ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠬᠤ ᠦᠭᠡᠢ
2021-11-08 09:12:57
ᠵᠣᠬᠢᠶᠠᠭ᠍ᠴᠢ᠄
​ᠾᠦᠸᠸ ᠱᠢᠶᠤᠤ ᠴᠢᠩ
ᠣᠩᠱᠢᠭ᠍ᠰᠠᠨ ᠣᠳᠠᠭ᠎ᠠ᠄
★★★☆☆

《ᠦᠨᠳᠦᠰᠦᠲᠡᠨ ᠎ᠨᠦᠭᠦᠳ ᠎ᠦᠨ ᠎ᠨᠡᠢᠭᠡᠮ ᠎ᠵᠢᠷᠤᠮᠳᠤ ᠣᠳᠣᠬᠢᠴᠢᠯᠠᠯᠲᠠ᠎ᠶ᠋ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠵᠢ ᠪᠦᠬᠦ᠌ ᠬᠦᠴᠦᠨ᠎ᠵᠢᠡᠷ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ᠂ ᠥᠨᠳᠥᠷ ᠲᠦᠪᠱᠢᠨ ᠪᠦᠬᠦᠢ ᠬᠠᠮᠠᠭᠠᠯᠠᠯᠲᠠ᠂ ᠴᠢᠨᠠᠷ ᠰᠠᠢᠲᠠᠢ ᠠᠮᠢᠳᠤᠷᠠᠯ᠂ ᠥᠨᠳᠥᠷ ᠪᠦᠲᠦᠮᠵᠢᠲᠡᠢ ᠵᠠᠰᠠᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠦᠨᠳᠦᠰᠦᠲᠡᠨ᠎ᠦ ᠪᠦᠯᠬᠦᠮᠳᠡᠯ᠎ᠢ ᠪᠡᠬᠢᠵᠢᠭᠦᠯᠬᠦ᠌᠂ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ᠂ ᠬᠢᠯᠢ ᠬᠢᠵᠠᠭᠠᠷ᠎ᠤᠨ ᠠᠮᠤᠷ ᠲᠦᠪᠱᠢᠨ ᠪᠠ ᠠᠮᠢ ᠠᠬᠤᠢ᠎ᠶ᠋ᠢᠨ ᠠᠮᠤᠷ ᠲᠦᠪᠱᠢᠨ᠎ᠢ ᠪᠠᠲᠤᠯᠠᠬᠤ ᠵᠡᠷᠭᠡ ᠲᠠᠯ᠎ᠠ᠎ᠪᠠᠷ ᠤᠬᠠᠮᠰᠠᠷ ᠡᠴᠡ ᠪᠠᠨ ᠶᠡᠬᠡ ᠲᠠᠯ᠎ᠠ᠎ᠶ᠋ᠢ ᠡᠷᠬᠢᠮᠯᠡᠵᠤ᠂ ᠬᠦᠨᠳᠦ ᠬᠠᠷᠢᠭᠤᠴᠠᠯᠭ᠎ᠠ ᠡᠭᠦᠷᠭᠡᠯᠡᠵᠦ᠍᠂ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ 》ᠭᠡᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ ᠡᠴᠨ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠴᠢᠭ᠌ᠯᠡᠯ ᠪᠠ ᠠᠷᠭ᠎ᠠ ᠵᠠᠮ᠎ᠢ ᠲᠣᠳᠣᠷᠬᠠᠢᠯᠠᠵᠤ ᠥᠭ᠌ᠴᠡᠶ᠃

ᠣᠳᠣᠬᠠᠨ᠎ᠳᠤ᠂ ᠮᠠᠨ᠎ᠤ ᠤᠯᠤᠰ ᠨᠢᠭᠡᠨᠲᠡ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠴᠤᠭ ᠪᠠᠳᠠᠷᠠᠩᠭᠤᠢ᠎ᠪᠠᠷ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢᠶᠠᠨ ᠡᠬᠢᠯᠡᠭᠦᠯᠤᠯ᠎ᠠ᠃ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠳᠦ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠬᠤ ᠦᠭᠡᠢ ; ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠮᠦᠨ᠎ᠬᠦ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠬᠤ ᠦᠭᠡᠢ᠃ ᠨᠡᠢᠭᠡᠮ ᠵᠢᠷᠤᠮᠳᠤ ᠣᠳᠣᠬᠢᠴᠢᠯᠠᠯᠲᠠ ᠪᠣᠯ ᠪᠦᠬᠦ᠌ ᠠᠷᠠᠳ ᠲᠦᠮᠡᠨ᠎ᠦ ᠬᠠᠮᠲᠤ᠎ᠪᠠᠷ ᠴᠢᠨᠡᠭᠡᠯᠢᠭ᠌ᠵᠢᠬᠦ᠌ ᠣᠳᠣᠬᠢᠴᠢᠯᠠᠯᠲᠠ ᠮᠥᠨ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠳᠦ ᠨᠡᠢᠴᠡᠬᠦ᠌ ᠣᠳᠣᠬᠢᠴᠢᠯᠠᠯᠲᠠ ᠮᠥᠨ᠂ ᠪᠦᠬᠦ᠌ ᠠᠷᠠᠳ ᠲᠦᠮᠡᠨ᠎ᠳᠦ ᠠᠱᠢᠭ ᠬᠦᠷᠲᠡᠭᠡᠬᠦ᠌ ᠣᠳᠣᠬᠢᠴᠢᠯᠠᠯᠲᠠ ᠮᠥᠨ᠃ ᠦᠨᠳᠦᠰᠦᠲᠡᠨ᠎ᠨᠦᠭᠦᠳ ᠬᠠᠮᠲᠤ᠎ᠪᠠᠷ ᠲᠡᠮᠡᠴᠡᠬᠦ᠌ ᠦᠭᠡᠢ ᠪᠣᠯ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠪᠡᠶᠡᠯᠡᠭᠦᠯᠬᠦ᠌᠎ᠳᠦ ᠪᠡᠷᠬᠡ᠂ ᠦᠨᠳᠦᠰᠦᠲᠡᠨ ᠎ᠨᠦᠭᠦᠳ ᠬᠠᠮᠲᠤ᠎ᠪᠠᠷ ᠬᠥᠭ᠌ᠵᠢᠬᠦ᠌ ᠦᠭᠡᠢ ᠪᠣᠯ ᠨᠡᠢᠭᠡᠮ ᠵᠢᠷᠤᠮᠳᠤ ᠣᠳᠣᠬᠢᠴᠢᠯᠠᠯᠲᠠ ᠪᠠᠢᠵᠤ ᠴᠢᠳᠠᠬᠤ ᠦᠭᠡᠢ ᠶᠤᠮ᠃

