ᠤᠢᠷ᠎ᠠ᠎ᠳᠤ᠂ ᠰᠤᠷᠪᠤᠯᠵᠢᠯᠠᠭ᠍ᠴᠢ ᠣᠲᠣᠭ ᠬᠣᠱᠢᠭᠤᠨ᠎ᠤ ᠤᠯᠠᠭᠠᠨᠪᠠᠯᠭᠠᠰᠤ᠎ᠶ᠋ᠢᠨ
ᠱᠢᠷᠠᠪᠦ᠋ᠷᠢᠳᠦ ᠭᠠᠴᠠᠭᠠᠳ᠋ᠥ᠍ ᠬᠥᠷᠴᠦ ᠂ ᠪᠣᠷᠣ ᠴᠠᠷᠭᠠᠰᠣ᠎ᠵᠢᠨ ᠲᠤᠬᠠᠢ ᠰᠤᠷᠪᠤᠯᠵᠢᠯᠠᠭ᠎ᠠ ᠬᠢᠭᠰᠡᠨ ᠪᠢᠯᠡ᠃
ᠰᠤᠷᠪᠤᠯᠵᠢᠯᠠᠭ᠍ᠴᠢ ᠲᠡᠢ ᠬᠠᠮᠲᠤ ᠶᠠᠪᠤᠭᠰᠠᠨ ᠳ᠋ᠦ᠋ ᠵᠢᠶᠠᠨ ᠼᠡᠢ ᠲᠡᠷᠳᠡᠭᠡ ᠨᠢᠭᠡ ᠬᠡᠰᠡᠭ ᠭᠠᠵᠠᠷ᠎ᠢ ᠵᠢᠭᠠᠭᠠᠳ᠄
《ᠡᠨᠡ ᠪᠣᠯ ᠮᠢᠨᠦ᠍ ᠲᠠᠨᠢᠯᠴᠠᠭᠤᠯᠵᠣ ᠲᠠᠷᠢᠭᠣᠯᠣᠬ᠍ᠰᠠᠨ ᠭᠠᠵᠠᠷ ᠬᠠᠭᠠᠯᠪᠤᠷᠢᠯᠠᠬᠤ ᠥᠬᠡᠶ᠎ᠪᠡᠷ ᠲᠠᠷᠢᠬ᠍ᠰᠠᠨ ᠪᠣᠷᠣ ᠴᠠᠷᠭᠠᠰᠣ
ᠪᠣᠯᠣᠨ᠎ᠠ᠂ ᠪᠠᠯᠠ ᠣᠷᠣᠭᠤᠯᠤᠯᠲᠠ᠎ᠨᠢ ᠪᠠᠭ᠎ᠠ ᠪᠥᠭᠡᠳ ᠤᠷᠭᠤᠴᠠ᠎ᠨᠢ ᠰᠠᠢᠨ᠂ ᠪᠠᠰᠠ ᠴᠠᠭ᠎ᠲᠤ ᠠᠷᠪᠢᠲᠠᠶ》ᠬᠡᠵᠣ ᠲᠥᠬᠥᠮ ᠲᠠᠨᠢᠯᠴᠠᠭᠣᠯᠣᠨᠠ᠃
ᠳ᠋ᠦ᠋ ᠵᠢᠶᠠᠨ ᠼᠡᠢ ᠡᠨᠡ ᠵᠢᠯ 59 ᠨᠠᠰᠣᠳᠡᠢ᠃
ᠲᠡᠷᠡ ᠪᠣᠯ ᠡᠪᠡᠰᠦᠨ᠎ᠦ ᠦᠶ᠋ᠯᠡᠰ᠎ᠦᠨ ᠱᠢᠨᠵᠢᠯᠡᠬᠦ᠌ ᠤᠬᠠᠭᠠᠨ᠎ᠤ ᠳ᠋ᠣᠺᠲ᠋ᠣᠷ᠂ ᠰᠤᠳᠤᠯᠤᠭ᠍ᠴᠢ᠂ ᠠᠰᠫᠢᠷᠠᠨᠲ᠎ᠤᠨ
ᠵᠢᠯᠣᠭᠣᠳᠣᠭ᠍ᠴᠢ ᠪᠠᠭ᠍ᠰᠢ᠂ ᠳᠤᠮᠳᠠᠳᠤ ᠤᠯᠤᠰ᠎ᠤᠨ ᠬᠦᠳᠡᠭᠡ ᠠᠵᠤ ᠠᠬᠤᠢ ᠵᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ
ᠨᠤᠲᠤᠭ ᠪᠡᠯᠴᠢᠭᠡᠷ ᠰᠤᠳᠤᠯᠬᠤ ᠭᠠᠵᠠᠷ᠎ᠲᠤ ᠠᠵᠢᠯᠯᠠᠵᠤ᠂ 32 ᠵᠢᠯ
ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠦᠶ᠋ᠯᠡᠳᠪᠦᠷᠢᠯᠡᠯ ᠦᠨ ᠨᠢᠭᠡᠳᠦᠭᠡᠷ ᠹᠷᠣᠨᠲ ᠲᠸ᠋ ᠲᠡᠮᠡᠴᠡᠵᠦ᠍᠂ ᠣᠷᠳᠣ
ᠬᠤᠭᠤᠴᠠᠭ᠎ᠠ᠎ᠪᠠᠷ ᠨᠤᠲᠤᠭ ᠪᠡᠯᠴᠢᠭᠡᠷ᠎ᠦᠨ ᠦᠶ᠋ᠯᠡᠳᠪᠦᠷᠢᠯᠡᠯ᠎ᠦᠨ ᠵᠠᠩᠭᠢᠯᠠᠭ᠎ᠠ᠎ᠶ᠋ᠢᠨ ᠮᠡᠷᠭᠡᠵᠢᠯ᠎ᠢ ᠱᠢᠶ᠋ᠳᠪᠦᠷᠢᠯᠡᠬᠦ᠌᠎ᠪᠡᠷ
ᠭᠤᠤᠯ ᠬᠠᠷᠠᠯᠲᠠ ᠪᠣᠯᠭᠠᠨ ᠰᠤᠳᠤᠯᠵᠤ᠂ ᠡᠪᠡᠰᠦᠨ᠎ᠦ ᠠᠵᠤ ᠦᠶ᠋ᠯᠡᠰ᠎ᠦᠨ ᠮᠡᠷᠭᠡᠵᠢᠯ᠎ᠢ ᠨᠡᠭᠡᠭᠡᠨ ᠬᠥᠭ᠌ᠵᠢᠭᠦᠯᠬᠦ᠌
ᠬᠦᠷᠢᠶᠡᠨ᠎ᠳᠦ ᠲᠣᠪᠣᠢᠮ᠎ᠠ ᠠᠮᠵᠢᠯᠲᠠ ᠭᠠᠷᠭᠠᠵᠣ ᠶᠠᠪᠣᠬ᠍ᠰᠠᠨ ᠶᠤᠮ᠃ 2020 ᠣᠨ᠎ᠳᠤ᠂
ᠲᠡᠷᠡ ᠣᠷᠳᠣᠰ ᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠴᠢ᠎ᠪᠠᠷ ᠬᠦᠳᠡᠭᠡ
ᠪᠠᠭᠤᠵᠤ᠂ ᠪᠣᠷᠣ ᠴᠠᠷᠭᠠᠰᠤ ᠳᠠᠷᠢᠬᠤ ᠮᠠᠯᠴᠢᠨ ᠡᠷᠦᠬᠡ᠎ᠳᠦ ᠲᠠᠷᠢᠮᠠᠯ᠎ᠤᠨ ᠦᠶ᠋ᠯᠡᠴᠢᠯᠡᠭᠡ ᠬᠠᠩᠭᠠᠵᠤ᠂ ᠮᠠᠯᠴᠢᠨ
ᠲᠠᠷᠢᠶᠠᠴᠢᠨ᠎ᠢ ᠵᠢᠯᠣᠭᠣᠳᠤᠨ ᠲᠡᠷᠢᠭᠦᠨ᠎ᠦ ᠱᠢᠨᠵᠢᠯᠡᠬᠦ᠌ ᠤᠬᠠᠭᠠᠨᠮᠡᠷᠬᠡᠵᠢᠯᠶ᠋ᠢᠡᠷᠲᠠᠷᠢᠮᠠᠯᠳᠠᠷᠢᠬᠤᠠᠷᠭᠠᠶ᠋ᠢ ᠡᠵᠡᠮᠱᠢᠭᠦᠯᠥᠭ᠌ᠰᠡᠨ ᠪᠠᠢ᠌ᠨ᠎ᠠ᠃
ᠣᠲᠣᠭ ᠬᠣᠱᠢᠭᠤᠨ᠎ᠤ ᠣᠯᠠᠭᠠᠨᠪᠠᠯᠭᠠᠰᠣ ᠪᠣᠯ ᠭᠠᠵᠠᠷ ᠨᠣᠳᠣᠬ ᠥᠷᠬᠡᠨ ᠠᠭᠣᠳᠠᠮ᠂
ᠭᠠᠵᠠᠷ᠎ᠦᠨ ᠭᠠᠳᠠᠷᠭᠣ ᠲᠡᠭ᠌ᠰᠢ ᠮᠥᠷᠳᠡᠭᠡᠨ ᠣᠰᠣᠨᠦ ᠳᠥᠪᠱᠢᠨ ᠲᠡᠬᠡᠷ᠎ᠠ ᠪᠣᠯᠬᠣᠷ ᠬᠣᠱᠢᠭᠣᠨᠦ ᠵᠠᠰᠠᠬ᠎ᠦᠨ
ᠣᠷᠳᠣᠨᠡᠴᠨ ᠮᠠᠯᠴᠢᠨ ᠲᠠᠷᠢᠶᠠᠴᠢᠨ᠎ᠤ ᠥᠬᠡᠷ ᠬᠣᠨᠢ ᠲᠡᠵᠢᠬᠡᠨ ᠪᠣᠷᠳᠣᠵᠣ᠂ ᠡᠪᠠᠰᠣ ᠪᠣᠷᠳᠣᠭ᠎ᠠ᠎ᠵᠢᠨ ᠬᠡᠷᠡᠭ᠌ᠴᠡᠬᠡ
ᠶᠡᠬᠡ ᠪᠠᠢ᠌ᠳᠠᠯ᠎ᠢ ᠥᠨᠳᠣᠰᠣᠯᠠᠵᠣ᠂ ᠪᠣᠷᠣ ᠴᠠᠷᠭᠠᠰᠤ ᠳᠠᠷᠢᠬᠤ᠎ᠪᠠᠷ ᠲᠣᠭ᠍ᠲᠠᠵᠤ᠂ ᠱᠢᠨᠵᠢᠯᠡᠬᠦ᠌ ᠤᠬᠠᠭᠠᠨ ᠲᠧᠭ᠌ᠨᠢᠭ
ᠮᠡᠷᠭᠡᠵᠢᠯ᠎ᠦᠨ ᠣᠨᠴᠠ ᠲᠣᠮᠢᠯᠠᠭ᠍ᠴᠢ᠎ᠶ᠋ᠢ ᠤᠷᠢᠵᠤ ᠪᠥᠬᠥ᠌ ᠶᠠᠪᠤᠴᠠ᠎ᠳᠤ᠎ᠨᠢ ᠵᠢᠭᠠᠨ ᠵᠢᠯᠣᠭᠣᠳᠣᠯᠭ᠎ᠠ ᠬᠢᠯᠬᠡᠵᠡᠢ᠃
ᠮᠠᠯᠴᠢᠳ ᠡᠪᠡᠰᠦ ᠳᠠᠷᠢᠬᠤ᠎ᠠᠴᠠ ᠡᠮᠦᠨ᠎ᠡ᠂ ᠳ᠋ᠦ᠋ ᠵᠢᠶᠠᠨ ᠼᠡᠢ ᠮᠠᠯᠵᠢᠬᠤ ᠡᠷᠦᠬᠡ
ᠨᠢᠭᠡᠪᠦᠷᠢ᠂ ᠲᠤᠰᠭᠠᠢ ᠬᠣᠷᠱᠢᠶ᠎ᠠ᠎ᠶ᠋ᠢᠨ ᠳᠠᠷᠢᠬᠤ ᠭᠡᠵᠦ᠍ ᠪᠠᠢᠭ᠎ᠠ ᠭᠠᠵᠠᠷᠪᠦᠬᠦᠨᠢ ᠪᠡᠶ᠎ᠡ᠎ᠪᠡᠷ᠎ᠢᠶᠡᠨ
ᠲᠤᠬᠠᠶ᠎ᠶ᠋ᠢᠨ ᠲᠠᠯᠠᠪᠠᠶ᠎ᠳᠤ ᠬᠠᠢᠨ ᠪᠠᠢᠴᠠᠭᠠᠭ᠍ᠰᠠᠨ᠎ᠤ ᠳᠠᠷᠠᠭ᠎ᠠ᠂ ᠳᠠᠷᠢᠬᠤ ᠲᠥᠰᠦᠯ᠎ᠢ ᠬᠠᠨᠳᠤᠯᠭᠠᠲᠤ ᠴᠢᠨᠠᠷᠲᠠᠶ᠎ᠪᠠᠷ
ᠲᠣᠭ᠍ᠲᠠᠭᠠᠵᠤ᠂ ᠰᠦᠷᠴᠢᠨ ᠤᠰᠤᠯᠠᠬᠤ ᠲᠥᠬᠥᠭᠡᠷᠦᠮᠵᠢ ᠤᠭ᠍ᠰᠠᠷᠠᠬᠤ᠎ᠶ᠋ᠢ ᠵᠢᠯᠣᠭᠣᠤᠡᠴᠥ᠍᠂ ᠲᠤᠬᠠᠢ᠎ᠶ᠋ᠢᠨ ᠭᠠᠵᠠᠷ᠎ᠤᠨ
ᠮᠠᠯᠴᠢᠳ᠎ᠤᠨ ᠲᠤᠮᠳᠠ ᠮᠡᠷᠭᠡᠵᠢᠯ᠎ᠦᠨ18 ᠭᠣᠣᠯᠯᠠᠬ᠍ᠴᠢ ᠬᠥᠮᠦᠨ᠎ᠢ ᠬᠥᠮᠦᠵᠢᠭᠦᠯᠵᠣ᠂
48
ᠵᠢᠱ᠌ᠢᠶ᠎ᠡ
ᠦᠵᠡᠭᠦᠯᠬᠦ᠌ ᠡᠷᠦᠬᠡ᠎ᠶ᠋ᠢ ᠬᠥᠮᠦᠵᠢᠭᠦᠯᠵᠣ ᠭᠠᠷᠭᠠᠪᠠ᠃ ᠬᠤᠸᠠᠳᠤᠯᠤᠭᠠᠢ᠂ ᠰᠦᠮ᠎ᠡ᠎ᠳᠦ ᠬᠣᠶᠠᠷ ᠱᠢᠨᠵᠢᠯᠡᠬᠦ᠌ ᠤᠬᠠᠭᠠᠨ
ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ᠎ᠤᠨ ᠦᠶ᠋ᠯᠡᠴᠢᠯᠡᠭᠡᠨ᠎ᠦ ᠴᠡᠭ᠎ᠢ ᠬᠠᠷᠢᠭᠤᠴᠠᠵᠤ᠂ ᠤᠯᠠᠭᠠᠨᠪᠠᠯᠭᠠᠰᠤᠨᠦ
35
ᠮᠠᠯᠴᠢᠨ
ᠡᠷᠦᠬᠡ᠂ 2
ᠲᠤᠰᠭᠠᠢ
ᠬᠣᠷᠱᠢᠶᠡᠳᠤ ᠥᠢᠯᠡᠴᠢᠯᠡᠵᠣ᠂ 3500 ᠭᠠᠷᠤᠢ ᠮᠦ᠍ ᠪᠣᠷᠣ ᠴᠠᠷᠭᠠᠰᠤ
ᠲᠠᠷᠢᠪᠠ᠃ 5
ᠲᠤᠰᠭᠠᠶ
ᠬᠣᠷᠱᠢᠶ᠎ᠠ᠎ᠶ᠋ᠢᠨ ᠪᠣᠷᠣ ᠴᠠᠷᠭᠠᠰᠤ᠎ᠶ᠋ᠢᠨ ᠠᠵᠤ ᠦᠢᠯᠡᠰᠵᠢᠭ᠌ᠰᠡᠨ ᠦᠶ᠋ᠯᠡᠤᠡᠪᠦᠷᠢᠯᠡᠯ ᠬᠢᠬᠦ᠌᠎ᠶ᠋ᠢ ᠲᠡᠤᠡᠬᠦᠵᠦ᠍᠂ 8ᠬᠥᠮᠦᠨ᠎ᠢᠶᠡᠷ
ᠪᠦᠷᠢᠯᠳᠦᠭ᠌ᠰᠡᠨ ᠡᠪᠡᠰᠦᠨ᠎ᠦ ᠠᠵᠤ ᠦᠶ᠋ᠯᠡᠰ᠎ᠦᠨ ᠲᠤᠰᠭᠠᠢᠵᠢᠭ᠍ᠰᠠᠨ ᠦᠶ᠋ᠯᠡᠴᠢᠯᠡᠭᠡᠨ᠎ᠦ ᠡᠩᠨᠡᠭᠡ᠎ᠶ᠋ᠢ ᠪᠣᠯᠪᠠᠰᠤᠷᠠᠭᠤᠯᠪᠠ᠃
180
ᠬᠡᠯᠪᠡᠷᠢ᠎ᠵᠢᠨ
ᠲᠣᠮᠣ ᠲᠷᠠᠺᠲ᠋ᠣᠷ ᠨᠢᠭᠡ᠂ ᠤᠷᠭᠤᠮᠠᠯ ᠬᠠᠮᠠᠭᠠᠯᠠᠬᠤ ᠵᠢᠯᠣᠭᠣᠴᠢ ᠥᠬᠡᠶ ᠨᠢᠰᠭᠡᠯ 1᠂ ᠬᠠᠭᠠᠯᠪᠤᠷᠢᠯᠠᠬᠤ
ᠥᠬᠡᠶ᠎ᠪᠡᠷ ᠳᠠᠷᠢᠬᠤ ᠮᠠᠱᠢᠨ 2 ᠢ᠋ ᠵᠥᠭᠡᠭᠡᠪᠦᠷᠢᠯᠡᠨ ᠠᠪᠴᠢᠷᠠᠵᠣ᠂
ᠨᠢᠭᠡᠳᠦᠭᠡᠷ ᠵᠢᠯ᠎ᠦᠨ ᠠᠱᠢᠭ ᠣᠷᠣᠯᠭ᠎ᠠ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠨᠣᠬᠠᠶ᠎ᠶ᠋ᠢᠨ ᠬᠣᠱᠢᠭᠤ
+ ᠪᠣᠷᠣ ᠴᠠᠷᠭᠠᠰᠤ᠎ᠶ᠋ᠢ ᠬᠣᠯᠢᠵᠤ ᠳᠠᠷᠢᠵᠤ᠂ ᠲᠣᠰ ᠵᠢᠯ᠎ᠦᠨ
ᠡᠪᠡᠰᠦᠨ᠎ᠦ ᠤᠨᠠᠯᠲᠠ᠎ᠶ᠋ᠢᠨ ᠬᠡᠮᠵᠢᠶ᠎ᠡ᠎ᠶ᠋ᠢ ᠮᠥ᠍ ᠪᠦᠷᠢ 300 ᠺᠢᠯᠣᠭ᠌ᠷᠠᠮ᠎ᠠᠴᠠ
ᠳᠡᠭᠡᠭ᠌ᠰᠢ᠎ᠳᠦ ᠬᠦᠷᠭᠡᠭ᠌ᠰᠡᠨ ᠪᠠᠢ᠌ᠨ᠎ᠠ᠃
ᠣᠯᠠᠭᠠᠨᠪᠠᠯᠭᠠᠰᠣᠵᠢᠨ ᠱᠢᠷᠠᠪᠦ᠋ᠷᠢᠳᠦ ᠭᠠᠴᠠᠭ᠎ᠠ᠎ᠵᠢᠨ ᠨᠠᠮ᠎ᠦᠨ ᠡᠬᠥᠷ ᠤ᠋ᠨ
ᠱᠥᠵᠢ ᠶᠠᠩ ᠴᠡᠩᠬᠡᠯ᠄ 《ᠣᠨᠴᠠ ᠲᠣᠮᠢᠯᠠᠭ᠍ᠳᠠᠭ᠍ᠰᠠᠳ ᠪᠢᠳᠡᠨ᠎ᠳᠦ 〈ᠠᠰᠠᠷᠠᠭ᠍ᠴᠢ
ᠮᠠᠶᠢᠭ〉᠎ᠤ᠋ᠨ ᠦᠢᠯᠡᠴᠢᠯᠡᠭᠡ ᠬᠠᠩᠭᠠᠵᠤ᠂ ᠰᠠᠷ᠎ᠠ ᠪᠦᠷᠢ ᠭᠠᠴᠠᠭ᠎ᠠ᠎ᠳᠤ ᠢᠷᠡᠵᠦ᠍ ᠂ 4 ᠡᠴᠡ 5 ᠤᠳᠠᠭ᠎ᠠ ᠵᠢᠯᠣᠭᠣᠳᠭᠤ᠎ᠶ᠋ᠢ ᠪᠠᠲᠤᠯᠠᠵᠤ᠂ ᠪᠢᠳᠡᠨ᠎ᠳᠦ ᠠᠩᠬᠠᠷᠬᠤ ᠵᠦᠢᠯ ᠪᠣᠯᠤᠨ ᠪᠤᠷᠳᠤᠭᠤᠷ
ᠣᠷᠣᠭᠤᠯᠬᠤ ᠪᠠᠢᠳᠠᠯ᠎ᠢ ᠬᠦᠯᠢᠴᠡᠩᠭᠦᠢ᠎ᠪᠡᠷ ᠲᠠᠢᠯᠪᠤᠷᠢᠯᠠᠨᠥᠭ᠌ᠴᠦ᠂ ᠲᠠᠷᠢᠬᠤ ᠶᠠᠪᠤᠴᠠ᠎ᠳᠦ ᠲᠤᠯᠭᠠᠷᠠᠭ᠍ᠰᠠᠨ
ᠬᠦᠴᠢᠷᠳᠡᠯ᠎ᠢ ᠱᠢᠢᠳᠪᠦᠷᠢᠯᠡᠵᠣ ᠥᠭ᠌ᠴᠠᠢ᠃ ᠮᠠᠨ᠎ᠦ ᠮᠠᠯᠴᠢᠳ᠎ᠦᠨ ᠦᠬᠡᠷ ᠬᠣᠨᠢᠣᠯᠠᠨ ᠪᠠᠢ᠌ᠵᠣ᠂ ᠬᠠᠱᠢᠶᠠᠯᠠᠨ
