ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ
2021-11-08 09:44:41
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠷᠳᠣᠰ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠯᠢ ᠯᠢ

ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠨᠢ ᠮᠠᠷᠺᠰ᠎ᠤᠨ ᠦᠵᠡᠯ᠎ᠦᠨ ᠦᠨᠳᠦᠰᠦᠲᠡᠨ᠎ᠦ ᠤᠨᠤᠯ᠎ᠤᠨ ᠱᠢᠨ᠎ᠡ ᠠᠬᠤᠢ ᠪᠠᠢᠳᠠᠯ᠎ᠢ ᠨᠡᠭᠡᠭᠡᠵᠦ᠍᠂ ᠨᠠᠮ᠎ᠤᠨ ᠦᠨᠳᠦᠰᠦᠲᠡᠨ ᠎ᠦ ᠠᠵᠢᠯ᠎ᠤᠨ ᠤᠨᠤᠯ ᠪᠠ ᠦᠢᠯᠡᠳᠦᠯᠭᠡ᠎ᠶ᠋ᠢᠨ ᠤᠶᠤᠨ ᠤᠬᠠᠭᠠᠨ᠎ᠤ ᠤᠬᠢ ᠪᠦᠲᠦᠭᠡᠯ ᠪᠠᠢᠵᠤ᠂ ᠪᠢᠳᠡᠨ᠎ᠦ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃

ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠳᠠᠷᠠᠭ᠎ᠠ᠂ ᠤᠷᠳᠤᠰ ᠬᠤᠳᠠ ᠦᠳᠲᠡᠷ ᠲᠦᠷᠭᠡᠨ ᠬᠥᠳᠡᠯᠦᠯᠴᠡᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠰᠤᠷᠤᠯᠴᠠᠨ ᠤᠬᠠᠭᠤᠯᠬᠤ᠎ᠶ᠋ᠢ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠲᠡᠷᠡ ᠳᠠᠷᠤᠢ᠎ᠳᠤᠨᠢ ᠲᠤᠬᠢᠷᠠᠭᠤᠯᠤᠯᠳᠠ ᠪᠠᠢᠷᠢᠯᠠᠭᠤᠯᠤᠯᠲᠠ ᠬᠢᠵᠦ᠍ ᠂ ᠰᠤᠷᠤᠯᠴᠠᠯᠭ᠎ᠠ ᠪᠣᠯᠪᠠᠰᠤᠷᠠᠯ᠎ᠢ ᠴᠢᠩᠭᠠᠳᠭᠠᠵᠤ᠂ ᠤᠬᠠᠭᠤᠯᠤᠨ ᠲᠠᠢᠯᠪᠤᠷᠢᠯᠠᠬᠤ᠎ᠶ᠋ᠢ ᠴᠢᠩᠭᠠᠳᠭᠠᠵᠤ᠂ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠷᠭᠦᠯᠵᠢᠯᠡᠨ ᠪᠤᠢ ᠪᠣᠯᠭᠠᠪᠠ᠃ ᠲᠠᠷᠠᠭᠠᠴᠢ᠎ᠶ᠋ᠢᠨ ᠠᠯᠬᠤᠮ᠎ᠳᠤ᠂ ᠪᠢᠳᠡ ᠶᠡᠷᠦᠩᠬᠡᠶ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂《ᠠᠷᠪᠠᠨ ᠬᠣᠶᠠᠷ ᠡᠷᠬᠡᠪᠰᠢ》ᠶ᠋ᠢᠨ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠶ ᠡᠵᠡᠮᠳᠡᠵᠦ᠍ ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ 《 ᠬᠥᠲᠥᠯᠪᠦᠷᠢ 》 ᠎ᠳ᠋ᠤ ᠠᠩᠬᠠᠷᠤᠯ᠎ᠢᠶᠠᠨ ᠲᠥᠪᠯᠡᠷᠡᠭᠦᠯᠵᠦ᠍ ᠂ 《ᠳᠥᠷᠪᠡᠨ ᠬᠠᠷᠢᠴᠠᠭ᠎ᠠ》 ᠎ᠶ᠋ᠢ ᠵᠥᠪ ᠱᠢᠶ᠋ᠳᠪᠦᠷᠢᠯᠡᠵᠦ᠍᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠦᠨᠡᠨ ᠬᠦ᠌ ᠰᠠᠢᠲᠤᠷ ᠬᠠᠮᠠᠭᠠᠯᠠᠵᠤ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠌》ᠤ᠋ ᠢᠷᠠᠭᠤ ᠠᠯᠳᠠᠷ᠎ᠢ ᠬᠠᠮᠠᠭᠠᠯᠠᠬᠤ᠎ᠳᠤ ᠣᠷᠳᠣᠰ᠎ᠤᠨ ᠬᠦᠴᠦᠨ ᠴᠢᠳᠠᠯ᠎ᠢᠶᠠᠨ ᠡᠷᠭᠦᠬᠦ ᠬᠡᠷᠡᠭᠳᠡᠢ᠃

ᠨᠢᠬᠡ᠎ᠳᠦ ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠬᠦ ᠬᠡᠷᠡᠭᠳᠡᠢ᠃ ᠳᠤᠮᠳᠠᠳᠤ ᠵᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠶᠡᠷᠦᠩᠬᠡᠢ ᠱᠦᠵᠢ ᠰᠢ᠎ᠶ᠋ᠢᠨ ᠫᠢᠩ᠎ᠦᠨ ᠡᠷᠲᠡᠨ ᠡᠳᠦᠭᠡ᠎ᠶ᠋ᠢᠨ ᠬᠤᠪᠢᠷᠠᠯᠲᠠ᠎ᠶ᠋ᠢ ᠰᠢᠬᠦᠨ ᠦᠵᠡᠵᠦ᠂ ᠴᠠᠭ ᠦᠶ᠎ᠡ᠎ᠶ᠋ᠢᠨ ᠬᠠᠨᠳᠤᠰᠢ᠎ᠶ᠋ᠢ ᠠᠵᠢᠭ᠍ᠯᠠᠵᠤ ᠭᠠᠷᠭᠠᠭ᠍ᠰᠠᠨ ᠴᠢᠬᠤᠯᠠ ᠶᠡᠬᠡ ᠤᠤᠭᠠᠯ ᠡᠭᠦᠳᠦᠯᠲᠡ ᠎ᠶ᠋ᠢᠨ ᠴᠢᠨᠠᠷᠲᠠᠢ ᠨᠤᠲᠠᠯᠠᠯᠲᠠ ᠮᠥᠨ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠭᠣᠣᠯ ᠱᠢᠵᠢᠮ ᠪᠠ 《ᠬᠥᠲᠥᠯᠪᠦᠷᠢ》 ᠮᠥᠨ᠃ ᠪᠢᠳᠡ ᠣᠳᠣᠬᠢ ᠱᠠᠲᠤᠨ᠎ᠤ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ ᠪᠠ ᠴᠢᠬᠤᠯᠠ ᠡᠭᠦᠷᠭᠡ᠎ᠶ᠋ᠢ ᠭᠦᠨᠵᠡᠭᠡᠢ ᠡᠵᠡᠮᠳᠡᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ ᠪᠠ ᠭᠦᠨᠵᠡᠭᠡᠶ ᠠᠭᠤᠯᠤᠭ᠍ᠳᠠᠬᠤᠨ᠎ᠤ ᠲᠤᠬᠠᠶ ᠣᠢᠯᠠᠭᠠᠯᠲᠠ ᠡᠵᠡᠮᠱᠢᠯ᠎ᠢᠶᠡᠨ ᠭᠦᠨᠵᠡᠭᠡᠢᠷᠡᠭᠦᠯᠵᠦ᠂ ᠳᠤᠮᠳᠠᠳᠤ ᠵᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠳᠠᠯᠠᠵᠤ᠂ ᠰᠣᠶᠣᠯ᠎ᠤᠨ ᠲᠠᠨᠢᠯᠳᠠ᠎ᠶ᠋ᠢ ᠴᠢᠩᠭᠠᠳᠭᠠᠬᠤ᠎ᠪᠠᠷ ᠦᠨᠳᠦᠰᠦ ᠪᠣᠯᠭᠠᠵᠤ᠂ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠪᠡᠷ ᠤᠳᠤᠷᠢᠳᠤᠮᠵᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ ᠬᠡᠷᠡᠭᠳᠡᠢ᠃ ᠪᠦᠬᠦ᠌ ᠨᠡᠢᠭᠡᠮ᠎ᠳᠦ ᠬᠠᠨᠳᠤᠭᠤᠯᠤᠭ᠍ᠰᠠᠨ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠴᠢᠩᠭᠠᠳᠬᠠᠵᠤ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠲᠡᠷᠡ ᠶᠣᠰᠣᠭᠠᠷ᠎ᠨᠢ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠢ ᠰᠠᠢᠲᠤᠷ ᠬᠢᠬᠦ ᠬᠡᠷᠡᠭᠳᠡᠢ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠵᠤ᠂ ᠪᠦᠬᠦ᠌ ᠬᠣᠲᠠ᠎ᠶ᠋ᠢᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠤᠬᠠᠮᠰᠠᠷ᠎ᠠᠴᠠ᠎ᠪᠠᠨ ᠨᠠᠮ᠎ᠤᠨ ᠦᠭᠡ᠎ᠶ᠋ᠢ ᠰᠣᠨᠣᠰᠭᠤ᠂ ᠨᠠᠮ᠎ᠳᠠᠭᠠᠨ ᠲᠠᠯᠠᠷᠬᠠᠬᠤ᠂ ᠨᠠᠮ᠎ᠢᠶᠠᠨ ᠳᠠᠭᠠᠬᠤ ᠵᠢ ᠬᠦᠮᠦᠵᠢᠬᠦᠯᠦᠨ ᠬᠦᠳᠦᠯᠦᠨ ᠵᠢᠯᠤᠭᠤᠳᠴᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠦ ᠠᠰᠠᠭᠤᠳᠠᠯ᠎ᠢ ᠱᠢᠶ᠋ᠳᠪᠦᠷᠢᠯᠡᠬᠦ᠌  ᠵᠥᠪ ᠵᠠᠮ᠎ᠢᠶᠠᠷ ᠡᠷᠡᠰ ᠵᠠᠮᠨᠠᠬᠤ ᠬᠡᠷᠡᠭᠳᠡᠢ᠃

ᠬᠣᠶᠠᠷ᠎ᠲᠤ᠂ ᠦᠨᠳᠦᠰᠦᠲᠡᠨ᠎ᠦ  ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠬᠦ ᠬᠡᠷᠡᠭᠳᠡᠢ᠃  ᠶᠡᠷᠦᠩᠬᠡᠶ ᠱᠦᠵᠢ ᠰᠢ᠎ᠶ᠋ᠢᠨ ᠫᠢᠩ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠲᠠᠯ᠎ᠠ ᠪᠡᠷ《ᠠᠭᠤᠯᠤᠭ᠍ᠳᠠᠬᠤᠨ᠎ᠢ ᠭᠦᠨᠵᠡᠭᠡᠢᠷᠡᠭᠦᠯᠬᠦ᠂ ᠬᠡᠯᠪᠡᠷᠢ ᠵᠢ ᠪᠠᠶᠠᠯᠢᠭᠵᠢᠭᠤᠯᠬᠤ᠂ ᠱᠢᠨ᠎ᠡ᠎ᠶ᠋ᠢ ᠡᠭᠦᠳᠬᠦ᠌ ᠠᠷᠭ᠎ᠠ》 ᠶ᠋ᠢᠨ ᠲᠣᠳᠣᠷᠬᠠᠶ ᠱᠠᠭᠠᠷᠳᠠᠯᠭ᠎ᠠ ᠵᠢ ᠳᠤᠷᠠᠳᠪᠠ᠂ ᠣᠷᠳᠣᠰ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ ᠪᠣᠯᠤᠭ᠍ᠰᠠᠨ᠎ᠤ ᠬᠤᠪᠢ᠎ᠳᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠡᠨᠡ ᠬᠦ᠌ ᠲᠣᠳᠣᠷᠬᠠᠢ ᠱᠠᠭᠠᠷᠳᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠭᠤᠤᠯ ᠬᠠᠷᠠᠯᠲᠠ ᠪᠠ ᠦᠨᠡᠯᠡᠬᠦ᠌ ᠪᠠᠷᠢᠮᠵᠢᠶ᠎ᠠ ᠪᠤᠯᠭᠠᠵᠤ᠂ ᠡᠭᠦᠳᠦᠨ ᠪᠠᠢᠭᠤᠯᠬᠤ ᠥᠷᠭᠡᠨ ᠳᠡᠯᠭᠡᠷ ᠴᠢᠨᠠᠷ᠎ᠢ ᠳᠣᠪᠣᠢᠯᠭᠠᠵᠤ᠂ ᠡᠭᠦᠳᠦᠨ ᠪᠠᠢᠭᠤᠯᠬᠤ ᠪᠣᠳᠠᠲᠤ ᠦᠷ᠎ᠡ ᠪᠦᠲᠦᠮᠵᠢᠲᠦ ᠴᠢᠨᠠᠷ᠎ᠢ ᠨᠡᠮᠡᠭ᠌ᠳᠡᠭᠦᠯᠵᠦ᠂ ᠡᠭᠦᠳᠦᠨ ᠪᠠᠢᠭᠤᠯᠬᠤ᠎ᠵᠢᠨ ᠤᠷᠲᠤ ᠬᠤᠭᠤᠴᠠᠭᠠᠲᠤ ᠴᠢᠨᠠᠷ᠎ᠢ ᠴᠢᠬᠤᠯᠠᠴᠢᠯᠠᠵᠤ᠂ 《 ᠨᠢᠭᠡ ᠭᠠᠷᠠᠭ ᠬᠣᠶᠠᠷ ᠰᠠᠷ᠎ᠠ 》 ᠎ᠶ᠋ᠢᠨ ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ ᠬᠡᠷᠡᠭᠳᠡᠢ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠱᠢᠭᠤ ᠲᠣᠭᠣᠷᠢᠭ᠂ ᠰᠤᠮᠤ ᠱᠢᠶᠠᠩ ᠪᠠᠯᠭᠠᠰᠤ᠎ᠵᠢ ᠡᠭᠦᠳᠦᠨ ᠪᠠᠢᠭᠤᠯᠬᠤ᠎ᠪᠠᠷ ᠴᠢᠷᠮᠠᠢᠵᠤ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠪᠠᠨ ᠦᠷᠬᠦᠯᠵᠢᠯᠡᠨ ᠪᠠᠳᠤᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠪᠦᠯᠬᠦᠮᠳᠡᠨ ᠲᠡᠮᠡᠴᠡᠬᠦ᠌᠂ ᠬᠠᠮᠲᠤ᠎ᠪᠠᠷ ᠴᠡᠴᠡᠭ᠌ᠯᠡᠨ ᠬᠥᠭ᠌ᠵᠢᠬᠦ ᠵᠢ ᠨᠡᠩ ᠰᠠᠢᠨ ᠠᠬᠢᠭᠤᠯᠬᠤ ᠬᠡᠷᠡᠭᠳᠡᠢ᠃

ᠭᠤᠷᠪᠠ᠎ᠳᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠎ᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠬᠦ᠌ ᠬᠡᠷᠡᠭ᠌ᠲᠡᠢ᠃ ᠶᠡᠷᠦᠩᠬᠡᠢ ᠱᠦᠵᠢ ᠰᠢ᠎ᠶ᠋ᠢᠨ ᠫᠢᠩ᠂ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ᠎ᠦᠨ ᠲᠤᠭ᠎ᠢ ᠥᠨᠳᠥᠷ ᠮᠠᠨᠳᠤᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠰᠠᠢ᠌ᠨ ᠰᠠᠢᠬᠠᠨ ᠭᠡᠷ ᠣᠷᠣᠨ᠎ᠢᠶᠠᠨ ᠬᠠᠮᠲᠤ᠎ᠪᠠᠷ ᠪᠠᠢᠭᠤᠯᠵᠤ᠂ ᠰᠠᠢ᠌ᠨ ᠰᠠᠢᠬᠠᠨ ᠢᠷᠡᠭᠡᠳᠦᠢ᠎ᠪᠡᠨ ᠬᠠᠮᠲᠤ᠎ᠪᠠᠷ ᠴᠣᠭ᠍ᠴᠠᠯᠠᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠪᠢᠳᠡ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠲᠡᠬᠦᠯᠳᠡᠷᠵᠢᠬᠦᠯᠵᠦ᠍᠂  ᠠᠭᠤᠰᠤᠯᠴᠠᠭᠰᠠᠨ ᠮᠠᠶᠢᠭ᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠤ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠷᠣᠨ ᠪᠦᠰᠡ ᠠᠯᠤᠰᠯᠠᠨ ᠱᠢᠯᠵᠢᠬᠦ᠌᠎ᠶ᠋ᠢ ᠵᠣᠷᠢᠭ᠍ᠵᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤᠷᠠᠨ ᠦᠶ᠋ᠯᠡᠰ ᠪᠤᠰᠬᠠᠬᠤ᠎ᠶ᠋ᠢ ᠳᠡᠮᠵᠢᠵᠦ᠍᠂《ᠰᠡᠳᠭᠢᠯ ᠵᠢᠷᠦᠬᠡ᠎ᠪᠡᠨ ᠬᠣᠯᠪᠣᠬᠤ》 ᠂《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ᠎ᠪᠦᠯᠢ ᠮᠡᠲᠦ ᠳᠣᠲᠣᠨᠣ ᠪᠠᠢᠬᠤ》 ᠵᠡᠷᠭᠡ ᠨᠥᠬᠥᠷᠯᠡᠯ᠎ᠦᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠂ ᠬᠣᠲᠠ᠎ᠶ᠋ᠢᠨ ᠦᠨᠳᠦᠰᠦᠲᠡᠨ᠎ᠦ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠦᠨ ᠣᠷᠣᠨ ᠵᠠᠶ᠂ ᠰᠣᠶᠣᠯ᠂ ᠠᠵᠤ ᠠᠬᠤᠶ᠂ ᠨᠡᠢᠭᠡᠮ᠂ ᠰᠡᠳᠭᠢᠴᠡ ᠵᠡᠷᠭᠡ ᠲᠠᠯ᠎ᠠ᠎ᠪᠠᠷ ᠪᠥᠬᠥ᠌ ᠲᠠᠯ᠎ᠠ ᠵᠢᠨ ᠠᠭᠤᠰᠤᠯᠴᠠᠯ᠎ᠢ  ᠪᠡᠶᠡᠯᠡᠭᠦᠯᠬᠦ᠌᠎ᠶ᠋ᠢ ᠠᠬᠢᠭᠤᠯᠬᠤ ᠬᠡᠷᠡᠭᠳᠡᠢ᠃

