ᠲᠤᠮᠲᠠᠲᠤ ᠤᠯᠤᠰ ᠤ᠋ᠨ ᠡᠪ ᠬᠠᠮᠲᠦ ᠨᠠᠮ ᠤ᠋ᠨ ᠠᠷᠪᠠᠨ ᠵᠢᠷᠭᠤᠳᠤᠭᠠᠷ
ᠤᠳᠠᠭ᠎ᠠ ᠢ᠋ᠢᠨ ᠪᠦᠬᠦ ᠤᠯᠤᠰ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ 2002 ᠤᠨ ᠤ᠋ 11 ᠰᠠᠷ᠎ᠠ ᠢ᠋ᠢᠨ 8 ᠤ᠋ ᠡᠲᠦᠷ ᠡᠴᠡ 14 ᠤ᠋ ᠡᠲᠦᠷ ᠪᠤᠯᠲᠠᠯ᠎ᠠ
ᠪᠡᠭᠡᠵᠢᠩ ᠳ᠋ᠤ ᠬᠤᠷᠠᠯᠳᠤᠪᠠ᠃ ᠵᠢᠶᠠᠩ ᠽᠸ ᠮᠢᠨ《ᠴᠢᠨᠡᠭᠡᠯᠢᠭ
ᠨᠡᠢᠭᠡᠮ ᠢ᠋ ᠪᠦᠬᠦ ᠲᠠᠯ᠎ᠠ ᠪᠡᠷ ᠪᠠᠢᠭᠤᠯᠵᠦ᠂ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠤ᠋ᠨ
ᠦᠢᠯᠡᠰ ᠤ᠋ᠨ ᠰᠢᠨ᠎ᠡ ᠪᠠᠢᠲᠠᠯ ᠢ᠋ ᠡᠭᠦᠳᠰᠦᠭᠡᠢ》ᠬᠡᠬᠦ ᠰᠡᠲᠦᠪ
ᠢ᠋ᠢᠡᠷ ᠢᠯᠡᠳᠬᠡᠯ ᠬᠢᠪᠡ᠃
ᠡᠨᠡ ᠤᠳᠠᠭᠠᠨ ᠤ᠋ ᠶᠡᠬᠡ ᠬᠤᠷᠠᠯ ᠪᠤᠯ ᠰᠢᠨ᠎ᠡ ᠵᠠᠭᠤᠨ ᠳ᠋ᠤ ᠤᠷᠤᠬᠰᠠᠨ
ᠤ᠋ ᠲᠠᠷᠠᠭᠠᠬᠢ ᠨᠠᠮ ᠤ᠋ᠨ ᠠᠩᠬᠠᠳᠤᠭᠠᠷ ᠤᠳᠠᠭᠠᠨ ᠤ᠋ ᠪᠦᠬᠦ ᠤᠯᠤᠰ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ
ᠪᠤᠯᠤᠨ᠎ᠠ᠃
ᠨᠠᠮ ᠤ᠋ᠨ ᠠᠷᠪᠠᠨ ᠵᠢᠷᠭᠤᠳᠤᠭᠠᠷ ᠶᠡᠬᠡ ᠬᠤᠷᠠᠯ ᠡᠴᠡ《ᠭᠤᠷᠪᠠ ᠵᠢ ᠲᠦᠯᠦᠭᠡᠯᠡᠬᠦ》ᠴᠢᠬᠤᠯᠠ ᠦᠵᠡᠯ
