ᠦᠭᠡ ᠬᠡᠯᠡ ᠦᠰᠦᠭ ᠪᠢᠴᠢᠭ᠎ᠠᠲᠠᠯᠢ ᠪᠤᠯ ᠨᠠᠩ ᠰᠡᠳᠭᠢᠯ ᠨᠠᠢᠯᠠᠨ᠎ᠠ
2021-11-07 12:15:55
ᠵᠣᠬᠢᠶᠠᠭ᠍ᠴᠢ᠄
ᠯᠢᠦ ᡁᠢ ᠱᠢᠶᠠᠨ
ᠣᠩᠱᠢᠭ᠍ᠰᠠᠨ ᠣᠳᠠᠭ᠎ᠠ᠄
★★★☆☆

ᠦᠭᠡ ᠬᠡᠯᠡ ᠪᠣᠯ ᠬᠥᠮᠦᠨ ᠲᠥᠷᠥᠯᠬᠢᠲᠡᠨ᠎ᠦ ᠬᠠᠷᠢᠯᠴᠠᠭᠠᠨ᠎ᠤ ᠴᠢᠬᠤᠯᠠ ᠪᠠᠭᠠᠵᠢ ᠮᠥᠨ᠂ ᠦᠰᠦᠭ ᠪᠢᠴᠢᠭ ᠪᠣᠯ ᠪᠣᠯᠪᠠᠰᠤᠨ᠎ᠢ ᠤᠯᠠᠮᠵᠢᠯᠠᠨ ᠵᠠᠯᠭᠠᠮᠵᠢᠯᠠᠬᠤ ᠴᠢᠬᠤᠯᠠ ᠠᠴᠢᠶᠠᠯᠠᠪᠤᠷᠢ ᠮᠥᠨ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠨᠢ ᠳᠤᠮᠳᠠᠳᠤ᠎ᠶ᠋ᠢᠨ ᠲᠠᠪᠤᠨ ᠮᠢᠩᠭᠠᠨ ᠵᠢᠯ᠎ᠦᠨ ᠲᠡᠦᠬᠡ᠎ᠶ᠋ᠢ ᠠᠴᠢᠶᠠᠯᠠᠵᠤ᠂ ᠠᠭᠤᠤ ᠶᠡᠬᠡ ᠰᠡᠷᠭᠦᠨ ᠮᠠᠨᠳᠤᠯᠲᠠ᠎ᠶ᠋ᠢᠨ᠎ᠬᠠᠮᠲᠤ᠎ᠶ᠋ᠢᠨ᠎ᠡᠭᠦᠷᠭᠡ᠎ᠬᠠᠷᠢᠭᠤᠴᠠᠯᠭ᠎ᠠ᠎ᠶ᠋ᠢ᠎ᠬᠥᠭ᠌ᠵᠢᠭᠡᠵᠦ᠍᠂ ᠦᠨᠳᠤᠰᠦᠳᠡᠨ ᠨᠤᠭᠦᠳ ᠎ᠤᠨ ᠤᠯᠠᠨ ᠲᠦᠮᠡᠨ᠎ᠦ ᠭᠦᠨ ᠵᠤᠵᠠᠭᠠᠨ ᠨᠥᠬᠥᠷᠯᠡᠯ᠎ᠢ ᠬᠣᠯᠪᠣᠵᠤ ᠪᠠᠢᠳᠠᠭ᠃

ᠦᠭᠡ ᠬᠡᠯᠡ ᠦᠰᠦᠭ ᠪᠢᠴᠢᠭ᠎ᠠᠲᠠᠯᠢ ᠪᠤᠯ ᠨᠠᠩ ᠰᠡᠳᠭᠢᠯ ᠨᠡᠢᠯᠡᠵᠤ᠂ ᠬᠠᠢᠷ᠎ᠠ ᠰᠡᠳᠭᠢᠯᠭᠡ ᠠᠭᠤᠰᠤᠯᠴᠠᠵᠤ ᠴᠢᠳᠠᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠂ ᠦᠭᠡ ᠬᠡᠯᠡ ᠨᠡᠪᠲᠡᠷᠡᠯᠴᠡᠬᠦ᠌᠎ᠦᠭᠡᠢ᠎ᠪᠣᠯ ᠬᠠᠷᠢᠯᠴᠠᠬᠤ᠎ᠳᠤ ᠬᠦᠴᠢᠷ᠂ ᠬᠠᠷᠢᠯᠴᠠᠬᠤ ᠦᠭᠡᠢ ᠪᠣᠯ ᠣᠢᠯᠠᠭᠠᠯᠴᠠᠬᠤ᠎ᠳᠤ ᠬᠦᠴᠢᠷ᠂ ᠬᠠᠮᠲᠤ ᠵᠢᠨ ᠲᠠᠨᠢᠯᠲᠠ᠎ᠲᠡᠶ ᠪᠣᠯᠬᠤ᠎ᠳᠤ ᠬᠦᠴᠢᠷ ᠭᠡᠵᠦ᠍ ᠣᠯᠠᠨᠲᠠ ᠴᠢᠬᠤᠯᠠᠴᠢᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠨ ᠪᠠᠢᠭᠤᠯᠤᠭ᠍ᠰᠠᠨ ᠠᠩᠬᠠᠳᠠᠭ᠍ᠴᠢ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ᠎ᠦᠨ ᠰᠠᠭᠤᠷᠢ ᠪᠣᠯ ᠦᠨᠳᠦᠰᠦᠲᠡᠨ ᠨᠤᠭᠦᠳ᠎ᠦᠨ ᠬᠣᠭᠣᠷᠣᠨᠳᠣᠬᠢ ᠣᠢᠯᠠᠭᠠᠯᠴᠠᠭ᠎ᠠ ᠪᠠ ᠢᠲᠡᠭᠡᠯᠴᠡᠭᠡ ᠪᠣᠯᠤᠨ᠎ᠠ᠂ ᠬᠠᠷᠢᠯᠴᠠᠨ ᠣᠢᠯᠠᠭᠠᠯᠴᠠᠬᠤ ᠪᠠ ᠢᠲᠡᠭᠡᠯᠴᠡᠬᠦ᠌᠎ᠶ᠋ᠢᠨ ᠴᠢᠬᠤᠯᠠ ᠬᠥᠭᠥᠷᠭᠡ ᠪᠣᠯ ᠲᠠᠷᠤᠢ ᠦᠭᠡ ᠬᠡᠯᠡ ᠦᠰᠦᠭ ᠪᠢᠴᠢᠭ ᠪᠣᠯᠤᠨ᠎ᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠨᠢ ᠬᠥᠮᠦᠰ᠎ᠦᠨ ᠬᠣᠭᠣᠷᠣᠨᠳᠣᠬᠢ ᠶᠠᠪᠤᠯᠴᠠᠭ᠎ᠠ ᠨᠡᠪᠲᠡᠷᠡᠯᠴᠡᠭᠡ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ᠎ᠶ᠋ᠢᠨ ᠴᠢᠬᠤᠯᠠ ᠰᠠᠭᠤᠷᠢ ᠪᠣᠯᠤᠨ᠎ᠠ᠂ ᠨᠡᠩ ᠴᠤ᠌ ᠦᠨᠳᠦᠰᠦᠲᠡᠨ᠎ᠦ ᠭᠠᠵᠠᠷ ᠣᠷᠣᠨ᠎ᠤ ᠠᠵᠢᠯ᠎ᠢ ᠰᠠᠢᠲᠤᠷ ᠬᠢᠬᠦ᠌᠎ᠶ᠋ᠢᠨ ᠤᠷᠳᠤ ᠬᠤᠭᠤᠴᠠᠭᠠᠨ᠎ᠤ ᠠᠷᠭ᠎ᠠ ᠪᠤᠳᠤᠯᠭ᠎ᠠ᠂ ᠦᠨᠳᠦᠰᠦ᠎ᠶ᠋ᠢ ᠪᠡᠬᠢᠵᠢᠭᠦᠯᠬᠦ᠌ ᠠᠷᠭ᠎ᠠ ᠬᠡᠮᠵᠢᠢ᠎ᠡ ᠪᠣᠯᠤᠨ᠎ᠠ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠬᠠᠮᠠᠭᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠨᠡᠩ ᠰᠠᠢᠲᠤᠷ ᠦᠢᠯᠡᠴᠢᠯᠡᠭᠦᠯᠬᠦ᠌᠎ᠶ᠋ᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠭᠤᠴᠢᠳᠤᠭᠠᠷ ᠬᠤᠷᠠᠯ᠎ᠠᠴᠠ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ〈ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠠᠤᠯᠢ〉 ᠵᠢ ᠬᠡᠷᠡᠭ᠌ᠵᠢᠭᠦᠯᠬᠦ᠌ ᠠᠷᠭ᠎ᠠ》ᠳ᠋ᠤ ᠵᠠᠰᠠᠪᠤᠷᠢ ᠣᠷᠣᠭᠤᠯᠤᠨ ᠪᠠᠲᠤᠯᠠᠵᠤ᠂ 2022 ᠣᠨ᠎ᠤ 1 ᠰᠠᠷ᠎ᠠ᠎ᠶ᠋ᠢᠨ 1 ᠎ᠤ᠋ ᠡᠳᠦᠷ᠎ᠡᠴᠡ ᠡᠬᠢᠯᠡᠨ ᠬᠡᠷᠡᠭ᠌ᠵᠢᠭᠦᠯᠬᠦ ᠪᠤᠯᠤᠨ᠎ᠠ᠃ ᠴᠢᠨᠠᠷ ᠰᠠᠢᠲᠠᠢ ᠥᠨᠳᠥᠷ ᠪᠦᠲᠦᠮᠵᠢᠲᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠢᠳᠡᠪᠬᠢᠲᠡᠢ ᠯᠠᠪᠳᠠᠭᠤᠨ᠎ᠡᠮᠬᠢ ᠵᠢᠷᠤᠮ᠎ᠲᠠᠶ ᠠᠬᠢᠭᠤᠯᠵᠤ᠂ ᠤᠬᠠᠮᠰᠠᠷ᠎ᠠᠴᠠ᠎ᠪᠠᠨ ᠰᠠᠢ᠌ᠨ ᠳᠤᠷ᠎ᠠ᠎ᠠᠴᠠ᠎ᠪᠠᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠪᠡᠯ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠨᠢ ᠡᠴᠦᠰ᠎ᠲᠡᠬᠡᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌᠂ ᠪᠦᠬᠦᠢᠯᠡ ᠨᠡᠢᠭᠡᠮ᠎ᠦᠨ ᠬᠥᠭ᠌ᠵᠢᠯ ᠴᠡᠴᠡᠭ᠌ᠯᠡᠯ᠎ᠢ ᠠᠬᠢᠭᠤᠯᠬᠤ 《ᠠᠯᠳᠠᠨ ᠲᠦᠯᠬᠢᠭᠦᠷ》 ᠪᠣᠯᠬᠤ ᠶᠤᠮ᠃

ᠬᠦᠰᠡᠯ ᠵᠡᠭᠦᠳᠦ ᠪᠡᠨ ᠪᠡᠶᠡᠯᠡᠬᠦᠯᠬᠦ ᠠᠶᠠᠨ ᠰᠤᠷᠤᠯᠴᠠᠯᠭ᠎ᠠ᠎ᠠᠴᠠ ᠡᠬᠢᠯᠡᠵᠦ᠍᠂ ᠠᠵᠢᠯ ᠦᠢᠯᠡᠰ ᠪᠦᠲᠦᠭᠡᠬᠦ᠌ ᠵᠠᠮ ᠡᠷᠳᠡᠮ ᠮᠡᠳᠡᠯᠭᠡ᠎ᠡᠴᠡ ᠡᠬᠢᠯᠡᠳᠡᠭ᠃ ᠨᠡᠩ ᠤᠯᠠᠨ ᠦᠨᠳᠦᠰᠦᠲᠡᠨ ᠨᠤᠬᠥᠳ᠎ᠦᠨ ᠤᠯᠠᠨ ᠲᠦᠮᠡᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠨ ᠡᠵᠡᠮᠱᠢᠬᠦ᠎ᠳᠤ ᠲᠦᠰᠢᠭᠯᠡᠨ᠂ ᠪᠦᠬᠦ᠌ ᠤᠯᠤᠰ ᠲᠤ᠌᠂ ᠳᠡᠯᠡᠬᠡᠢ ᠳ᠋ᠠᠬᠢᠨ᠎ᠳᠤ ᠬᠠᠨᠳᠤᠵᠤ᠂ ᠨᠤᠲᠤᠭ ᠤᠰᠤ᠎ᠪᠠᠨ ᠪᠦᠳᠦᠭᠡᠨ ᠪᠠᠢᠭᠤᠯᠬᠤ᠂ ᠡᠬᠡ ᠤᠯᠤᠰ᠎ᠤᠨ᠎ᠢᠶᠠᠨ ᠲᠥᠯᠥᠭᠡ ᠵᠢᠳᠬᠦᠬᠦ᠌ ᠶᠠᠪᠤᠴᠠ᠎ᠳᠤ ᠥᠪᠡᠷ᠎ᠦᠨ ᠠᠮᠢᠳᠤᠷᠠᠬᠤᠢ᠎ᠶ᠋ᠢᠨ ᠦᠷᠳᠡᠭ᠎ᠢᠶᠡᠨ ᠪᠡᠶᠡᠯᠡᠭᠦᠯᠵᠦ᠍᠂ ᠳᠡᠯᠡᠬᠡᠢ᠎ᠶ᠋ᠢᠨ ᠲᠠᠪᠴᠠᠩ ᠳᠡᠭᠡᠷ᠎ᠡ ᠳᠤᠮᠳᠠᠳᠤ ᠤᠯᠤᠰ᠎ᠤᠨ ᠴᠤᠭ ᠵᠢᠪᠬᠤᠭ᠎ᠠ᠎ᠶ᠋ᠢ ᠢᠯᠡᠷᠡᠭᠦᠯᠵᠦ᠍ ᠪᠠᠢᠬᠤ᠎ᠶ᠋ᠢ ᠦᠢᠯᠡᠳᠦᠯᠭᠡ ᠲᠠᠬᠢᠨ ᠲᠠᠪᠲᠡᠨ ᠭᠡᠷᠡᠴᠢᠯᠡᠪᠡ᠃ ᠬᠡᠦᠬᠡᠳ ᠪᠣᠯ ᠡᠬᠡ ᠤᠯᠤᠰ᠎ᠤᠨ ᠴᠡᠴᠡᠭᠡᠰ᠂ ᠦᠨᠳᠦᠰᠦᠲᠡᠨ᠎ᠦ ᠢᠷᠡᠭᠡᠳᠦᠢ ᠮᠥᠨ᠂ ᠬᠡᠦᠬᠡᠳ ᠪᠠᠭᠠᠴᠤᠳ᠎ᠠᠴᠠ ᠡᠬᠢᠯᠡᠨ ᠠᠳᠭᠤᠵᠤ᠂ ᠨᠡᠩ ᠤᠯᠠᠨ ᠬᠡᠦᠬᠡᠳ᠎ᠲᠦ ᠬᠠᠷᠠᠬᠠᠨ ᠪᠠᠭ᠎ᠠ᠎ᠠᠴᠠ ᠨᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠵᠡᠮᠱᠢᠭᠦᠯᠵᠦ᠍᠂ ᠨᠡᠩ ᠤᠯᠠᠨ ᠱᠢᠨᠵᠢᠯᠡᠬᠦ᠌ ᠤᠬᠠᠭᠠᠨ ᠰᠣᠶᠣᠯ᠎ᠤᠨ ᠮᠡᠳᠡᠯᠭᠡ᠎ᠶ᠋ᠢ ᠡᠵᠡᠮᠱᠢᠭᠦᠯᠪᠡᠯ ᠰᠠᠶᠢ ᠬᠤᠪᠢ ᠬᠥᠮᠦᠨ᠎ᠦ ᠦᠷᠳᠡᠭ᠎ᠢᠶᠡᠨ ᠨᠡᠩ ᠰᠠᠢ᠌ᠳᠤᠷ ᠪᠡᠶᠡᠯᠡᠭᠦᠯᠵᠦ᠍᠂ ᠤᠳᠤ ᠦᠶ᠎ᠡ᠎ᠶ᠋ᠢᠨ ᠨᠡᠢᠭᠡᠮ᠎ᠳᠦ ᠨᠡᠩ ᠰᠠᠢ᠌ᠨ ᠠᠭᠤᠰᠤᠯᠴᠠᠵᠤ ᠴᠢᠳᠠᠨ᠎ᠠ᠃

