ᠶᠡᠷᠦᠩᠬᠡᠢ ᠪᠡᠯᠡ ᠣᠷᠣᠭᠤᠯᠤᠯᠲᠠ ᠨᠢ 1.3 ᠳ᠋ᠦᠩᠱᠢᠭᠤᠷ ᠲᠥᠭᠥᠷᠢᠭ᠎ᠤᠨ ᠡᠮ᠎ᠥᠢᠯᠡᠳᠬᠥ᠌ ᠠᠵᠤ ᠠᠬᠤᠢ᠌ᠯᠠᠯ ᠺᠠᠢᠯᠦ᠍᠎ᠳᠦ ᠨᠤᠲᠤᠭ᠍ᠰᠢᠯ᠎ᠠ
2021-11-07 10:49:29
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ15 ᠎ᠪ ᠡᠳᠦᠷ᠂ ᠺᠠᠢᠯᠦ᠍ ᠱᠢᠶᠠᠨ ᠪᠣᠯᠤᠨ ᠵᠧᠩᠵᠧᠤ᠎ᠶ᠋ᠢᠨ ᠮᠢᠨ ᠵᠥᠩ ᠡᠮ ᠦᠶ᠋ᠯᠡᠳᠬᠦ᠌ ᠬᠢᠵᠠᠭᠠᠷᠲᠤ ᠺᠣᠮᠫᠠᠨᠢ᠎ᠶ᠋ᠢᠨ ᠷᠢᠹᠠᠮᠢᠼᠢᠨ᠎ᠤ ᠠᠮᠢᠳᠤ ᠪᠣᠳᠠᠰ᠎ᠤᠨ ᠢᠰᠭᠡᠯᠲᠡ᠎ᠶ᠋ᠢᠨ ᠱᠢᠷᠢᠰ ᠦᠶ᠋ᠯᠡᠳᠬᠦᠨ᠎ᠦ ᠲᠥᠷᠥᠯ ᠵᠦᠶ᠋ᠯ᠎ᠦᠨ ᠭᠡᠷ᠎ᠡ ᠲᠣᠭ᠍ᠲᠠᠬᠤ ᠶᠣᠰᠣᠯᠠᠯ ᠵᠸᠩᠵᠸᠦ᠍᠎ᠳᠦ ᠶᠠᠪᠤᠭ᠍ᠳᠠᠪᠠ᠃ ᠲᠤᠰ ᠲᠥᠷᠥᠯ ᠵᠦᠶ᠋ᠯ᠎ᠳᠦ ᠨᠡᠢᠲᠡ 1.3 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ ᠵᠢᠯ᠎ᠳᠦ 200 ᠲᠣᠨ ᠷᠢᠹᠠᠮᠢᠼᠢᠨ᠂ 100 ᠲᠣᠨ ᠷᠢᠹᠠᠮᠢᠼᠢᠨ ᠨᠠᠲ᠋ᠷᠢ᠂ 80 ᠲᠣᠨ ᠷᠢᠹᠠᠮᠢᠲ᠋ᠢᠨ᠂ 800 ᠲᠣᠨ ᠠᠱᠢᠯᠤᠢᠸᠸ ᠂ 80 ᠲᠣᠨ ᠫᠢᠷᠤᠱᠢᠺᠠᠨ ᠂ 20 ᠲᠣᠨ ᠮᠸ᠋ᠷᠤᠱᠢᠺᠠᠨ ᠦᠢᠯᠡᠳᠪᠦᠷᠢᠯᠡᠬᠦ ᠦᠶ᠋ᠯᠡᠳᠪᠦᠷᠢᠯᠡᠯ᠎ᠦᠨ ᠱᠤᠭᠤᠮ᠎ᠢ ᠪᠠᠢᠭᠤᠯᠬᠤ ᠪᠤᠯᠤᠨ᠎ᠠ᠃ ᠲᠤᠰ ᠲᠥᠷᠥᠯ ᠵᠦᠶ᠋ᠯ ᠨᠢ ᠪᠦᠬᠦᠨ᠎ᠢᠶᠡᠷ ᠵᠢᠡᠨ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ ᠂ ᠵᠢᠯ᠎ᠦᠨ ᠪᠣᠷᠣᠯᠠᠭᠤᠯᠤᠯᠲᠠ᠎ᠶ᠋ᠢᠨ ᠣᠷᠣᠯᠭ᠎ᠠ ᠨᠢ 2.1 ᠳ᠋ᠦᠩᠱᠢᠭᠤᠷ ᠲᠥᠭᠥᠷᠢᠭ᠂ 2600 ᠲᠦᠮᠡᠨ ᠲᠥᠭᠥᠷᠢᠭ᠎ᠤᠨ ᠭᠠᠢᠯᠢ ᠡᠬᠦᠳᠴᠦ᠍ ᠂ 300 ᠎ᠡᠴᠨ ᠳᠡᠭᠡᠭ᠌ᠰᠢ ᠠᠵᠢᠯ᠎ᠤᠨ ᠪᠠᠢᠷᠢ ᠬᠠᠩᠭᠠᠬᠤ ᠪᠤᠯᠤᠨ᠎ᠠ᠃

ᠤᠢᠷ᠎ᠠ ᠵᠢᠨ ᠵᠢᠯ ᠳ᠋ᠤ ᠺᠠᠢᠯᠦ᠍ ᠱᠢᠶᠠᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠡᠷᠴᠢᠮ᠎ᠢᠶᠡᠨ᠎ᠴᠢᠩᠭᠠᠷᠠᠭᠤᠯᠥᠨ᠂ ᠭᠣᠣᠯᠳᠠᠯᠭ᠎ᠠ᠎ᠲᠠᠶ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ  ᠴᠢᠩᠭ᠎ᠠ ᠠᠳᠭᠤᠵᠤ ᠂  ᠡᠨᠡ ᠵᠢᠯ  ᠵᠧᠵᠢᠶᠠᠩ ᠮᠤᠵᠢ ᠵᠢᠨ ᠱᠢᠶᠠᠨ ᠵᠢᠤᠢ ᠱᠢᠶᠠᠨ᠎ᠤ ᠵᠢᠶᠦ᠋ᠨ ᠶᠧ ᠡᠮ᠎ᠤᠨ ᠥᠢᠯᠡᠰ᠂ ᠬᠠᠨᠳ᠋ᠠᠨ᠎ᠬᠤᠲᠠ ᠵᠢᠨ ᠵᠢᠨ ᠷᠦᠨ ᠮᠧᠢ ᠱᠢᠨ᠎ᠡ ᠮᠠᠲ᠋ᠧᠷᠢᠶᠠᠯ᠎ᠤᠨ ᠱᠢᠨᠵᠢᠯᠡᠬᠥ᠌ ᠤᠬᠠᠭᠠᠨ ᠲᠧᠭᠨᠢᠭ ᠮᠡᠷᠭᠡᠵᠢᠯ᠎ᠤᠨ ᠺᠤᠮᠫᠠᠨᠢ ᠂ ᠱᠠᠨᠳᠦ᠋ᠩ᠎ᠮᠤᠵᠢ ᠵᠢᠨ ᠱᠢᠤᠸᠠᠨ ᠬᠣᠩ ᠠᠮᠢᠳᠤ ᠪᠤᠳᠠᠰ᠎ᠤᠨ ᠡᠮ ᠡᠮᠨᠡᠯᠭᠡ ᠵᠢᠨ ᠺᠤᠮᠫᠠᠨᠢ ᠵᠡᠷᠭᠡ ᠨᠢᠭᠡ ᠪᠦᠯᠦᠭ ᠠᠵᠤ ᠠᠬᠤᠢ᠌ᠯᠠᠯ ᠲᠠᠢ ᠬᠠᠮᠳᠤᠷᠠᠯᠴᠠᠵᠤ ᠂ ᠠᠵᠤ ᠠᠬᠤᠢ᠎ᠶ᠋ᠢᠨ ᠦᠷ᠎ᠡ ᠠᠱᠢᠭ᠎ᠢᠶᠠᠷ ᠰᠠᠢ᠌ᠨ᠂ ᠵᠢᠱ᠌ᠢᠢ᠎ᠡ ᠦᠵᠡᠭᠦᠯᠦᠨ ᠳᠠᠢ᠌ᠴᠢᠯᠠᠬᠤ ᠴᠢᠳᠠᠪᠥᠷᠢ ᠪᠡᠷ ᠬᠦᠴᠦᠷᠬᠡᠭ ᠲᠥᠷᠥᠯ ᠵᠥᠢᠯ᠎ᠢ ᠤᠷᠤᠭᠤᠯᠤᠨ ᠠᠪᠴᠢᠷᠠᠬ᠍ᠰᠠᠨ ᠪᠠᠢ᠌ᠨ᠎ᠠ᠃

ᠺᠠᠢᠯᠦ᠍ ᠱᠢᠶᠠᠨ ᠢᠮᠠᠭ᠍ᠲᠠ《ᠬᠤᠳᠠᠯᠳᠤᠭᠠᠴᠢᠨ᠎ᠢ ᠳᠣᠲᠣᠨᠣᠴᠢᠯᠠᠬᠤ᠂ ᠬᠤᠳᠠᠯᠳᠤᠭᠠᠴᠢᠨ᠎ᠢ ᠠᠮᠤᠷᠵᠢᠭᠤᠯᠬᠤ᠂ ᠬᠤᠳᠠᠯᠳᠤᠭᠠᠴᠢᠨ᠎ᠢ ᠪᠠᠶᠠᠵᠢᠭᠤᠯᠬᠤ》ᠣᠢᠯᠠᠭᠠᠭ᠍ᠳᠠᠬᠤᠨ᠎ᠢ ᠪᠠᠷᠢᠮᠲᠠᠯᠠᠵᠤ᠂ ᠪᠡᠯᠡ ᠣᠷᠣᠭᠤᠯᠵᠤ ᠦᠢᠯᠡᠰ ᠪᠤᠰᠭᠠᠬᠤ 