ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠬᠤᠵᠤ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠨ᠎ᠡ
2021-11-07 12:22:50
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠠᠭᠠᠨᠴᠠᠪ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ   ᠰᠦᠶ ᠸᠧᠶ ᠵᠢᠶᠦ᠋ᠨ

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠦᠨᠳᠦᠰᠦᠲᠡᠨ᠎ᠦ ᠠᠵᠢᠯ᠎ᠤᠨ ᠲᠤᠬᠠᠢ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠵᠢᠭᠠᠪᠤᠷᠢ ᠥᠭ᠌ᠴᠦ᠂ ᠠᠯᠢ ᠤᠯᠠᠨ ᠤᠤᠭᠠᠯ ᠡᠭᠦᠳᠦᠯᠲᠡ᠎ᠶ᠋ᠢᠨ ᠴᠢᠨᠠᠷᠲᠠᠢ᠂ ᠴᠠᠭ ᠦᠶᠡᠴᠢ ᠴᠢᠨᠠᠷᠲᠠᠢ᠂ ᠵᠢᠯᠣᠭᠣᠳᠭᠤ ᠴᠢᠨᠠᠷᠲᠠᠢ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠦᠵᠡᠯ ᠰᠠᠨᠠᠭ᠎ᠠ ᠪᠣᠯᠤᠨ ᠴᠢᠬᠤᠯᠠ ᠶᠡᠬᠡ ᠤᠨᠤᠯ᠎ᠤᠨ ᠦᠵᠡᠯᠲᠡ᠎ᠶ᠋ᠢ ᠳᠤᠷᠠᠳᠴᠤ᠌᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠷᠢᠯᠳᠦᠭᠦᠯᠵᠦ᠍᠂ ᠮᠠᠨ᠎ᠤ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠵᠢᠯᠣᠭᠣᠳᠭᠤ ᠴᠢᠬᠤᠯᠠ ᠵᠢᠷᠤᠮᠯᠠᠯ ᠪᠣᠯᠤᠭ᠍ᠰᠠᠨ ᠪᠠᠢᠨ᠎ᠠ᠃ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠎ᠱᠠᠭᠠᠷᠳᠠᠯᠭ᠎ᠠ ᠎ᠶ᠋ᠢ ᠎ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ᠂ ᠨᠠᠮ᠎ᠤᠨ ᠱᠢᠨ᠎ᠡ᠎ᠶ᠋ᠢ ᠡᠭᠦᠳᠦᠭ᠌ᠰᠡᠨ ᠡᠨᠡ ᠬᠦ᠌ ᠣᠨᠣᠯ᠎ᠤᠨ ᠦᠷ᠎ᠡ ᠪᠦᠲᠦᠭᠡᠯ᠎ᠢ ᠭᠦᠨᠵᠡᠭᠡᠶ ᠰᠤᠷᠤᠯᠴᠠᠨ ᠣᠢᠯᠠᠭᠠᠵᠤ᠂ ᠦᠨᠳᠦᠰᠦᠲᠡᠨ᠎ᠦ ᠠᠰᠠᠭᠤᠳᠠᠯ᠎ᠢ ᠱᠢᠶ᠋ᠳᠪᠦᠷᠢᠯᠡᠬᠦ᠌᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠴᠢᠳᠠᠪᠤᠷᠢ ᠪᠠ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ᠃

ᠨᠢᠭᠡ᠎ᠳᠦ ᠬᠠᠷᠢᠭᠤᠴᠠᠯᠭᠠᠲᠤ ᠤᠬᠠᠮᠰᠠᠷ᠎ᠢᠶᠠᠨ ᠦᠨᠡᠨ ᠬᠦ᠌ ᠴᠢᠩᠭᠠᠳᠭᠠᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ᠃ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ᠂ ᠡᠩ ᠲᠡᠷᠢᠭᠦᠨ᠎ᠳᠦ ᠶᠡᠷᠦᠩᠬᠡᠢ ᠱᠦᠵᠢ ᠰᠢ᠎ᠶ᠋ᠢᠨ ᠫᠢᠩ᠎ᠦᠨ ᠴᠢᠬᠤᠯᠠᠴᠢᠯᠠᠭ᠍ᠰᠠᠨ《ᠲᠦᠷᠪᠡᠨ ᠬᠠᠷᠢᠴᠠᠭ᠎ᠠ》 ᠵᠢ ᠣᠨᠣᠪᠴᠢᠲᠠᠢ ᠤᠢ᠍ᠢᠯᠠᠭᠠᠨ ᠪᠦᠬᠦ᠌ ᠲᠠᠯ᠎ᠠ᠎ᠪᠠᠷ ᠡᠵᠡᠮᠳᠡᠬᠦ᠌ ᠬᠡᠷᠡᠭ᠌ᠲᠡᠢ᠃ ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭ᠎ᠠ᠎ᠶ᠋ᠢ ᠵᠥᠪ ᠡᠵᠡᠮᠳᠡᠬᠦ᠌᠎ᠳᠦ᠂ ᠳᠠᠷᠤᠢ ᠨᠡᠢᠲᠡᠯᠢᠭ ᠴᠢᠨᠠᠷ᠎ᠢ ᠨᠡᠮᠡᠭ᠌ᠳᠡᠭᠦᠯᠬᠦ᠌᠂ ᠵᠥᠷᠢᠶᠡᠲᠦ ᠴᠢᠨᠠᠷ᠎ᠢ ᠬᠦᠨᠳᠦᠳᠭᠡᠨ ᠪᠠᠭ᠍ᠲᠠᠭᠠᠬᠤ ᠵᠠᠷᠴᠢᠮ᠎ᠢ ᠢᠮᠠᠭ᠍ᠲᠠ ᠪᠠᠷᠢᠮᠲᠠᠯᠠᠵᠤ᠂ ᠠᠭᠤᠤ ᠶᠡᠬᠡ ᠡᠭᠡ ᠣᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠲᠤᠬᠠᠢ ᠳᠡᠭᠡᠳᠦ ᠬᠡᠮᠵᠢᠶᠡᠨ᠎ᠦ ᠬᠠᠮᠲᠤ ᠵᠢᠨ ᠲᠠᠨᠢᠯᠲᠠ᠎ᠶ᠋ᠢ ᠨᠡᠮᠡᠭ᠌ᠳᠡᠭᠦᠯᠬᠦ᠌ ᠶᠠᠪᠤᠳᠠᠯ ᠪᠣᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠦ᠎ᠬᠠᠮᠲᠤ ᠴᠣᠭ᠍ᠴᠠ᠎ᠶ᠋ᠢᠨ ᠤᠬᠠᠮᠰᠠᠷ ᠪᠠ ᠦᠨᠳᠦᠰᠦᠲᠡᠨ᠎ᠨᠦᠭᠦᠳ᠎ᠦᠨ ᠤᠬᠠᠮᠰᠠᠷ᠎ᠤᠨ ᠬᠠᠷᠢᠴᠠᠭ᠎ᠠ᠎ᠶ᠋ᠢ ᠵᠥᠪ ᠡᠵᠡᠮᠳᠡᠬᠦ᠌᠎ᠳᠦ᠂ ᠳᠠᠷᠤᠢ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠬᠥᠳᠤᠯᠤᠨ ᠵᠢᠯᠣᠭᠣᠳᠴᠤ᠌ ᠳᠤᠮᠳᠠᠳᠤ᠎ᠶ᠋ᠢᠨ ᠦᠨᠳᠦᠰᠦᠲᠡᠨ᠎ᠦ ᠠᠱᠢᠭ ᠲᠤᠰᠠ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠪᠦᠬᠦᠯᠢ ᠴᠣᠭ᠍ᠴᠠ᠎ᠶ᠋ᠢᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠌ ᠠᠬᠢᠴᠠ ᠳᠤᠮᠳᠠ ᠦᠨᠳᠦᠰᠦᠲᠡᠨ᠎ᠨᠦᠭᠦᠳ᠎ᠦᠨ ᠪᠣᠳᠠᠲᠠᠢ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠌ ᠶᠠᠪᠤᠳᠠᠯ ᠪᠣᠯᠤᠨ᠎ᠠ᠃ ᠳᠤᠮᠳᠠᠳᠤ᠎ᠶ᠋ᠢᠨ ᠰᠣᠶᠣᠯ ᠪᠠ ᠡᠯ᠎ᠡ ᠦᠨᠳᠦᠰᠦᠲᠡᠨ᠎ᠦ ᠰᠣᠶᠣᠯ᠎ᠤᠨ ᠬᠠᠷᠢᠴᠠᠭ᠎ᠠ᠎ᠶ᠋ᠢ ᠵᠥᠪ ᠡᠵᠡᠮᠱᠢᠬᠦ᠌᠎ᠳᠦ᠂ ᠳᠠᠷᠤᠢ ᠳᠤᠮᠳᠠᠳᠤ᠎ᠶ᠋ᠢᠨ ᠰᠣᠶᠣᠯ ᠪᠠ ᠡᠯ᠎ᠡ ᠦᠨᠳᠦᠰᠦᠲᠡᠨ᠎ᠦ ᠰᠣᠶᠣᠯ ᠪᠣᠯ ᠭᠣᠣᠯ ᠡᠰᠢ ᠪᠠ ᠰᠠᠯᠠᠭ᠎ᠠ ᠮᠥᠴᠢᠷ᠎ᠤᠨ ᠬᠠᠷᠢᠴᠠᠭ᠎ᠠ ᠮᠥᠨ ᠭᠡᠳᠡᠭ᠎ᠢ ᠭᠦᠨᠵᠡᠭᠡᠢ ᠲᠠᠨᠢᠵᠤ᠂ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ ᠵᠢᠨ ᠲᠠᠨᠢᠯᠲᠠ᠎ᠪᠡᠨ ᠴᠢᠩᠭᠠᠳᠭᠠᠭ᠍ᠰᠠᠨ ᠰᠠᠭᠤᠷᠢᠨ ᠳᠡᠭᠡᠷ᠎ᠡ ᠡᠯ᠎ᠡ ᠦᠨᠳᠦᠰᠦᠲᠡᠨ᠎ᠦ ᠰᠣᠶᠣᠯ᠎ᠢ ᠤᠯᠠᠮᠵᠢᠯᠠᠨ ᠬᠠᠮᠠᠭᠠᠯᠠᠬᠤ ᠪᠠ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ᠎ᠶ᠋ᠢ ᠢᠮᠠᠭ᠍ᠲᠠ ᠪᠠᠷᠢᠮᠲᠠᠯᠠᠬᠤ ᠶᠠᠪᠤᠳᠠᠯ ᠪᠣᠯᠤᠨ᠎ᠠ᠃ ᠪᠣᠳᠠᠰ ᠪᠠ ᠤᠶᠤᠨ ᠰᠠᠨᠠᠭᠠᠨ᠎ᠤ ᠬᠠᠷᠢᠴᠠᠭ᠎ᠠ᠎ᠶ᠋ᠢ ᠵᠥᠪ ᠡᠵᠡᠮᠳᠡᠬᠦ᠌᠎ᠳᠦ᠂ ᠳᠠᠷᠤᠢ ᠡᠨᠡ ᠬᠣᠶᠠᠷ ᠪᠣᠯ ᠬᠠᠷᠢᠯᠴᠠᠨ ᠨᠦᠬᠦᠪᠦᠷᠢᠯᠡᠵᠦ ᠬᠠᠷᠢᠯᠴᠠᠨ ᠬᠠᠮᠵᠢᠯᠴᠠᠬᠤ ᠬᠠᠷᠢᠴᠠᠭ᠎ᠠ ᠮᠥᠨ ᠭᠡᠳᠡᠭ᠎ᠢ ᠭᠦᠨᠵᠡᠭᠡᠢ ᠲᠠᠨᠢᠵᠤ᠂ ᠪᠤᠢ ᠪᠦᠬᠦᠢ ᠥᠭᠡᠷᠡᠴᠢᠯᠡᠯᠲᠡ ᠬᠥᠭ᠌ᠵᠢᠯᠲᠡ᠎ᠳᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠠᠴᠢ ᠬᠣᠯᠪᠣᠭ᠍ᠳᠠᠯ᠂ ᠨᠢᠭᠡᠳᠦᠯ᠎ᠢ ᠬᠠᠮᠠᠭᠠᠯᠠᠵᠤ᠂ ᠬᠠᠭᠠᠴᠠᠭᠤᠯᠬᠤ᠎ᠶ᠋ᠢ ᠡᠰᠡᠷᠭᠦᠴᠡᠬᠦ ᠠᠴᠢ ᠬᠣᠯᠪᠣᠭ᠍ᠳᠠᠯ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠵᠤ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ ᠠᠴᠢ ᠬᠣᠯᠪᠣᠭ᠍ᠳᠠᠯ᠎ᠢ ᠢᠯᠡᠷᠡᠭᠦᠯᠬᠦ  ᠶᠠᠪᠤᠳᠠᠯ ᠪᠣᠯᠤᠨ᠎ᠠ᠃ ᠡᠨᠡ《ᠲᠦᠷᠪᠡᠨ ᠬᠠᠷᠢᠴᠠᠭ᠎ᠠ》 ᠪᠣᠯ ᠪᠢᠳᠡᠨ᠎ᠦ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠤᠷᠢᠲᠠᠯ ᠪᠠ ᠴᠢᠬᠤᠯᠠ ᠪᠠᠲᠤᠯᠠᠭ᠎ᠠ ᠮᠥᠨ᠂ ᠴᠢᠭ᠌ᠯᠡᠯ᠎ᠢᠶᠡᠨ ᠪᠠᠲᠤᠳᠭᠠᠵᠤ᠂ ᠵᠥᠷᠢᠢ᠎ᠡ᠎ᠪᠡᠨ ᠵᠠᠯᠠᠷᠠᠭᠤᠯᠵᠤ᠂ ᠠᠵᠢᠯ᠎ᠢᠶᠠᠨ ᠰᠠᠢᠵᠢᠷᠠᠭᠤᠯᠵᠤ᠂ ᠶᠠᠰᠤ ᠴᠢᠨᠠᠷ᠎ᠢᠶᠠᠨ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠦᠨ ᠨᠡᠩ ᠶᠡᠬᠡ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ ᠬᠡᠷᠡᠭ᠌ᠲᠡᠢ᠃

ᠬᠣᠶᠠᠷ᠎ᠲᠤ ᠱᠢᠰᠲ᠋ᠧᠮᠳᠦ ᠦᠵᠡᠯᠲᠡ᠎ᠪᠡᠨ ᠦᠨᠡᠨ ᠬᠦ᠌ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠬᠦᠴᠦᠯᠡᠨ ᠪᠠᠢᠭᠤᠯᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠪᠠᠢᠩᠭᠤᠵᠢᠭᠰᠠᠨ᠂ ᠪᠦᠬᠦᠨ᠎ᠢ ᠬᠠᠮᠤᠷᠤᠭᠰᠠᠨ ᠬᠡᠯᠪᠡᠷᠢ ᠪᠡᠷ ᠥᠷᠨᠢᠭᠦᠯᠦᠨ᠂ ᠣᠨᠣᠯ᠎ᠤᠨ ᠲᠠᠢᠯᠪᠤᠷᠢᠯᠠᠯᠲᠠ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠪᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ᠎ᠢ ᠤᠬᠠᠭᠤᠯᠤᠨ ᠲᠠᠢᠯᠪᠤᠷᠢᠯᠠᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠭᠦᠨᠵᠡᠭᠡᠢ᠂ ᠬᠦᠮᠦᠰ᠎ᠤᠨ ᠰᠡᠳᠭᠢᠯ᠎ᠳᠤ ᠰᠠᠭᠤᠬᠳᠠᠳᠠᠯ᠎ᠠ ᠲᠠᠢᠯᠪᠤᠷᠢᠯᠠᠬᠤ ᠪᠡᠷ ᠴᠢᠷᠮᠠᠢᠨ᠂《ᠭᠤᠷᠪᠠᠨ ᠰᠠᠯᠵᠤ ᠴᠢᠳᠠᠬᠤ ᠥᠬᠡᠶ》 《ᠲᠠᠪᠤᠨ ᠬᠠᠮᠲᠤ᠎ᠶ᠋ᠢᠨ ᠲᠠᠨᠢᠯᠲᠠ》 ᠎ᠶ᠋ᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠡᠳᠭᠢᠯ᠎ᠳᠦ ᠭᠦᠨ ᠦᠨᠳᠦᠰᠦᠯᠡᠭᠦᠯᠬᠦ᠌᠎ᠶ᠋ᠢ ᠠᠬᠢᠭᠤᠯᠬᠤ ᠬᠡᠷᠡᠭᠳᠡᠢ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠲᠤᠰᠭᠠᠢ ᠰᠡᠳᠦᠪᠲᠦ ᠰᠤᠷᠤᠯᠴᠠᠯᠭ᠎ᠠ᠎ᠲᠠᠶ ᠤᠶᠠᠯᠳᠤᠭᠤᠯᠵᠤ᠂ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠢ ᠱᠦᠵᠢ ᠰᠢ ᠵᠢᠨ ᠫᠢᠩ᠎ᠦᠨ 《7·1》 ᠤ᠋ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠦᠯᠥᠨ ᠵᠢᠯᠤᠭᠤᠳᠴᠤ᠂ ᠠᠭᠤᠤ ᠶᠡᠬᠡ ᠨᠠᠮ ᠪᠠᠢᠭᠤᠯᠤᠭᠰᠠᠨ ᠵᠣᠷᠢᠭ ᠰᠠᠨᠠᠭ᠎ᠠ ᠵᠡᠷᠭᠡ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ ᠡᠴᠡ ᠡᠯᠪᠡᠭ ᠪᠠᠶᠠᠯᠢᠭ ᠱᠢᠮ᠎ᠡ ᠲᠡᠵᠢᠭᠡᠯ ᠬᠦᠷᠲᠡᠵᠦ᠍᠂ 《ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠢᠷᠠᠭᠤ ᠠᠯᠳᠠᠷ ᠢᠴᠢᠭᠦᠷᠢ ᠭᠤᠳᠤᠮᠰᠢᠭ ᠵᠢᠡᠨ ᠬᠠᠮᠳᠤᠳᠬᠠᠬᠤ᠂ ᠦᠬᠦᠵᠦ᠍ ᠰᠡᠬᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ ᠴᠣᠭ᠍ᠴᠠ᠎ᠶ᠋ᠢᠨ ᠣᠢᠯᠠᠭᠠᠭ᠍ᠳᠠᠬᠤᠨ》᠎ᠤ᠋ ᠭᠦᠨᠵᠡᠭᠡᠢ ᠠᠭᠤᠯᠤᠭ᠍ᠳᠠᠬᠤᠨ᠎ᠢ ᠨᠡᠩ ᠰᠠᠢᠲᠤᠷ ᠤᠢ᠍ᠢᠯᠠᠭᠠᠨ ᠡᠵᠡᠮᠱᠢᠭᠦᠯᠵᠦ᠍᠂ ᠤᠬᠠᠮᠰᠠᠷ ᠡᠴᠡ᠎ᠪᠠᠨ ᠬᠠᠮᠲᠤ᠎ᠶ᠋ᠢᠨ ᠬᠦᠰᠡᠯᠡᠩ ᠢᠲᠡᠭᠡᠯ ᠪᠢᠱᠢᠷᠡᠯ᠎ᠢᠶᠡᠷ ᠰᠡᠳᠭᠢᠯ᠎ᠢᠶᠡᠨ ᠨᠢᠭ᠍ᠲᠠᠷᠠᠭᠤᠯᠤᠨ ᠰᠦᠭ ᠰᠦᠨᠡᠰᠦ᠎ᠪᠡᠨ ᠴᠣᠭ᠍ᠴᠠᠯᠠᠬᠤ ᠪᠤᠯᠭᠠᠨ᠎ᠠ᠃ ᠠᠵᠢᠯ᠎ᠤᠨ ᠦᠷᠭᠦᠯᠵᠢᠯᠡᠬᠦ᠌ ᠴᠢᠨᠠᠷ᠎ᠢ ᠦᠷᠭᠦᠯᠵᠢᠯᠡᠨ ᠰᠠᠢᠲᠤᠷ ᠪᠠᠲᠤᠯᠠᠵᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠭᠰᠡᠨ ᠦᠷ᠎ᠡ ᠪᠦᠲᠦᠭᠡᠯ᠎ᠢ ᠰᠠᠢᠲᠤᠷ ᠪᠡᠬᠢᠵᠢᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠍᠂ ᠥᠷᠭᠡᠨ ᠤᠯᠠᠨ ᠴᠥᠭᠡᠨ ᠲᠣᠭᠠᠲᠤ ᠦᠨᠳᠦᠰᠦᠲᠡᠨ᠎ᠦ ᠤᠯᠠᠨ ᠲᠦᠮᠡᠨ᠎ᠦ ᠤᠳᠤ ᠦᠶ᠎ᠡ᠎ᠶ᠋ᠢᠨ ᠨᠡᠢᠭᠡᠮ᠎ᠳᠦ ᠨᠡᠩ ᠰᠠᠢᠲᠤᠷ ᠠᠭᠤᠰᠤᠯᠴᠠᠬᠤ᠂ ᠣᠳᠣᠬᠢᠴᠢᠯᠠᠯᠲᠠ ᠲᠡᠢᠰᠢ ᠤᠷᠤᠭ᠍ᠰᠢᠯᠠᠬᠤ᠎ᠳᠤ ᠨᠥᠬᠥᠴᠡᠯ ᠪᠦᠷᠢᠯᠳᠦᠭᠦᠯᠵᠦ᠍ ᠥᠭ᠌ᠭᠦ ᠬᠡᠷᠡᠭᠲᠡᠢ᠃

ᠭᠤᠷᠪᠠ᠎ᠳᠤ ᠱᠢᠨ᠎ᠡ᠎ᠶ᠋ᠢ ᠡᠭᠦᠳᠬᠦ᠌ ᠣᠢᠯᠠᠭᠠᠭ᠍ᠳᠠᠬᠤᠨ᠎ᠢ ᠦᠨᠡᠨ ᠬᠦ᠌ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠳᠡᠢ᠃ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠨᠡᠢᠭᠡᠮ᠎ᠦᠨ ᠬᠥᠭ᠌ᠵᠢᠯᠲᠡ᠎ᠶ᠋ᠢᠨ ᠵᠠᠢᠯᠠᠰᠢ ᠦᠭᠡᠢ ᠬᠠᠨᠳᠤᠰᠢ ᠮᠥᠨ᠂ ᠳᠤᠮᠳᠠᠳᠤ᠎ᠶ᠋ᠢᠨ ᠦᠨᠳᠦᠰᠦᠲᠡᠨ᠎ᠢ  ᠪᠠᠭ᠍ᠲᠠᠭᠠᠮᠵᠢᠲᠤ ᠴᠢᠨᠠᠷ᠎ᠢᠶᠠᠷ ᠨᠡᠩ ᠴᠢᠩᠭ᠎ᠠ᠂ ᠨᠢᠭ᠍ᠲᠠᠷᠠᠯ᠎ᠤᠨ ᠬᠦᠴᠦᠨ᠎ᠢᠶᠡᠷ ᠨᠡᠩ ᠶᠡᠬᠡ ᠬᠤᠪᠢ ᠵᠠᠶᠠᠭᠠᠨ᠎ᠤ ᠬᠠᠮᠲᠤ ᠴᠣᠭ᠍ᠴᠠ ᠲᠡᠢᠰᠢ ᠤᠷᠤᠭ᠍ᠰᠢᠯᠠᠬᠤ᠎ᠶ᠋ᠢ ᠠᠬᠢᠭᠤᠯᠬᠤ ᠵᠢᠨ ᠬᠢᠵᠠᠭᠠᠯᠠᠰᠢ ᠦᠭᠡᠢ ᠶᠡᠬᠡ ᠬᠥᠳᠡᠯᠭᠡᠬᠦ᠌ ᠬᠦᠴᠦᠨ ᠮᠥᠨ᠃ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠳᠤᠲᠠᠭᠤᠳᠠᠯ᠎ᠢ ᠨᠥᠬᠥᠪᠥᠷᠢᠯᠡᠬᠦ᠌᠎ᠡᠴᠡ ᠡᠭᠦᠰᠴᠤ᠂ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠣᠳᠣᠬᠢᠴᠢᠯᠠᠯᠲᠠ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌᠎ᠶ᠋ᠢ ᠲᠤᠬᠠᠢ ᠵᠢᠨ ᠭᠠᠵᠠᠷ᠎ᠤᠨ ᠪᠠᠢᠳᠠᠯ ᠲᠠᠢ ᠪᠠᠨ ᠤᠶᠠᠯᠳᠤᠭᠤᠯᠤᠨ ᠠᠬᠢᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠬᠤ ᠬᠡᠷᠡᠭᠳᠡᠢ᠃ ᠠᠭᠤᠰᠤᠯᠴᠠᠨ ᠬᠥᠭ᠌ᠵᠢᠬᠦ᠌ ᠨᠡᠢᠭᠡᠮ᠎ᠦᠨ ᠪᠦᠲᠦᠴᠡ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠷᠥ᠎ᠶ᠋ᠢᠨ ᠪᠣᠳᠣᠯᠭ᠎ᠠ᠎ᠠᠷᠭ᠎ᠠ ᠬᠡᠮᠵᠢᠶ᠎ᠡ᠎ᠶ᠋ᠢ ᠤᠯᠠᠮ ᠴᠢᠨᠠᠭᠰᠢᠳᠠ ᠪᠦᠷᠢᠨᠱᠢᠭᠦᠯᠦᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠷᠣᠨ ᠪᠦᠰᠡ ᠠᠯᠤᠰᠯᠠᠨ ᠱᠢᠯᠵᠢᠬᠦ᠌᠎ᠶ᠋ᠢ ᠵᠣᠷᠢᠭ᠍ᠵᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠮᠠᠯᠵᠢᠬᠤ ᠲᠠᠷᠢᠶᠠᠯᠠᠬᠤ ᠣᠷᠣᠨ ᠡᠴᠡ ᠭᠠᠷᠴᠤ᠌ ᠬᠣᠲᠠ ᠪᠠᠯᠭᠠᠰᠤ᠎ᠳᠤ ᠣᠴᠢᠵᠤ ᠠᠵᠢᠯ ᠬᠥᠳᠡᠯᠮᠦᠷᠢ ᠬᠢᠵᠦ᠍ ᠬᠤᠳᠠᠯᠳᠤᠭ᠎ᠠ ᠡᠷᠭᠢᠯᠡᠬᠦ᠌᠂ ᠡᠷᠳᠡᠮ ᠮᠡᠳᠡᠯᠭᠡ ᠰᠤᠷᠴᠤ᠌ ᠠᠵᠢᠯ ᠤᠯᠬᠤ᠎ᠶ᠋ᠢ ᠳᠡᠮᠵᠢᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠦᠨᠳᠦᠰᠦᠲᠡᠨ᠎ᠦ ᠲᠥᠪᠯᠡᠷᠡᠨ ᠰᠠᠭᠤᠷᠢᠱᠢᠭ᠍ᠰᠠᠨ ᠣᠷᠣᠨ ᠢᠯᠠᠩᠭᠤᠶ᠎ᠠ ᠬᠢᠯᠢ ᠬᠢᠵᠠᠭᠠᠷ ᠣᠷᠣᠨ᠎ᠳᠤ ᠢᠷᠡᠵᠦ᠍ ᠰᠠᠭᠤᠷᠢᠱᠢᠵᠤ ᠠᠵᠤ ᠲᠦᠷᠦᠬᠦ᠂ ᠠᠵᠢᠯ ᠦᠶ᠋ᠯᠡᠰ ᠪᠤᠰᠬᠠᠨ ᠬᠥᠭ᠌ᠵᠢᠬᠦ᠌᠎ᠶ᠋ᠢ ᠳᠡᠮᠵᠢᠬᠦ ᠬᠡᠷᠡᠭᠳᠡᠢ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ 《ᠨᠠᠶ᠋ᠮᠠ ᠳ᠋ᠤ ᠣᠷᠣᠭᠤᠯᠬᠤ +》᠎ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ ᠲᠠᠯᠠᠪᠤᠷ ᠭᠠᠵᠠᠷ᠂ ᠭᠤᠤᠯᠳᠠᠯᠭ᠎ᠠ᠎ᠲᠠᠶ ᠠᠵᠢᠯ ᠲᠥᠷᠥᠯ᠂ ᠴᠤᠩᠬᠤᠪᠴᠢ ᠨᠢᠭᠡᠴᠢ᠂ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠂ ᠱᠢᠨ᠎ᠡ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ ᠵᠡᠷᠭᠡ᠎ᠶ᠋ᠢᠨ ᠡᠭᠦᠳᠦᠨ ᠪᠠᠢᠭᠤᠯᠬᠤ ᠡᠷᠴᠢᠮ᠎ᠢ ᠴᠢᠩᠭᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠲᠣᠭᠣᠷᠢᠨ᠎ᠳᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢ ᠡᠭᠦᠳᠦᠨ ᠪᠠᠢᠭᠤᠯᠬᠤ ᠬᠢᠷᠢ ᠲᠦᠪᠱᠢᠨ᠎ᠢ ᠲᠠᠰᠤᠷᠠᠯᠲᠠ ᠥᠬᠡᠶ ᠪᠡᠬᠢᠵᠢᠭᠦᠯᠦᠨ ᠳᠡᠭᠡᠭ᠌ᠰᠢᠯᠡᠭᠦᠯᠬᠦ ᠬᠡᠷᠡᠭᠳᠡᠢ᠃

ᠲᠦᠷᠪᠡ᠎ᠳᠦ ᠬᠠᠤᠯᠢᠵᠢᠯ ᠤ᠋ᠨ ᠬᠡᠪ ᠪᠣᠯᠪᠠᠰᠤᠷᠠᠯ ᠵᠢᠨᠨ ᠦᠨᠡᠨ ᠬᠦ᠌ ᠴᠢᠩᠭᠠᠳᠭᠠᠵᠤ᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠬᠢᠷᠢ ᠲᠦᠪᠱᠢᠨ᠎ᠢᠶᠡᠨ ᠬᠦᠴᠦᠯᠡᠨ ᠳᠡᠭᠡᠭ᠌ᠰᠢᠯᠡᠭᠦᠯᠬᠦ ᠬᠡᠷᠡᠭᠳᠡᠢ᠃ ᠬᠠᠤᠯᠢᠵᠢᠯ᠎ᠤᠨ ᠰᠡᠳᠭᠢᠬᠦᠶ᠎ᠪᠡᠷ ᠦᠨᠳᠦᠰᠦᠲᠡᠨ᠎ᠦ ᠬᠡᠷᠡᠭ ᠶᠠᠪᠤᠳᠠᠯ᠎ᠢ ᠱᠢᠶ᠋ᠳᠪᠦᠷᠢᠯᠡᠬᠦ᠌᠎ᠶ᠋ᠢ ᠪᠠᠷᠢᠮᠲᠠᠯᠠᠵᠤ᠂ ᠬᠠᠤᠯᠢ᠎ᠪᠠᠷ ᠬᠣᠲᠠ᠎ᠶ᠋ᠢ ᠵᠠᠰᠠᠬᠤ ᠱᠠᠭᠠᠷᠳᠠᠯᠭ᠎ᠠ᠎ᠶ᠋ᠢ ᠦᠨᠳᠦᠰᠦᠲᠡᠨ᠎ᠦ ᠠᠵᠢᠯ᠎ᠤᠨ ᠪᠥᠬᠥ᠌ ᠶᠠᠪᠤᠴᠠ᠎ᠳᠤ ᠢᠯᠡᠷᠡᠭᠦᠯᠵᠦ᠍᠂ ᠬᠠᠤᠯᠢᠵᠢᠯ᠎ᠤᠨ ᠰᠡᠳᠭᠢᠬᠦᠶ ᠪᠠ ᠬᠠᠤᠯᠢᠵᠢᠯ᠎ᠤᠨ ᠠᠷᠭ᠎ᠠ ᠬᠡᠯᠪᠡᠷᠢ᠎ᠪᠡᠷ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠬᠤ ᠬᠡᠷᠡᠭᠳᠡᠢ᠃ ᠵᠢᠷᠤᠮᠵᠢᠭᠤᠯᠬᠤ ᠱᠠᠭᠠᠷᠳᠠᠯᠭ᠎ᠠ᠎ᠪᠠᠷ ᠦᠨᠳᠦᠰᠦᠲᠡᠨ᠎ᠦ ᠬᠡᠷᠡᠭ ᠶᠠᠪᠤᠳᠠᠯ᠎ᠢ ᠬᠠᠮᠢᠶᠠᠷᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠦ ᠶᠠᠪᠤᠳᠠᠯ ᠳ᠋ᠤ ᠬᠣᠯᠪᠣᠭ᠍ᠳᠠᠭ᠍ᠰᠠᠨ ᠬᠡᠷᠡᠭ᠎ᠢ ᠲᠣᠬᠢᠲᠠᠶ ᠱᠢᠶ᠋ᠳᠪᠦᠷᠢᠯᠡᠵᠦ᠍᠂ ᠡᠯ᠎ᠡ ᠲᠥᠷᠥᠯ᠎ᠦᠨ ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠦᠭᠭᠦ ᠬᠡᠷᠡᠭᠳᠡᠢ᠃ ᠪᠠᠷᠢᠮᠵᠢᠶᠠᠵᠢᠭᠰᠠᠨ᠎ᠠᠷᠭ᠎ᠠ ᠬᠡᠮᠵᠢᠶ᠎ᠡ᠎ᠪᠡᠷ ᠦᠨᠳᠦᠰᠦᠲᠡᠨ᠎ᠦ ᠬᠡᠷᠡᠭ ᠶᠠᠪᠤᠳᠠᠯ᠎ᠳᠤ ᠦᠢᠯᠡᠴᠢᠯᠡᠬᠦ᠌᠎ᠶ᠋ᠢ ᠪᠠᠷᠢᠮᠲᠠᠯᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌ ᠨᠡᠢᠭᠡᠮ᠎ᠦᠨ ᠵᠠᠰᠠᠯᠲᠠ᠎ᠶ᠋ᠢᠨ ᠱᠢᠰᠲ᠋ᠧᠮ᠎ᠳᠦ ᠣᠷᠣᠭᠤᠯᠵᠤ᠂ ᠨᠡᠢᠭᠡᠮ᠎ᠦᠨ ᠵᠠᠰᠠᠯᠲᠠ ᠪᠠ ᠦᠢᠯᠡᠴᠢᠯᠡᠭᠡᠨ᠎ᠦ ᠭᠣᠣᠯᠳᠠᠯᠭ᠎ᠠ᠎ᠶ᠋ᠢ ᠦᠨᠳᠦᠰᠦᠨ ᠱᠠᠳᠤ ᠲᠡᠢᠰᠢ ᠱᠢᠯᠵᠢᠭᠦᠯᠬᠦ᠌᠎ᠶ᠋ᠢ ᠠᠬᠢᠭᠤᠯᠵᠤ᠂ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠬᠦ ᠬᠡᠷᠡᠭᠳᠡᠢ᠃

ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠦᠩᠬᠡ ᠬᠡᠷᠡᠯᠳᠡᠢ ᠶᠤᠮ᠂ ᠪᠢᠳᠡ ᠡᠷᠬᠡᠪᠰᠢ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠷᠢᠨ ᠪᠦᠲᠦᠨ᠂ ᠣᠨᠣᠪᠴᠢᠲᠠᠢ᠂ ᠪᠦᠬᠦ᠌ ᠲᠠᠯ᠎ᠠ᠎ᠪᠠᠷ ᠡᠵᠡᠮᠰᠢᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭᠠᠷᠳᠠᠯᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠵᠠᠮ ᠨᠡᠭᠡᠭᠡᠨ ᠤᠷᠤᠭ᠍ᠰᠢᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠪᠠᠲᠤᠯᠠᠬᠤ᠎ᠳᠤ ᠤᠯᠠᠭᠠᠨᠴᠠᠪ᠎ᠤᠨ ᠬᠤᠪᠢ ᠨᠡᠮᠡᠷᠢ ᠵᠢ ᠦᠵᠡᠭᠦᠯᠬᠦ ᠬᠡᠷᠡᠭᠳᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号