ᠳᠠᠶᠠᠭᠠᠷ᠎ᠵᠢᠡᠨ ᠰᠡᠳᠭᠢᠯ ᠨᠢᠭᠡᠳᠪᠡᠯ ᠢᠯᠠᠯᠲᠠ᠎ᠳᠦ ᠬᠦᠷᠴᠦ ᠴᠢᠳᠠᠨ᠎ᠠ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠢᠮᠠᠭ᠍ᠲᠠ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠪᠥᠬᠥ᠌᠎ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠰᠠᠢᠨ ᠰᠠᠢᠬᠠᠨ ᠠᠮᠢᠳᠤᠷᠠᠯ᠎ᠤᠨ ᠲᠥᠯᠥᠭᠡ ᠲᠠᠰᠤᠷᠠᠯᠲᠠ ᠥᠬᠡᠶ ᠲᠡᠮᠡᠴᠡᠭᠰᠡᠭᠡᠷ ᠢᠷᠡᠵᠡᠢ᠃ ᠬᠦᠴᠦ᠍᠎ᠪᠡᠨ ᠲᠥᠪᠯᠡᠷᠡᠭᠦᠯᠦᠨ ᠶᠠᠳᠠᠭᠤ ᠡᠴᠡ ᠠᠡᠭᠬᠢᠵᠢᠷᠠᠭᠤᠯᠬᠤ ᠪᠤᠭᠤᠮᠳᠠ ᠰᠢᠪᠳᠤᠯᠬᠤ ᠲᠠᠢᠯᠠᠯᠳᠤᠭᠠᠨ ᠲᠠᠢ ᠲᠡᠮᠡᠴᠡᠵᠦ᠂ ᠪᠦᠬᠦ᠌ ᠣᠷᠣᠨ ᠎ᠤ ᠨᠡᠢ᠌ᠳᠡ 157 ᠲᠦᠮᠡᠨ ᠬᠥᠮᠦᠨ᠎ᠢ ᠶᠠᠳᠠᠭᠤ᠎ᠠᠴᠠ ᠠᠩᠭᠢᠵᠢᠷᠠᠭᠤᠯᠤᠨ᠂ ᠤᠯᠤᠰ᠎ᠤᠨ ᠲᠡᠰ᠎ᠤᠨ 31 ᠶᠠᠳᠠᠭᠤ ᠬᠦᠴᠢᠷᠳᠡᠯᠲᠡᠢ ᠬᠣᠱᠢᠭᠤ ᠱᠢᠶᠠᠨ᠂ ᠦᠪᠡᠷᠳᠡᠭᠡᠨ ᠵᠠᠰᠠᠬᠤ ᠣᠷᠣᠨ᠎ᠤ ᠲᠡᠰ᠎ᠤᠨ 26 ᠶᠠᠳᠠᠭᠤ ᠬᠦᠴᠢᠷᠳᠡᠯᠲᠡᠢ ᠬᠣᠱᠢᠭᠤ ᠱᠢᠶᠠᠨ᠎ᠢ ᠪᠦᠬᠦᠨ᠎ᠢ ᠶᠠᠳᠠᠭᠤ ᠎ᠠᠴᠠ ᠠᠩᠭᠢᠵᠢᠷᠠᠭᠤᠯᠪᠠ; ᠤᠷᠤᠨ᠎ᠰᠠᠭᠤᠴᠠ᠎ᠵᠢᠨ ᠠᠰᠠᠭᠤᠳᠠᠯ᠎ᠢ ᠰᠢᠢᠳᠪᠤᠷᠢᠯᠡᠵᠤ᠂ ᠵᠠᠭᠤ ᠭᠠᠷᠤᠢ ᠲᠦᠮᠡᠨ ᠶᠠᠳᠠᠭᠤ ᠬᠦᠴᠢᠷᠳᠡᠯᠲᠡᠢ ᠮᠠᠯᠴᠢᠨ ᠲᠠᠷᠢᠶᠠᠴᠢᠨ ᠡᠷᠦᠬᠡ ᠠᠮᠤᠭᠤᠯᠠᠩᠳᠤ ᠣᠷᠣᠨ ᠰᠠᠭᠤᠴᠠ ᠲᠠᠢ ᠪᠤᠯᠪᠠ; ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠤᠨ ᠠᠷᠠᠳ᠎ᠤᠨ ᠠᠮᠢᠳᠤᠷᠠᠯ᠎ᠢ ᠪᠠᠲᠤᠯᠠᠵᠤ᠂ ᠦᠨᠳᠤᠰᠤᠳᠠᠨ ᠨᠤᠬᠦᠳ᠎ᠤᠨ ᠤᠯᠠᠨ ᠲᠦᠮᠡᠨ᠎ᠢ ᠲᠠᠨᠢᠬᠦᠨ ᠲᠠᠪᠠᠳᠠᠢ ᠠᠮᠢᠳᠤᠷᠠᠭᠤᠯᠪᠠ ᠁ ᠠᠷᠠᠳ ᠲᠦᠮᠡᠨ᠎ᠤ ᠠᠮᠤᠷ ᠲᠦᠪᠰᠢᠨ ᠠᠶᠤᠯ ᠲᠦᠭᠰᠢᠬᠦᠷᠢ ᠬᠠᠯᠠᠭᠤᠨ ᠬᠦᠢᠳᠡᠨ᠎ᠢ ᠰᠡᠳᠭᠢᠯ ᠎ᠳᠡᠭᠡᠨ᠎ᠠᠬᠤᠭᠤᠯᠵᠤ᠂᠎ᠥᠭᠡᠷᠡᠴᠢᠯᠡᠯᠲᠡ ᠬᠥᠭ᠌ᠵᠢᠯᠲᠡ ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠦ ᠨᠡᠩ ᠤᠯᠠᠨ ᠨᠡᠩ ᠡᠷᠬᠡ ᠲᠡᠭ᠌ᠰᠢ᠎ᠪᠡᠷ ᠬᠦᠷᠲᠡᠭᠡᠨ᠂ ᠦᠪᠤᠷ ᠮᠤᠡᠭᠭᠤᠯ ᠠᠵᠤ ᠠᠬᠤᠢ ᠬᠥᠭ᠌ᠵᠢᠭ᠌ᠰᠡᠨ᠂ ᠠᠷᠠᠳ᠎ᠤᠨ ᠠᠮᠢᠳᠤᠷᠠᠯ ᠰᠠᠢᠵᠢᠷᠠᠭ᠍ᠰᠠᠨ ᠠᠮᠵᠢᠯᠲᠠ᠎ᠵᠢᠨ ᠬᠠᠭᠤᠳᠠᠰᠤ᠎ᠶ᠋ᠢ ᠪᠢᠴᠢᠭ᠌ᠯᠡᠪᠡ᠃

ᠠᠵᠤ ᠠᠬᠤᠢ᠎ᠵᠢ ᠬᠦᠭᠵᠢᠭᠦᠯᠵᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠤᠯ ᠬᠦᠮᠦᠰ᠎ᠤᠨ ᠰᠡᠳᠬᠢᠯ᠎ᠢ ᠨᠢᠭᠲᠠᠷᠠᠭᠤᠯᠬᠤ᠎ᠵᠢᠨ ᠰᠠᠭᠤᠷᠢ ᠮᠦᠨ᠃ ᠰᠢᠨ᠎ᠡ ᠠᠶᠠᠨ ᠵᠠᠮ᠎ᠳᠦ᠂  ᠦᠨᠳᠦᠰᠦᠲᠡᠨ ᠨᠤᠬᠦᠳ ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠢᠴᠢᠯᠠᠵᠤ ᠭᠠᠵᠠᠷ ᠤᠷᠤᠨ᠎ᠤ ᠴᠢᠨᠠᠷ ᠎ᠰᠠᠢᠲᠠᠢ ᠬᠦᠭᠵᠢᠯᠲᠡ᠎ᠵᠢ ᠲᠦᠷᠭᠡᠳᠬᠡᠨ ᠠᠬᠢᠭᠤᠯᠵᠤ᠂ ᠦᠨᠳᠦᠰᠦᠲᠡᠨ ᠨᠤᠬᠦᠳ᠎ᠤᠨ ᠠᠷᠠᠳ ᠲᠦᠮᠡᠨ ᠎ᠤ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ ᠎ᠤᠨ ᠬᠡᠷᠡᠭᠴᠡᠭᠡ ᠱᠠᠭᠠᠷᠳᠠᠯᠭ᠎ᠠ ᠎ᠵᠢ ᠲᠠᠰᠤᠷᠠᠯᠲᠠ ᠦᠭᠡᠢ ᠬᠠᠡᠭᠭᠠᠬᠤ ᠪᠤᠯ ᠦᠨᠳᠦᠰᠦᠲᠡᠨ ᠎ᠤ ᠠᠵᠢᠯ᠎ᠢ ᠰᠠᠢᠳᠤᠷ ᠬᠢᠵᠦ᠂ ᠦᠨᠳᠦᠰᠦᠲᠡᠨ ᠎ᠤ ᠪᠦᠯᠬᠦᠮᠳᠡᠯ᠎ᠢ ᠠᠬᠢᠭᠤᠯᠬᠤ ᠎ᠵᠢᠨ ᠡᠷᠬᠡᠪᠰᠢ ᠰᠠᠢᠳᠤᠷ ᠰᠢᠢᠳᠪᠦᠷᠢᠯᠡᠬᠦ ᠴᠢᠬᠤᠯᠠ ᠠᠰᠠᠭᠤᠳᠠᠯ ᠪᠤᠯᠤᠨ᠎ᠠ᠃ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠣᠯ᠎ᠳᠤ《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ  ᠪᠡᠬᠢᠯᠡᠯᠲᠡ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠤᠯᠭᠤᠪᠠ᠂ ᠪᠢᠳᠡ ᠡᠷᠭᠡᠪᠰᠢ ᠤᠯᠤᠰ ᠲᠦᠷᠦ᠍᠎ᠶ᠋ᠢ ᠡᠷᠬᠢᠮᠯᠡᠬᠦ᠌᠂ ᠶᠡᠬᠡ ᠲᠠᠯ᠎ᠠ᠎ᠶ᠋ᠢ ᠡᠷᠬᠢᠮᠯᠡᠬᠦ᠌ ᠦᠨᠳᠦᠷᠴᠡ ᠡᠴᠡ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠤᠬᠠᠢ ᠲᠠᠨᠢᠯᠲᠠ ᠪᠠ ᠣᠢᠯᠠᠭᠠᠯᠲᠠ᠎ᠪᠠᠨ ᠭᠦᠨᠵᠡᠭᠡᠢᠷᠡᠭᠦᠯᠵᠦ᠍᠂ ᠬᠦᠨᠳᠦ ᠡᠭᠦᠷᠭᠡ᠎ᠶ᠋ᠢ ᠡᠭᠦᠷᠭᠡᠯᠡᠨ᠂ ᠬᠠᠷᠢᠭᠤᠴᠠᠯᠭ᠎ᠠ ᠪᠠᠨ ᠭᠦᠢᠴᠡᠳᠭᠡᠬᠦ᠌᠎ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠲᠡᠢ᠃ ᠪᠣᠬᠢᠷᠲᠤᠯ ᠦᠭᠡᠢ ᠤᠨᠴᠠᠯᠢᠬ᠍ᠳᠤ ᠳᠠᠪᠠᠭᠤᠯᠢᠭ ᠠᠵᠤ ᠦᠢᠯᠡᠰ᠎ᠦᠨ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠨᠡᠢᠴᠡᠭ᠌ᠰᠡᠨ᠂ ᠭᠠᠵᠠᠷ ᠣᠷᠣᠨ᠎ᠤ ᠣᠨᠴᠠᠯᠢᠭ᠎ᠢ ᠲᠤᠳᠤᠷᠠᠭᠤᠯᠤᠭᠰᠠᠨ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲᠸᠮ᠎ᠢ ᠪᠠᠢᠭᠤᠯᠬᠤ ᠬᠡᠷᠡᠭ᠌ᠲᠡᠢ ; ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ ᠶ᠋ᠢ ᠭᠦᠨᠵᠡᠭᠡᠢ ᠠᠬᠢᠭᠤᠯᠵᠤ᠂ ᠬᠣᠲᠠ᠎ᠶ᠋ᠢᠨ ᠣᠳᠣᠬᠢᠴᠢᠯᠠᠯᠲᠠ᠎ᠶ᠋ᠢᠨ ᠬᠢᠷᠢ ᠲᠦᠪᠱᠢᠨ ᠪᠠ ᠬᠣᠲᠠ ᠪᠠᠯᠭᠠᠰᠤᠵᠢᠯᠲᠠ᠎ᠶ᠋ᠢᠨ ᠬᠥᠭ᠌ᠵᠢᠯᠲᠡ᠎ᠶ᠋ᠢᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ ᠭᠡᠷᠡᠭᠳᠡᠢ; ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠪᠠᠷ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ ᠭᠡᠷᠡᠭᠳᠡᠢ; ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠪᠡᠶᠡᠯᠡᠭᠦᠯᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠭᠠᠵᠠᠷ ᠣᠷᠣᠨ᠎ᠤ ᠪᠠᠢᠳᠠᠯ ᠎ᠳᠤᠨᠢ ᠲᠤᠬᠢᠷᠠᠭᠤᠯᠤᠨ ᠤᠨᠴᠠᠯᠢᠭᠲᠤ ᠳᠠᠪᠠᠭᠤᠯᠢᠭ ᠠᠵᠤ ᠦᠢᠯᠡᠰ᠎ᠢ ᠬᠥᠭ᠌ᠵᠢᠭᠦᠯᠵᠦ᠍᠂ ᠬᠠᠮᠲᠤ ᠪᠡᠷ ᠴᠢᠨᠡᠭᠡᠯᠢᠭ᠌ᠵᠢᠬᠦ᠎ᠳᠤ ᠬᠦᠴᠦᠲᠡᠢ ᠲᠤᠯᠭᠠᠭᠤᠷᠢᠯᠠᠯ ᠬᠠᠡᠭᠭᠠᠬᠤ ᠬᠡᠷᠡᠭ᠌ᠲᠡᠢ᠃

《ᠳᠤᠮᠳᠠᠳᠤ᠎ᠶ᠋ᠢᠨ ᠦᠨᠳᠦᠰᠦᠲᠡᠨ ᠪᠣᠯ ᠨᠢᠭᠡᠨ ᠲᠤᠮᠤ ᠬᠡᠷ ᠪᠦᠯᠢ ᠮᠥᠨ᠂ ᠬᠡᠷ ᠪᠦᠯᠢ ᠪᠦᠬᠦᠨ᠎ᠢ᠎ᠲᠠᠪᠠᠳᠠᠢ ᠠᠮᠢᠳᠤᠷᠠᠭᠤᠯᠬᠤ ᠭᠡᠷᠡᠭᠳᠡᠢ》᠃ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠴᠠᠭ ᠦᠶ᠎ᠡ᠎ᠶ᠋ᠢᠨ ᠠᠯᠬᠤᠭ᠎ᠠ᠎ᠶ᠋ᠢ ᠠᠶᠠᠳᠠᠵᠤ᠂ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠪᠡᠶᠡᠯᠡᠭᠦᠯᠬᠦ᠂ ᠨᠡᠢᠭᠡᠮ ᠵᠢᠷᠤᠮᠳᠤ ᠣᠳᠣᠬᠢᠴᠢᠯᠠᠯᠲᠠ᠎ᠲᠡᠢᠰᠢ ᠤᠷᠤᠭ᠍ᠰᠢᠯᠠᠬᠤ ᠠᠬᠢᠴᠠ ᠳᠤᠮᠳᠠ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠭᠠᠷ ᠭᠠᠷ᠎ᠵᠢᠡᠨ ᠬᠣᠯᠪᠣᠨ ᠵᠡᠷᠭᠡ ᠪᠡᠷ ᠤᠷᠤᠭ᠍ᠰᠢᠯᠠᠪᠠᠯ᠂ ᠪᠢᠳᠠ ᠯᠠᠪᠲᠠᠢ ᠰᠠᠢ᠌ᠨ ᠰᠠᠢᠬᠠᠨ ᠢᠷᠡᠭᠡᠳᠦᠢ᠎ᠪᠡᠨ ᠬᠠᠮᠲᠤ᠎ᠪᠠᠷ ᠴᠣᠭ᠍ᠴᠠᠯᠠᠵᠤ ᠂ ᠠᠭᠤᠤ ᠶᠡᠬᠡ ᠢᠷᠠᠭᠤ ᠠᠯᠳᠠᠷ᠎ᠢ ᠬᠠᠮᠲᠤ᠎ᠪᠠᠷ ᠡᠳ᠋ᠯᠡᠵᠦ᠍ ᠴᠢᠳᠠᠬᠤ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号