ᠰᠠᠨᠠᠭᠠᠨ ᠤ᠋ ᠴᠠᠬ ᠦᠶ᠎ᠡ ᠢ᠋ᠢᠨ ᠠᠬᠤᠢ ᠪᠠᠢᠲᠠᠯ᠂ ᠲᠡᠦᠬᠡ ᠢ᠋ᠢᠨ ᠤᠷᠤᠨ ᠪᠠᠢᠷᠢ᠂ ᠵᠤᠷᠢᠭ ᠰᠠᠨᠠᠭᠠᠨ ᠤ᠋ ᠮᠦᠨ
ᠴᠢᠨᠠᠷ ᠪᠠ ᠵᠢᠯᠤᠭᠤᠳᠬᠤ ᠠᠴᠢ ᠬᠤᠯᠪᠤᠬᠲᠠᠯ ᠢ᠋ ᠰᠢᠨᠵᠢᠯᠡᠬᠦ ᠤᠬᠠᠭᠠᠨᠴᠢ ᠪᠡᠷ ᠲᠤᠲᠤᠷᠬᠠᠢᠯᠠᠨ ᠦᠭᠦᠯᠡᠵᠦ᠂ 《ᠭᠤᠷᠪᠠ ᠵᠢ ᠲᠦᠯᠦᠭᠡᠯᠡᠬᠦ》 ᠴᠢᠬᠤᠯᠠ ᠦᠵᠡᠯ
ᠰᠠᠨᠠᠭ᠎ᠠ ᠵᠢ ᠡᠷᠬᠡᠪᠰᠢ ᠤᠷᠳᠤ ᠬᠤᠭᠤᠴᠠᠭ᠎ᠠ ᠪᠡᠷ ᠪᠠᠷᠢᠮᠲᠠᠯᠠᠬᠤ ᠴᠢᠬᠤᠯᠠᠲᠠᠢ ᠵᠢᠯᠤᠭᠤᠳᠬᠤ ᠦᠵᠡᠯ ᠰᠠᠨᠠᠭ᠎ᠠ
ᠪᠤᠯᠭᠠᠨ ᠲᠤᠬᠲᠠᠭᠠᠬᠰᠠᠨ ᠪᠦᠭᠡᠳ ᠨᠠᠮ ᠤ᠋ᠨ ᠲᠦᠷᠢᠮ ᠳ᠋ᠤ ᠪᠢᠴᠢᠵᠦ ᠤᠷᠤᠭᠤᠯᠤᠨ᠂ ᠡᠨᠡᠬᠦ ᠴᠢᠬᠤᠯᠠ ᠦᠵᠡᠯ ᠰᠠᠨᠠᠭ᠎ᠠ
ᠵᠢ ᠨᠡᠢᠭᠡᠮ ᠵᠢᠷᠦᠮᠲᠦ ᠤᠳᠤᠬᠢᠴᠢᠯᠠᠯᠲᠠ ᠢ᠋ᠢᠨ ᠪᠦᠲᠦᠭᠡᠨ ᠪᠠᠢᠭᠤᠯᠤᠯᠲᠠ ᠢ᠋ᠢᠨ ᠡᠯ᠎ᠡ ᠬᠦᠷᠢᠶᠡᠨ ᠳ᠋ᠤ ᠲᠤᠭᠤᠰᠢᠯᠠᠭᠤᠯᠵᠦ᠂
ᠨᠠᠮ ᠤ᠋ᠨ ᠪᠠᠢᠭᠤᠯᠤᠯᠲᠠ ᠢ᠋ᠢᠨ ᠡᠯ᠎ᠡ ᠲᠠᠯ᠎ᠠ ᠳ᠋ᠤ ᠢᠯᠡᠷᠡᠭᠦᠯᠬᠦ ᠵᠢ ᠪᠦᠬᠦ ᠨᠠᠮ ᠳ᠋ᠤ ᠱᠠᠭᠠᠷᠲᠠᠬᠰᠠᠨ ᠪᠠᠢᠨ᠎ᠠ᠃
ᠡᠨᠡ ᠪᠤᠯ ᠨᠠᠮ ᠤ᠋ᠨ ᠠᠷᠪᠠᠨ ᠵᠢᠷᠭᠤᠳᠤᠭᠠᠷ ᠶᠡᠬᠡ ᠬᠤᠷᠠᠯ ᠤ᠋ᠨ ᠨᠢᠭᠡᠨ ᠴᠢᠬᠤᠯᠠ ᠶᠡᠬᠡ ᠰᠢᠢᠳᠪᠦᠷᠢᠲᠦ ᠪᠤᠳᠤᠯᠭ᠎ᠠ
ᠮᠦᠨ᠂ ᠪᠠᠰᠠ ᠴᠦ᠍ ᠨᠢᠭᠡᠨ ᠲᠡᠦᠬᠡᠲᠦ ᠴᠢᠨᠠᠷᠲᠠᠢ ᠬᠤᠪᠢ ᠨᠡᠮᠡᠷᠢ ᠮᠦᠨ᠃
