10 ᠰᠠᠷ᠎ᠠ ᠵᠢᠨ 22 ᠤ᠋ᠨ ᠡᠳᠦᠷ᠂ ᠬᠥᠯᠦᠨ ᠪᠣᠢᠷ ᠬᠤᠳᠠ ᠵᠢᠨ ᠬᠠᠢᠯᠠᠷ ᠲᠣᠭᠣᠷᠢᠭ ᠤ᠋ᠨ ᠱᠧᠩ ᠯᠢ ᠵᠡᠭᠡᠯᠢ ᠭᠤᠳᠤᠮᠵᠢ
ᠵᠢᠨ ᠱᠢᠨ ᠴᠦᠨ ᠨᠡᠢᠭᠡᠮ ᠲᠣᠭᠣᠷᠢᠭ᠎ᠤ᠋ᠨ ᠨᠠᠮ ᠪᠠ ᠤᠯᠠᠨ ᠲᠦᠮᠡᠨ᠎ᠤ ᠦᠢᠯᠡᠴᠢᠯᠡᠭᠡᠨ᠎ᠤ ᠲᠦᠪ ᠲᠸ᠋ ᠦᠨᠳᠤᠰᠦᠲᠡᠨ
ᠨᠤᠬᠦᠳ᠎ᠤᠨ ᠤᠯᠠᠨ ᠲᠦᠮᠡᠨ ᠵᠢᠡᠷ ᠪᠦᠷᠢᠯᠳᠦᠭᠰᠡᠨ ᠨᠠᠢᠷᠠᠯ ᠲᠠᠭᠤᠤ ᠵᠢᠨ ᠠᠩᠬᠢ ᠵᠢᠨ ᠬᠢᠨ ᠲᠤᠬᠯᠠᠯᠲᠠ ᠵᠢᠨ
ᠬᠤᠪᠴᠠᠰᠤ ᠪᠡᠷ ᠵᠢᠡᠨ ᠭᠤᠶᠤᠯᠠᠵᠤ᠂《ᠦᠨᠳᠦᠰᠦᠲᠡᠨᠨᠤᠬᠦᠳᠤᠨ
ᠠᠷᠠᠳ ᠲᠦᠮᠡᠨ ᠰᠡᠳᠭᠢᠯ ᠵᠢᠷᠦᠭᠡ ᠪᠡᠨ ᠬᠤᠯᠪᠤᠨ᠎ᠠ》᠂《ᠮᠠᠬ᠍ᠳᠠᠭᠠᠯ ᠲᠠᠭᠤᠤ ᠪᠡᠨ ᠬᠠᠢᠷᠠᠲᠤ ᠨᠡᠮ ᠳ᠋ᠠᠭᠠᠨ ᠡᠷᠭᠦᠶ᠎ᠡ》 ᠵᠡᠷᠭᠡ ᠠᠶ᠎ᠠ
ᠲᠠᠭᠤᠤ ᠪᠠᠨ ᠬᠠᠩᠬᠢᠨᠠᠭᠤᠯᠤᠨ ᠪᠠᠶᠠᠷ ᠪᠠᠶᠠᠰᠤᠯ ᠵᠢᠡᠷ ᠪᠢᠯᠬᠠᠨ᠎ᠠ᠃ ᠠᠯᠪᠠᠨ ᠭᠡᠷ᠎ᠤᠨ ᠴᠤᠩᠬᠤᠨᠰᠢᠯ ᠲᠡᠭᠡᠷ᠎ᠡ
ᠨᠢ ᠨᠠᠭᠠᠯᠳᠠ ᠲᠠᠢ ᠴᠠᠭᠠᠰᠤᠨ ᠬᠠᠢᠴᠢᠯᠠᠮᠠᠯ᠎ᠤᠨ ᠠᠨᠠᠷ᠎ᠤᠨ ᠦᠷ᠎ᠡ ᠤᠨᠴᠠ ᠵᠢᠨ
ᠢᠯᠡ ᠲᠠᠢ ᠬᠠᠷᠠᠭᠳᠠᠵᠤ᠂ ᠨᠡᠢᠭᠡᠮ ᠲᠤᠭᠤᠷᠢᠭ᠎ᠤᠨ ᠠᠵᠢᠯᠲᠠᠳ ᠰᠠᠭᠤᠭᠠᠯᠢ ᠠᠷᠠᠳ᠎ᠤᠨ ᠶᠡᠬᠡ ᠪᠠᠭ᠎ᠠ ᠶᠠᠪᠤᠳᠠᠯ
ᠢ᠋ ᠲᠠᠩᠰᠠᠯᠠᠨ ᠰᠢᠢᠳᠪᠦᠷᠢᠯᠡᠵᠦ ᠶᠠᠭᠠᠷᠠᠯᠳᠤᠨ᠎ᠠ᠃
ᠨᠡᠢᠭᠡᠮ ᠲᠤᠭᠤᠷᠢᠭ ᠪᠤᠯ ᠦᠨᠳᠦᠰᠦᠲᠡᠨ᠎ᠤ ᠪᠦᠯᠬᠦᠮᠳᠡᠯ᠎ᠤᠨ ᠴᠤᠩᠬᠤᠪᠴᠢ ᠮᠦᠨ᠂ ᠪᠦᠯᠬᠦᠮᠳᠡᠯ ᠨᠢᠬᠳᠠᠷᠠᠯ᠎ᠤᠨ
ᠬᠤᠷᠢᠶᠠᠩᠭᠤᠢ ᠵᠢᠷᠤᠭᠯᠠᠯ ᠪᠠᠢᠭ᠎ᠠ ᠶᠤᠮ᠃ ᠬᠥᠯᠦᠨ ᠪᠣᠢᠷ ᠬᠤᠳᠠ ᠵᠢᠨ ᠬᠠᠢᠯᠠᠷ ᠲᠣᠭᠣᠷᠢᠭ ᠤ᠋ᠨ ᠱᠧᠩ ᠯᠢ ᠵᠡᠭᠡᠯᠢ
ᠭᠤᠳᠤᠮᠵᠢ ᠵᠢᠨ ᠱᠢᠨ ᠴᠦᠨ ᠨᠡᠢᠭᠡᠮ ᠲᠣᠭᠣᠷᠢᠭ ᠪᠣᠯ ᠤᠯᠠᠨ ᠦᠨᠳᠦᠰᠦᠲᠡᠨ ᠵᠢᠡᠷ ᠪᠦᠷᠢᠯᠳᠦᠭ᠌ᠰᠡᠨ ᠨᠡᠢᠭᠡᠮ ᠲᠣᠭᠣᠷᠢᠭ
ᠪᠣᠯᠤᠨ᠎ᠠ᠃ ᠤᠯᠠᠨ ᠵᠢᠯ᠎ᠤᠨ ᠲᠤᠷᠰᠢ᠂ ᠰᠢᠨ ᠴᠦᠨ ᠨᠡᠢᠭᠡᠮ ᠲᠣᠭᠣᠷᠢᠭ᠎ᠤᠨ ᠬᠢᠨ ᠦᠨᠳᠦᠰᠦᠲᠡᠨ᠎ᠨᠦᠭᠦᠳ᠎ᠤᠨ ᠬᠠᠢᠷ᠎ᠠ
ᠰᠡᠳᠭᠢᠯᠭᠡ᠎ᠵᠢ ᠵᠤᠵᠠᠭᠠᠳᠭᠠᠬᠤ ᠲᠠᠯ᠎ᠠ᠎ᠪᠠᠷ ᠰᠡᠳᠭᠢᠯ ᠲᠠᠯᠪᠢᠵᠦ᠂ ᠬᠦᠴᠦ᠍᠎ᠪᠡᠨ ᠬᠠᠮᠲᠤᠳᠬᠠᠨ᠂ ᠲᠤᠮᠳᠠᠳᠤ ᠵᠢᠨ
ᠦᠨᠳᠦᠰᠦᠲᠡᠨ᠎ᠤ ᠬᠠᠮᠲᠤ ᠴᠤᠬᠴᠠ ᠵᠢᠨ ᠤᠬᠠᠮᠰᠠᠷ᠎ᠢ ᠪᠠᠲᠤ ᠴᠤᠬᠴᠠᠯᠬᠤ ᠠᠵᠢᠯᠯᠠᠭᠠᠨ᠎ᠤ ᠲᠠᠪᠴᠠᠩ᠂ ᠦᠢᠯᠡᠴᠢᠯᠡᠭᠡᠨ᠎ᠤ ᠲᠠᠪᠴᠠᠩ᠂ ᠰᠤᠷᠭᠠᠨ ᠬᠦᠮᠦᠵᠢᠯ᠎ᠤᠨ ᠲᠠᠪᠴᠠᠩ᠂ ᠰᠤᠶᠤᠯ᠎ᠤᠨ ᠲᠠᠪᠴᠠᠩ ᠵᠡᠷᠭᠡ 《ᠲᠦᠷᠪᠡᠨ ᠲᠠᠪᠴᠠᠩ》᠎ᠤ᠋ᠨ ᠪᠠᠢᠭᠤᠯᠤᠯᠲᠠ
