ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ
ᠵᠢᠯ᠎ᠦᠨ ᠤᠢ᠎ᠶ᠋ᠢᠨ ᠲᠠᠱᠢᠷᠠᠮ᠎ᠳᠤ᠂ ᠶᠡᠷᠦᠩᠬᠡᠢ ᠱᠦᠵᠢ ᠰᠢ᠎ᠶ᠋ᠢᠨ ᠫᠢᠩ《ᠬᠠᠮᠲᠤ᠎ᠪᠠᠷ ᠴᠢᠨᠡᠭᠡᠯᠢᠭ᠌ᠵᠢᠬᠦ᠌ ᠪᠣᠯ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ
ᠮᠥᠨ》 ᠭᠡᠬᠦ᠌ ᠡᠨᠡ
ᠬᠦ᠌ ᠴᠢᠬᠤᠯᠠ ᠤᠨᠤᠯ᠎ᠤᠨ ᠰᠡᠳᠦᠪᠲᠦ ᠭᠦᠨᠵᠡᠭᠡᠢ ᠲᠠᠢᠯᠪᠤᠷᠢᠯᠠᠯᠲᠠ ᠬᠢᠵᠦ᠍᠂ ᠤᠬ ᠰᠠᠨᠠᠭ᠎ᠠ᠎ᠪᠠᠨ ᠦᠯᠦ᠍ ᠮᠠᠷᠲᠠᠨ᠂
ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠂ ᠲᠡᠦᠬᠡ᠎ᠪᠡᠷ ᠲᠤᠯᠢ ᠪᠣᠯᠭᠠᠨ᠂ ᠢᠷᠡᠭᠡᠳᠦᠢ᠎ᠶ᠋ᠢ ᠨᠡᠭᠡᠭᠡᠬᠦ᠌
ᠤᠶᠤᠨ ᠰᠠᠨᠠᠭᠠᠨ᠎ᠤ ᠠᠬᠤᠢ ᠪᠠᠢᠳᠠᠯ ᠪᠠ ᠦᠵᠡᠯ ᠰᠠᠨᠠᠭ᠎ᠠ ᠤᠶᠤᠨ ᠤᠬᠠᠭᠠᠨ᠎ᠢ ᠢᠯᠡᠷᠡᠭᠦᠯᠪᠡ᠃
ᠬᠠᠮᠲᠤ᠎ᠪᠠᠷ ᠴᠢᠨᠡᠭᠡᠯᠢᠭ᠌ᠵᠢᠬᠦ᠌ ᠨᠢ ᠨᠡᠢᠭᠡᠮ ᠵᠢᠷᠤᠮ᠎ᠤᠨ ᠮᠥᠨ ᠴᠢᠨᠠᠷ᠎ᠤᠨ
ᠱᠠᠭᠠᠷᠳᠠᠯᠭ᠎ᠠ ᠪᠣᠯᠤᠭ᠍ᠰᠠᠨ᠎ᠤ ᠬᠤᠪᠢ᠎ᠳᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠤ ᠬᠠᠷᠠᠯᠲᠠ᠎ᠶ᠋ᠢᠨ ᠠᠭᠤᠯᠤᠭ᠍ᠳᠠᠬᠤᠨ᠎ᠢ
ᠪᠠᠶᠠᠯᠢᠭ᠍ᠵᠢᠭᠤᠯᠪᠠ᠃ ᠱᠢᠨ᠎ᠡ ᠬᠥᠭ᠌ᠵᠢᠯᠲᠡ᠎ᠶ᠋ᠢᠨ ᠱᠠᠳᠤ ᠦᠶ᠎ᠡ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ
ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ
ᠲᠡᠢᠰᠢ ᠤᠷᠤᠭ᠍ᠰᠢᠯᠠᠬᠤ ᠱᠠᠳᠤ ᠦᠶ᠎ᠡ ᠪᠣᠯᠤᠨ᠎ᠠ᠃ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌
ᠲᠠᠯ᠎ᠠ᠎ᠪᠠᠷ ᠪᠦᠳᠦᠭᠡᠨ ᠪᠠᠢᠭᠤᠯᠵᠤ᠂ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌
ᠪᠣᠯ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠱᠠᠭᠠᠷᠳᠠᠯᠭ᠎ᠠ