ᠶᠡᠬᠡ ᠬᠤᠷᠠᠯ ᠡᠴᠡ 《ᠭᠤᠷᠪᠠ ᠵᠢ ᠲᠦᠯᠦᠭᠡᠯᠡᠬᠦ》 ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ ᠪᠡᠷ ᠲᠤᠭᠤᠰᠢᠯᠠᠭᠤᠯᠬᠤ ᠦᠨᠳᠦᠰᠦᠨ ᠱᠠᠭᠠᠷᠲᠠᠯᠭ᠎ᠠ
ᠵᠢ ᠲᠤᠲᠤᠷᠬᠠᠢᠯᠠᠨ ᠦᠭᠦᠯᠡᠵᠦ᠂《ᠭᠤᠷᠪᠠ ᠵᠢ ᠲᠦᠯᠦᠭᠡᠯᠡᠬᠦ》ᠴᠢᠬᠤᠯᠠ ᠦᠵᠡᠯ ᠰᠠᠨᠠᠭ᠎ᠠ ᠵᠢ ᠲᠤᠭᠤᠰᠢᠯᠠᠭᠤᠯᠬᠤ ᠢ᠋ᠢᠨ ᠵᠠᠩᠬᠢᠯᠠᠭ᠎ᠠ ᠨᠢ ᠴᠠᠬ ᠦᠶ᠎ᠡ ᠲᠠᠢ
ᠵᠡᠷᠭᠡ ᠪᠡᠷ ᠤᠷᠤᠬᠰᠢᠯᠠᠬᠤ ᠵᠢ ᠪᠠᠷᠢᠮᠲᠠᠯᠠᠬᠤ ᠳ᠋ᠤ ᠪᠠᠢᠨ᠎ᠠ᠂ ᠭᠤᠤᠯᠲᠠᠯᠭ᠎ᠠ ᠨᠢ ᠨᠠᠮ ᠤ᠋ᠨ ᠲᠡᠷᠢᠭᠦᠨ ᠤ᠋
ᠴᠢᠨᠠᠷ ᠢ᠋ ᠪᠠᠷᠢᠮᠲᠠᠯᠠᠬᠤ ᠳ᠋ᠤ ᠪᠠᠢᠨ᠋ᠠ᠂ ᠮᠦᠨ ᠴᠢᠨᠠᠷ ᠨᠢ ᠠᠷᠠᠳ ᠤ᠋ᠨ ᠲᠦᠯᠦᠭᠡ ᠲᠦᠷᠦ ᠪᠠᠷᠢᠬᠤ ᠵᠢ ᠪᠠᠷᠢᠮᠲᠠᠯᠠᠬᠤ
ᠳ᠋ᠤ ᠪᠠᠢᠨ᠎ᠠ ᠬᠡᠵᠦ ᠲᠤᠲᠤᠷᠬᠠᠢ ᠵᠢᠭᠠᠵᠦ ᠭᠠᠷᠭᠠᠪᠠ᠃
ᠨᠠᠮ ᠤ᠋ᠨ ᠠᠷᠪᠠᠨ ᠵᠢᠷᠭᠤᠳᠤᠭᠠᠷ ᠶᠡᠬᠡ ᠬᠤᠷᠠᠯ ᠡᠴᠡ ᠨᠠᠮ ᠪᠠ ᠤᠯᠤᠰ
ᠲᠸ᠋ ᠲᠤᠯᠭᠠᠷᠠᠵᠦ ᠪᠠᠢᠭ᠎ᠠ ᠰᠢᠨ᠎ᠡ ᠪᠠᠢᠲᠠᠯ ᠰᠢᠨ᠎ᠡ ᠡᠭᠦᠷᠭᠡ ᠵᠢ ᠬᠦᠨᠵᠡᠭᠡᠢ ᠵᠠᠲᠠᠯᠵᠦ᠂ 21 ᠳ᠋ᠤᠭᠡᠷ ᠵᠠᠭᠤᠨ ᠤ᠋ ᠲᠦᠷᠦᠭᠦᠦ 20 ᠵᠢᠯ ᠪᠤᠯ ᠮᠠᠨ ᠤ᠋ ᠤᠯᠤᠰ ᠤ᠋ᠨ ᠪᠠᠢᠯᠲᠦᠬᠤ ᠪᠤᠳᠤᠯᠭ᠎ᠠ ᠢ᠋ᠢᠨ