ᠵᠢ ᠴᠢᠩᠭᠠᠳᠬᠠᠨ᠂ ᠦᠨᠳᠦᠰᠦᠲᠡᠨ ᠨᠤᠭᠦᠳ᠎ᠤᠨ ᠤᠯᠠᠨ ᠲᠦᠮᠡᠨ᠎ᠤ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠢ
ᠠᠬᠢᠭᠤᠯᠤᠬᠰᠠᠭᠠᠷ ᠢᠷᠡᠵᠡᠢ᠃
ᠭᠤᠮᠤᠳᠠᠯ ᠱᠠᠭᠠᠷᠳᠠᠯᠭ᠎ᠠ ᠵᠢᠨ ᠦᠢᠯᠡᠴᠢᠯᠡᠭᠡ
ᠡᠶ᠎ᠠ ᠵᠤᠬᠢᠴᠠᠯ᠎ᠢ ᠠᠬᠢᠭᠤᠯᠤᠨ᠎ᠠ
ᠼᠤᠤ ᠪᠦᠸᠸ ᠫᠸᠩ᠎ᠤᠨ ᠲᠦᠷᠢᠶᠡᠰᠦᠯᠡᠭᠡᠳ ᠬᠡᠳᠦᠨ ᠡᠳᠦᠷ ᠪᠤᠯᠤᠭ᠎ᠠ ᠦᠭᠡᠢ ᠬᠤᠳᠠᠯᠳᠤᠭᠠᠨ᠎ᠤ ᠠᠰᠠᠷ᠎ᠤᠨ
ᠭᠠᠵᠠᠷ ᠳᠣᠸ᠋ᠷᠠᠬᠢ ᠤᠰᠤᠨ ᠬᠣᠭᠣᠯᠠᠶ ᠨᠢ ᠬᠠᠭᠠᠷᠠᠵᠦ᠂ ᠪᠦᠬᠦᠢᠯᠡ ᠠᠰᠠᠷ᠎ᠤᠨ ᠲᠤᠯᠠᠭᠠᠯᠠᠭ᠎ᠠ ᠵᠢ ᠨᠦᠯᠦᠭᠡᠯᠡᠵᠡᠢ᠃ ᠵᠠᠰᠠᠵᠤ ᠦᠭᠡᠷᠡᠴᠢᠯᠡᠬᠦ ᠲᠠᠯ᠎ᠠ ᠪᠡᠷ ᠼᠤᠤ ᠪᠦᠸᠸ ᠫᠸᠩ ᠪᠠ ᠠᠳᠠᠯ
ᠠᠬᠤᠢ ᠵᠢᠨ ᠬᠤᠭᠤᠷᠤᠨᠳᠤ ᠵᠦᠷᠢᠴᠡᠯ ᠵᠠᠭᠤᠷᠠᠭᠠᠨ ᠪᠤᠯᠵᠤ᠂
ᠠᠷᠭ᠎ᠠ ᠮᠤᠬᠤᠷᠳᠠᠬᠤ ᠳ᠋ᠠᠭᠠᠨ ᠠᠳᠠᠯ ᠠᠬᠤᠢ ᠵᠢᠨ ᠬᠢᠨ ᠰᠢᠨ ᠴᠦᠨ ᠨᠡᠢᠭᠡᠮ ᠲᠤᠭᠤᠷᠢᠭ᠎ᠤᠨ ᠣᠯᠠᠨ ᠲᠦᠮᠡᠨ᠎ᠦ
ᠭᠣᠮᠣᠳᠠᠯ ᠱᠠᠭᠠᠷᠳᠠᠯᠭ᠎ᠠ᠎ᠶ᠋ᠢᠨ ᠦᠢᠯᠡᠴᠢᠯᠡᠭᠡᠨ᠎ᠤ ᠦᠷᠳᠡᠭᠡ ᠡᠴᠡ ᠲᠡᠮᠵᠢᠯᠭᠡ ᠭᠤᠶᠤᠴᠢᠯᠠᠬᠰᠠᠨ ᠪᠠᠢᠨ᠎ᠠ᠃
《 ᠪᠠᠢᠳᠠᠯ᠎ᠢ ᠤᠢᠯᠠᠭᠠᠬᠰᠠᠨᠤ
ᠲᠠᠷᠠᠭ᠎ᠠ᠂ ᠪᠢᠳᠡ ᠬᠤᠳᠠ ᠵᠢᠨ ᠪᠦᠲᠦᠭᠡᠨ ᠪᠠᠢᠭᠤᠯᠤᠯᠲᠠ
ᠵᠢᠨ ᠲᠤᠪᠴᠢᠶ᠎ᠠ᠂ ᠢᠯᠴᠢ ᠬᠠᠩᠭᠠᠬᠤ ᠺᠤᠮᠫᠠᠨᠢ᠂ ᠠᠳᠠᠯ ᠠᠬᠤᠢ ᠵᠢᠨ ᠺᠤᠮᠫᠠᠨᠢ ᠲᠠᠢ ᠬᠠᠷᠢᠯᠴᠠᠨ᠂ ᠭᠤᠷᠪᠠ ᠤᠳᠠᠭᠠᠨ᠎ᠤ ᠡᠶᠡᠳᠡᠭᠦᠯᠭᠡ ᠬᠢᠬᠦ ᠪᠡᠷ ᠲᠠᠮᠵᠢᠨ᠂ ᠡᠴᠦᠰ ᠲᠡᠭᠡᠨ
ᠠᠳᠠᠯ ᠠᠬᠤᠶ᠎ᠶ᠋ᠢᠨ ᠺᠣᠮᠫᠠᠨᠢ᠎ᠠᠴᠠ ᠵᠠᠰᠠᠬᠤ᠎ᠶ᠋ᠢᠨ ᠳᠠᠭᠠᠤ ᠭᠡᠷ᠎ᠤᠨ ᠡᠵᠡᠨ᠎ᠤ ᠡᠪᠳᠡᠷᠡᠵᠦ᠍ ᠰᠦᠢᠳᠦᠭ᠌ᠰᠡᠨ
ᠭᠠᠵᠠᠷ᠎ᠤᠨ ᠭᠠᠳᠠᠷᠭᠤ᠎ᠶ᠋ᠢ ᠤᠤᠯ ᠪᠠᠢᠳᠠᠯ᠎ᠵᠢᠡᠷ ᠨᠢ ᠰᠡᠷᠭᠦᠭᠡᠵᠦ ᠦᠭᠬᠦ ᠵᠢ ᠵᠥᠪᠱᠢᠶᠡᠷᠡᠭᠰᠡᠨ ᠪᠠᠢᠨ᠎ᠠ》ᠬᠡᠵᠦ ᠭᠣᠮᠣᠳᠠᠯ ᠱᠠᠭᠠᠷᠳᠠᠯᠭ᠎ᠠ᠎ᠶ᠋ᠢᠨ ᠦᠢᠯᠡᠴᠢᠯᠡᠭᠡᠨ᠎ᠦ ᠥᠷᠲᠡᠭᠡ ᠵᠢᠨᠳᠠᠷᠤᠭᠠ ᠰᠦᠩ ᠬᠠᠢ
ᠬᠤᠸᠠ ᠰᠤᠷᠪᠤᠯᠵᠢᠯᠠᠭᠴᠢ ᠳ᠋ᠦ ᠲᠤᠭᠠᠴᠢᠵᠤ ᠪᠠᠢᠯ᠎ᠠ᠃ ᠲᠡᠷᠡ᠄《ᠮᠠᠨ᠎ᠤ ᠨᠡᠢᠭᠡᠮ
ᠲᠤᠭᠤᠷᠢᠬ᠎ᠤᠨ ᠰᠠᠭᠤᠭᠠᠯᠢ ᠠᠷᠠᠳ᠎ᠤᠨ ᠠᠰᠠᠷ᠎ᠤᠨ ᠤᠯᠠᠩᠬᠢ ᠨᠢ ᠬᠠᠭᠤᠴᠢᠨ ᠪᠠᠷᠢᠯᠭ᠎ᠠ ᠪᠤᠯᠬᠤᠷ ᠲᠤᠯᠠᠭᠠᠯᠠᠭ᠎ᠠ᠂
ᠤᠰᠤᠨ ᠬᠤᠭᠤᠯᠠᠢ᠂ ᠦᠢᠮᠡᠭᠡᠨ ᠱᠤᠤᠬᠢᠶᠠᠨ ᠵᠡᠷᠭᠡ ᠲᠠᠯ᠎ᠠ ᠵᠢᠨ ᠠᠰᠠᠭᠤᠳᠠᠯ ᠲᠠᠩᠳᠠ ᠲᠠᠰᠤᠷᠠᠬᠤ ᠦᠭᠡᠢ᠃ ᠡᠨᠡ
ᠦᠳᠡ ᠵᠢᠨ ᠬᠤᠢᠨ᠎ᠠ ᠪᠠᠰᠠ ᠰᠠᠭᠠᠭᠤᠯᠢ ᠠᠷᠠᠳ᠎ᠤᠨ ᠲᠤᠰᠬᠠᠨᠰᠠᠨ ᠬᠤᠶᠠᠷ ᠶᠠᠪᠤᠳᠠᠯ᠎ᠢ ᠰᠢᠢᠳᠪᠦᠷᠢᠯᠡᠬᠦ ᠴᠢᠬᠤᠯᠠ
ᠲᠠᠢ ᠪᠠᠢᠨ᠎ᠠ᠃ ᠤᠯᠠᠨ ᠲᠦᠮᠡᠨ᠎ᠤ ᠶᠠᠪᠤᠳᠠᠯ ᠳ᠋ᠤ ᠪᠠᠭ᠎ᠠ ᠶᠠᠪᠤᠳᠠᠯ ᠬᠡᠵᠦ ᠦᠭᠡᠢ ᠰᠢᠦ》 ᠬᠡᠨ᠎ᠡ᠃
ᠦᠨᠳᠦᠰᠦᠳᠡᠨ ᠨᠤᠬᠦᠳ᠎ᠤᠨ ᠤᠯᠠᠨ ᠲᠦᠮᠡᠨ᠎ᠤ ᠵᠦᠷᠢᠴᠡᠯ ᠮᠦᠷᠢᠬᠦᠯᠳᠦᠭᠡᠨᠢ
ᠤᠭ ᠡᠬᠢ ᠡᠴᠡ ᠨᠢ ᠤᠷᠢᠳᠴᠢᠯᠠᠨ ᠰᠡᠷᠭᠡᠢᠯᠡᠬᠦ ᠪᠠ ᠪᠠᠭᠠᠰᠬᠠᠨ᠂ ᠡᠶ᠎ᠡ ᠵᠤᠬᠢᠴᠠᠩᠭᠤᠢ ᠨᠡᠢᠭᠡᠮ ᠲᠤᠭᠤᠷᠢᠭ᠎ᠢ
ᠡᠬᠦᠳᠦᠨ ᠪᠠᠢᠭᠤᠯᠬᠤ ᠵᠢᠨ ᠲᠦᠯᠦᠭᠡ ᠰᠢᠨ ᠴᠦᠨ ᠨᠡᠢᠭᠡᠮ ᠲᠤᠭᠤᠷᠢᠭ᠂ ᠱᠢᠭᠦᠬᠦ᠌ ᠬᠣᠷᠢᠶ᠎ᠠ᠂ ᠬᠠᠷᠢᠶ᠎ᠠ ᠣᠷᠣᠨ᠎ᠤ
ᠲᠣᠮᠢᠯᠠᠭ᠍ᠰᠠᠨ ᠰᠠᠯᠪᠤᠷᠢ᠂ ᠬᠣᠲᠠ᠎ᠶ᠋ᠢᠨ ᠬᠠᠮᠢᠶᠠᠷᠤᠯᠲᠠ᠎ᠶ᠋ᠢᠨ ᠶᠡᠷᠦᠩᠬᠡᠢᠯᠡᠭ᠌ᠰᠡᠨ ᠬᠠᠸ᠋ᠯᠢ ᠬᠡᠷᠡᠭ᠌ᠵᠢᠭᠦᠯᠬᠦ᠌
ᠶᠡᠬᠡ ᠠᠩᠭᠢ᠎ᠲᠠᠶ ᠬᠠᠮᠳᠤᠷᠠᠨ᠂ ᠪᠡᠭᠡᠵᠢᠩ᠎ᠦᠨ ᠬᠠᠸ᠋ᠯᠢ ᠴᠠᠭᠠᠵᠠ᠎ᠶ᠋ᠢᠨ ᠣᠯᠠᠨ ᠨᠡᠢᠲᠡ᠎ᠶ᠋ᠢᠨ ᠬᠠᠸ᠋ᠯᠢᠴᠢᠶ᠋ᠢᠨ
ᠬᠡᠷᠡᠭ ᠡᠷᠬᠢᠯᠡᠬᠦ᠌ ᠭᠠᠵᠠᠷ ᠡᠴᠡ ᠬᠠᠤᠯᠢᠴᠢ ᠤᠷᠢᠵᠤ᠂ ᠰᠠᠭᠤᠭᠠᠯᠢ ᠠᠷᠠᠳ ᠲᠸ᠋ ᠬᠠᠤᠯᠢ ᠴᠠᠭᠠᠵᠠ ᠵᠢᠨ ᠵᠦᠪᠯᠡᠯᠭᠡ
ᠦᠭᠬᠦ᠂ ᠬᠡᠷᠡᠭ᠎ᠤᠨ ᠵᠢᠱ᠌ᠢᠶ᠎ᠡ ᠵᠢ ᠤᠷᠤᠯᠠᠨ ᠬᠦᠢᠴᠡᠳᠭᠡᠬᠦ᠂ ᠰᠡᠳᠭᠢᠴᠡ᠎ᠶ᠋ᠢᠨ ᠵᠢᠯᠣᠭᠣᠳᠣᠯᠭ᠎ᠠ ᠬᠢᠬᠦ᠂ ᠵᠥᠷᠢᠴᠡᠯ
ᠵᠢᠭᠤᠷᠠᠯᠳᠤᠭᠠᠨ᠎ᠢ ᠡᠶᠡᠳᠡᠭᠦᠯᠬᠦ᠌ ᠭᠤᠮᠤᠳᠠᠯ ᠱᠠᠭᠠᠷᠳᠠᠯᠭ᠎ᠠ ᠵᠢᠨ《ᠨᠢᠭᠡ ᠦᠷᠳᠡᠭᠡᠴᠢᠯᠡᠭᠰᠡᠨ》ᠦᠢᠯᠡᠴᠢᠯᠡᠭᠡ
ᠬᠢᠵᠦ᠂ ᠬᠠᠷᠢᠶ᠎ᠠ ᠤᠷᠤᠨ᠎ᠤ ᠦᠨᠳᠦᠰᠦᠲᠡᠨᠨᠤᠬᠦᠳᠤᠨ ᠰᠠᠭᠤᠭᠠᠯᠢ
ᠠᠷᠠᠳ ᠲᠸ᠋ ᠬᠠᠤᠯᠢ ᠴᠠᠭᠠᠵᠠ ᠵᠢᠨ ᠡᠷᠭᠡ ᠲᠡᠭᠰᠢ ᠵᠢ ᠮᠡᠳᠡᠷᠡᠬᠦᠯᠦᠭᠰᠡᠨ ᠲᠡᠳᠦᠢ ᠦᠭᠡᠢ᠂ ᠦᠨᠳᠦᠰᠦᠳᠡᠨ ᠨᠤᠬᠦᠳ᠎ᠤᠨ
ᠤᠯᠠᠨ ᠲᠦᠮᠡᠨ᠎ᠤ ᠤᠢᠯᠠᠭᠠᠯᠴᠠᠭᠠ ᠰᠤᠯᠢᠯᠴᠠᠭ᠎ᠠ ᠶᠠᠪᠤᠯᠴᠠᠭ᠎ᠠ ᠵᠢ ᠠᠬᠢᠭᠤᠯᠤᠨ᠂ ᠦᠨᠳᠦᠰᠦᠲᠡᠨ᠎ᠤ ᠪᠦᠯᠬᠦᠮᠳᠡᠯ ᠨᠢᠭᠳᠠᠷᠠᠯ᠎ᠢ ᠠᠬᠢᠭᠤᠯᠤᠭᠰᠠᠭᠠᠷ ᠢᠷᠡᠪᠡ ᠃
ᠰᠢᠨ ᠴᠦᠨ ᠨᠡᠢᠭᠡᠮ ᠲᠤᠭᠤᠷᠢᠬ᠎ᠤᠨ ᠭᠤᠮᠤᠳᠠᠯ ᠱᠠᠭᠠᠷᠳᠠᠯᠭ᠎ᠠ ᠵᠢᠨ