ᠲᠡᠵᠢᠬᠡᠵᠣ ᠪᠠᠢ᠌ᠬᠣ ᠪᠣᠯᠬᠣᠷ ᠡᠪᠡᠰᠦ ᠪᠣᠷᠳᠣᠭ᠎ᠠ ᠨᠡᠯᠢᠶᠡᠳ ᠳᠤᠲᠠᠭ᠍ᠳᠠᠵᠤ᠂ ᠶᠠᠮᠠᠷ ᠡᠪᠡᠰᠦ ᠳᠠᠷᠢᠬᠤ᠎ᠶ᠋ᠢ
ᠮᠡᠳᠡᠬᠦ᠌ ᠥᠬᠡᠶ ᠪᠠᠢ᠌ᠪᠡ᠃ ᠳ᠋ᠦ᠋ ᠵᠢᠶᠠᠨ ᠼᠡᠢ ᠡᠨᠡ ᠪᠠᠢᠳᠠᠯ᠎ᠢ ᠮᠡᠳᠡᠭ᠌ᠰᠡᠨ᠎ᠦ ᠳᠠᠷᠠᠭ᠎ᠠ᠂ ᠶᠠᠮᠡᠷ ᠡᠪᠡᠰᠣ
ᠲᠠᠷᠢᠬᠣ᠂ ᠴᠢᠨᠠᠷ ᠰᠠᠢᠲᠠᠶ ᠦᠷ᠎ᠡ᠎ᠶ᠋ᠢ ᠬᠠᠮᠢᠭ᠎ᠠ᠎ᠠᠴᠠ ᠬᠤᠳᠠᠯᠳᠤᠨ ᠠᠪᠬᠤ᠂ ᠬᠡᠷᠬᠢᠨ ᠪᠣᠷᠲᠣᠭᠣᠷ ᠣᠷᠣᠭᠤᠯᠬᠤ
ᠵᠡᠷᠬᠡ᠎ᠶ᠋ᠢ ᠨᠠᠷᠢᠨ ᠳᠣᠳᠣᠷᠬᠠᠢ ᠬᠡᠯᠡᠵᠣ ᠥᠭ᠌ᠳᠡᠭ》 ᠬᠡᠵᠣ ᠰᠡᠳᠭᠢᠯ᠎ᠦᠨ
ᠥᠬᠡ ᠪᠡᠨ ᠲᠡᠯᠬᠡᠨ᠎ᠠ᠃
ᠪᠥᠬᠥ᠌ ᠬᠣᠱᠢᠭᠤᠨ᠎ᠳᠤ ᠨᠠᠩ ᠰᠠᠢᠨ ᠦᠶ᠋ᠯᠡᠴᠢᠯᠡᠵᠦ᠍᠂ ᠮᠠᠯᠴᠢᠳ᠎ᠲᠤ ᠰᠦᠶ᠋ᠳᠭᠡᠯ
ᠬᠤᠷᠢᠶᠠᠬᠤ ᠥᠬᠡᠶ ᠮᠡᠷᠭᠡᠵᠢᠯ᠎ᠦᠨ ᠦᠶ᠋ᠯᠡᠴᠢᠯᠡᠭᠡ ᠬᠠᠩᠭᠠᠬᠤ᠎ᠪᠠᠷ ᠂ ᠣᠲᠣᠭ ᠬᠣᠱᠢᠭᠤᠨ᠎ᠤ ᠠᠵᠤ ᠦᠶ᠋ᠯᠡᠳᠪᠦᠷᠢᠪᠠᠮᠡᠳᠡᠭᠡᠵᠠᠩᠭᠢᠵᠢᠯᠲᠠᠶ᠋ᠢᠨ ᠲᠣᠪᠴᠢᠶ᠎ᠠ ᠣᠨᠴᠠᠯᠢᠭ᠍ᠲᠤ ᠦᠶ᠋ᠯᠡᠴᠢᠯᠡᠭᠡᠨ᠎ᠦ ᠪᠦᠯᠬᠦᠮ᠎ᠢ ᠵᠣᠬᠢᠶᠠᠨ ᠪᠠᠢᠭᠤᠯᠬᠤ᠎ᠪᠠᠷ
ᠳᠠᠮᠵᠢᠭᠤᠯᠤᠨ ᠬᠥᠭ᠌ᠵᠢᠯᠲᠡ᠎ᠳᠦ ᠲᠤᠯᠭᠠᠷᠠᠬ᠍ᠰᠠᠨ ᠮᠡᠷᠭᠡᠵᠢᠯ᠎ᠦᠨ ᠠᠰᠠᠭᠤᠳᠠᠯ᠎ᠢ ᠲᠥᠪᠯᠡᠷᠡᠭᠦᠯᠦᠨ ᠱᠢᠶ᠋ᠳᠪᠦᠷᠢᠯᠡᠵᠦ᠍᠂
ᠨᠢᠭᠡ ᠪᠦᠯᠦᠭ ᠤᠷ᠎ᠠ ᠴᠢᠳᠠᠪᠤᠷᠢ ᠡᠵᠡᠮᠱᠢᠭ᠌ᠰᠡᠨ᠂ ᠠᠳᠠᠯ ᠦᠶ᠋ᠯᠡᠰ ᠴᠣᠭ᠍ᠴᠠᠯᠠᠵᠤ ᠪᠠᠶᠠᠵᠢᠬᠤ ᠳᠠᠭᠠᠭᠤᠯᠤᠭ᠍ᠴᠢ᠎ᠶ᠋ᠢ
ᠬᠥᠮᠦᠵᠢᠭᠦᠯᠦᠨ᠂ ᠲᠡᠵᠢᠭᠡᠨ ᠦᠷᠡᠵᠢᠭᠦᠯᠬᠦ᠌ ᠡᠷᠦᠬᠡ᠎ᠶ᠋ᠢᠨ ᠥᠪᠡᠷ᠎ᠢ᠎ᠪᠡᠨ ᠬᠥᠭ᠌ᠵᠢᠭᠦᠯᠬᠦ᠌ ᠴᠢᠳᠠᠪᠤᠷᠢ᠎ᠶ᠋ᠢ