ᠮᠥᠨ᠂ ᠪᠠᠰᠠ ᠴᠤ᠌ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠠᠴᠠ ᠨᠡᠩ ᠥᠨᠳᠥᠷ ᠱᠠᠲᠤᠨ᠎ᠳᠤ
ᠲᠠᠪᠱᠢᠨ ᠣᠷᠣᠬᠤ᠎ᠶ᠋ᠢᠨ ᠱᠠᠭᠠᠷᠳᠠᠯᠭ᠎ᠠ ᠮᠥᠨ᠃
ᠬᠠᠮᠳᠦ ᠪᠡᠷ ᠴᠢᠨᠡᠭᠡᠯᠢᠭ᠌ᠵᠢᠬᠦ᠌ ᠨᠢ ᠨᠡᠢᠭᠡᠮ ᠵᠢᠷᠤᠮ᠎ᠤᠨ ᠮᠥᠨ ᠴᠢᠨᠠᠷ᠎ᠤᠨ
ᠱᠠᠭᠠᠷᠳᠠᠯᠭ᠎ᠠ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠢᠯᠡᠷᠬᠡᠢ
ᠣᠨᠴᠠᠯᠢᠭ᠎ᠢ ᠢᠯᠡᠷᠡᠭᠦᠯᠪᠡ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠵᠠᠮ ᠨᠢ ᠮᠠᠨ᠎ᠤ
ᠤᠯᠤᠰ᠎ᠤᠨ ᠥᠪᠡᠷᠮᠢᠴᠡ ᠰᠣᠶᠣᠯ᠎ᠤᠨ ᠤᠯᠠᠮᠵᠢᠯᠠᠯ᠂ ᠥᠪᠡᠷᠮᠢᠴᠡ ᠲᠡᠦᠬᠡᠨ ᠬᠤᠪᠢ ᠵᠠᠶᠠᠭ᠎ᠠ᠂ ᠥᠪᠡᠷᠮᠢᠴᠡ ᠦᠨᠳᠦᠰᠦᠨ
ᠤᠯᠤᠰ᠎ᠤᠨ ᠪᠠᠢᠳᠠᠯ᠎ᠳᠤ ᠰᠠᠭᠤᠷᠢᠯᠠᠬᠰᠠᠨ ᠶᠤᠮ᠃ ᠡᠨᠡ ᠬᠦ᠌ ᠵᠠᠮ ᠳᠡᠭᠡᠷ᠎ᠡ᠂ ᠲᠤᠰ ᠵᠠᠭᠤᠨ᠎ᠤ ᠳᠤᠮᠳᠠᠴᠢ ᠪᠣᠯᠬᠤ᠎ᠳᠤ
ᠮᠠᠨ᠎ᠤ ᠤᠯᠤᠰ ᠪᠠᠶᠠᠨ ᠬᠦᠴᠦᠷᠬᠡᠭ ᠠᠷᠠᠳᠴᠢᠯᠠᠭ᠍ᠰᠠᠨ ᠪᠣᠯᠪᠠᠰᠤᠨ ᠡᠶ᠎ᠡ ᠵᠣᠬᠢᠴᠠᠯ᠎ᠲᠠᠶ ᠦᠵᠡᠰᠭᠦᠯᠡᠩᠲᠦ ᠰᠠᠢᠬᠠᠨ
ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠠᠢᠭᠤᠯᠬᠤ ᠪᠣᠯᠤᠨ᠎ᠠ᠃ ᠶᠡᠷᠦᠩᠬᠡᠢ ᠱᠦᠵᠢ ᠰᠢ᠎ᠶ᠋ᠢᠨ
ᠫᠢᠩ᠄《ᠮᠠᠨ᠎ᠤ ᠤᠯᠤᠰ᠎ᠤᠨ ᠣᠳᠣᠬᠢᠴᠢᠯᠠᠯᠲᠠ ᠪᠣᠯ ᠬᠥᠮᠦᠨ ᠠᠮᠠ᠎ᠶ᠋ᠢᠨ ᠬᠡᠪᠴᠢᠶ᠎ᠡ᠎ᠪᠡᠷ ᠯᠤᠲᠤ ᠶᠡᠬᠡ
ᠣᠳᠣᠬᠢᠴᠢᠯᠠᠯᠲᠠ ᠮᠥᠨ᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠨ ᠴᠢᠨᠡᠭᠡᠯᠢᠭ᠌ᠵᠢᠬᠦ᠌ ᠣᠳᠣᠬᠢᠴᠢᠯᠠᠯᠲᠠ
ᠮᠥᠨ᠂ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠢ ᠬᠠᠷᠢᠯᠴᠠᠨ ᠵᠣᠬᠢᠴᠠᠭᠤᠯᠤᠭ᠍ᠰᠠᠨ ᠣᠳᠣᠬᠢᠴᠢᠯᠠᠯᠲᠠ
ᠮᠥᠨ᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠶ᠎ᠪᠠᠷ ᠬᠠᠮᠲᠤ ᠣᠷᠣᠱᠢᠬᠤ ᠣᠳᠣᠬᠢᠴᠢᠯᠠᠯᠲᠠ ᠮᠥᠨ᠂
ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ ᠣᠳᠣᠬᠢᠴᠢᠯᠠᠯᠲᠠ ᠮᠥᠨ》ᠬᠡᠵᠠᠢ᠃ ᠪᠦᠬᠦ᠌ ᠠᠷᠠᠳ ᠲᠦᠮᠡᠨ ᠬᠠᠮᠲᠤ᠎ᠪᠠᠷ ᠴᠢᠨᠡᠭᠡᠯᠢᠭ᠌ᠵᠢᠬᠦ᠌ ᠪᠣᠯ ᠳᠤᠮᠳᠠᠳᠤ ᠤᠯᠤᠰ᠎ᠤᠨ
ᠮᠠᠶᠢᠭ᠎ᠤᠨ ᠣᠳᠣᠬᠢᠴᠢᠯᠠᠯᠲᠠ᠎ᠶ᠋ᠢᠨ ᠨᠢᠭᠡᠨ ᠴᠢᠬᠤᠯᠠ ᠣᠨᠴᠠᠯᠢᠭ ᠮᠥᠨ᠃
ᠬᠠᠮᠲᠤ᠎ᠪᠠᠷ ᠴᠢᠨᠡᠭᠡᠯᠢᠭ᠌ᠵᠢᠬᠦ᠌ ᠨᠢ ᠨᠡᠢᠭᠡᠮ ᠵᠢᠷᠤᠮ᠎ᠤᠨ ᠮᠥᠨ ᠴᠢᠨᠠᠷ᠎ᠤᠨ
ᠱᠠᠭᠠᠷᠳᠠᠯᠭ᠎ᠠ ᠪᠣᠯᠤᠭ᠍ᠰᠠᠨ᠎ᠤ ᠬᠤᠪᠢ᠎ᠳᠤ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠬᠡᠯᠪᠡᠷᠢ ᠪᠠᠢᠳᠠᠯ᠎ᠤᠨ
ᠦᠷᠳᠡᠭ᠎ᠦᠨ ᠬᠥᠭᠡᠭᠡᠴᠡᠯᠳᠦᠯ᠎ᠢ ᠲᠣᠳᠣᠷᠬᠠᠢᠯᠠᠪᠠ᠃ ᠶᠡᠷᠦᠩᠬᠡᠢ ᠱᠦᠵᠢ ᠰᠢ᠎ᠶ᠋ᠢᠨ ᠫᠢᠩ᠎ᠦᠨ《7·1》 ᠤ ᠴᠢᠬᠤᠯᠠ ᠶᠠᠷᠢᠶ᠎ᠠ᠎ᠳᠤ᠄《ᠪᠢᠳᠡ ᠳᠤᠮᠳᠠᠳᠤ
ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠵᠦ᠍᠂ ᠪᠣᠳᠠᠰ᠎ᠤᠨ ᠪᠣᠯᠪᠠᠰᠤᠨ᠂ ᠤᠯᠤᠰ
ᠲᠦᠷᠦ᠍᠎ᠶ᠋ᠢᠨ ᠪᠣᠯᠪᠠᠰᠤᠨ᠂ ᠤᠶᠤᠨ᠎ᠤ ᠪᠣᠯᠪᠠᠰᠤᠨ᠂ ᠨᠡᠢᠭᠡᠮ᠎ᠦᠨ ᠪᠣᠯᠪᠠᠰᠤᠨ᠂ ᠠᠮᠢ ᠠᠬᠤᠢ᠎ᠶ᠋ᠢᠨ ᠪᠣᠯᠪᠠᠰᠤᠨ᠎ᠤ
ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ
ᠵᠠᠮ᠎ᠢ ᠡᠭᠦᠳᠴᠦ᠍᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠬᠡᠯᠪᠡᠷᠢ᠎ᠶ᠋ᠢ ᠡᠭᠦᠳᠴᠡᠢ》ᠬᠡᠪᠠ᠃ ᠡᠨᠡᠬᠦ᠌ ᠴᠢᠬᠤᠯᠠ ᠥᠭᠦᠯᠡᠯᠲᠡ ᠨᠢ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ
ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠠᠭᠤᠯᠤᠭ᠍ᠳᠠᠬᠤᠨ᠎ᠢ
ᠪᠠᠶᠠᠯᠢᠭ᠍ᠵᠢᠭᠤᠯᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰᠴᠢᠯᠠᠬ᠍ᠰᠠᠨ ᠮᠠᠷᠺᠰ᠎ᠤᠨ ᠦᠵᠡᠯ᠎ᠦᠨ ᠦᠵᠡᠯ
ᠰᠠᠨᠠᠭ᠎ᠠ ᠤᠶᠤᠨ ᠤᠬᠠᠭᠠᠨ᠎ᠢ ᠢᠯᠡᠷᠡᠭᠦᠯᠵᠠᠢ᠃
ᠬᠠᠮᠲᠤ᠎ᠪᠠᠷ ᠴᠢᠨᠡᠭᠡᠯᠢᠭ᠌ᠵᠢᠬᠦ᠌ ᠨᠢ ᠨᠡᠢᠭᠡᠮ ᠵᠢᠷᠤᠮ᠎ᠤᠨ ᠮᠥᠨ ᠴᠢᠨᠠᠷ᠎ᠤᠨ
ᠱᠠᠭᠠᠷᠳᠠᠯᠭ᠎ᠠ ᠪᠣᠯᠤᠭ᠍ᠰᠠᠨ᠎ᠤ ᠬᠤᠪᠢ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ
ᠴᠠᠭ ᠦᠶ᠎ᠡ᠎ᠶ᠋ᠢᠨ ᠤᠳᠭ᠎ᠠ ᠠᠭᠤᠯᠭ᠎ᠠ᠎ᠶ᠋ᠢ ᠳᠡᠭᠡᠭ᠌ᠰᠢᠯᠡᠭᠦᠯᠪᠡ᠃ ᠶᠡᠷᠦᠩᠬᠡᠢ ᠱᠦᠵᠢ ᠰᠢ᠎ᠶ᠋ᠢᠨ ᠫᠢᠩ 《7·1》᠎ᠤ ᠴᠢᠬᠤᠯᠠ ᠶᠠᠷᠢᠶᠠᠨ᠎ᠳᠠᠭᠠᠨ᠄《ᠵᠠᠭᠤᠨ ᠵᠢᠯ᠎ᠦᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠤᠯᠤᠰ᠎ᠤᠨ
ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠢᠭ᠌ᠰᠡᠨ ᠠᠯᠢᠪᠠ ᠲᠡᠮᠡᠴᠡᠯ᠂ ᠠᠯᠢᠪᠠ ᠦᠷᠡᠭ᠌ᠳᠡᠯ᠂ ᠠᠯᠢᠪᠠ
ᠡᠭᠦᠳᠦᠨ ᠪᠦᠲᠦᠭᠡᠯᠲᠡᠶ᠋ᠢᠬᠤᠷᠢᠶᠠᠩᠭᠤᠢᠯᠠᠪᠠᠯᠳᠠᠷᠤᠢᠳᠤᠮᠳᠠᠳᠤᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ
ᠮᠠᠨᠳᠤᠯᠲᠠ᠎ᠶ᠋ᠢ ᠪᠡᠶᠡᠯᠡᠭᠦᠯᠬᠦ᠌ ᠭᠣᠣᠯ ᠰᠡᠳᠦᠪ ᠪᠣᠯᠤᠨ᠎ᠠ》 ᠬᠡᠪᠠ᠃ ᠳᠤᠮᠳᠠᠳᠤ᠎ᠶ᠋ᠢᠨ
ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠡᠨᠡ ᠬᠦ᠌ ᠭᠣᠣᠯ ᠰᠡᠳᠦᠪ᠎ᠦᠨ ᠲᠣᠭᠣᠷᠢᠨ᠎ᠳᠤ
ᠬᠡᠷᠬᠢᠨ ᠱᠢᠨ᠎ᠡ ᠠᠶᠠᠨ᠎ᠳᠤ ᠤᠷᠤᠭ᠍ᠰᠢᠯᠠᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠱᠢᠨ᠎ᠡ ᠬᠥᠭ᠌ᠵᠢᠯᠲᠡ᠎ᠶ᠋ᠢᠨ
ᠱᠠᠲᠤᠨ᠎ᠳᠤ ᠲᠤᠯᠭᠠᠷᠠᠵᠤ ᠪᠠᠢᠭ᠎ᠠ ᠱᠢᠨ᠎ᠡ ᠰᠡᠳᠦᠪ ᠪᠣᠯᠤᠨ᠎ᠠ᠃ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ
ᠳᠠᠭᠠᠭᠤᠯᠵᠤ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠠᠶᠠᠨ ᠵᠠᠮ᠎ᠳᠤ ᠳᠤᠮᠳᠠᠳᠤ᠎ᠶ᠋ᠢᠨ
ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡ᠎ᠶ᠋ᠢᠨ ᠱᠢᠨ᠎ᠡ ᠬᠠᠭᠤᠳᠠᠰᠤ᠎ᠶ᠋ᠢ ᠦᠷᠭᠦᠯᠵᠢᠯᠡᠨ
ᠪᠢᠴᠢᠭ᠌ᠯᠡᠪᠡ᠃
(《ᠠᠷᠠᠳ᠎ᠤᠨ ᠡᠳᠦᠷ᠎ᠤᠨ ᠰᠤᠨᠢᠨ》ᠰᠢᠯᠵᠢᠶ᠎ᠡ ᠡᠴᠠ
ᠪᠤᠤ ᠢᠤᠢ ᠶᠢᠡᠭ ᠤᠷᠴᠢᠭᠤᠯᠪᠠ)