ᠦᠢᠯᠡᠴᠢᠯᠡᠭᠡᠨ᠎ᠤ ᠦᠷᠳᠡᠭᠡ 2019 ᠤᠨ ᠳ᠋ᠦ ᠪᠠᠢᠭᠤᠯᠤᠬᠳᠠᠬᠰᠠᠨ ᠡᠴᠡ ᠨᠠᠭᠠᠰᠢ᠂ 《ᠡᠷᠦᠭᠡ ᠳ᠋ᠤ ᠬᠦᠨᠵᠡᠭᠡᠢᠷᠡᠨ᠂ ᠠᠷᠠᠳ᠎ᠤᠨ ᠪᠠᠢᠳᠠᠯ᠎ᠢ ᠤᠢᠯᠠᠭᠠᠨ᠂ ᠬᠦᠴᠢᠷᠳᠡᠯ᠎ᠢ ᠰᠢᠢᠳᠪᠦᠷᠢᠯᠡᠵᠦ ᠦᠭᠬᠦ 》ᠵᠢ ᠪᠠᠢᠩᠭᠤᠵᠢᠭᠤᠯᠵᠤ᠂ ᠰᠠᠭᠤᠭᠠᠯᠢ ᠠᠷᠠᠳ᠎ᠤᠨ
ᠲᠤᠰᠬᠠᠬᠰᠠᠨ 2119 ᠬᠡᠷᠡᠭ᠎ᠢ ᠪᠦᠲᠦᠮᠵᠢᠲᠡᠢ ᠡᠶᠡᠳᠡᠭᠦᠯᠦᠨ ᠰᠢᠢᠳᠪᠦᠷᠢᠯᠡᠵᠦ᠂ 3000 ᠬᠦᠮᠦᠨ ᠳ᠋ᠤ ᠠᠰᠢᠭ ᠬᠦᠷᠳᠡᠭᠡᠨ᠂ ᠦᠨᠳᠦᠰᠦᠲᠡᠨᠨᠤᠬᠦᠳᠤᠨ ᠤᠯᠠᠨ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ
ᠵᠢᠷᠭᠠᠯᠳᠤ ᠲᠦᠷᠦᠭᠳᠡᠯ᠎ᠢ ᠨᠡᠮᠡᠭᠳᠡᠬᠦᠯᠵᠦ᠂2021 ᠤᠨ ᠳ᠋ᠤ ᠦᠪᠡᠷᠳᠡᠭᠡᠨ ᠵᠠᠰᠠᠬᠤ ᠤᠷᠤᠨ ᠳ᠋ᠤ 《ᠪᠦᠬᠦ ᠤᠷᠤᠨ᠎ᠤ
ᠰᠢᠯᠢᠳᠡᠭ ᠠᠷᠠᠳ᠎ᠤᠨ ᠬᠤᠭᠤᠷᠤᠨᠳᠤᠬᠢ ᠡᠶᠡᠳᠡᠬᠦᠯᠦᠨ ᠵᠤᠬᠢᠴᠠᠭᠤᠯᠤᠭᠴᠢ》 ᠪᠡᠷ ᠦᠨᠡᠯᠡᠭᠳᠡᠭᠰᠡᠨ ᠪᠠᠢᠨ᠎ᠠ᠃
ᠰᠠᠢᠨ ᠲᠤᠷ᠎ᠠ ᠵᠢᠨ ᠦᠢᠯᠡᠴᠢᠯᠡᠭᠡ ᠨᠦᠬᠦᠷᠯᠡᠯ᠎ᠤᠨ ᠬᠦᠬᠦᠷᠭᠡ ᠵᠢ ᠪᠡᠬᠢᠵᠢᠬᠦᠯᠦᠨ᠎ᠡ
ᠬᠣᠲᠣᠩ ᠦᠨᠳᠦᠰᠦᠲᠡᠨ᠎ᠦ ᠰᠠᠭᠤᠭᠠᠯᠢ ᠠᠷᠠᠳ ᠯᠢ ᠯᠢ ᠬᠤᠸᠠ ᠰᠠ ᠡᠪᠡᠳᠴᠢᠨ᠎ᠳᠦ
ᠨᠡᠷᠪᠡᠭ᠌ᠳᠡᠵᠦ᠍᠂ ᠶᠠᠪᠤᠵᠤ ᠰᠠᠭᠤᠬᠤ᠎ᠳᠤ ᠳᠥᠭᠥᠮ ᠦᠭᠡᠢ ᠪᠣᠯᠬᠣᠷ 《ᠠᠨᠠᠷ᠎ᠤᠨ ᠦᠷ᠎ᠡ》 ᠰᠠᠢ᠌ᠨ ᠳᠤᠷ᠎ᠠ᠎ᠶ᠋ᠢᠨ
ᠦᠢᠯᠡᠴᠢᠯᠡᠭᠡᠨ᠎ᠦ ᠪᠦᠯᠬᠦᠮ᠎ᠦᠨ ᠬᠢᠨ ᠲᠠᠩᠳᠠ ᠲᠡᠳᠡᠨᠡᠢᠬᠢᠨ ᠳ᠋ᠦ ᠬᠦᠷᠴᠤ᠂ ᠪᠡᠶ᠎ᠡ ᠤᠬᠢᠶᠠᠬᠤ᠂ ᠦᠰᠦ ᠵᠠᠰᠠᠬᠤ᠂
ᠢᠯᠢᠵᠦ᠍ ᠨᠤᠬᠤᠯᠠᠬᠤ᠂ ᠭᠡᠷ᠎ᠤᠨ ᠡᠳ᠋ᠯᠡᠯ ᠬᠡᠷᠡᠭ᠌ᠰᠡᠯ᠎ᠢ ᠨᠢ ᠰᠡᠯᠪᠢᠨ ᠵᠠᠰᠠᠬᠤ ᠵᠡᠷᠭᠡ ᠦᠢᠯᠡᠴᠢᠯᠡᠭᠡ ᠬᠠᠩᠭᠠᠬᠤ᠎ᠶ᠋ᠢᠨ
ᠬᠠᠮᠲᠤ ᠵᠢᠯ ᠪᠦᠷᠢ ᠡᠮᠨᠡᠯᠭᠡ᠎ᠶ᠋ᠢᠨ ᠬᠣᠷᠢᠢ᠎ᠠ᠎ᠲᠠᠶ ᠬᠠᠷᠢᠯᠴᠠᠵᠤ ᠡᠷᠡᠬᠦᠯ᠎ᠤᠨ ᠪᠠᠢᠴᠠᠭᠠᠯᠲᠠ ᠬᠢᠵᠦ ᠥᠭ᠌ᠲᠡᠭ᠃《ᠰᠠᠢᠨ ᠲᠤᠷ᠎ᠠ ᠵᠢᠨ ᠠᠵᠢᠯᠳᠠᠳ ᠨᠠᠳᠠ ᠳ᠋ᠤ ᠴᠠᠭ ᠤᠨ ᠰᠠᠢᠬᠠᠨ᠎ᠢ ᠡᠳ᠋ᠯᠡᠬᠦᠯᠵᠦ᠂ ᠨᠡᠢᠭᠡᠮ᠎ᠤᠨ
ᠶᠡᠭᠡ ᠬᠠᠢᠷ᠎ᠠ ᠵᠢ ᠮᠡᠳᠡᠷᠡᠬᠦᠯᠵᠦ ᠂ ᠠᠮᠢᠳᠤᠷᠠᠯ᠎ᠤᠨ ᠬᠦᠰᠡᠯ ᠡᠷᠡᠮᠡᠯᠵᠡᠯ᠎ᠢ ᠬᠦᠭᠵᠢᠭᠡᠯ᠎ᠡ》ᠬᠡᠵᠦ ᠯᠢ ᠯᠢ
ᠬᠤᠸᠠ ᠰᠡᠳᠬᠢᠯ ᠲᠤᠭᠳᠤᠯᠤᠩᠭᠤᠢ ᠶᠠᠷᠢᠵᠤ ᠪᠠᠢᠯ᠎ᠠ᠃
ᠬᠦᠷᠰᠢ ᠵᠡᠷᠭᠡᠯᠡᠳᠡᠭᠡ ᠨᠦᠬᠦᠷᠰᠡᠭ ᠲᠤᠳᠤᠨᠤ ᠂ ᠬᠠᠷᠢᠯᠴᠠᠨ ᠬᠠᠪᠰᠤᠷᠤᠯᠴᠠᠵᠤ
ᠬᠠᠮᠳᠤ ᠪᠡᠷ ᠲᠠᠪᠰᠢᠬᠤ ᠰᠢᠨ᠎ᠡ ᠴᠠᠭ ᠦᠶ᠎ᠡ ᠵᠢᠨ ᠪᠤᠯᠪᠠᠰᠤᠨ᠎ᠢ ᠦᠢᠯᠡᠳᠦᠯᠭᠡᠵᠢᠬᠦᠯᠬᠦ ᠵᠢᠨ ᠲᠦᠯᠦᠭᠡ ᠰᠢᠨ
