ᠬᠦᠬᠡᠬᠤᠳᠠ ᠵᠠᠮ ᠬᠠᠷᠢᠯᠴᠠᠭᠠᠨ᠎ᠤ ᠬᠠᠤᠯᠢ ᠪᠤᠰᠤ ᠠᠵᠢᠯᠯᠠᠭ᠎ᠠ᠎ᠶ᠋ᠢ ᠴᠡᠭᠴᠡᠯᠡᠨ ᠰᠠᠢᠵᠢᠷᠠᠭᠤᠯᠬᠤ ᠳᠤᠰᠬᠠᠢ ᠠᠵᠢᠯᠯᠠᠭ᠎ᠠ ᠦᠷᠨᠢᠬᠦᠯᠵᠦ ᠪᠤᠢ
2021-11-07 10:48:31
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ 10 ᠰᠠᠷ᠎ᠠ ᠡᠴᠨ  ᠵᠢᠯ᠎ᠦᠨ ᠡᠴᠦᠰ  ᠪᠣᠯᠲᠠᠯ᠎ᠠ  3 ᠰᠠᠷ᠎ᠠ ᠎ᠶ᠋ᠢᠨ ᠬᠤᠭᠤᠴᠠᠭ᠎ᠠ᠎ᠲᠠᠶ  ᠶᠠᠪᠠᠭᠠᠨ ᠬᠥᠮᠦᠨ ᠪᠠ ᠮᠠᠱᠢᠨᠲᠤ ᠪᠤᠰᠤ ᠲᠡᠷᠭᠡᠨ᠎ᠦ ᠵᠢᠯᠤᠭᠤᠴᠢ ᠵᠢᠨ ᠵᠠᠮ ᠬᠠᠷᠢᠯᠴᠠᠭᠠᠨ᠎ᠤ ᠲᠦᠷᠢᠮ ᠳᠤᠬᠳᠠᠭᠠᠯ ᠡᠴᠨ ᠵᠥᠷᠢᠴᠡᠭ᠌ᠰᠡᠨ ᠠᠵᠢᠯᠯᠠᠭ᠎ᠠ᠎ᠶ᠋ᠢ ᠴᠡᠭ᠌ᠴᠡᠯᠡᠨ ᠰᠠᠢᠵᠢᠷᠠᠭᠤᠯᠬᠤ ᠲᠤᠰᠭᠠᠶ  ᠠᠵᠢᠯᠯᠠᠭ᠎ᠠ ᠥᠷᠨᠢᠭᠦᠯᠦᠨ᠎ᠠ᠃

ᠲᠣᠰ ᠠᠵᠢᠯᠯᠠᠭ᠎ᠠ ᠨᠢ ᠭᠤᠤᠯᠳᠠᠭᠤ ᠬᠥᠮᠦᠨ ᠮᠠᠰᠢᠨ ᠲᠡᠷᠭᠡ ᠬᠣᠯᠢᠯᠳᠤᠨ ᠶᠠᠪᠤᠬᠤ᠎ᠪᠠᠷ ᠲᠣᠪᠣᠢᠮ᠎ᠠ ᠪᠠᠢᠭ᠎ᠠ ᠪᠠ ᠶᠠᠪᠠᠭᠠᠨ ᠬᠥᠮᠦᠨ ᠳᠤᠷ᠎ᠠ᠎ᠪᠠᠷ᠎ᠢᠶᠠᠨ ᠵᠠᠮ ᠤᠬᠳᠤᠯᠤᠭᠠᠳ ᠡᠨᠳᠡᠯ ᠣᠯᠠᠨ ᠭᠠᠷᠳᠠᠭ ᠵᠠᠮ᠎ᠤᠨ ᠠᠭᠤᠯᠵᠠᠷ᠂ ᠵᠠᠮ᠎ᠤᠨ ᠬᠡᠰᠡᠭ ᠵᠡᠷᠭᠡ ᠭᠤᠤᠯᠳᠠᠯᠭ᠎ᠠ᠎ᠲᠠᠶ ᠣᠷᠣᠨ ᠪᠦᠰᠡ᠎ᠳᠤ ᠪᠠᠢᠴᠠᠭᠠᠬᠤ ᠴᠡᠭ ᠭᠠᠷᠭᠠᠵᠤ᠂ ᠲᠤᠬᠠᠶ᠎ᠶ᠋ᠢᠨ ᠲᠠᠯᠠᠪᠤᠷ᠎ᠲᠤ ᠪᠠᠢᠴᠠᠭᠠᠨ ᠱᠢᠶ᠋ᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠵᠤ᠂  ᠵᠠᠮ ᠬᠠᠷᠢᠯᠴᠠᠭᠠᠨ᠎ᠤ ᠳᠦᠷᠢᠮ  ᠳᠤᠬᠳᠠᠭᠠᠯ ᠡᠴᠨ  ᠵᠥᠷᠢᠴᠡᠭ᠌ᠰᠡᠨ ᠠᠵᠢᠯᠯᠠᠭ᠎ᠠ᠎ᠳᠤ ᠬᠤᠯᠪᠤᠬᠳᠠᠬᠤ ᠬᠦᠮᠦᠰ᠎ᠢ  ᠰᠤᠷᠭᠠᠨ ᠬᠥᠮᠦᠵᠢᠭᠦᠯᠬᠦ᠌ ᠪᠡᠷ ᠭᠤᠤᠯ ᠪᠣᠯᠭᠠᠵᠤ᠂ ᠱᠢᠢᠳᠭᠡᠨ ᠲᠣᠷᠭᠠᠬᠤ᠎ᠪᠠᠷ ᠬᠠᠪᠰᠤᠷᠤᠮᠵᠢ ᠪᠣᠯᠭᠠᠬᠤ ᠠᠷᠭ᠎ᠠ ᠬᠡᠯᠪᠡᠷᠢ ᠵᠢ ᠪᠠᠷᠢᠮᠲᠠᠯᠠᠨ᠂ ᠵᠠᠮ ᠬᠠᠷᠢᠯᠴᠠᠭᠠᠨ᠎ᠤ ᠬᠠᠤᠯᠢ ᠪᠤᠰᠤ ᠠᠵᠢᠯᠯᠠᠭ᠎ᠠ ᠵᠢ ᠲᠦᠪᠯᠡᠷᠡᠭᠦᠯᠦᠨ ᠴᠡᠭᠴᠡᠯᠡᠨ᠎ᠡ᠃

ᠲᠣᠰ ᠠᠵᠢᠯᠯᠠᠭ᠎ᠠ᠎ᠶ᠋ᠢ ᠥᠷᠨᠢᠭᠦᠯᠦᠭ᠌ᠰᠡᠨ ᠡᠴᠨ ᠣᠲᠣᠬᠠᠨ ᠪᠣᠯᠲᠠᠯ᠎ᠠ᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ ᠶᠠᠪᠠᠭᠠᠨ ᠬᠥᠮᠦᠨ ᠪᠠ ᠮᠠᠱᠢᠨᠲᠤ ᠪᠤᠰᠤ ᠲᠡᠷᠭᠡᠨ᠎ᠦ ᠵᠢᠯᠤᠭᠤᠴᠢ ᠵᠢᠨ ᠵᠠᠮ ᠬᠠᠷᠢᠯᠴᠠᠭᠠᠨ᠎ᠤ ᠬᠠᠤᠯᠢ ᠡᠴᠨ ᠵᠥᠷᠢᠴᠡᠭ᠌ᠰᠡᠨ  ᠠᠵᠢᠯᠯᠠᠭ᠎ᠠ᠎ᠶ᠋ᠢ ᠨᠡᠢᠲᠡ 103 ᠪᠠᠢᠴᠠᠭᠠᠨ ᠱᠢᠶ᠋ᠳᠪᠦᠷᠢᠯᠡᠵᠦ᠍᠂ ᠶᠠᠪᠠᠭᠠᠨ ᠬᠥᠮᠦᠨ ᠪᠠ ᠮᠠᠱᠢᠨᠲᠤ ᠪᠤᠰᠤ ᠲᠡᠷᠭᠡᠨ᠎ᠦ ᠵᠢᠯᠣᠭᠣᠴᠢ᠎ᠶ᠋ᠢ 2 ᠲᠦᠮᠡ ᠭᠠᠷᠤᠶ ᠤᠳᠠᠭ᠎ᠠ ᠰᠤᠷᠭᠠᠨ ᠬᠥᠮᠦᠵᠢᠭᠦᠯᠵᠦ᠍ ᠢᠳᠭᠠᠨ ᠰᠠᠨᠠᠭᠤᠯᠵᠠᠢ᠃