ᠴᠢᠬᠤᠯᠠ ᠠᠵᠠ ᠲᠤᠬᠢᠶᠠᠯᠲᠦ ᠬᠤᠭᠤᠴᠠᠭ᠎ᠠ ᠮᠦᠨ ᠬᠡᠰᠡᠨ ᠴᠢᠬᠤᠯᠠ ᠶᠡᠬᠡ ᠮᠠᠭᠠᠳᠯᠠᠯᠲᠠ ᠭᠠᠷᠭᠠᠵᠦ᠂ ᠴᠢᠨᠡᠭᠡᠯᠢᠭ
ᠨᠡᠢᠭᠡᠮ ᠢ᠋ ᠪᠦᠬᠦ ᠲᠠᠯ᠎ᠡ ᠪᠡᠷ ᠪᠠᠢᠭᠤᠯᠬᠤ ᠪᠠᠢᠯᠳᠤᠬᠤ ᠪᠤᠳᠤᠯᠭ᠎ᠠ ᠢ᠋ᠢᠨ ᠬᠠᠷᠠᠯᠲᠠ ᠵᠢ ᠲᠤᠲᠤᠷᠬᠠᠢ ᠲᠤᠷᠠᠳᠤᠨ
ᠭᠠᠷᠭᠠᠵᠦ᠂ 《ᠲᠤᠰ ᠵᠠᠭᠤᠨ ᠤ᠋ ᠲᠦᠷᠦᠭᠦᠦ ᠬᠤᠷᠢᠨ ᠵᠢᠯ ᠳ᠋ᠤ ᠬᠦᠴᠦᠨ ᠢ᠋ᠢᠡᠨ ᠲᠦᠪᠯᠡᠷᠡᠭᠦᠯᠦᠨ ᠠᠷᠪᠠᠨ ᠬᠡᠲᠦᠨ
ᠳ᠋ᠦ᠋ᠩᠰᠢᠭᠤᠷ ᠬᠦᠮᠦᠨ ᠠᠮᠠ ᠳ᠋ᠤ ᠠᠰᠢᠬ ᠲᠤᠰᠠ ᠬᠦᠷᠲᠡᠭᠡᠬᠦ ᠨᠡᠩ ᠦᠨᠳᠦᠷ ᠲᠦᠪᠰᠢᠨ ᠪᠦᠬᠦᠢ ᠴᠢᠨᠡᠭᠡᠯᠢᠭ ᠨᠡᠢᠭᠡᠮ
ᠢ᠋ ᠪᠦᠬᠦ ᠲᠠᠯ᠎ᠠ ᠪᠡᠷ ᠪᠠᠢᠭᠤᠯᠬᠤ ᠬᠡᠷᠡᠭᠲᠡᠢ》 ᠬᠡᠵᠦ ᠵᠢᠭᠠᠵᠦ
ᠭᠠᠷᠭᠠᠵᠠᠢ᠃
ᠨᠠᠮ ᠤ᠋ᠨ ᠠᠷᠪᠠᠨ ᠵᠢᠷᠭᠤᠳᠤᠭᠠᠷ ᠶᠡᠬᠡ ᠬᠤᠷᠠᠯ ᠨᠢ ᠠᠳᠠᠯᠢ ᠪᠤᠰᠤ
ᠦᠮᠴᠢᠯᠡᠯ ᠤ᠋ᠨ ᠠᠵᠦ ᠠᠬᠤᠢ ᠢ᠋ᠢᠨ ᠲᠤᠲᠤᠭᠠᠲᠦ ᠬᠤᠯᠪᠤᠭ᠎ᠠ ᠵᠢ ᠢᠯᠡᠷᠡᠭᠦᠯᠵᠡᠢ᠃ ᠡᠷᠬᠡᠪᠰᠢ ᠨᠡᠢᠲᠡ ᠢ᠋ᠢᠨ ᠦᠮᠴᠢᠯᠡᠯ
ᠤ᠋ᠨ ᠠᠵᠦ ᠠᠬᠤᠢ ᠵᠢ ᠡᠷᠡᠰ ᠭᠤᠢᠪᠢᠰᠢ ᠦᠭᠡᠢ ᠪᠡᠬᠢᠵᠢᠭᠦᠯᠦᠨ ᠬᠦᠭᠵᠢᠭᠦᠯᠵᠦ᠂ ᠨᠡᠢᠲᠡ ᠢ᠋ᠢᠨ ᠦᠮᠴᠢᠯᠡᠯ ᠤ᠋ᠨ
ᠪᠤᠰᠤ ᠠᠵᠦ ᠠᠬᠤᠢ ᠢ᠋ᠢᠨ ᠬᠦᠭᠵᠢᠯᠲᠡ ᠵᠢ ᠡᠷᠡᠰ ᠭᠤᠢᠪᠢᠰᠢ ᠦᠭᠡᠢ ᠵᠤᠷᠢᠬᠵᠢᠭᠤᠯᠵᠦ᠂ ᠲᠡᠮᠵᠢᠬᠦ ᠪᠡ ᠬᠦᠲᠦᠯᠦᠨ