ᠲᠦᠷᠪᠡ᠎ᠳᠦ᠂ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠳᠭᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠬᠦ ᠬᠡᠷᠡᠭᠳᠡᠢ᠃ ᠶᠡᠷᠦᠩᠬᠡᠢ ᠱᠦᠵᠢ ᠰᠢ᠎ᠶ᠋ᠢᠨ ᠫᠢᠩ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ ᠭᠡᠵᠦ ᠵᠢᠭᠠᠵᠤ ᠭᠠᠷᠭᠠᠪᠠ᠃ ᠪᠢᠳᠡ ᠥᠪᠥᠷ ᠮᠣᠩᠭᠣᠯ᠎ᠤᠨ 《ᠬᠣᠶᠠᠷ ᠰᠠᠭᠤᠷᠢᠨ》᠂ 《ᠬᠣᠶᠠᠷ ᠬᠠᠯᠬᠠᠪᠴᠢ》᠂ 《ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠲᠠᠶ ᠨᠢᠭ᠍ᠲᠠ ᠤᠶᠠᠯᠳᠤᠭᠤᠯᠵᠦ᠂ ᠱᠢᠨ᠎ᠡ ᠬᠥᠭ᠌ᠵᠢᠯᠲᠡ᠎ᠶ᠋ᠢᠨ ᠱᠠᠲᠤ᠎ᠶ᠋ᠢ ᠣᠨᠣᠪᠴᠢᠲᠠᠶ ᠡᠵᠡᠮᠳᠡᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠵᠦ᠂ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠠᠬᠢᠭᠤᠯᠬᠤ᠎ᠪᠡᠷ ᠭᠠᠷᠳᠠᠬᠤ ᠴᠡᠭ ᠪᠠ ᠬᠦᠴᠦᠯᠡᠬᠦ᠌ ᠴᠡᠭ ᠪᠤᠯᠭᠠᠵᠤ᠂ ᠮᠢᠩᠭᠠᠨ ᠳ᠋ᠦᠩᠱᠢᠭᠤᠷ᠎ᠤᠨ ᠠᠵᠤ ᠦᠶ᠋ᠯᠡᠰ᠎ᠦᠨ ᠰᠦᠷᠦᠭᠵᠢᠯ᠂ ᠮᠢᠩᠭᠠᠨ ᠳ᠋ᠦᠩᠱᠢᠭᠤᠷ᠎ᠤᠨ ᠪᠦᠲᠦᠮᠵᠢᠲᠡᠢ ᠪᠡᠯᠡ ᠣᠷᠣᠭᠤᠯᠤᠯᠲᠠ᠂ ᠮᠢᠩᠭᠠᠨ ᠳ᠋ᠦᠩᠱᠢᠭᠤᠷ ᠤ᠋ᠨ ᠪᠣᠳᠠᠲᠤ ᠬᠦᠴᠦᠨ᠎ᠲᠡᠶ ᠬᠣᠱᠢᠭᠤ ᠲᠣᠭᠣᠷᠢᠭ᠂ ᠮᠢᠩᠭᠠᠨ ᠳ᠋ᠦᠩᠱᠢᠭᠤᠷ ᠲᠥᠭᠥᠷᠢᠭ᠎ᠦᠨ ᠬᠦᠷᠢᠶᠡᠯᠡᠩ ᠲᠣᠭᠣᠷᠢᠭ ᠢ᠋  ᠪᠦᠳᠦᠭᠡᠨ ᠪᠠᠢᠭᠤᠯᠬᠤ ᠪᠡᠷ ᠭᠠᠷᠳᠠᠴᠠ ᠪᠣᠯᠭᠠᠵᠤ᠂ ᠠᠵᠤ ᠦᠢᠯᠡᠰ᠎ᠦᠨ ᠪᠦᠲᠦᠴᠡ᠎ᠶ᠋ᠢᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠬᠦ᠌᠎ᠶ᠋ᠢ ᠠᠬᠢᠭᠤᠯᠵᠦ᠂ ᠥᠭᠡᠷᠡᠴᠢᠯᠡᠯᠲᠡ ᠨᠡᠭᠡᠭᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠎ᠶ᠋ᠢ ᠠᠬᠢᠭᠤᠯᠵᠦ᠂ ᠬᠥᠭ᠌ᠵᠢᠯᠲᠡ᠎ᠶ᠋ᠢᠨ ᠲᠡᠩᠴᠡᠭᠦᠷᠢ ᠥᠬᠡᠶ ᠭᠦᠶ᠋ᠴᠡᠳ ᠥᠬᠡᠶ ᠠᠰᠠᠭᠤᠳᠠᠯ᠎ᠢ ᠦᠨᠡᠨ ᠬᠦ᠌ ᠰᠠᠢᠲᠤᠷ ᠱᠢᠶ᠋ᠳᠪᠦᠷᠢᠯᠡᠵᠦ᠂ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠪᠣᠳᠠᠰ᠎ᠤᠨ ᠰᠠᠭᠤᠷᠢ᠎ᠶ᠋ᠢ ᠲᠠᠰᠤᠷᠠᠯᠲᠠ ᠦᠭᠡᠢ ᠪᠡᠬᠢᠵᠢᠭᠦᠯᠬᠦ ᠬᠡᠷᠡᠭᠳᠡᠢ᠃