ᠴᠦᠨ ᠨᠡᠢᠭᠡᠮ ᠲᠤᠭᠤᠷᠢᠭ《ᠠᠨᠠᠷ᠎ᠤᠨ ᠦᠷ᠎ᠡ》ᠰᠠᠢᠨ ᠲᠤᠷ᠎ᠠ ᠵᠢᠨ ᠦᠢᠯᠡᠴᠢᠯᠡᠭᠡᠨ᠎ᠤ ᠦᠷᠳᠡᠭᠡ ᠪᠠᠢᠭᠤᠯᠵᠤ᠂ ᠬᠠᠷᠢᠶ᠎ᠠ ᠤᠷᠤᠨ᠎ᠤ ᠰᠠᠭᠤᠭᠠᠯᠢ
ᠠᠷᠠᠳ ᠲᠸ᠋ ᠠᠯᠪᠠᠨ ᠵᠢᠷᠦᠮ᠎ᠤᠨ ᠦᠢᠯᠡᠴᠢᠯᠡᠭᠡ ᠬᠠᠩᠭᠠᠨ ᠬᠠᠪᠰᠤᠷᠤᠯᠭ᠎ᠠ ᠲᠡᠮᠵᠢᠯᠭᠡ ᠦᠵᠡᠬᠦᠯᠦᠨ᠎ᠡ᠃ ᠤᠳᠤᠬᠠᠨ ᠳ᠋ᠤ᠂《ᠠᠨᠠᠷ᠎ᠤᠨ ᠦᠷ᠎ᠡ》 ᠰᠠᠢᠨ ᠲᠤᠷ᠎ᠠ
ᠵᠢᠨ ᠦᠢᠯᠡᠴᠢᠯᠡᠭᠡᠨ᠎ᠤ ᠪᠦᠯᠬᠦᠮᠳ᠋ᠤ᠂ 586 ᠬᠦᠮᠦᠨ ᠨᠡᠷ᠎ᠡ ᠲᠠᠩᠰᠠᠯᠠᠭᠤᠯᠤᠭᠠᠳ ᠪᠤᠢ᠃ ᠰᠠᠢᠨ ᠲᠤᠷ᠎ᠠ ᠵᠢᠨ ᠦᠢᠯᠡᠴᠢᠯᠡᠭᠡᠨ᠎ᠤ ᠪᠦᠯᠬᠦᠮ᠎ᠤᠨ ᠬᠢᠨ ᠪᠠᠢᠭᠤᠯᠤᠭᠳᠠᠭᠰᠠᠨ ᠡᠴᠡ ᠨᠠᠭᠠᠰᠢ ᠨᠡᠢᠳᠡ 200 ᠭᠠᠷᠤᠢ ᠤᠳᠠᠭ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠦᠷᠨᠢᠬᠦᠯᠵᠦ᠂ ᠦᠨᠳᠦᠰᠦᠲᠡᠨ᠎ᠨᠦᠭᠦᠳ᠎ᠦᠨ
ᠤᠯᠠᠨ ᠲᠦᠮᠡᠨ᠎ᠳᠦ 27000 ᠭᠠᠷᠤᠢ ᠤᠳᠠᠭᠠᠨ᠎ᠤ ᠦᠢᠯᠡᠴᠢᠯᠡᠭᠡ ᠬᠠᠩᠭᠠᠨ᠂ ᠤᠯᠠᠨ ᠲᠦᠮᠡᠨ᠎ᠤ ᠬᠦᠰᠡᠵᠦ
ᠵᠤᠪᠠᠨᠢᠵᠤ ᠪᠠᠴᠢᠮᠳᠠᠵᠤ ᠲᠦᠪᠡᠭᠳᠡᠵᠦ ᠪᠠᠢᠭ᠎ᠠ ᠦᠢᠯᠡ
ᠶᠠᠪᠤᠳᠠᠯ᠎ᠢ ᠰᠢᠢᠳᠪᠦᠷᠢᠯᠡᠨ᠂ 7100 ᠭᠠᠷᠤᠢ ᠬᠦᠮᠦᠨ ᠳ᠋ᠦ ᠠᠰᠢᠬ ᠬᠦᠷᠳᠡᠭᠡᠵᠦ᠂ ᠰᠠᠭᠤᠭᠠᠯᠢ ᠠᠷᠠᠳ᠎ᠤᠨ ᠨᠥᠬᠥᠷᠯᠡᠯ᠎ᠦᠨ
ᠬᠥᠭᠥᠷᠭᠡ ᠵᠢ ᠪᠡᠬᠢᠵᠢᠬᠦᠯᠦᠯᠡ᠃
ᠤᠳᠤᠬᠠᠨ᠂ ᠬᠦᠮᠦᠨ ᠬᠦᠮᠦᠨ ᠵᠢᠡᠨ ᠲᠤᠰᠠᠯᠠᠨ ᠲᠡᠮᠵᠢᠬᠦ ᠨᠢ ᠰᠢᠨ ᠴᠦᠨ
ᠨᠡᠢᠭᠡᠮ ᠲᠤᠭᠤᠷᠢᠭ᠎ᠤᠨ ᠡᠶ᠎ᠡ ᠵᠤᠬᠢᠴᠠᠯ᠎ᠤᠨ ᠢᠷᠠᠭᠤ ᠨᠠᠢᠷᠠᠭ ᠪᠤᠯᠵᠤ᠂ ᠰᠤᠶᠤᠯ ᠲᠠᠮᠢᠷ᠎ᠤᠨ ᠠᠵᠢᠯᠯᠠᠭᠠᠨ᠎ᠤ ᠲᠠᠯᠠᠪᠤᠷ᠂ ᠲᠦᠷ ᠴᠠᠭ᠎ᠤᠨ
ᠠᠮᠠᠷᠠᠯᠲᠠ᠎ᠶ᠋ᠢᠨ ᠲᠣᠭᠣᠷᠢᠭ᠂ ᠤᠩᠱᠢᠯᠭ᠎ᠠ᠎ᠶ᠋ᠢᠨ ᠲᠣᠭᠣᠷᠢᠭ᠂ ᠡᠬᠡ ᠨᠢᠯᠬᠠᠰ᠎ᠤᠨ ᠦᠷᠦᠬᠡ ᠵᠡᠷᠭᠡ ᠲᠤᠬᠢᠯᠢᠭ
ᠲᠠᠭᠠᠯᠠᠮᠵᠢᠳᠡᠢ ᠤᠷᠴᠢᠨ ᠨᠦᠬᠦᠴᠡᠯ ᠨᠢ ᠰᠠᠭᠤᠭᠠᠯᠢ ᠠᠷᠠᠳ᠎ᠤᠨ ᠰᠠᠢᠨ ᠰᠠᠢᠬᠠᠨ ᠠᠮᠢᠳᠤᠷᠠᠯ᠎ᠤᠨ ᠵᠢᠷᠭᠠᠯᠳᠤ ᠲᠦᠷᠦᠭᠳᠡᠯ᠎ᠢ ᠡᠷᠭᠡ ᠦᠭᠡᠢ ᠨᠡᠮᠡᠭᠳᠡᠬᠦᠯᠦᠨ᠎ᠡ᠃
《ᠪᠢᠳᠡᠨ᠎ᠤ ᠨᠠᠢᠷᠠᠯ ᠲᠠᠭᠤᠤ ᠵᠢᠨ ᠪᠦᠯᠬᠦᠮ᠎ᠤᠨ ᠡᠯ᠎ᠡ ᠦᠨᠳᠦᠰᠦᠳᠡᠨ᠎ᠤ ᠬᠡᠰᠢᠬᠦᠳ ᠬᠠᠮᠳᠤ ᠪᠡᠷ ᠲᠠᠭᠤᠤ ᠪᠦᠵᠢᠭ ᠵᠢᠡᠨ ᠪᠤᠯᠪᠠᠰᠤᠷᠠᠵᠤ
ᠲᠤᠭᠯᠠᠬᠤ ᠪᠡᠷ ᠪᠠᠷᠠᠬᠤ ᠦᠭᠡᠢ᠂ ᠡᠳᠦᠷ ᠲᠤᠳᠤᠮ᠎ᠤᠨ ᠦᠢᠯᠡᠳᠪᠦᠷᠢᠯᠡᠯ