ᠵᠢᠯᠤᠭᠤᠳᠬᠤ ᠬᠡᠷᠡᠭᠲᠡᠢ᠃ ᠡᠯ᠎ᠡ ᠵᠦᠢᠯ ᠤ᠋ᠨ ᠦᠮᠴᠢᠯᠡᠯ ᠤ᠋ᠨ ᠠᠵᠦ ᠠᠬᠤᠢ ᠨᠢ ᠵᠠᠬᠡ ᠲᠡᠯᠭᠡᠭᠦᠷ ᠤ᠋ᠨ ᠦᠷᠢᠰᠦᠯᠲᠦᠭᠡᠨ
ᠤ᠋ ᠲᠤᠮᠲᠠ ᠲᠤᠰ ᠲᠤᠰ ᠤ᠋ᠨ ᠲᠠᠪᠠᠭᠤᠯᠢᠬ ᠢ᠋ᠢᠡᠨ ᠪᠠᠲᠠᠷᠠᠭᠤᠯᠵᠦ᠂ ᠬᠠᠷᠢᠯᠴᠠᠨ ᠠᠬᠢᠭᠤᠯᠵᠦ᠂ ᠬᠠᠮᠲᠦ ᠪᠡᠷ ᠬᠦᠭᠵᠢᠵᠦ
ᠪᠤᠯᠤᠨ᠎ᠡ ᠬᠡᠵᠦ ᠵᠢᠭᠠᠵᠦ ᠭᠠᠷᠭᠠᠪᠠ᠃
ᠶᠡᠬᠡ ᠬᠤᠷᠠᠯ ᠡᠴᠡ ᠪᠠᠰᠠ《ᠤᠯᠤᠰ ᠲᠦᠷᠦ
ᠢ᠋ᠢᠨ ᠪᠤᠯᠪᠠᠰᠤᠨ》 ᠤ᠋ ᠤᠢᠯᠠᠭᠠᠭᠳᠠᠬᠤᠨ ᠢ᠋ ᠵᠢᠩᠬᠢᠨᠢ ᠪᠡᠷ
ᠬᠡᠷᠡᠭᠯᠡᠵᠦ᠂ ᠨᠡᠢᠭᠡᠮ ᠵᠢᠷᠦᠮ ᠤ᠋ᠨ ᠠᠷᠠᠳᠴᠢᠯᠠᠬᠰᠠᠨ ᠤᠯᠤᠰ ᠲᠦᠷᠦ ᠵᠢ ᠬᠦᠭᠵᠢᠭᠦᠯᠬᠦ᠂ ᠨᠡᠢᠭᠡᠮ ᠵᠢᠷᠦᠮ ᠤ᠋ᠨ
ᠤᠯᠤᠰ ᠲᠦᠷᠦ ᠢ᠋ᠢᠨ ᠪᠤᠯᠪᠠᠰᠤᠨ ᠢ᠋ ᠪᠠᠢᠭᠤᠯᠬᠤ ᠵᠢ ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠡᠷ ᠪᠠᠢᠭᠤᠯᠬᠤ
ᠢ᠋ᠢᠨ ᠴᠢᠬᠤᠯᠠ ᠬᠠᠷᠠᠯᠲᠠ ᠪᠤᠯᠭᠠᠪᠠ᠃
ᠶᠡᠬᠡ ᠬᠤᠷᠠᠯ ᠡᠴᠡ 198 ᠬᠡᠰᠢᠭᠦᠨ ᠪᠠ 158 ᠤᠷᠤᠯᠠᠬᠴᠢ ᠬᠡᠰᠢᠭᠦᠨ
ᠢ᠋ᠢᠡᠷ ᠪᠦᠷᠢᠯᠲᠦᠭᠰᠡᠨ ᠲᠦᠪ ᠬᠤᠷᠢᠶ᠎ᠠ ᠵᠢ ᠰᠤᠩᠭᠤᠵᠦ᠂ 121 ᠬᠡᠰᠢᠭᠦᠨ ᠢ᠋ᠢᠡᠷ ᠪᠦᠷᠢᠯᠲᠦᠭᠰᠡᠨ ᠲᠦᠪ ᠤ᠋ᠨ ