠤᠨ ᠲᠠᠰ᠎ᠤᠨ ᠣᠶ ᠱᠢᠭᠤᠶ᠎ᠶ᠋ᠢ ᠪᠡᠶᠡᠴᠢᠯᠡᠨ ᠣᠢᠯᠠᠭᠠᠬᠤ ᠰᠠᠭᠤᠷᠢᠨ᠂ ᠱᠢᠶᠤᠤ ᠦ᠋᠎ᠵᠢᠶᠠ ᠱᠢᠶᠠᠩ᠎ᠤᠨ ᠬᠦᠳᠡᠭᠡ ᠨᠤᠲᠤᠭ᠎ᠤᠨ ᠠᠮᠢᠳᠤᠷᠠᠯ᠎ᠢ ᠪᠡᠶᠡᠴᠢᠯᠡᠨ ᠣᠢᠯᠠᠭᠠᠬᠤ ᠣᠷᠣᠨ ᠵᠡᠷᠭᠡ ᠱᠢᠨ᠎ᠡ ᠬᠡᠯᠪᠡᠷᠢ᠎ᠶ᠋ᠢᠨ ᠵᠢᠭᠤᠯᠴᠢᠯᠠᠯ᠎ᠤᠨ ᠲᠥᠷᠥᠯ ᠵᠦᠶ᠋ᠯ᠎ᠦᠨ ᠥᠷᠨᠢᠯᠲᠡ ᠨᠢ ᠶᠤᠸᠠᠨ ᠪᠦᠦ ᠱᠠᠨ ᠲᠣᠭᠣᠷᠢᠭ᠎ᠤᠨ ᠵᠢᠭᠤᠯᠴᠢᠯᠠᠯ᠎ᠤᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠪᠥᠬᠥ᠌ ᠣᠷᠣᠨ ᠪᠦᠰᠡ᠎ᠶ᠋ᠢᠨ ᠵᠢᠭᠤᠯᠴᠢᠯᠠᠯ᠎ᠳᠤ ᠬᠦᠴᠦᠨ ᠨᠡᠮᠡᠷᠢᠯᠡᠵᠦ᠍ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号