ᠳᠡᠯ ᠠᠭᠤᠯᠠᠨ ᠡᠴᠡ ᠬᠤᠪᠤᠷ ᠴᠤᠬᠠᠭ ᠨᠢᠯᠬ᠎ᠠ ᠠᠪᠤᠷᠭᠤ ᠬᠦᠷᠪᠡᠯ᠎ᠤᠨ ᠴᠢᠯᠠᠭᠤᠵᠢᠮᠠᠯ᠎ᠢ ᠢᠯᠡᠷᠡᠭᠦᠯᠪᠡ
2021-11-08 09:58:32
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠢ ᠬᠠᠮᠠᠭᠠᠯᠠᠬᠤ ᠰᠤᠳᠤᠯᠭᠠᠨ᠎ᠤ ᠭᠠᠵᠠᠷ ᠤᠢᠷ᠎ᠠ᠎ᠳᠤ  ᠠᠯᠠᠱᠠ ᠠᠢᠮᠠᠭ᠎ᠤᠨ ᠳᠡᠯ ᠠᠭᠤᠯᠠ ᠵᠢᠨ ᠣᠷᠣᠨ᠎ᠳᠤ ᠴᠠᠷᠳᠠ ᠵᠢᠨ ᠭᠠᠯᠪᠠ᠎ᠵᠢᠨ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠡᠬᠢ ᠪᠠᠶᠠᠯᠢᠭ᠎ᠤᠨ ᠪᠠᠢᠴᠠᠭᠠᠯᠲᠠ ᠬᠢᠵᠦ᠂ ᠣᠳᠣᠬᠠᠨ᠎ᠳᠤ ᠨᠢᠭᠡᠨᠲᠡ 10 ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ ᠴᠤᠭᠯᠠᠭᠤᠯᠬᠤ ᠴᠡᠭ᠎ᠢ ᠲᠤᠭᠲᠠᠭᠠᠨ᠂ ᠡᠭᠦᠨ᠎ᠳᠤ ᠨᠢᠯᠬ᠎ᠠ ᠠᠪᠤᠷᠭᠤ ᠬᠦᠷᠪᠡᠯ᠎ᠤᠨ ᠨᠡᠯᠢᠶᠡᠳ ᠪᠦᠷᠢᠨ ᠪᠦᠲᠦᠨ ᠴᠢᠯᠠᠭᠤᠵᠢᠮᠠᠯ᠎ᠢ ᠢᠯᠡᠷᠡᠭᠦᠯᠦᠭᠰᠡᠨ ᠪᠠᠢᠨ᠎ᠠ᠃

9 ᠰᠠᠷ᠎ᠠ ᠡᠴᠡ ᠡᠬᠢᠯᠡᠨ᠂ ᠥᠪᠥᠷ ᠮᠣᠩᠭᠣᠯ᠎ᠤᠨ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠢ ᠬᠠᠮᠠᠭᠠᠯᠠᠬᠤ ᠰᠤᠳᠤᠯᠭᠠᠨ᠎ᠤ ᠭᠠᠵᠠᠷ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠨ ᠳᠡᠯ ᠠᠭᠤᠯᠠᠨ᠎ᠳᠤ ᠰᠠᠷ᠎ᠠ ᠭᠠᠷᠤᠶ᠎ᠵᠢᠨ ᠰᠢᠨᠵᠢᠯᠡᠬᠦ ᠤᠬᠠᠭᠠᠨ᠎ᠤ ᠪᠠᠢᠴᠠᠭᠠᠯᠲᠠ ᠬᠢᠵᠦ᠂ ᠲᠤᠬᠠᠶ᠎ᠵᠢᠨ ᠭᠠᠵᠠᠷ᠎ᠤᠨ ᠬᠠᠢᠨ ᠪᠠᠢᠴᠠᠭᠠᠯᠲᠠ ᠪᠠ ᠰᠢᠨᠵᠢᠯᠡᠬᠦ ᠤᠬᠠᠭᠠᠨ᠎ᠤ ᠰᠤᠳᠤᠯᠤᠨ ᠮᠠᠭᠠᠳᠯᠠᠯᠲᠠ ᠪᠡᠷ ᠳᠡᠮᠵᠢᠨ᠂ ᠴᠠᠷᠳᠠ᠎ᠵᠢᠨ ᠭᠠᠯᠪᠠ᠎ᠵᠢᠨ ᠭᠠᠵᠠᠷ᠎ᠤᠨ ᠳᠠᠪᠬᠤᠷᠭ᠎ᠠ ᠪᠠ ᠰᠡᠭᠦᠯ᠎ᠤᠨ ᠦᠶ᠎ᠠ ᠵᠢᠨ ᠶᠦᠷ᠎ᠤᠨ ᠭᠠᠯᠪᠠ ᠵᠢᠨ ᠦᠶ᠎ᠡ᠎ᠵᠢᠨ ᠳᠠᠪᠬᠤᠷᠭ᠎ᠠ᠎ᠳᠤ 10 ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠢ ᠴᠤᠭᠯᠠᠭᠤᠯᠬᠤ ᠴᠡᠭ ᠲᠣᠭᠲᠠᠭᠠᠨ᠂ ᠬᠤᠶᠠᠭᠲᠤ ᠭᠦᠷᠪᠡᠯ᠎ᠤᠨ ᠲᠥᠷᠥᠯ᠂ ᠵᠢᠭᠦᠷᠳᠤ ᠭᠦᠷᠪᠡᠯ᠎ᠤᠨ ᠲᠥᠷᠥᠯ᠎ᠤᠨ ᠡᠳᠦᠶ ᠲᠡᠳᠦᠶ ᠠᠪᠤᠷᠭᠤ ᠭᠦᠷᠪᠡᠯ᠎ᠤᠨ ᠴᠢᠯᠠᠭᠤᠵᠢᠮᠠᠯ ᠪᠠ ᠶᠠᠰᠤᠲᠤ ᠮᠡᠯᠡᠬᠡᠶ᠎ᠵᠢᠨ ᠲᠥᠷᠥᠯ᠎ᠤᠨ ᠴᠢᠯᠠᠭᠤᠵᠢᠮᠠᠯ᠎ᠢ ᠢᠯᠡᠷᠡᠭᠦᠯᠵᠦ᠂ ᠬᠡᠰᠡᠭ ᠪᠤᠰᠠᠭ᠎ᠵᠢᠡᠷ ᠴᠤᠭᠯᠠᠭᠤᠯᠬᠤ ᠠᠵᠢᠯ᠎ᠤᠨ ᠳᠤᠮᠳᠠ ᠨᠡᠯᠢᠶᠡᠳ ᠪᠦᠷᠢᠨ ᠪᠦᠲᠦᠨ ᠨᠢᠯᠬ᠎ᠠ ᠠᠪᠤᠷᠭᠤ ᠬᠦᠷᠪᠡᠯ᠎ᠤᠨ ᠴᠢᠯᠠᠭᠤᠵᠢᠮᠠᠯ᠎ᠢ ᠢᠯᠡᠷᠡᠭᠦᠯᠪᠡ᠃

ᠥᠪᠥᠷ ᠮᠣᠩᠭᠣᠯ᠎ᠤᠨ ᠡᠷᠲᠡᠨ᠎ᠤ ᠠᠮᠢᠳᠤ ᠪᠤᠳᠠᠰ᠎ᠤᠨ ᠴᠢᠯᠠᠭᠤᠵᠢᠮᠠᠯ᠎ᠢ ᠬᠠᠮᠠᠭᠠᠯᠠᠬᠤ ᠰᠤᠳᠤᠯᠭᠠᠨ᠎ᠤ ᠭᠠᠵᠠᠷ ᠨᠢ ᠴᠤᠭᠯᠠᠭᠤᠯᠤᠭᠰᠠᠨ ᠡᠷᠲᠡᠨ᠎ᠤ ᠠᠮᠢᠳᠤ ᠪᠤᠳᠠᠰ᠎ᠤᠨ ᠴᠢᠯᠠᠭᠤᠵᠢᠮᠠᠯ᠎ᠳᠤ ᠰᠡᠯᠪᠢᠨ ᠰᠡᠷᠭᠦᠭᠡᠬᠦ ᠪᠣᠯᠤᠨ ᠬᠢᠨᠠᠨ ᠲᠣᠭᠲᠠᠭᠠᠯ ᠬᠢᠵᠦ ᠂ ᠥᠪᠥᠷ ᠮᠣᠩᠭᠣᠯ᠎ᠤᠨ ᠴᠠᠷᠳᠠ᠎ᠵᠢᠨ ᠭᠠᠯᠪᠠ᠎ᠵᠢᠨ ᠡᠷᠲᠡᠨ᠎ᠤ ᠠᠮᠢᠳᠤ ᠪᠤᠳᠠᠰ᠎ᠤᠨ ᠴᠢᠯᠠᠭᠤᠵᠢᠮᠠᠯ᠎ᠤᠨ ᠰᠤᠳᠤᠯᠭᠠᠨ᠎ᠤ ᠲᠠᠷᠬᠠᠯᠲᠠ ᠪᠣᠯᠤᠨ ᠭᠦᠨᠴᠡ᠎ᠶᠢ ᠴᠢᠨᠠᠭᠰᠢᠳᠠ ᠥᠷᠭᠡᠳᠬᠡᠨ᠂ ᠲᠤᠬᠠᠢ ᠵᠢᠨ ᠦᠶ᠎ᠡ᠎ᠵᠢᠨ ᠠᠮᠢᠳᠤ ᠪᠤᠳᠠᠰ᠎ᠤᠨ ᠬᠤᠪᠢᠰᠤᠯ᠎ᠤᠨ ᠲᠡᠦᠬᠡᠨ᠎ᠳᠤ ᠪᠦᠷᠢᠨ ᠲᠡᠭᠦᠯᠳᠡᠷ ᠰᠢᠨᠵᠢᠯᠡᠬᠦ ᠤᠬᠠᠭᠠᠨ᠎ᠤ ᠪᠠᠷᠢᠮᠲᠠ ᠬᠠᠩᠭᠠᠬᠤ ᠪᠣᠯᠤᠨ᠎ᠠ᠃ ᠴᠠᠷᠳᠠ᠎ᠵᠢᠨ ᠭᠠᠯᠪᠠ ᠨᠢ ᠣᠲᠣ᠎ᠡᠴᠡ 1.37 ᠳ᠋ᠦᠩᠰᠢᠭᠤᠷ ᠵᠢᠯ᠎ᠤᠨ ᠡᠮᠦᠨ᠎ᠡ ᠡᠴᠡ ᠡᠬᠢᠯᠡᠵᠦ᠂ 6500 ᠲᠦᠮᠡᠨ ᠵᠢᠯ᠎ᠤᠨ ᠡᠮᠦᠨ᠎ᠡ ᠳᠠᠭᠤᠰᠤᠨ᠂ 7000 ᠲᠦᠮᠡᠨ ᠵᠢᠯ᠎ᠤᠨ ᠬᠤᠭᠤᠷᠤᠨᠳᠤ ᠲᠣᠭ᠎ᠠ ᠬᠡᠮᠵᠢᠶ᠎ᠡ ᠪᠠ ᠲᠥᠷᠥᠯ ᠵᠦᠢᠯ ᠨᠢ ᠮᠠᠰᠢ ᠤᠯᠠᠨ ᠠᠪᠤᠷᠭᠤ ᠭᠦᠷᠪᠡᠯ ᠡᠨᠡ ᠬᠤᠭᠤᠴᠠᠭᠠᠨ᠎ᠳᠤ ᠠᠮᠢᠳᠤᠷᠠᠵᠤ ᠪᠠᠢᠪᠠ᠃ ᠴᠠᠷᠳᠠ᠎ᠵᠢᠨ ᠭᠠᠯᠪᠠ ᠪᠣᠯ ᠠᠪᠤᠷᠭᠤ ᠭᠦᠷᠪᠡᠯ᠎ᠤᠨ ᠳᠡᠯᠡᠬᠡᠶ᠎ᠵᠢᠨ ᠪᠥᠮᠪᠥᠷᠴᠡᠭ᠎ᠢ ᠨᠣᠶᠠᠷᠬᠠᠵᠤ ᠪᠠᠢᠭᠰᠠᠨ ᠬᠠᠮᠤᠭ ᠰᠡᠭᠦᠯᠴᠢ ᠵᠢᠨ ᠴᠠᠭ ᠦᠶ᠎ᠡ ᠪᠠᠢᠵᠤ᠂ ᠡᠨᠡ ᠴᠠᠭ ᠦᠶ᠎ᠡ᠎ᠵᠢᠨ ᠴᠢᠯᠠᠭᠤᠵᠢᠮᠠᠯ ᠨᠢ ᠠᠪᠤᠷᠭᠤ ᠭᠦᠷᠪᠡᠯ᠎ᠤᠨ ᠬᠤᠪᠢᠰᠤᠯ᠎ᠤᠨ ᠶᠠᠪᠤᠴᠠ᠂ ᠣᠷᠣᠰᠢᠨ ᠲᠣᠭᠲᠠᠨᠢᠬᠤ ᠨᠥᠬᠥᠴᠡᠯ ᠵᠢᠴᠢ ᠤᠰᠠᠳᠤᠭᠰᠠᠨ ᠰᠢᠯᠲᠠᠭᠠᠨ᠎ᠢ ᠰᠤᠳᠤᠯᠬᠤ᠎ᠳᠤ ᠲᠤᠢᠯ᠎ᠤᠨ ᠴᠢᠬᠤᠯᠠ ᠭᠡᠷᠡᠴᠢ ᠬᠠᠩᠭᠠᠭᠰᠠᠨ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号