ᠤᠯᠠᠭᠠᠨᠬᠠᠳᠠ ᠬᠤᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠰᠤᠷᠭᠠᠭᠤᠯᠢ᠎ᠶ᠋ᠢᠨ ᠬᠦᠷᠢᠶᠡᠨ᠎ᠳᠦ ᠪᠠᠲᠤ ᠦᠨᠳᠦᠰᠦᠯᠡᠭᠦᠯᠵᠤ ᠪᠤᠢ
2021-11-08 09:51:22
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠤᠯᠠᠭᠠᠨᠬᠠᠳᠠ ᠬᠣᠲᠠ᠎ᠶ᠋ᠢᠨ ᠰᠤᠷᠭᠠᠨ ᠬᠥᠮᠦᠵᠢᠯ᠎ᠦᠨ ᠲᠣᠪᠴᠢᠶ᠎ᠠ᠎ᠶ᠋ᠢᠨ ᠬᠤᠷᠠᠯ᠎ᠤᠨ ᠲᠢᠩᠬᠢᠮ᠎ᠳᠦ ᠬᠦᠮᠦᠰ ᠰᠠᠭᠤᠳᠠᠯ ᠲᠦᠭᠦᠷᠲᠡᠯ᠎ᠡ ᠰᠠᠭᠤᠯᠴᠠᠵᠤ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠤᠬᠠᠭᠤᠯᠤᠨ ᠲᠠᠢᠯᠪᠤᠷᠢᠯᠠᠯᠲᠠ ᠵᠢ ᠰᠤᠨᠤᠰᠤᠨ᠎ᠠ᠃

ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠦᠨᠳᠦᠰᠦᠲᠡᠨ᠎ᠦ ᠤᠨᠤᠯ᠎ᠤᠨ ᠵᠢᠭᠠᠨ ᠰᠤᠳᠤᠯᠬᠤ ᠬᠡᠯᠲᠡᠰ᠎ᠦᠨ ᠫᠷᠤᠹᠸᠰᠰᠤᠷ ᠬ᠍ᠦ᠎ᠴᠢᠩ ᠬᠤᠢ ᠤᠬᠠᠭᠤᠯᠤᠨ ᠲᠠᠢᠯᠪᠤᠷᠢᠯᠠᠵᠦ᠍᠂ ᠮᠡᠳᠡᠭᠦᠯᠦᠯᠲᠡ ᠨᠢ ᠭᠤᠤᠯ ᠰᠡᠳᠦᠪ ᠲᠤᠳᠤᠷᠬᠠᠢ ᠂ ᠳᠦᠭᠦᠮ ᠤᠢ᠍ᠢᠯᠠᠭᠠᠮᠵᠢᠲᠠᠢ ᠪᠠᠢ᠌ᠵᠤ᠂ ᠠᠬᠤᠢ ᠲᠠᠯᠠᠪᠠᠢ ᠵᠢᠨ ᠪᠠᠭ᠍ᠰᠢ ᠰᠤᠷᠤᠭ᠍ᠴᠢᠳ᠎ᠤᠨ ᠬᠠᠯᠠᠭᠤᠨ ᠬᠦᠷᠢᠶᠡᠯᠡᠯ᠎ᠢ ᠤᠯᠪᠠ᠃ ᠡᠭᠦᠨ᠎ᠤ ᠬᠠᠮᠲᠤ ᠲᠸᠯᠸᠢᠰ ᠤᠲᠠᠰᠤᠳᠤ ᠬᠤᠷᠠᠯ᠎ᠵᠢᠡᠷ ᠳᠠᠮᠵᠢᠭᠤᠯᠤᠨ᠂ ᠪᠥᠬᠥ᠌ ᠬᠣᠲᠠ᠎ᠶ᠋ᠢᠨ 5 ᠲᠦᠮᠡ ᠭᠠᠷᠤᠶ ᠪᠠᠭ᠍ᠰᠢ ᠰᠤᠷᠤᠭ᠍ᠴᠢᠳ ᠡᠨᠡ ᠬᠦ᠌ ᠤᠬᠠᠭᠤᠯᠤᠨ ᠲᠠᠢᠯᠪᠤᠷᠢᠯᠠᠯᠲᠠ ᠵᠢ ᠭᠥᠯᠢᠶᠡᠨ ᠠᠪᠴᠤ᠌ ᠦᠵᠡᠪᠡ᠃ ᠡᠨᠡ ᠪᠤᠯ ᠤᠯᠠᠭᠠᠨᠬᠠᠳᠠ ᠬᠤᠳᠠ᠎ᠶ᠋ᠢᠨ ᠶᠡᠬᠡ ᠳᠤᠮᠳᠠᠳᠤ ᠪᠠᠭ᠎ᠠ ᠰᠤᠷᠭᠠᠭᠤᠯᠢ ᠎ᠶ᠋ᠢᠨ ᠎ᠪᠠᠭ᠍ᠰᠢ ᠎ᠰᠤᠷᠤᠭ᠍ᠴᠢᠳ ᠎ᠲᠤ ᠬᠠᠨᠳᠤᠭᠤᠯᠤᠭ᠍ᠰᠠᠨ ᠎ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠦᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ 5 ᠳ᠋ᠤᠭᠠᠷ ᠡᠭᠡᠯᠵᠢ ᠪᠠᠨ ᠤᠭ᠍ᠲᠤᠨ ᠠᠪᠴᠢᠷᠠᠵᠤ ᠪᠤᠢ᠃

ᠤᠯᠠᠭᠠᠨᠬᠠᠳᠠ ᠬᠣᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠴᠢᠬᠤᠯᠠ ᠠᠭᠤᠯᠭ᠎ᠠ ᠪᠣᠯᠭᠠᠵᠤ᠂ ᠵᠠᠯᠠᠭᠤᠴᠤᠳ ᠪᠠᠭᠠᠴᠤᠳ᠎ᠲᠤ ᠬᠠᠨᠳᠤᠭᠤᠯᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠥᠷᠨᠢᠭᠦᠯᠵᠦ᠍᠂ 《ᠵᠢᠭᠠᠨ ᠰᠤᠷᠭᠠᠯᠲᠠ᠎ᠪᠠᠷ ᠬᠥᠮᠦᠨ᠎ᠢ ᠬᠥᠮᠦᠵᠢᠭᠦᠯᠬᠦ᠂ ᠣᠷᠴᠢᠨ ᠲᠣᠭᠣᠷᠢᠨ᠎ᠢᠶᠠᠷ ᠬᠥᠮᠦᠨ᠎ᠢ ᠬᠥᠮᠦᠵᠢᠭᠦᠯᠬᠦ᠂ ᠠᠵᠢᠯᠯᠠᠭ᠎ᠠ᠎ᠪᠠᠷ ᠬᠥᠮᠦᠨ᠎ᠢ ᠬᠥᠮᠦᠵᠢᠭᠦᠯᠬᠦ᠌》ᠭᠤᠷᠪᠠ᠎ᠶ᠋ᠢ ᠨᠢᠭᠡ ᠴᠣᠭ᠍ᠴᠠᠵᠢᠭᠤᠯᠤᠭ᠍ᠰᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠦᠨ ᠱᠢᠨ᠎ᠡ ᠪᠠᠢᠷᠢᠱᠢᠯ᠎ᠢ ᠠᠩᠬ᠎ᠠ ᠠᠯᠬᠤᠮ ᠪᠦᠷᠢᠯᠳᠦᠭᠦᠯᠪᠡ᠃

ᠬᠢᠴᠢᠶᠡᠯ᠎ᠦᠨ᠎ᠲᠠᠩᠬᠢᠮ᠎ᠤᠨ᠎ᠵᠢᠭᠠᠨ ᠰᠤᠷᠭᠠᠯᠲᠠ᠎ᠳ᠋ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠦᠨᠳᠦᠰᠦᠯᠡᠭᠦᠯᠦᠨ᠎ᠡ᠃ ᠪᠠᠭ᠍ᠰᠢ᠎ᠶ᠋ᠢᠨ ᠡᠩᠨᠡᠭᠡ᠎ᠶ᠋ᠢ ᠴᠢᠩᠭᠠᠳᠭᠠᠵᠤ᠂ 1030  ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠭ᠍ᠰᠢ᠎ᠶ᠋ᠢ ᠵᠣᠬᠢᠶᠠᠨ ᠪᠠᠢᠭᠤᠯᠵᠤ᠂ ᠪᠡᠭᠡᠵᠢᠩ᠎ᠦᠨ ᠶᠡᠬᠡ ᠳᠡᠭᠡᠳᠦ ᠰᠤᠷᠭᠠᠭᠤᠯᠢ᠎ᠳᠤ ᠣᠴᠢᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ ᠵᠡᠷᠭᠡ ᠠᠭᠤᠯᠭ᠎ᠠ᠎ᠶ᠋ᠢᠨ ᠲᠤᠬᠠᠢ ᠰᠤᠳᠤᠯᠤᠨ ᠰᠤᠷᠤᠯᠴᠠᠭᠤᠯᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠭ᠍ᠰᠢ᠎ᠶ᠋ᠢᠨ ᠡᠩᠨᠡᠭᠡ᠎ᠶ᠋ᠢᠨ ᠬᠡᠪ ᠴᠢᠨᠠᠷ᠎ᠢ ᠳᠡᠭᠡᠭ᠌ᠰᠢᠯᠡᠭᠦᠯᠪᠡ᠃ ᠡᠯ᠎ᠡ᠎ᠬᠢᠴᠢᠶᠡᠯ᠎ᠦᠨ᠎ᠵᠢᠭᠠᠬᠤ ᠮᠠᠲ᠋ᠧᠷᠢᠶᠠᠯ᠎ᠳᠠᠬᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠦᠨ ᠡᠯᠧᠮᠧᠨ᠋ᠲ ᠎ᠢ ᠠᠭᠤᠳᠠᠯᠵᠤ᠂ ᠬᠢᠴᠢᠶᠡᠯ ᠎ᠦᠨ ᠎ᠲᠠᠩᠬᠢᠮ᠎ᠤᠨ ᠵᠢᠭᠠᠨ ᠰᠤᠷᠭᠠᠯᠲᠠ᠎ᠳᠤ ᠠᠭᠤᠰᠭᠠᠵᠠᠢ᠃ ᠣᠳᠣ ᠪᠥᠬᠥ᠌ ᠬᠣᠲᠠ ᠶ᠋ᠢᠨ 2000 ᠭᠠᠷᠤᠶ ᠱᠢᠯᠢᠳᠡᠭ ᠪᠠᠭ᠍ᠰᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠷᠭᠠᠨ ᠬᠥᠮᠦᠵᠢᠯ᠎ᠦᠨ ᠪᠢᠴᠢᠯ ᠬᠢᠴᠢᠶᠡᠯ᠎ᠢ 2400 ᠭᠠᠷᠤᠶ ᠬᠤᠭᠤᠴᠠᠭ᠎ᠠ ᠦᠶ᠋ᠯᠡᠳᠴᠦ᠍᠂ ᠡᠯ᠎ᠡ ᠶᠡᠬᠡ ᠳᠤᠮᠳᠠᠳᠤ ᠪᠠᠭ᠎ᠠ ᠰᠤᠷᠭᠠᠭᠤᠯᠢ᠎ᠳᠤ ᠬᠡᠷᠡᠭ᠌ᠯᠡᠭᠦᠯᠵᠦ᠍ ᠪᠠᠢᠨ᠎ᠠ᠃ ᠦᠨᠳᠦᠰᠦᠲᠡᠨ᠎ᠦ ᠦᠭᠡ ᠬᠡᠯᠡ᠎ᠪᠡᠷ ᠬᠢᠴᠢᠶᠡᠯᠯᠡᠬᠦ᠌ ᠰᠤᠷᠭᠠᠭᠤᠯᠢ᠎ᠶ᠋ᠢᠨ ᠭᠤᠷᠪᠠᠨ ᠲᠥᠷᠥᠯ᠎ᠦᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠵᠢᠭᠠᠨ ᠰᠤᠷᠭᠠᠯᠲᠠ ᠥᠷᠨᠢᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠲᠤᠰ ᠬᠣᠲᠠ᠎ᠶ᠋ᠢᠨ 141 ᠱᠢᠯᠢᠳᠡᠭ ᠡᠩ᠎ᠦᠨ ᠰᠤᠷᠭᠠᠭᠤᠯᠢ ᠬᠢᠭᠡᠳ 78 