ᠮᠠᠨ᠎ᠤ ᠤᠷᠤᠨ᠎ᠤ ᠪᠠᠷᠠᠭᠠᠨ᠎ᠤ ᠭᠦᠢᠯᠭᠡᠭᠡ ᠵᠢᠨ ᠦᠢᠯᠡᠰ ᠬᠦᠭᠵᠢᠶᠡᠨ ᠲᠠᠢ ᠪᠠᠢᠨ᠎ᠠ
2021-11-07 12:30:50
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ᠎ᠤ ᠬᠦᠭᠵᠢᠭᠦᠯᠦᠯᠳᠡ ᠪᠠ ᠦᠭᠡᠷᠡᠴᠢᠯᠡᠯᠳᠡ ᠵᠢᠨ ᠵᠦᠪᠯᠡᠯ ᠡᠴᠡ ᠤᠢᠯᠠᠭᠠᠭᠰᠠᠨ ᠵᠢᠡᠷ ᠂ 9 ᠰᠠᠷ᠎ᠠ᠎ᠳᠤ ᠮᠠᠨ᠎ᠤ ᠤᠷᠤᠨ᠎ᠤ ᠪᠠᠷᠠᠭᠠᠨ᠎ᠤ ᠭᠦᠢᠯᠭᠡᠭᠡ ᠵᠢᠨ ᠦᠢᠯᠡᠰ᠎ᠤᠨ ᠬᠦᠭᠵᠢᠶᠡᠨᠳᠤ ᠪᠠᠢᠳᠠᠯ᠎ᠤᠨ ᠵᠢᠭᠠᠯᠳᠠ ᠲᠤᠭ᠎ᠠ 55.8% ᠪᠠᠢᠵᠤ᠂ 8 ᠰᠠᠷ᠎ᠠ᠎ᠶᠢᠨ ᠬᠢ ᠡᠴᠡ ᠵᠠᠭᠤᠨ᠎ᠤ ᠬᠠᠷᠢᠴᠠᠯ᠎ᠢᠶᠡᠷ 0.6 ᠬᠤᠪᠢ ᠳᠡᠭᠡᠭᠰᠢᠯᠡᠨ᠂ ᠪᠦᠬᠦ ᠤᠯᠤᠰ᠎ᠤᠨ ᠳᠤᠮᠳᠠᠴᠢ ᠲᠦᠪᠰᠢᠨ ᠡᠴᠡ ᠵᠠᠭᠤᠨ᠎ᠤ ᠬᠠᠷᠢᠴᠠᠯ᠎ᠢᠶᠡᠷ 1.8 ᠬᠤᠪᠢ ᠲᠠᠪᠠᠪᠠ᠃

9 ᠰᠠᠷ᠎ᠠ ᠪᠠ 10 ᠰᠠᠷ᠎ᠠ ᠦᠢᠯᠡᠳᠪᠤᠷᠢᠯᠡᠯ ᠪᠦᠲᠦᠭᠡᠨ ᠪᠠᠢᠭᠤᠯᠤᠯᠳᠠ ᠵᠢᠨ ᠬᠦᠭᠵᠢᠶᠡᠨ ᠲᠠᠢ ᠤᠯᠠᠷᠢᠯ ᠪᠤᠯᠤᠭᠰᠠᠨ ᠳᠡᠭᠡᠷ᠎ᠠ ᠲᠡᠷᠭᠡᠯ ᠰᠠᠷ᠎ᠡ ᠵᠢᠨ ᠪᠠᠶᠠᠷ᠂ ᠤᠯᠤᠰ᠎ᠤᠨ ᠪᠠᠶᠠᠷ ᠪᠤᠯᠬᠤ᠎ᠶᠢ ᠳᠠᠭᠠᠯᠳᠤᠨ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ ᠬᠡᠷᠡᠭᠴᠡᠭᠡ ᠨᠡᠮᠡᠭᠳᠡᠵᠦ᠂ ᠪᠠᠷᠠᠭᠠᠨ᠎ᠤ ᠭᠦᠢᠯᠭᠡᠭᠡ ᠵᠢᠨ ᠬᠡᠷᠡᠭᠴᠡᠭᠡ ᠴᠦ᠍ ᠨᠡᠮᠡᠭᠳᠡᠨ ᠵᠠᠬᠢᠶᠠᠯᠠᠭ᠎ᠠ ᠨᠡᠮᠡᠭᠳᠡᠪᠡ᠃ ᠠᠵᠢᠯ ᠲᠦᠷᠦᠯ᠎ᠤᠨ ᠬᠤᠪᠢ᠎ᠳᠤ᠂ ᠠᠮᠤ ᠪᠤᠳᠠᠭᠠᠨ᠎ᠤ ᠦᠨ᠎ᠠ ᠦᠰᠴᠤ᠂ ᠳᠤᠮᠳᠠ ᠪᠠᠭ᠎ᠠ ᠠᠵᠤ ᠠᠬᠤᠢᠯᠠᠯ᠎ᠤᠨ ᠲᠤᠬᠠᠢᠯᠠᠭᠰᠠᠨ ᠠᠵᠢᠯ ᠵᠤᠬᠢᠬᠤ ᠬᠡᠮᠵᠢᠶ᠎ᠠ ᠪᠡᠷ ᠨᠡᠮᠡᠭᠳᠡᠵᠠᠢ; ᠲᠤᠯᠠᠭᠠᠯᠠᠭ᠎ᠠ ᠬᠠᠩᠭᠠᠵᠤ ᠡᠬᠢᠯᠡᠬᠦ᠎ᠶᠢ ᠳᠠᠭᠠᠯᠳᠤᠨ ᠨᠡᠭᠦᠷᠡᠰᠦ ᠵᠡᠷᠭᠡ ᠪᠦᠭᠡᠮ ᠪᠠᠷᠠᠭᠠᠨ᠎ᠤ ᠭᠦᠢᠯᠭᠡᠭᠡ ᠨᠡᠮᠡᠭᠳᠡᠪᠡ᠃ ᠡᠯ᠎ᠠ ᠲᠦᠷᠦᠯ᠎ᠤᠨ ᠵᠢᠭᠠᠯᠳᠠ ᠲᠤᠭ᠎ᠠ᠎ᠶᠢᠨ ᠬᠤᠪᠢ᠎ᠳᠤ᠂ ᠲᠤᠬᠠᠢᠯᠠᠭᠰᠠᠨ ᠠᠵᠢᠯ᠎ᠤᠨ ᠶᠡᠷᠦᠩᠬᠡᠢ ᠬᠡᠮᠵᠢᠶᠡᠨ᠎ᠤ ᠵᠢᠭᠠᠯᠳᠠ ᠲᠤᠭ᠎ᠠ᠂ ᠰᠢᠨ᠎ᠠ ᠵᠠᠬᠢᠶᠠᠯᠠᠭ᠎ᠠ᠎ᠶᠢᠨ ᠵᠢᠭᠠᠯᠳᠠ ᠲᠤᠭ᠎ᠠ᠂ ᠬᠦᠮᠦᠷᠭᠡᠨ᠎ᠤ ᠬᠠᠳᠠᠭᠠᠯᠠᠮᠵᠢ᠎ᠶᠢᠨ ᠡᠷᠬᠢᠯᠳᠡ ᠵᠢᠨ ᠵᠢᠭᠠᠯᠳᠠ ᠲᠤᠭ᠎ᠠ᠂ ᠪᠡᠯᠡ ᠮᠦᠩᠬᠦ᠎ᠶᠢᠨ᠎ᠡᠷᠬᠢᠯᠳᠡ᠎ᠶᠢᠨ ᠵᠢᠭᠠᠯᠳᠠ ᠲᠤᠭ᠎ᠠ᠂ ᠲᠦᠬᠦᠭᠡᠷᠦᠮᠵᠢ᠎ᠶᠢᠨ ᠠᠰᠢᠡᠡᠯᠠᠮᠵᠢ᠎ᠶᠢᠨ ᠵᠢᠭᠠᠯᠳᠠ ᠲᠤᠭ᠎ᠠ᠂ ᠪᠠᠷᠠᠭᠠᠨ᠎ᠤ ᠭᠦᠢᠯᠭᠡᠭᠡ ᠵᠢᠨ ᠦᠢᠯᠡᠴᠢᠯᠡᠭᠡᠨ᠎ᠤ ᠦᠨ᠎ᠠ ᠬᠠᠩᠰᠢ᠎ᠶᠢᠨ ᠵᠢᠭᠠᠯᠳᠠ ᠲᠤᠭ᠎ᠠ᠂ ᠭᠤᠤᠯ ᠲᠤᠬᠠᠢᠯᠠᠭᠰᠠᠨ ᠠᠵᠢᠯ᠎ᠤᠨ ᠠᠰᠢᠭ ᠤᠯᠵᠠᠪᠤᠷᠢ᠎ᠶᠢᠨ ᠵᠢᠭᠠᠯᠳᠠ ᠲᠤᠭ᠎ᠠ᠂ ᠭᠤᠤᠯ ᠲᠤᠬᠠᠢᠯᠠᠭᠰᠠᠨ ᠠᠵᠢᠯ᠎ᠤᠨ ᠦᠪᠡᠷ᠎ᠤᠨ ᠦᠷᠳᠡᠭ᠎ᠤᠨ ᠵᠢᠭᠠᠯᠳᠠ ᠲᠤᠭ᠎ᠠ᠂ ᠲᠤᠬᠠᠢᠯᠠᠭᠰᠠᠨ ᠠᠵᠢᠯ᠎ᠤᠨ ᠠᠵᠢᠯᠯᠠᠭᠠᠨ᠎ᠤ ᠵᠢᠱ᠌ᠢᠭᠰᠡᠨ ᠵᠢᠭᠠᠯᠳᠠ ᠲᠤᠭ᠎ᠠ ᠴᠦᠮ ᠵᠤᠬᠢᠬᠤ ᠬᠡᠮᠵᠢᠶ᠎ᠠ ᠪᠡᠷ ᠨᠡᠮᠡᠭᠳᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号