ᠳᠠᠢᠴᠢᠯᠠᠵᠤ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ ᠦ ᠬᠦᠴᠦᠨ᠎ᠢ ᠠᠱᠢᠬ᠍ᠯᠠᠨ ᠬᠥᠳᠡᠭᠡ ᠲᠣᠰᠭᠣᠨ᠎ᠢ ᠬᠥᠭ᠌ᠵᠢᠭᠦᠯᠦᠨ
ᠮᠠᠨᠳᠤᠭᠤᠯᠬᠤ᠎ᠶ᠋ᠢ ᠠᠬᠢᠭᠤᠯᠵᠤ᠂ ᠴᠢᠨᠡᠭᠡᠯᠢᠭ ᠨᠡᠢᠭᠡᠮ᠎ᠢ ᠪᠡᠶᠡᠯᠡᠭᠦᠯᠬᠥ᠌ ᠪᠡᠷ ᠴᠢᠷᠮᠡᠢ᠌ᠵᠣ ᠪᠣᠢ᠃
ᠣᠳᠣᠬᠠᠨ᠎ᠳᠤ᠂ ᠣᠲᠣᠭ ᠬᠣᠱᠢᠭᠤᠨ᠎ᠳᠤ ᠬᠣᠲᠠ᠎ᠶ᠋ᠢᠨ ᠲᠠᠰ᠎ᠤᠨ ᠱᠢᠨᠵᠢᠯᠡᠬᠦ᠌ ᠤᠬᠠᠭᠠᠨ
ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ 25 ᠬᠥᠮᠥᠨ
ᠪᠠᠢ᠌ᠵᠤ᠂ ᠲᠡᠳᠡ ᠬᠥᠳᠡᠭᠡ ᠲᠣᠰᠭᠣᠨ᠎ᠤ ᠡᠯ᠎ᠡ ᠭᠠᠵᠠᠷ᠎ᠲᠤ ᠢᠳᠡᠪᠬᠢᠲᠡᠶ ᠥᠢᠯᠡᠴᠢᠯᠡᠵᠣ᠂ ᠮᠠᠯᠴᠢᠨ ᠲᠠᠷᠢᠶᠠᠴᠢᠳᠲᠥ᠍
ᠬᠥᠳᠡᠭᠡ ᠲᠣᠰᠭᠣᠨ᠎ᠤ ᠬᠡᠷᠡᠭ᠌ᠯᠡᠭᠡᠨ᠎ᠦ ᠮᠡᠷᠭᠡᠵᠢᠯ᠎ᠦᠨ ᠪᠣᠯᠪᠠᠰᠤᠷᠠᠯ᠂ ᠱᠢᠨᠵᠢᠯᠡᠬᠦ᠌ ᠤᠬᠠᠭᠠᠨᠴᠢ᠎ᠪᠠᠷ ᠳᠠᠷᠢᠵᠤ
ᠲᠡᠵᠢᠬᠡᠬᠥ᠌ ᠮᠡᠷᠬᠡᠵᠢᠯ ᠵᠡᠷᠭᠡ ᠱᠢᠨᠵᠢᠯᠡᠬᠦ᠌ ᠤᠬᠠᠭᠠᠨ ᠮᠡᠷᠭᠡᠵᠢᠯ᠎ᠦᠨ ᠦᠶ᠋ᠯᠡᠴᠢᠯᠡᠭᠡ᠎ᠶ᠋ᠢ ᠬᠦᠷᠭᠡᠵᠦ᠍
ᠪᠠᠢᠨ᠎ᠠ᠃
ᠤᠲᠤᠭ ᠬᠣᠱᠢᠭᠤᠨ᠎ᠤ ᠠᠵᠤ ᠦᠶ᠋ᠯᠡᠳᠪᠦᠷᠢ ᠪᠡ ᠮᠡᠳᠡᠭᠡ ᠵᠠᠩᠭᠢᠵᠢᠯᠲᠠ᠎ᠵᠢᠨ ᠳᠣᠪᠴᠢᠶ᠎ᠠ᠎ᠵᠢᠨ
ᠳᠡᠳ᠋ ᠳᠠᠷᠤᠭ᠎ᠠ ᠴᠢᠩᠪᠠᠲᠤ᠌᠄ 《ᠪᠢᠳᠡ ᠴᠢᠳᠠᠪᠤᠷᠢᠲᠠᠨ᠎ᠢ ᠦᠨᠳᠦᠰᠦᠨ ᠱᠠᠲᠤᠨ᠎ᠳᠤ ᠪᠠᠭᠤᠯᠭᠠᠬᠤ ᠂ ᠱᠢᠨᠵᠢᠯᠡᠬᠦ᠌ ᠤᠬᠠᠭᠠᠨ
ᠲᠧᠭ᠌ᠨᠢᠭ ᠮᠡᠷᠭᠡᠵᠢᠯ᠎ᠢ ᠬᠥᠳᠡᠭᠡ ᠪᠠᠭᠤᠯᠭᠠᠬᠤ᠎ᠶ᠋ᠢ ᠪᠠᠷᠢᠮᠲᠠᠯᠠᠵᠤ᠂ ᠬᠥᠳᠡᠭᠡ ᠠᠵᠤ ᠠᠬᠤᠢ᠂ ᠬᠥᠳᠡᠭᠡ ᠲᠣᠰᠭᠣᠨ᠂