ᠠᠮᠢᠳᠤᠷᠠᠯ ᠲᠤᠮᠳᠠ ᠪᠠᠨ ᠪᠠᠰᠠ ᠨᠢᠭᠡ ᠨᠢ ᠨᠢᠭᠡ ᠵᠢ ᠪᠠᠨ ᠴᠢᠳᠠᠯ ᠤᠨ ᠵᠢᠡᠨ ᠬᠢᠷᠢ ᠪᠡᠷ ᠲᠤᠷᠠᠳᠠᠶ᠎ᠠ ᠬᠠᠪᠰᠤᠷᠴᠤ
ᠪᠠᠢᠳᠠᠭ᠃ ᠨᠡᠢᠭᠡᠮ ᠲᠤᠭᠤᠷᠢᠭ᠎ᠤᠨ ᠬᠠᠩᠭᠠᠯᠳᠠᠳᠠᠢ ᠨᠦᠬᠦᠴᠡᠯ᠂ ᠬᠠᠯᠠᠭᠤᠮᠰᠤᠭ ᠦᠢᠯᠡᠴᠢᠯᠡᠭᠡ᠂ ᠤᠳᠬ᠎ᠠ ᠲᠡᠬᠦᠯᠳᠡᠷ
ᠠᠵᠢᠯᠯᠠᠭ᠎ᠠ ᠨᠤᠭᠤᠳ ᠨᠢ ᠪᠢᠳᠡᠨ ᠳ᠋ᠤ ᠦᠭᠡᠷᠡᠴᠢᠯᠡᠯᠳᠡ
ᠬᠦᠭᠵᠢᠯᠳᠡ ᠵᠢᠨ ᠦᠷ᠎ᠡ ᠠᠰᠢᠭ᠎ᠢ ᠲᠠᠰᠤᠷᠠᠯᠳᠠ ᠦᠭᠡᠢ ᠡᠳ᠋ᠯᠡᠬᠦᠯᠵᠦ ᠪᠠᠢᠭ᠎ᠠ ᠲᠡᠳᠦᠢ ᠦᠭᠡᠢ᠂ ᠬᠦᠮᠦᠨ ᠬᠦᠮᠦᠨ
ᠵᠢᠡᠨ ᠬᠦᠨᠳᠦᠯᠡᠬᠦ᠂ ᠬᠦᠷᠰᠢ ᠵᠡᠷᠭᠡᠯᠡᠳᠡᠭᠡ ᠡᠶᠡᠯᠰᠡᠭ ᠲᠤᠳᠤᠨᠤ ᠪᠠᠢᠬᠤ ᠂ ᠬᠦᠴᠢᠷᠳᠡᠵᠦ ᠲᠦᠪᠡᠭᠳᠡᠭᠰᠡᠨ ᠵᠢᠡᠨ
ᠬᠠᠪᠰᠤᠷᠤᠯᠴᠠᠨ ᠲᠤᠰᠠᠯᠠᠯᠴᠠᠬᠤ ᠵᠢᠨ ᠬᠠᠪᠤ ᠴᠡᠩᠭᠡᠯ᠎ᠢ ᠤᠯᠭᠤᠨ᠎ᠠ》ᠬᠡᠵᠦ ᠨᠡᠢᠭᠡᠮ
ᠲᠤᠭᠤᠷᠢᠭ᠎ᠤᠨ ᠨᠠᠢᠷᠠᠯ ᠲᠠᠭᠤᠤ ᠵᠢᠨ ᠪᠦᠯᠬᠦᠮ᠎ᠤᠨ ᠵᠸ᠋ ᠲᠢᠶᠸ ᠢᠤᠢ ᠨᠠᠰᠤᠳᠠᠨ ᠬᠠᠭᠤᠴᠢᠯᠠᠵᠤ ᠪᠠᠢᠯ᠎ᠠ᠃ ᠲᠡᠷᠡ
ᠪᠡᠷ ᠮᠠᠨᠵᠤ ᠦᠨᠳᠦᠰᠦᠳᠡᠨ ᠪᠠᠢᠵᠠᠢ᠃
ᠰᠤᠶᠤᠯ ᠰᠤᠷᠭᠠᠨ ᠬᠦᠮᠦᠵᠢᠯ᠎ᠤᠨ ᠰᠠᠭᠤᠷᠢᠨ ᠬᠠᠮᠳᠤ ᠵᠢᠨ ᠲᠠᠨᠢᠯᠳᠠ ᠵᠢ ᠪᠠᠳᠤᠳᠬᠠᠨ᠎ᠠ
10 ᠰᠠᠷ᠎ᠠ ᠵᠢᠨ 22᠎ᠤ᠋ᠨ ᠡᠳᠦᠷ᠂ ᠰᠢᠨ ᠴᠦᠨ ᠨᠡᠢᠭᠡᠮ ᠲᠤᠭᠤᠷᠢᠭ᠎ᠤᠨ ᠰᠤᠶᠤᠯ ᠲᠠᠮᠢᠷ᠎ᠤᠨ ᠠᠵᠢᠯᠯᠠᠭᠠᠨ᠎ᠤ ᠬᠡᠷ ᠲᠸ᠋ ᠂ ᠭᠠᠷ ᠤᠷᠠᠯᠠᠯ ᠳ᠋ᠤ ᠰᠤᠨᠢᠷᠬᠠᠯ ᠲᠠᠢ ᠰᠠᠭᠤᠭᠠᠯᠢ
ᠠᠷᠠᠳ ᠴᠤᠭᠯᠠᠷᠠᠵᠠᠭᠠᠨ᠂ ᠴᠠᠭᠠᠰᠤᠨ ᠬᠠᠢᠴᠢᠯᠠᠮᠠᠯ᠎ᠤᠨ ᠠᠨᠠᠷ᠎ᠤᠨ ᠦᠷ᠎ᠡ ᠦᠢᠯᠡᠳᠴᠦ ᠪᠠᠢᠯ᠎ᠠ᠃ ᠬᠦᠯᠦᠨ ᠪᠤᠢᠷ
ᠬᠤᠳᠠ ᠵᠢᠨ ᠬᠠᠢᠯᠠᠷ ᠲᠤᠭᠤᠷᠢᠭ᠎ᠤᠨ ᠲᠤᠮᠳᠠᠳᠤ ᠵᠢᠨ ᠦᠨᠳᠦᠰᠦᠳᠡᠨ᠎ᠤ ᠬᠠᠮᠳᠤ ᠴᠤᠭᠴᠠ ᠵᠢᠨ ᠤᠬᠠᠮᠰᠠᠷ᠎ᠢ ᠪᠠᠳᠤ
ᠴᠤᠭᠴᠠᠯᠠᠬᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠵᠠᠩ ᠮᠸᠨᠭ ᠢᠤᠢ ᠠᠬᠤᠢ ᠲᠠᠯᠠᠪᠠᠢ ᠳ᠋ᠤ ᠬᠦᠯᠢᠴᠡᠩᠬᠦᠢ
ᠵᠢᠭᠠᠨ ᠵᠢᠯᠤᠭᠤᠳᠤᠨ᠎ᠠ᠃ ᠲᠡᠷᠡ᠄《ᠪᠢᠳᠡ᠂ ᠰᠤᠶᠤᠯ᠎ᠤᠨ
ᠪᠦᠳᠦᠭᠡᠯᠴᠢ ᠦᠢᠯᠡᠳᠬᠦᠨ ᠳ᠋ᠤ ᠤᠯᠠᠮᠵᠢᠯᠠᠯᠳᠤ ᠰᠤᠶᠤᠯ᠂ ᠦᠨᠳᠦᠰᠦᠳᠡᠨ᠎ᠤ ᠪᠦᠯᠬᠦᠮᠳᠡᠯ᠎ᠤᠨ ᠤᠢᠯᠠᠭᠠᠭᠳᠠᠬᠤᠨ᠎ᠢ
ᠠᠭᠤᠰᠬᠠᠵᠤ᠂ ᠰᠤᠶᠤᠯ᠎ᠤᠨ ᠪᠦᠳᠦᠭᠡᠯᠴᠢ ᠦᠢᠯᠡᠳᠬᠦᠨ ᠵᠢᠡᠷ ᠲᠠᠮᠵᠢᠭᠤᠯᠤᠨ᠂ ᠰᠢᠯᠢᠳᠡᠭ ᠤᠯᠠᠮᠵᠢᠯᠠᠯᠳᠤ ᠰᠤᠶᠤᠯ᠎ᠢ