ᠦᠨᠳᠦᠰᠦᠲᠡᠨ᠎ᠦ ᠦᠭᠡ ᠬᠡᠯᠡ᠎ᠪᠡᠷ ᠬᠢᠴᠢᠶᠡᠯᠯᠡᠬᠦ᠌ ᠰᠤᠷᠭᠠᠭᠤᠯᠢ᠎ᠶᠢ ᠵᠤᠯᠭᠠᠭᠤᠯᠵᠤ ᠂ ᠡᠩ᠎ᠦᠨ ᠰᠤᠷᠭᠠᠭᠤᠯᠢ᠎ᠶ᠋ᠢᠨ 445 ᠪᠠᠭ᠍ᠰᠢ ᠪᠣᠯᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ 391 ᠪᠠᠭ᠍ᠰᠢ ᠬᠠᠷᠢᠯᠴᠠᠨ ᠰᠣᠯᠢᠯᠴᠠᠨ ᠬᠢᠴᠢᠶᠡᠯᠯᠡᠵᠦ᠍᠂ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢᠶᠠᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠪᠠ᠃

ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ ᠵᠢᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ ᠎ᠶ᠋ᠢᠨ ᠤᠬᠠᠮᠰᠠᠷ᠎ᠢ ᠨᠡᠮᠡᠭ᠌ᠳᠡᠭᠦᠯᠦᠨ᠎ᠡ᠃ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠤᠷᠲᠤ ᠬᠣᠩᠭᠢᠯ᠎ᠢ ᠪᠦᠲᠦᠭᠡᠨ ᠪᠠᠢᠭᠤᠯᠵᠤ ᠂ ᠦᠯᠢᠭᠡᠷ ᠶᠠᠷᠢᠬᠤ᠂ ᠶᠣᠰᠣ ᠶᠠᠷᠢᠬᠤ ᠪᠡᠷ ᠳᠠᠮᠵᠢᠭᠤᠯᠤᠨ ᠰᠤᠷᠤᠭ᠍ᠴᠢᠳ᠎ᠤᠨ ᠠᠭᠤᠤ ᠶᠡᠬᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠬᠠᠨ᠎ᠠ᠃ 《ᠲᠠᠪᠤᠨ ᠲᠤᠭ ᠲᠠᠪᠤᠨ ᠰᠦᠯᠳᠡ ᠲᠡᠮᠳᠡᠭ》 ᠵᠢᠡᠷ ᠳᠠᠮᠵᠢᠭᠤᠯᠤᠨ ᠰᠤᠷᠤᠭ᠍ᠴᠢᠳ᠎ᠤᠨ ᠤᠯᠤᠰ᠎ᠤᠷᠤᠨ᠎ᠤ ᠦᠵᠡᠯᠳᠡ᠎ᠶᠢ ᠬᠥᠮᠦᠵᠢᠭᠦᠯᠵᠦ᠍᠂ ᠨᠠᠮ᠎ᠤᠨ ᠤᠯᠤᠰ ᠲᠥᠷᠥ᠎ᠶ᠋ᠢᠨ ᠮᠡᠳᠡᠷᠡᠮᠵᠢ᠎ᠶ᠋ᠢ ᠨᠡᠮᠡᠭ᠌ᠳᠡᠭᠦᠯᠪᠡ᠃ 《ᠠᠨᠠᠷ᠎ᠤᠨ ᠦᠷ᠎ᠡ》 ᠎ᠶ᠋ᠢᠨ ᠲᠤᠰᠭᠠᠶ ᠰᠡᠳᠦᠪ᠎ᠤᠨ ᠬᠡᠰᠡᠭ ᠲᠤ᠌ ᠬᠡᠷᠡᠮ ᠳᠡᠭᠡᠷᠡᠬᠢ 《ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠬᠡᠷ ᠪᠦᠯᠢ 》 ᠎ᠶ᠋ᠢᠨ ᠵᠢᠷᠤᠭ ᠂ ᠡᠷᠲᠡᠨ ᠡᠳᠦᠭᠡ᠎ᠶ᠋ᠢᠨ ᠦᠨᠳᠦᠰᠦᠲᠡᠨ᠎ᠦ ᠪᠦᠯᠬᠦᠮᠳᠡᠯ᠎ᠦᠨ ᠥᠯᠢᠭᠡᠷ ᠵᠡᠷᠭᠡ ᠪᠡᠷ ᠠᠭᠤᠰᠤᠯᠴᠠᠯ᠎ᠤᠨ ᠶᠣᠰᠣ᠎ᠶ᠋ᠢ ᠰᠤᠷᠤᠭ᠍ᠴᠢᠳ᠎ᠲᠤ ᠭᠦᠨᠵᠡᠭᠡᠶ ᠣᠢᠯᠠᠭᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠲᠤᠬᠠᠶ ᠬᠠᠮᠲᠤ᠎ᠶ᠋ᠢᠨ ᠲᠠᠨᠢᠯᠲᠠ᠎ᠶ᠋ᠢ ᠨᠡᠮᠡᠭ᠌ᠳᠡᠭᠦᠯᠪᠡ᠃

ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠳᠠᠮᠵᠢᠭᠤᠯᠭ᠎ᠠ᠎ᠶ᠋ᠢᠨ ᠲᠠᠪᠴᠠᠩ᠎ᠢ ᠪᠠᠢᠭᠤᠯᠵᠤ᠂᠎ᠰᠤᠷᠭᠠᠭᠤᠯᠢ᠎ᠶ᠋ᠢᠨ ᠬᠦᠷᠢᠶᠡᠨ᠎ᠦ ᠰᠦᠯᠵᠢᠶ᠎ᠡ᠂᠎ᠰᠣᠨᠢᠨ᠎ᠰᠡᠳᠬᠦᠯ᠂ ᠤᠬᠠᠭᠤᠯᠭ᠎ᠠ᠎ᠶ᠋ᠢᠨ ᠲᠠᠪᠴᠠᠩ ᠵᠡᠷᠭᠡ᠎ᠶᠢ ᠪᠠᠢᠭᠤᠯᠵᠤ᠂ ᠱᠢᠨ᠎ᠡ ᠵᠠᠭᠤᠴᠢᠯᠠᠭᠤᠷ᠎ᠤᠨ ᠲᠠᠪᠴᠠᠩ ᠵᠢᠡᠷ ᠰᠤᠷᠤᠭ᠍ᠴᠢᠳ᠎ᠲᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠢᠳᠡᠪᠬᠢ ᠬᠦᠴᠦᠨ᠎ᠢ ᠤᠯᠠᠮᠵᠢᠯᠠᠨ ᠳᠠᠮᠵᠢᠭᠤᠯᠤᠨ᠎ᠠ᠃ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠳᠦᠷᠢ ᠲᠥᠷᠬᠦ᠌᠎ᠶ᠋ᠢ ᠱᠤᠭᠤᠵᠤ᠂ ᠰᠤᠷᠭᠠᠭᠤᠯᠢ᠎ᠶ᠋ᠢᠨ ᠰᠤᠷᠭᠠᠯ᠂ ᠰᠤᠷᠭᠠᠭᠤᠯᠢ᠎ᠶ᠋ᠢᠨ ᠲᠡᠦᠬᠡ᠎ᠶ᠋ᠢ ᠨᠠᠢᠷᠠᠭᠤᠯᠤᠨ ᠪᠢᠴᠢᠵᠦ᠍᠂ ᠰᠤᠷᠭᠠᠭᠤᠯᠢ᠎ᠶ᠋ᠢᠨ ᠳᠠᠭᠤᠤ᠎ᠶ᠋ᠢ ᠨᠠᠢᠷᠠᠭᠤᠯᠤᠨ ᠵᠤᠬᠢᠶᠠᠵᠤ᠂ ᠰᠤᠷᠭᠠᠭᠤᠯᠢ᠎ᠶ᠋ᠢᠨ ᠰᠦᠯᠳᠡ ᠲᠡᠮᠳᠡᠭ᠎ᠢ ᠵᠣᠬᠢᠶᠠᠵᠤ᠂ ᠰᠤᠷᠤᠭ᠍ᠴᠢᠳ᠎ᠢ ᠴᠢᠳᠠᠪᠤᠷᠢᠲᠠᠨ ᠪᠣᠯᠬᠤ᠎ᠪᠠᠷ ᠤᠷᠢᠶᠠᠯᠠᠨ ᠵᠣᠷᠢᠭ᠍ᠵᠢᠭᠤᠯᠵᠤ᠂ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ ᠲᠡᠮᠡᠴᠡᠭᠦᠯᠦᠨ᠎ᠡ᠃ ᠣᠳᠣ ᠲᠤᠰ ᠬᠣᠲᠠ᠎ᠶ᠋ᠢᠨ ᠳᠤᠮᠳᠠᠳᠤ ᠪᠠᠭ᠎ᠠ ᠰᠤᠷᠭᠠᠭᠤᠯᠢ᠎ᠳᠤ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠭ᠎ᠠ ᠎ᠶ᠋ᠢᠨ ᠪᠤᠯᠤᠩ 600 ᠭᠠᠷᠤᠶ ᠭᠠᠷᠭᠠᠵᠤ᠂ ᠰᠤᠷᠭᠠᠭᠤᠯᠢ᠎ᠶ᠋ᠢᠨ ᠬᠦᠷᠢᠶᠡᠨ᠎ᠦ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠦᠨ ᠷᠠᠳᠢᠣ᠋ ᠨᠡᠪᠲᠡᠷᠡᠭᠦᠯᠭᠡ᠎ᠶ᠋ᠢᠨ ᠥᠷᠲᠡᠭᠡ 470 ᠭᠠᠷᠤᠶ ᠭᠠᠷᠭᠠᠵᠤ ᠂ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠦᠨ ᠰᠣᠶᠣᠯ᠎ᠤᠨ ᠬᠡᠷᠡᠮ᠂ ᠰᠣᠶᠣᠯ᠎ᠤᠨ ᠬᠣᠩᠭᠢᠯ 200 ᠭᠠᠷᠤᠶ ᠪᠠᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠦᠨ ᠵᠢᠱ᠌ᠢᠶ᠎ᠡ ᠦᠵᠡᠭᠦᠯᠬᠦ᠌ ᠰᠤᠷᠭᠠᠭᠤᠯᠢ᠎ᠶ᠋ᠢ 30 ᠪᠠᠢᠭᠤᠯᠪᠠ᠃

ᠪᠤᠲᠠᠲᠠᠢ ᠦᠶ᠋ᠯᠡᠳᠦᠯᠭᠡ ᠪᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠡᠶᠡᠴᠢᠯᠡᠨ ᠣᠢᠯᠠᠭᠠᠭᠤᠯᠤᠨ᠎ᠠ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠰᠣᠳᠣᠨ ᠪᠦᠲᠦᠭᠡᠯ᠎ᠢ ᠡᠭᠦᠳᠬᠦ᠌ ᠠᠵᠢᠯᠯᠠᠭ᠎ᠠ ᠵᠢ ᠦᠷᠨᠢᠭᠦᠯᠵᠦ᠍᠂ ᠪᠦᠬᠦ᠌ ᠬᠣᠲᠠ᠎ᠶ᠋ᠢᠨ 547 ᠳᠤᠮᠳᠠᠳᠤ ᠪᠠᠭ᠎ᠠ ᠰᠤᠷᠭᠠᠭᠤᠯᠢ᠎ᠶ᠋ᠢ ᠵᠣᠬᠢᠶᠠᠨ ᠪᠠᠢᠭᠤᠯᠵᠤ《ᠬᠤᠪᠢᠰᠭᠠᠯ᠎ᠤᠨ ᠪᠠᠭᠠᠲᠤᠷᠴᠤᠳ᠎ᠢ ᠰᠡᠳᠭᠢᠯ᠎ᠳᠡᠭᠡᠨ ᠬᠠᠳᠠᠩᠱᠢᠭᠤᠯᠬᠤ》 ᠱᠢᠷᠢᠰ  ᠵᠦᠴᠦᠭᠡ ᠵᠣᠬᠢᠶᠠᠨ ᠪᠦᠲᠦᠭᠡᠵᠦ᠍ ᠲᠣᠭ᠍ᠯᠠᠪᠠ᠃ ᠪᠥᠬᠥ᠌ ᠬᠣᠲᠠ ᠎ᠶ᠋ᠢᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠲᠦᠮᠡ ᠭᠠᠷᠤᠢ ᠪᠠᠭ᠍ᠰᠢ ᠰᠤᠷᠤᠭ᠍ᠴᠢ᠎ᠶᠢ ᠳᠠᠢᠴᠢᠯᠠᠨ ᠵᠦᠴᠦᠭᠡ ᠦᠶ᠋ᠯᠡᠳᠬᠦ᠌᠎ᠳᠦ ᠣᠷᠣᠯᠴᠠᠭᠤᠯᠵᠤ᠂ 60 ᠭᠠᠷᠤᠶ ᠱᠢᠯᠢᠳᠡᠭ ᠵᠦᠴᠦᠭᠡ᠎ᠶ᠋ᠢ ᠰᠣᠩᠭᠣᠨ ᠬᠣᠱᠢᠭᠤ ᠱᠢᠶᠠᠨ ᠲᠣᠭᠣᠷᠢᠭ᠎ᠲᠤ ᠳᠡᠯᠭᠡᠨ ᠦᠵᠡᠭᠦᠯᠵᠦ᠍᠂ ᠤᠯᠠᠭᠠᠨᠬᠠᠳᠠ ᠲᠧᠯᠸᠢᠰ ᠬᠣᠷᠢᠶ᠎ᠠ᠎ᠪᠠᠷ ᠪᠥᠬᠥ᠌ ᠬᠣᠲᠠ᠎ᠳᠤ 40 ᠺᠢᠨᠣ᠋ ᠨᠡᠪᠲᠡᠷᠡᠭᠦᠯᠵᠦ᠂ ᠵᠠᠯᠠᠭᠤᠴᠤᠳ ᠪᠠᠭᠠᠴᠤᠳ᠎ᠤᠨ ᠰᠡᠳᠭᠢᠯ᠎ᠳᠦ 《ᠪᠠᠭᠠᠲᠤᠷᠴᠤᠳ᠎ᠢ ᠬᠦᠨᠳᠦᠳᠭᠡᠵᠦ᠍᠂ ᠪᠠᠭᠠᠲᠤᠷᠴᠤᠳ᠎ᠠᠴᠠ ᠰᠤᠷᠤᠯᠴᠠᠬᠤ》 ᠦᠷ᠎ᠡ᠎ᠶ᠋ᠢ ᠦᠨᠳᠦᠰᠦᠯᠡᠭᠦᠯᠵᠡᠢ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ ᠥᠷᠨᠢᠭᠦᠯᠵᠦ᠍᠂《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠬᠡᠷ᠎ᠦᠨ ᠬᠥᠮᠦᠨ ᠮᠡᠲᠦ ᠳᠣᠲᠣᠨᠣ ᠪᠠᠢᠬᠤ》᠂ ᠰᠤᠷᠭᠠᠭᠤᠯᠢ᠎ᠨᠤᠭᠤᠳ《ᠵᠤᠯᠭᠠᠭᠤᠯᠤᠨ ᠬᠣᠯᠪᠣᠭᠠᠯᠠᠵᠤ ᠬᠠᠮᠲᠤ᠎ᠪᠠᠷ ᠪᠠᠢᠭᠤᠯᠬᠤ》᠂ ᠪᠠᠭ᠍ᠰᠢ᠎ᠨᠠᠷ ᠬᠠᠷᠢᠯᠴᠠᠨ ᠬᠠᠪᠰᠤᠷᠤᠯᠴᠠᠵᠤ ᠬᠠᠷᠢᠯᠴᠠᠨ ᠰᠤᠷᠤᠯᠴᠠᠬᠤ ᠵᠡᠷᠭᠡ ᠱᠢᠷᠢᠰ ᠠᠵᠢᠯᠯᠠᠭ᠎ᠠ ᠥᠷᠨᠢᠭᠦᠯᠪᠡ᠃