《ᠥᠨᠳᠥᠷᠯᠢᠭ》 ᠢ᠋ ᠬᠦᠴᠦᠯᠡᠨ ᠴᠤᠬᠴᠠᠯᠠᠪᠡ᠃ ᠬᠦᠷᠢᠶᠡᠯᠡᠩ ᠲᠣᠭᠣᠷᠢᠭ᠎ᠤᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠠᠰᠤᠷᠠᠯᠳᠠ ᠦᠭᠡᠢ ᠴᠢᠩᠭᠠᠳᠭᠠᠨ᠂ ᠪᠦᠬᠦ᠌ ᠤᠯᠤᠰ᠎ᠤᠨ ᠲᠡᠷᠢᠭᠦᠨ᠎ᠦ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠴᠢᠷᠮᠠᠢᠨ ᠪᠤᠢ ᠪᠣᠯᠭᠠᠵᠤ᠂ ᠠᠵᠤ ᠠᠬᠤᠢᠯᠠᠯ᠎ᠤᠨ ᠦᠢᠯᠡᠴᠢᠯᠡᠭᠡ᠎ᠶ᠋ᠢ ᠲᠠᠰᠤᠷᠠᠯᠳᠠ ᠦᠭᠡᠢ ᠰᠠᠢᠲᠤᠷ ᠠᠳᠭᠤᠨ᠂ ᠴᠠᠬᠢᠯᠭᠠᠨ ᠬᠡᠷᠡᠭ᠌ᠯᠡᠬᠦ᠂ ᠡᠨᠧᠷᠭᠢ᠎ᠶ᠋ᠢᠨ ᠬᠣᠷᠣᠭ᠍ᠳᠠᠯ᠂ ᠠᠵᠢᠯᠴᠢᠨ ᠬᠡᠷᠡᠭ᠌ᠯᠡᠬᠦ᠌ ᠵᠡᠷᠭᠡ ᠵᠠᠩᠭᠢᠯᠠᠭ᠎ᠠ᠎ᠶ᠋ᠢᠨ ᠡᠯᠧᠮᠧᠨ᠋ᠲ᠎ᠦᠨ ᠲᠠᠯ᠎ᠠ᠎ᠪᠠᠷ ᠬᠠᠪᠰᠤᠷᠤᠨ ᠲᠡᠳᠬᠦᠬᠦ᠌᠎ᠪᠡᠨ ᠴᠢᠩᠭᠠᠳᠭᠠᠵᠤ᠂ ᠪᠦᠬᠦᠯᠢ ᠡᠳᠦᠷ᠎ᠵᠢᠨᠷ ᠪᠦᠬᠦ᠌ ᠬᠤᠭᠤᠴᠠᠭ᠎ᠠ᠂ ᠪᠦᠬᠦ᠌ ᠭᠣᠭ᠍ᠴᠣᠭ᠎ᠠ᠎ᠳᠤ ᠱᠢᠯᠢᠳᠡᠭ ᠦᠢᠯᠡᠴᠢᠯᠡᠭᠡ ᠬᠠᠩᠭᠠᠨ᠂ ᠠᠵᠤ ᠠᠬᠤᠢᠯᠠᠯ᠎ᠤᠨ ᠲᠠᠰᠤᠷᠠᠯᠳᠠ ᠦᠭᠡᠢ ᠪᠤᠵᠠᠭᠠᠢᠷᠠᠨ ᠬᠥᠭ᠌ᠵᠢᠬᠦ᠌᠎ᠳᠦ ᠪᠠᠲᠤᠯᠠᠭ᠎ᠠ ᠬᠠᠩᠭᠠᠵᠤ᠂ ᠠᠵᠤ ᠠᠬᠤᠢᠯᠠᠯ᠎ᠢ ᠦᠨᠡᠨ ᠬᠦ᠌  ᠺᠠᠢᠯᠦ᠍᠎ᠳᠦ ᠰᠠᠨᠠᠭ᠎ᠠ ᠠᠮᠤᠷ ᠪᠡᠯᠡ ᠣᠷᠣᠭᠤᠯᠥᠨ᠂ ᠤᠷᠮ᠎ᠠ ᠪᠠᠬ᠎ᠠ ᠲᠠᠢ ᠠᠵᠢᠯᠯᠠᠵᠤ᠂ ᠺᠠᠢᠯᠦ᠍᠎ᠳᠦ ᠦᠨᠳᠦᠰᠦ ᠬᠠᠳᠭᠤᠨ᠂ ᠥᠷᠬᠥᠯᠵᠢᠯᠡᠨ ᠬᠥᠭ᠌ᠵᠢᠵᠤ ᠂ ᠳᠠᠰᠤᠷᠠᠯᠲᠠ ᠥᠭᠡᠢ  ᠬᠥᠴᠥᠷᠬᠡᠭ᠌ᠵᠢᠨ ᠪᠤᠵᠠᠭᠠᠢ᠌ᠷᠠᠬᠤ ᠵᠢ ᠠᠬᠢᠭᠤᠯᠵᠤ  ᠪᠤᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号