ᠤᠯᠠᠮᠵᠢᠯᠠᠨ ᠲᠡᠯᠭᠡᠷᠡᠬᠦᠯᠵᠦ᠂ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠤᠨ᠎ᠠ᠃ ᠦᠨᠦᠳᠦᠷ ᠤᠨ
ᠦᠩᠭᠡ ᠵᠢᠨ ᠴᠠᠭᠠᠰᠤ ᠪᠡᠷ ᠤᠷᠠᠯᠠᠨ ᠪᠦᠳᠦᠭᠡᠵᠦ ᠪᠠᠢᠭ᠎ᠠ ᠠᠨᠠᠷ᠎ᠤᠨ ᠦᠷ᠎ᠡ ᠪᠤᠯ ᠡᠯ᠎ᠡ ᠦᠨᠳᠦᠰᠦᠳᠡᠨ᠎ᠤ ᠠᠷᠠᠳ
ᠲᠦᠮᠡᠨ ᠠᠨᠠᠷ᠎ᠤᠨ ᠦᠷ᠎ᠡ ᠰᠢᠭ ᠨᠢᠭᠳᠠᠷᠠᠨ ᠪᠦᠯᠬᠦᠮᠳᠡᠬᠦ ᠵᠢ ᠪᠡᠯᠭᠡᠳᠡᠭᠰᠡᠨ ᠪᠠᠢᠨ᠎ᠠ》 ᠬᠡᠯᠡ᠃
ᠦᠨᠳᠦᠰᠦᠲᠡᠨ ᠦ ᠭᠠᠷ ᠤᠷᠠᠯᠠᠯ᠂ ᠬᠡᠦᠭᠡᠳ᠎ᠤᠨ ᠤᠷᠠᠨ ᠤᠩᠱᠢᠯᠭ᠎ᠠ᠂
ᠤᠷᠠᠨ ᠪᠢᠴᠢᠯᠭᠡ ᠤᠷᠠᠨ ᠵᠢᠷᠤᠭ᠎ᠦᠨ ᠦᠵᠡᠰᠭᠦᠯᠡᠩ᠂ ᠱᠢᠲᠠᠷ᠎ᠠ᠎ᠶ᠋ᠢᠨ ᠤᠷᠤᠯᠳᠤᠭᠠᠨ ᠵᠡᠷᠭᠡ ᠦᠨᠳᠦᠰᠦᠲᠡᠨ᠎ᠦ
ᠣᠨᠴᠠᠯᠢᠭ ᠪᠦᠬᠦᠢ ᠣᠯᠠᠨ ᠲᠦᠮᠡᠨᠴᠢ ᠴᠢᠨᠠᠷᠲᠠᠶ ᠠᠵᠢᠯᠯᠠᠭ᠎ᠠ᠎ᠶ᠋ᠢ ᠦᠷᠭᠡᠨ ᠲᠡᠯᠭᠡᠷ ᠵᠣᠬᠢᠶᠠᠨ ᠪᠠᠢᠭᠤᠯᠬᠤ
ᠪᠤᠯ ᠲᠤᠰ ᠨᠡᠢᠭᠡᠮ ᠲᠤᠭᠤᠷᠢᠭ᠎ᠤᠨ ᠪᠠᠢᠩᠭᠤ ᠵᠢᠨ ᠴᠢᠨᠠᠷᠳᠠᠢ ᠠᠵᠢᠯ ᠪᠠᠢᠯ᠎ᠠ᠃ 《ᠡᠬᠦᠨ᠎ᠤ ᠬᠠᠮᠳᠤ᠂ ᠪᠢᠳᠡ ᠪᠠᠰᠠ ᠬᠥᠯᠦᠨ
ᠪᠣᠢᠷ ᠬᠤᠳᠠ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠵᠢᠱ᠌ᠢᠶ᠎ᠡ ᠦᠵᠡᠭᠦᠯᠬᠦ᠌ ᠬᠦᠷᠢᠶᠡᠯᠡᠩ᠂ ᠨᠢᠭᠦᠯᠡᠰᠦᠩᠭᠦᠶ᠎ᠶ᠋ᠢᠨ
ᠦᠢᠯᠡᠰ᠂ ᠭᠡᠷ᠎ᠤᠨ ᠶᠠᠪᠤᠳᠠᠯ᠎ᠤᠨ ᠪᠣᠯᠪᠠᠰᠤᠷᠠᠯ᠎ᠤᠨ ᠰᠤᠷᠭᠠᠭᠤᠯᠢ᠂ ᠦᠨᠳᠦᠰᠦᠳᠡᠨ᠎ᠤ ᠰᠣᠶᠣᠯ ᠰᠤᠳᠤᠯᠤᠯ᠎ᠤᠨ ᠨᠡᠢᠭᠡᠮᠯᠢᠭ᠂
ᠰᠡᠳᠭᠢᠴᠡ᠎ᠶ᠋ᠢᠨ ᠵᠦᠪᠯᠡᠯᠭᠡ ᠶ᠋ᠢᠨ ᠨᠡᠢᠭᠡᠮᠯᠢᠭ ᠵᠡᠷᠭᠡ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢ ᠨᠡᠢᠭᠡᠮ
ᠲᠤᠭᠤᠷᠢᠭ ᠲᠸ᠋ ᠤᠷᠢᠨ ᠠᠪᠴᠢᠷᠠᠬᠤ ᠪᠡᠷ ᠳᠠᠮᠵᠢᠭᠤᠯᠤᠨ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ᠂ ᠶᠣᠰᠣ ᠰᠤᠷᠳᠠᠬᠤᠨ᠎ᠤ ᠬᠢᠴᠢᠶᠡᠯ᠎ᠦᠨ ᠲᠠᠩᠬᠢᠮ᠂ ᠨᠠᠮ᠎ᠤᠨ ᠡᠳᠦᠷᠯᠢᠭ᠂ ᠮᠡᠳᠡᠯᠭᠡ᠎ᠶ᠋ᠢᠨ ᠲᠠᠢᠯᠤᠮᠵᠢ ᠵᠡᠷᠭᠡ ᠡᠯ᠎ᠡ
ᠵᠦᠢᠯ᠎ᠦᠨ ᠰᠤᠷᠤᠯᠴᠠᠯᠭ᠎ᠠ᠎ᠶ᠋ᠢᠨ ᠲᠠᠪᠴᠠᠩ᠎ᠢ ᠪᠠᠢᠭᠤᠯᠵᠤ᠂
ᠤᠬᠠᠭᠤᠯᠭ᠎ᠠ ᠬᠥᠮᠦᠵᠢᠯ᠎ᠢ ᠥᠷᠨᠢᠭᠦᠯᠵᠦ᠍᠂ ᠺᠠᠳ᠋ᠷ ᠤᠯᠠᠨ ᠲᠦᠮᠡᠨ᠎ᠦ ᠤᠯᠤᠰ ᠲᠦᠷᠦ᠍ ᠦᠵᠡᠯ ᠰᠠᠨᠠᠭᠠᠨ᠎ᠤ