ᠲᠠᠷᠢᠶᠠᠴᠢᠨ᠎ᠳᠤ ᠦᠢᠯᠡᠴᠢᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢᠶᠡᠷ
ᠬᠣᠯᠪᠣᠭᠠᠰᠤ ᠪᠣᠯᠭᠠᠵᠤ ᠂ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠥᠴᠥᠨ᠎ᠢ ᠲᠠᠷᠢᠶᠠᠨ ᠭᠠᠵᠠᠷ᠎ᠲᠤ ᠳᠡᠯᠭᠡᠷᠡᠭᠦᠯᠵᠦ᠍᠂
ᠨᠤᠲᠤᠭ᠎ᠤᠨ ᠴᠢᠳᠠᠪᠤᠷᠢᠲᠠᠨ᠎ᠢ ᠤᠯᠠᠮ ᠴᠢᠨᠠᠭ᠍ᠰᠢᠳᠠ ᠱᠢᠩᠭᠡᠭᠡᠨ ᠠᠪᠴᠤ᠌᠂ ᠱᠢᠨᠵᠢᠯᠡᠬᠦ᠌ ᠤᠬᠠᠭᠠᠨ ᠲᠧᠭ᠌ᠨᠢᠭ
ᠮᠡᠷᠭᠡᠵᠢᠯ᠎ᠦᠨ ᠣᠨᠴᠠ ᠲᠣᠮᠢᠯᠠᠭ᠍ᠴᠢ᠎ᠶ᠋ᠢᠨ ᠦᠢᠯᠡᠴᠢᠯᠡᠭᠡᠨ᠎ᠦ ᠡᠩᠨᠡᠭᠡ᠎ᠶ᠋ᠢ ᠲᠡᠭᠦᠯᠳᠡᠷᠵᠢᠭᠦᠯᠵᠦ᠍᠂ ᠱᠢᠨᠵᠢᠯᠡᠬᠦ᠌
ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠱᠢᠨᠵᠢᠯᠡᠬᠦ᠌
ᠤᠬᠠᠭᠠᠨ ᠲᠧᠭ᠌ᠨᠢᠭ ᠮᠡᠷᠭᠡᠵᠢᠯ᠎ᠢᠶᠡᠷ ᠮᠠᠯᠴᠢᠨ ᠲᠠᠷᠢᠶᠠᠴᠢᠨ᠎ᠢ ᠬᠠᠪᠰᠤᠷᠤᠨ ᠣᠷᠣᠯᠭ᠎ᠠ᠎ᠶ᠋ᠢ ᠨᠢ ᠨᠡᠮᠡᠭ᠌ᠳᠡᠭᠦᠯᠬᠦ᠂
ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠳᠤᠮᠳᠠ ᠱᠢᠨ᠎ᠡ ᠬᠤᠪᠢ ᠨᠡᠮᠡᠷᠢ ᠦᠵᠡᠭᠦᠯᠣᠨ᠎ᠠ》 ᠬᠡᠵᠣ ᠬᠡᠯᠡᠨ᠎ᠠ᠃
ᠰᠣᠷᠪᠣᠯᠵᠢᠯᠠᠭ᠎ᠠ ᠥᠨᠳᠣᠷᠯᠡᠬᠥ᠌ ᠪᠡᠷ ᠳ᠋ᠦ᠋ ᠵᠢᠶᠠᠨ ᠼᠡᠢ᠄ 《ᠡᠨᠡ ᠵᠢᠯ ᠂ 〈ᠱᠢᠨᠵᠢᠯᠡᠬᠦ᠌ ᠤᠬᠠᠭᠠᠨ ᠲᠧᠭ᠌ᠨᠢᠭ
ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ〉 ᠠᠮᠢ ᠠᠬᠤᠶ᠎ᠶ᠋ᠢ
ᠰᠡᠷᠭᠦᠭᠡᠬᠦ᠌ ᠰᠡᠳᠦᠪ᠎ᠢ ᠨᠢᠬᠡ ᠪᠡᠶᠡᠯᠡᠬᠥᠯᠵᠣ ᠂ ᠨᠢᠭᠡᠨᠲᠡ ᠣᠯᠠᠨ ᠵᠢᠱ᠌ᠢᠶ᠎ᠡ ᠦᠵᠡᠭᠦᠯᠬᠦ᠌ ᠴᠡᠭ᠎ᠢ ᠰᠣᠩᠭᠣᠨ