ᠣᠢᠯᠠᠭᠠᠭ᠍ᠰᠠᠨ᠎ᠢᠶᠠᠷ᠂ ᠶᠠᠪᠠᠭᠠᠨ ᠬᠥᠮᠦᠨ᠂ ᠮᠠᠱᠢᠨᠲᠤ ᠪᠤᠰᠤ ᠲᠡᠷᠭᠡ᠎ᠶ᠋ᠢᠨ ᠶᠠᠪᠤᠵᠤ ᠰᠠᠭᠤᠬᠤ᠎ᠳᠤ ᠨᠠᠩ ᠰᠠᠢᠨ ᠲᠥᠬᠥᠮ ᠦᠵᠡᠭᠦᠯᠬᠦ᠌᠎ᠶ᠋ᠢᠨ ᠲᠥᠯᠥᠭᠡ᠂  ᠬᠦᠬᠡᠬᠤᠳᠠ ᠵᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ 25 ᠮᠧᠲ᠋ᠷ᠎ᠡᠴᠡ ᠳᠡᠭᠡᠭ᠌ᠰᠢᠬᠢ ᠶᠠᠪᠠᠭᠠᠨ ᠬᠦᠮᠦᠨ᠎ᠤ ᠵᠠᠮ᠎ᠳᠤ ᠶᠠᠪᠠᠭᠠᠨ ᠬᠥᠮᠦᠨ᠎ᠦ ᠵᠡᠭᠡᠯᠢ ᠭᠡᠲᠦᠯᠬᠦ᠌ ᠠᠮᠤᠷ ᠲᠦᠪᠱᠢᠨ᠎ᠦ ᠤᠷᠤᠨ ᠪᠦᠰᠡ ᠭᠠᠷᠭᠠᠵᠤ᠂ ᠶᠠᠪᠠᠭᠠᠨ ᠬᠥᠮᠦᠨ᠎ᠦ ᠵᠡᠭᠡᠯᠢ ᠭᠡᠲᠦᠯᠬᠦ᠌ ᠠᠮᠤᠷ ᠲᠦᠪᠱᠢᠨ᠎ᠢ ᠪᠠᠲᠤᠯᠠᠨ᠂ ᠨᠢᠭᠡ ᠪᠦᠯᠦᠭ ᠵᠢᠱ᠌ᠢᠶ᠎ᠡ ᠦᠵᠡᠭᠦᠯᠬᠦ᠌ ᠴᠡᠭ᠎ᠢ ᠬᠦᠴᠦᠯᠡᠨ ᠪᠠᠢᠭᠤᠯᠵᠤ ᠂ ᠪᠥᠬᠥ᠌ ᠬᠣᠲᠠ᠎ᠶ᠋ᠢᠨ ᠶᠠᠪᠠᠭᠠᠨ ᠬᠥᠮᠦᠨ᠂ ᠮᠠᠱᠢᠨᠲᠤ ᠪᠤᠰᠤ ᠲᠡᠷᠭᠡ᠎ᠶ᠋ᠢᠨ ᠵᠠᠮ ᠬᠠᠷᠢᠯᠴᠠᠭᠠᠨ᠎ᠤ ᠲᠥᠬᠥᠭᠡᠷᠦᠮᠵᠢ᠎ᠶ᠋ᠢᠨ ᠬᠢᠷᠢ ᠲᠦᠪᠱᠢᠨ᠎ᠦ ᠪᠦᠬᠦᠯᠢ ᠴᠣᠭ᠍ᠴᠠ᠎ᠶ᠋ᠢᠨ ᠳᠡᠭᠡᠭ᠌ᠰᠢᠯᠡᠯᠲᠡ᠎ᠶ᠋ᠢ ᠠᠬᠢᠭᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号