ᠬᠡᠪ ᠪᠤᠯᠪᠠᠰᠤᠷᠠᠯ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠂ ᠦᠨᠳᠦᠰᠦᠳᠡᠨ ᠨᠤᠬᠦᠳ᠎ᠤᠨ ᠤᠯᠠᠨ ᠲᠦᠮᠡᠨ᠎ᠤ ᠲᠤᠮᠳᠠᠳᠤ ᠵᠢᠨ ᠦᠨᠳᠦᠰᠦᠳᠡᠨ᠎ᠤ ᠬᠠᠮᠳᠤ ᠴᠤᠭᠴᠠ ᠵᠢᠨ ᠤᠬᠠᠮᠰᠠᠷ᠎ᠢ
ᠴᠤᠭᠴᠠᠯᠠᠵᠤ ᠪᠠᠢᠨ᠎ᠠ》 ᠬᠡᠵᠦ ᠰᠢᠨ ᠴᠦᠨ
ᠨᠡᠢᠭᠡᠮ ᠲᠤᠭᠤᠷᠢᠭ᠎ᠤᠨ ᠨᠠᠮ᠎ᠤᠨ ᠡᠬᠦᠷ᠎ᠤᠨ ᠱᠦᠵᠢ ᠸᠠᠩ ᠳ᠋ᠦᠨᠭ ᠮᠸᠢ ᠪᠢᠳᠡᠨ ᠳ᠋ᠤ ᠲᠠᠨᠢᠯᠴᠠᠭᠤᠯᠪᠠ᠃
ᠠᠨᠠᠷ᠎ᠤᠨ ᠬᠡᠯᠪᠡᠷᠢᠲᠡᠶ ᠮᠣᠩᠭᠣᠯ ᠬᠡᠷ ᠵᠢᠴᠢ 《ᠠᠨᠠᠷ᠎ᠤᠨ ᠦᠷ᠎ᠡ》ᠠᠭᠤᠳᠠᠮ ᠲᠠᠯᠠᠪᠠᠢ
ᠵᠢᠨ ᠬᠠᠨ᠎ᠠ ᠲᠡᠭᠡᠷᠡᠬᠢ《ᠦᠨᠳᠦᠰᠦᠲᠡᠨ᠎ᠨᠦᠭᠦᠳ
ᠠᠨᠠᠷ᠎ᠤᠨ ᠦᠷ᠎ᠡ ᠱᠢᠭ ᠨᠢᠭᠳᠠᠷᠠᠨ ᠪᠦᠯᠬᠦᠮᠳᠡᠨ᠎ᠡ》 ᠭᠡᠬᠦ ᠵᠢᠷᠤᠭ᠎ᠨᠢ ᠰᠢᠨ ᠴᠦᠨ ᠨᠡᠢᠭᠡᠮ ᠲᠤᠭᠤᠷᠢᠬ᠎ᠤᠨ ᠡᠶ᠎ᠡ ᠵᠤᠬᠢᠴᠠᠩᠭᠤᠢ
ᠡᠰᠡᠨᠢᠯ ᠬᠦᠭᠵᠢᠯ᠎ᠤᠨ ᠪᠡᠯᠭᠡ ᠲᠡᠮᠳᠡᠭ ᠪᠤᠯᠤᠨ᠎ᠠ᠃ ᠰᠢᠨ
ᠴᠦᠨ ᠨᠡᠢᠭᠡᠮ ᠲᠤᠭᠤᠷᠢᠭ ᠮᠸᠩ ᠡᠦ ᠰᠣᠶᠣᠯ᠎ᠤᠨ ᠬᠢᠵᠠᠭᠠᠷᠲᠤ ᠺᠣᠮᠫᠠᠨᠢ᠎ᠶ᠋ᠢ ᠣᠷᠣᠭᠤᠯᠤᠨ ᠠᠪᠴᠢᠷᠠᠵᠤ᠂ ᠦᠨᠳᠦᠰᠦᠲᠡᠨ ᠨᠤᠬᠦᠳ᠎ᠤᠨ ᠦᠢᠯᠡᠳᠪᠦᠷᠢᠯᠡᠯ ᠠᠮᠢᠳᠤᠷᠠᠯ᠎ᠤᠨ ᠵᠠᠩ
ᠳᠠᠳᠭᠠᠯ ᠵᠢᠴᠢ ᠰᠣᠶᠣᠯ᠎ᠤᠨ ᠠᠭᠤᠰᠤᠯᠴᠠᠯ ᠬᠥᠭ᠌ᠵᠢᠯᠦ᠋ᠨ ᠶᠠᠪᠤᠴᠠ᠎ᠶ᠋ᠢ ᠪᠦᠳᠦᠭᠡᠯᠴᠢ ᠪᠡᠷ ᠳᠡᠯᠭᠡᠨ ᠦᠵᠡᠭᠦᠯᠵᠦ᠍᠂ ᠪᠠᠭ᠍ᠲᠠᠭᠠᠮᠵᠢᠲᠠᠶ᠂ ᠣᠯᠠᠨ ᠡᠰᠢᠳᠦ ᠰᠣᠶᠣᠯ᠎ᠤᠨ ᠣᠢᠯᠠᠭᠠᠭ᠍ᠳᠠᠬᠤᠨ᠎ᠢ
ᠪᠤᠢ ᠪᠤᠯᠭᠠᠪᠠ᠃
ᠬᠦᠯᠦᠨ ᠪᠤᠢᠷ ᠬᠤᠳᠠ ᠪᠤᠯ ᠶᠠᠷᠦ ᠨᠢ《ᠳᠤᠮᠳᠠᠳᠤ ᠤᠯᠤᠰ᠎ᠤᠨ ᠤᠮᠠᠷᠠᠲᠤ᠎ᠶ᠋ᠢᠨ ᠨᠡᠭᠦᠳᠡᠯᠴᠢᠨ ᠦᠨᠳᠦᠰᠦᠲᠡᠨ᠎ᠦ ᠥᠯᠥᠭᠡᠶ》 ᠬᠡᠮᠡᠭᠳᠡᠳᠡᠭ᠃ ᠡᠨᠳᠡ 48 ᠦᠨᠳᠦᠰᠦᠲᠡᠨ᠎ᠤ 224 ᠲᠦᠮᠡ ᠭᠠᠷᠤᠢ
ᠤᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠦᠶ᠎ᠡ ᠵᠠᠢ ᠦᠭᠡᠢ ᠠᠭᠤᠰᠤᠯᠴᠠᠵᠤ᠂ ᠵᠢᠷᠭᠠᠯᠲᠤ ᠠᠮᠢᠳᠤᠷᠠᠯ ᠵᠢᠡᠨ
ᠴᠤᠬᠴᠠᠯᠠᠨ᠎ᠠ᠃ ᠰᠢᠨ ᠴᠦᠨ ᠨᠡᠢᠭᠡᠮ ᠲᠤᠭᠤᠷᠢᠬ᠎ᠤᠨ ᠦᠨᠳᠦᠰᠦᠲᠡᠨ
ᠨᠤᠭᠦᠳ᠎ᠤᠨ ᠤᠯᠠᠨ ᠲᠦᠮᠡᠨ᠎ᠤ ᠡᠶ᠎ᠡ ᠵᠤᠬᠢᠴᠠᠩᠭᠤᠢ ᠬᠦᠭᠵᠢᠯᠲᠡ ᠲᠠᠪᠰᠢᠯᠲᠠ ᠵᠢᠨ ᠲᠦᠷᠰᠦ ᠪᠠᠢᠳᠠᠯ ᠨᠢ ᠬᠦᠯᠦᠨ
ᠪᠤᠢᠷ ᠬᠤᠳᠠ ᠵᠢᠨ ᠦᠨᠳᠦᠰᠦᠲᠡᠨ ᠨᠤᠬᠥᠳᠤᠨ ᠤᠯᠠᠨ ᠲᠦᠮᠡᠨ᠎ᠤ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠤᠨ ᠬᠤᠷᠢᠶᠠᠩᠭᠤᠢ ᠵᠢᠷᠤᠭ᠎ᠢ ᠪᠢᠳᠡᠨ ᠳ᠋ᠤ ᠲᠡᠯᠭᠡᠨ
ᠦᠵᠡᠬᠦᠯᠦᠨ᠎ᠡ᠃