ᠲᠣᠭ᠍ᠲᠠᠭᠠᠪᠠ; ᠰᠦᠮ᠎ᠡ᠎ᠳᠦ ᠰᠤᠮᠤ ᠵᠡᠷᠭᠡ ᠭᠠᠵᠠᠷ᠎ᠲᠤ ᠪᠣᠷᠣ ᠴᠠᠷᠭᠠᠰᠤ
ᠳᠠᠷᠢᠬᠤ 30 ᠭᠠᠷᠤᠶ ᠡᠷᠦᠬᠡ᠎ᠶ᠋ᠢ ᠱᠢᠨ᠎ᠡ᠎ᠪᠡᠷ
ᠨᠠᠢᠳᠠᠪᠤᠷᠢᠵᠢᠭᠤᠯᠵᠤ ᠂ ᠪᠣᠷᠣ ᠴᠠᠷᠭᠠᠰᠤ᠎ᠶ᠋ᠢ 3000 ᠮᠥ᠍ ᠬᠠᠭᠠᠯᠪᠤᠷᠢᠯᠠᠬᠤ ᠥᠬᠡᠶ᠎ᠪᠡᠷ ᠳᠠᠷᠢᠬᠤ᠎ᠶ᠋ᠢ ᠨᠢᠭᠡᠨᠲᠡ ᠳᠡᠯᠭᠡᠷᠡᠭᠦᠯᠵᠦ᠍᠂ ᠮᠥᠷᠳᠡᠨ
ᠦᠶ᠋ᠯᠡᠴᠢᠯᠡᠬᠦ᠌ ᠬᠠᠮᠢᠶᠠᠷᠤᠯᠲᠠᠶ᠋ᠢᠨᠠᠵᠢᠯᠢ ᠦᠷᠭᠦᠯᠵᠢᠯᠡᠨ ᠰᠠᠢᠲᠤᠷ ᠬᠢᠵᠣ ᠪᠣᠢ᠃ ᠲᠠᠷᠠᠭᠠᠴᠢ᠎ᠶ᠋ᠢᠨ
ᠠᠯᠬᠤᠮ᠎ᠳᠤ᠂ ᠣᠷᠳᠣᠰ ᠬᠣᠲᠠ᠎ᠶ᠋ᠢᠨ ᠥᠷᠭᠡᠨ ᠣᠯᠠᠨ ᠮᠠᠯᠴᠢᠨ ᠲᠠᠷᠢᠶᠠᠴᠢᠨ᠎ᠳᠤ ᠰᠦᠶ᠋ᠳᠭᠡᠯ ᠬᠤᠷᠢᠶᠠᠬᠤ ᠥᠬᠡᠶ᠎ᠪᠡᠷ
ᠡᠪᠡᠰᠦ ᠳᠠᠷᠢᠬᠤ ᠮᠡᠷᠭᠡᠵᠢᠯ᠎ᠦᠨ ᠦᠶ᠋ᠯᠡᠴᠢᠯᠡᠭᠡ ᠪᠠ ᠮᠡᠷᠭᠡᠵᠢᠯ᠎ᠦᠨ ᠪᠣᠯᠪᠠᠰᠤᠷᠠᠭᠤᠯᠤᠯ ᠬᠢᠵᠦ᠍᠂ ᠭᠤᠤᠯᠳᠠᠭᠤ
ᠪᠣᠷᠣ ᠴᠠᠷᠭᠠᠰᠤ᠎ᠶ᠋ᠢ ᠠᠵᠤ ᠦᠢᠯᠡᠰᠵᠢᠭᠦᠯᠦᠨ ᠦᠶ᠋ᠯᠡᠤᠡᠪᠦᠷᠢᠯᠡᠬᠦ᠌ ᠬᠠᠮᠢᠶ᠎ᠠ ᠪᠥᠬᠥᠶ ᠮᠡᠷᠭᠡᠵᠢᠯ᠂ ᠮᠧᠬᠠᠨᠢᠭ᠍ᠵᠢᠭᠤᠯᠤᠨ
ᠠᠵᠢᠯᠯᠠᠬᠤ ᠮᠡᠷᠭᠡᠵᠢᠯ᠂ ᠲᠡᠵᠢᠭᠡᠯ ᠡᠪᠡᠰᠦᠨ᠎ᠦ ᠦᠷ᠎ᠡ᠎ᠶ᠋ᠢᠨ ᠦᠶ᠋ᠯᠡᠳᠪᠦᠷᠢᠯᠡᠯ᠎ᠦᠨ ᠮᠡᠷᠭᠡᠵᠢᠯ᠎ᠦᠨ ᠪᠣᠯᠪᠠᠰᠤᠷᠠᠭᠤᠯᠤᠯ
ᠬᠢᠵᠦ᠍᠂ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌᠎ᠶ᠋ᠢ ᠤᠯᠠᠮ ᠨᠢᠭᠡ ᠠᠯᠬᠤᠮ ᠥᠷᠭᠡᠳᠭᠡᠬᠦ᠌᠎ᠳᠦ ᠪᠠᠲᠤ ᠰᠠᠭᠤᠷᠢ᠎ᠶ᠋ᠢ
ᠲᠠᠯᠪᠢᠵᠤ᠂ ᠡᠪᠡᠰᠦᠨ᠎ᠦ ᠠᠵᠤ ᠦᠶ᠋ᠯᠡᠰ᠎ᠦᠨ ᠡᠷᠡᠭᠦᠯ ᠪᠥᠭᠡᠳ ᠲᠣᠭ᠍ᠲᠠᠭᠤᠨ᠎ᠢᠶᠠᠷ ᠦᠷᠭᠦᠯᠵᠢᠯᠡᠨ ᠬᠥᠭ᠌ᠵᠢᠬᠦ᠌᠎ᠶ᠋ᠢ
ᠪᠠᠲᠤᠯᠠᠨ᠎ᠠ》 ᠭᠡᠵᠦ᠍ ᠢᠳᠡᠬᠡᠯ ᠲᠡᠬᠥᠯᠳᠡᠷ ᠶᠠᠷᠢᠯ᠎ᠠ᠃