《ᠤᠯᠤᠰ᠎ᠤᠨ᠎ᠢᠶᠠᠨ ᠲᠥᠯᠥᠭᠡ᠎ᠵᠢᠳᠬᠦᠬᠦ᠌ ᠵᠣᠷᠢᠭ ᠰᠠᠨᠠᠭ᠎ᠠ᠎ᠶ᠋ᠢ ᠦᠶ᠋ᠯᠡᠳᠦᠯᠭᠡᠵᠢᠭᠦᠯᠵᠦ᠍᠂ ᠨᠠᠮ᠎ᠢᠶᠠᠨ ᠡᠭᠦᠷᠢᠳᠡ ᠳᠠᠭᠠᠬᠤ》᠎ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠡᠬᠡ ᠪᠢᠴᠢᠭ ᠡᠯᠰᠡᠬᠦ᠌ ᠵᠡᠷᠭᠡ ᠭᠤᠤᠯ ᠰᠡᠳᠦᠪᠲᠦ ᠠᠵᠢᠯᠯᠠᠭ᠎ᠠ᠎ᠶ᠋ᠢ ᠱᠢᠨ᠎ᠡ᠎ᠪᠡᠷ ᠡᠭᠦᠳᠦᠨ ᠥᠷᠨᠢᠭᠦᠯᠵᠦ᠍ ᠂ 3000 ᠭᠠᠷᠤᠶ ᠬᠤᠪᠢ ᠡᠬᠡ ᠪᠢᠴᠢᠭ ᠬᠣᠷᠢᠶᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠪᠠᠭ᠍ᠰᠢ ᠰᠤᠷᠤᠭ᠍ᠴᠢᠳ᠎ᠤᠨ ᠰᠡᠳᠭᠢᠯ᠎ᠳᠦ ᠬᠠᠳᠠᠩᠱᠢᠭᠤᠯᠪᠠ᠃ ᠰᠤᠷᠭᠠᠭᠤᠯᠢ᠎ᠶ᠋ᠢᠨ ᠳᠣᠲᠣᠨ᠎ᠠ ᠭᠠᠳᠠᠨ᠎ᠠ ᠡᠬᠡ ᠣᠷᠣᠨᠴᠢ ᠦᠵᠡᠯ᠎ᠦᠨ ᠬᠥᠮᠦᠵᠢᠯ᠎ᠦᠨ ᠠᠵᠢᠯᠯᠠᠭ᠎ᠠ ᠥᠷᠨᠢᠭᠦᠯᠵᠦ᠍᠂ ᠰᠤᠷᠭᠠᠭᠤᠯᠢ᠎ᠶ᠋ᠢᠨ ᠳᠣᠲᠣᠭᠠᠳᠤ᠎ᠳᠤ᠂《ᠨᠠᠮ᠎ᠮᠢᠨᠢ ᠰᠠᠨᠠᠭ᠎ᠠ ᠠᠮᠤᠷ ᠪᠠᠢ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠦ ᠪᠢᠳᠡ ᠪᠤᠢ》 ᠱᠢᠷᠢᠰ ᠤᠯᠤᠰ᠎ᠢᠶᠠᠨ ᠬᠠᠢᠷᠠᠯᠠᠬᠤ ᠦᠵᠡᠯ᠎ᠦᠨ ᠤᠬᠠᠭᠤᠯᠭ᠎ᠠ ᠬᠥᠮᠦᠵᠢᠯ᠎ᠦᠨ ᠭᠣᠣᠯ ᠰᠡᠳᠦᠪᠲᠦ ᠠᠵᠢᠯᠯᠠᠭ᠎ᠠ᠎ᠶ᠋ᠢ ᠭᠦᠨᠵᠡᠭᠡᠢ᠎ᠥᠷᠨᠢᠭᠦᠯᠵᠦ᠍᠂ ᠰᠤᠷᠭᠠᠭᠤᠯᠢ᠎ᠶ᠋ᠢᠨ ᠭᠠᠳᠠᠨ᠎ᠠ᠂ ᠲᠤᠰ ᠬᠤᠳᠠ᠎ᠶ᠋ᠢᠨ 77 ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ ᠵᠡᠷᠭᠡ ᠳᠤᠷᠠᠰᠭᠠᠯ᠎ᠤᠨ ᠭᠠᠵᠠᠷ᠂ 46 ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠰᠠᠭᠤᠷᠢᠨ ᠪᠣᠯᠤᠨ 28 ᠲᠡᠦᠬᠡ᠎ᠶ᠋ᠢᠨ ᠮᠦᠽᠧᠢ᠎ᠳᠦ ᠲᠦᠱᠢᠭ᠌ᠯᠡᠨ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ ᠥᠷᠨᠢᠭᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号