ᠲᠠᠪᠤ᠎ᠳᠤ᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠬᠦ ᠬᠡᠷᠡᠭᠳᠡᠢ᠃ ᠶᠡᠷᠦᠩᠬᠡᠢ ᠱᠦᠵᠢ ᠰᠢ᠎ᠶ᠋ᠢᠨ ᠫᠢᠩ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠲᠡᠭᠡᠷ᠎ᠠ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠪᠢᠳᠡ ᠰᠢ᠎ᠶ᠋ᠢᠨ ᠫᠢᠩ ᠤ᠋ᠨ ᠬᠠᠤᠯᠢᠵᠢᠯ ᠤ᠋ᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠬᠤᠳᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠴᠡᠭ᠎ᠦᠨ ᠪᠠᠢᠭᠤᠯᠤᠯᠲᠠ᠎ᠲᠠᠶ ᠤᠶᠠᠯᠳᠤᠭᠤᠯᠤᠨ ᠂ ᠨᠡᠢᠭᠡᠮ᠎ᠦᠨ ᠵᠠᠰᠠᠯᠲᠠ ᠪᠠ ᠦᠢᠯᠡᠴᠢᠯᠡᠭᠡᠨ᠎ᠦ ᠭᠣᠣᠯᠳᠠᠯᠭ᠎ᠠ᠎ᠶ᠋ᠢ ᠦᠨᠳᠦᠰᠦᠨ ᠱᠠᠳᠤ ᠲᠡᠢᠰᠢ ᠱᠢᠯᠵᠢᠭᠦᠯᠬᠦ᠌᠎ᠶ᠋ᠢ ᠠᠬᠢᠭᠤᠯᠵᠤ ᠂ ᠦᠨᠳᠦᠰᠦᠨ ᠱᠠᠲᠤᠨ᠎ᠤ ᠵᠥᠪᠯᠡᠬᠦ᠌ ᠠᠷᠠᠳᠴᠢᠯᠠᠯ᠎ᠢ ᠴᠢᠩᠭᠠᠳᠭᠠᠨ ᠂ ᠦᠨᠳᠦᠰᠦᠲᠡᠨ᠎ᠦ ᠬᠦᠴᠦᠨ ᠵᠦᠢᠯ᠎ᠳᠦ ᠬᠣᠯᠪᠣᠭ᠍ᠳᠠᠭ᠍ᠰᠠᠨ ᠬᠡᠷᠡᠭ ᠶᠠᠪᠤᠳᠠᠯ᠎ᠢ ᠬᠠᠤᠯᠢ ᠶᠣᠰᠣᠭᠠᠷ ᠵᠤᠬᠢᠰᠳᠠᠢ ᠱᠢᠢᠳᠪᠦᠷᠢᠯᠡᠵᠦ᠍ ᠂ ᠦᠨᠳᠦᠰᠦᠲᠡᠨ᠎ᠦ ᠬᠦᠷᠢᠶᠡᠨ᠎ᠳᠡᠬᠢ ᠬᠦᠨᠳᠦ ᠶᠡᠬᠡ ᠠᠶᠤᠯ ᠲᠦᠭ᠌ᠰᠢᠭᠦᠷᠢ᠎ᠶ᠋ᠢᠨ ᠲᠠᠯᠳᠠ ᠭᠡᠮ᠎ᠢ ᠡᠷᠡᠰ ᠰᠡᠷᠭᠡᠢᠯᠡᠵᠦ᠍ ᠂ ᠦᠨᠳᠦᠰᠦᠲᠡᠨ᠎ᠳᠦ ᠬᠣᠯᠪᠣᠭ᠍ᠳᠠᠭ᠍ᠰᠠᠨ ᠬᠦᠴᠦᠨ ᠵᠦᠢᠯ᠎ᠦᠨ ᠵᠥᠷᠢᠴᠡᠯ᠎ᠢ ᠦᠨᠳᠦᠰᠦᠨ ᠱᠠᠲᠤᠨ᠎ᠳᠤᠨᠢ ᠠᠷᠢᠯᠭᠠᠵᠤ ᠂  ᠰᠤᠶᠤᠭᠠᠯᠠᠯ᠎ᠤᠨ ᠱᠠᠳᠤᠨ ᠎ᠳᠦᠨᠢ ᠠᠷᠢᠯᠭᠠᠬᠤ  ᠬᠡᠷᠡᠭᠳᠡᠢ᠃

ᠵᠢᠷᠭᠤᠭ᠎ᠠ᠎ᠳᠤ᠂ ᠠᠵᠢᠯ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠬᠦ᠌ ᠬᠡᠷᠡᠭ᠌ᠲᠡᠶ᠃ ᠬᠣᠲᠠ᠎ᠶ᠋ᠢᠨ ᠨᠠᠮ᠎ᠤᠨ ᠬᠣᠷᠢᠶ᠎ᠠ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍ ᠂ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ ᠂ ᠲᠦᠷᠢᠮ᠎ᠦᠨ ᠱᠢᠰᠲ᠋ᠧᠮ ᠪᠠ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍ ᠂ 《ᠳᠤᠮᠳᠠᠳᠤ᠎ᠶ᠋ᠢᠨ ᠦᠨᠳᠦᠰᠦᠲᠡᠨ᠎ᠦ  ᠬᠠᠮᠲᠤ ᠴᠣᠭ᠍ᠴᠠ᠎ᠶ᠋ᠢᠨ ᠤᠬᠠᠮᠰᠠᠷ᠎ᠢ  ᠪᠠᠲᠤ ᠴᠣᠭ᠍ᠴᠠᠯᠠᠬᠤ ᠪᠠᠷ ᠭᠤᠤᠯ ᠱᠢᠵᠢᠮ ᠪᠣᠯᠭᠠᠵᠤ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠲᠥᠰᠦᠯ 》 ᠎ᠢ᠋  ᠲᠣᠭ᠍ᠲᠠᠭᠠᠨ ᠨᠡᠢᠲᠡᠯᠡᠵᠦ᠍ ᠂ ᠦᠨᠳᠦᠰᠦᠲᠡᠨ᠎ᠦ ᠠᠵᠢᠯ᠎ᠤᠨ ᠣᠨ᠎ᠤ ᠬᠠᠷᠠᠯᠲᠠ᠎ᠶ᠋ᠢᠨ ᠬᠢᠨᠠᠨ ᠱᠢᠯᠭᠠᠬᠤ ᠳᠤᠮᠳᠠᠬᠢ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠵᠦ᠍ ᠂ ᠦᠨᠳᠦᠰᠦᠲᠡᠨ᠎ᠦ ᠠᠵᠢᠯ᠎ᠢ ᠬᠣᠲᠠ᠎ᠶ᠋ᠢᠨ ᠨᠠᠮ᠎ᠤᠨ ᠬᠣᠷᠢᠶᠠᠨ᠎ᠤ ᠲᠣᠭᠣᠷᠢᠨ ᠪᠠᠢᠴᠠᠭᠠᠬᠤ ᠭᠤᠤᠯᠳᠠᠯᠭ᠎ᠠ᠎ᠲᠠᠶ ᠵᠦᠶ᠋ᠯᠡᠰ᠎ᠲᠦ ᠣᠷᠣᠭᠤᠯᠵᠤ ᠂ ᠬᠣᠲᠠ᠎ᠶ᠋ᠢᠨ ᠨᠠᠮ᠎ᠤᠨ ᠬᠣᠷᠢᠶᠠᠨ᠎ᠤ ᠱᠠᠯᠠᠪᠳᠠᠭᠤᠯᠤᠨ ᠪᠠᠢᠴᠠᠭᠠᠬᠤ ᠣᠨ᠎ᠤ ᠲᠥᠯᠥᠪᠯᠡᠭᠡ᠎ᠳᠦ ᠣᠷᠣᠭᠤᠯᠵᠤ᠂ ᠴᠢᠩᠭ᠎ᠠ ᠬᠦᠴᠦᠲᠡᠶ ᠳᠠᠷᠤᠯᠲᠠ᠎ᠪᠠᠷ ᠦᠨᠳᠦᠰᠦᠲᠡᠨ᠎ᠦ ᠠᠵᠢᠯ᠎ᠤᠨ ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃ ᠨᠡᠢᠲᠡᠯᠢᠭ ᠴᠢᠨᠠᠷ᠎ᠢ ᠨᠡᠮᠡᠭ᠌ᠳᠡᠭᠦᠯᠬᠦ᠌ ᠂ ᠵᠥᠷᠢᠶᠡᠲᠦ ᠴᠢᠨᠠᠷ᠎ᠢ ᠬᠦᠨᠳᠦᠳᠭᠡᠨ ᠪᠠᠭ᠍ᠲᠠᠭᠠᠬᠤ ᠴᠢᠬᠤᠯᠠ ᠵᠠᠷᠴᠢᠮ᠎ᠢ ᠢᠮᠠᠭ᠍ᠲᠠ ᠪᠠᠷᠢᠮᠲᠠᠯᠠᠵᠤ᠂ ᠦᠨᠳᠦᠰᠦᠲᠡᠨ᠎ᠦ  ᠠᠵᠢᠯ᠎ᠤᠨ ᠵᠢᠯᠣᠭᠣᠳᠭᠤ ᠦᠵᠡᠯ ᠰᠠᠨᠠᠭᠠᠨ᠎ᠤ ᠲᠠᠯ᠎ᠠ᠎ᠪᠠᠷ ᠣᠷᠣᠱᠢᠵᠤ ᠪᠠᠢᠭ᠎ᠠ ᠵᠦᠷᠢᠶ᠎ᠡ ᠵᠢ ᠦᠨᠡᠨ ᠬᠦ᠌ ᠵᠠᠯᠠᠷᠠᠭᠤᠯᠵᠤ᠂ ᠦᠨᠳᠦᠰᠦᠲᠡᠨ᠎ᠦ ᠠᠵᠢᠯ  ᠢᠮᠠᠭ᠍ᠲᠠ ᠵᠥᠪ ᠤᠯᠤᠰ ᠲᠦᠷᠦ᠍᠎ᠶ᠋ᠢᠨ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠦᠨᠡᠨ ᠬᠦ᠌  ᠪᠠᠲᠤᠯᠠᠬᠤ ᠬᠡᠷᠡᠭᠳᠡᠢ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号