《ᠪᠢ ᠪᠣᠯ ᠮᠣᠩᠭᠣᠯ ᠦᠨᠳᠦᠰᠦᠲᠡᠨ᠂ ᠭᠡᠪᠡᠴᠦ᠍ ᠪᠢ ᠶᠠᠭᠤᠨ᠎ᠤ ᠡᠮᠦᠨ᠎ᠡ ᠳᠤᠮᠳᠠᠳᠤ ᠤᠯᠤᠰ᠎ᠤᠨ ᠬᠥᠮᠦᠨ︾᠃ ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠨᠠᠷᠠᠨᠲᠤᠶᠠᠭ᠎ᠠ ᠶᠡᠷᠦᠩᠬᠡᠢ ᠱᠦᠵᠢ᠎ᠳᠦ ᠬᠢᠭᠰᠡᠨ ᠬᠠᠷᠢᠭᠤ ᠮᠡᠳᠡᠭᠦᠯᠦᠯᠲᠡ ᠨᠢ ᠢᠲᠡᠭᠡᠯ ᠲᠡᠭᠦᠯᠲᠡᠷ ᠮᠦᠷᠲᠡᠭᠡᠨ ᠢᠳᠡ ᠬᠦᠴᠦᠲᠡᠢ᠃ ᠦᠭᠡ ᠬᠡᠯᠡ ᠦᠰᠦᠭ ᠪᠢᠴᠢᠭ ᠪᠣᠯ ᠠᠴᠢᠶᠠᠯᠠᠪᠤᠷᠢ᠂ ᠬᠥᠭᠥᠷᠭᠡ᠂ ᠬᠣᠯᠪᠣᠭᠠᠰᠤ᠂ ᠲᠦᠯᠬᠢᠭᠦᠷ᠂ ᠦᠭᠡ ᠬᠡᠯᠡ ᠦᠰᠦᠭ ᠪᠢᠴᠢᠭ ᠨᠢᠭᠡᠲᠦᠯᠲᠡᠢ ᠪᠠᠢᠬᠤ᠎ᠶ᠋ᠢᠨ ᠡᠴᠦᠰ᠎ᠦᠨ ᠵᠣᠷᠢᠯᠭ᠎ᠠ ᠪᠤᠯ ᠣᠢᠯᠠᠭᠠᠯᠴᠠᠭ᠎ᠠ᠎ᠪᠠᠨ ᠴᠢᠨᠠᠭᠰᠢᠲᠠ ᠭᠦᠨᠵᠡᠭᠡᠢᠷᠡᠭᠦᠯᠵᠦ᠍᠂ ᠬᠠᠷᠢᠯᠴᠠᠨ ᠬᠦᠨᠳᠦᠳᠭᠡᠵᠦ᠍᠂ ᠦᠨᠳᠦᠰᠦᠳᠡᠨ ᠨᠤᠬᠥᠳ᠎ᠤᠨ ᠦᠷᠳᠡᠭ᠎ᠦᠨ ᠨᠡᠪᠲᠡᠷᠡᠯᠴᠡᠭᠡ᠂ ᠬᠠᠮᠲᠤ᠎ᠶ᠋ᠢᠨ ᠲᠠᠨᠢᠯᠲᠠ᠎ᠵᠢᠨ ᠨᠢᠭᠡᠲᠦᠯ᠂ ᠰᠡᠳᠬᠢᠯ᠎ᠤᠨ ᠨᠢᠬᠳᠠᠷᠠᠯ᠂ ᠤᠶᠤᠨ ᠰᠠᠨᠠᠭ᠎ᠠ᠎ᠶ᠋ᠢ ᠬᠠᠷᠢᠯᠴᠠᠨ ᠲᠦᠱᠢᠯᠴᠡᠭᠦᠯᠬᠦ᠌᠎ᠶ᠋ᠢ ᠠᠬᠢᠭᠤᠯᠬᠤ᠎ᠶ᠋ᠢᠨ ᠲᠥᠯᠥᠭᠡ ᠶᠤᠮ᠃ ᠲᠤᠭ ᠲᠡᠮᠳᠡᠭ ᠲᠣᠳᠣᠷᠬᠠᠢ᠎ᠪᠠᠷ ᠤᠯᠤᠰ᠎ᠤᠨ᠎ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠡᠶ᠎ᠡ ᠵᠣᠬᠢᠴᠠᠩᠭᠤᠢ ᠲᠣᠭ᠍ᠲᠠᠭᠤᠨ ᠰᠠᠢᠠ ᠰᠠᠢᠬᠠᠨ ᠪᠠᠢᠲᠠᠯ᠎ᠢ ᠬᠠᠮᠠᠭᠠᠯᠠᠪᠠᠯ᠂ ᠪᠢᠲᠠ ᠶᠠᠮᠠᠷᠪᠠ ᠦᠶ᠎ᠠ᠎ᠳ᠋ᠤ ᠴᠣ᠌ ᠬᠡᠰᠡᠨ ᠴᠦᠮ ᠠᠨᠠᠷ᠎ᠤᠨ ᠦᠷ᠎ᠠ ᠰᠢᠭ ᠨᠢᠭᠲᠠᠷᠠᠠ ᠪᠦᠮᠬᠦᠯᠲᠡᠵᠦ᠂ ᠬᠠᠮᠲᠤ ᠪᠠᠷ ᠪᠦᠯᠬᠦᠮᠲᠠᠠ ᠲᠡᠮᠡᠴᠡᠵᠦ᠂ ᠬᠠᠮᠲᠤ ᠪᠠᠷ ᠴᠡᠴᠡᠭᠯᠡᠡ ᠬᠦᠭᠵᠢᠬᠦ ᠵᠠᠮ ᠵᠢᠨᠷ ᠡᠷᠡᠮᠡᠭᠡᠢᠯᠡᠡ ᠤᠷᠤᠭᠰᠢᠯᠠᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号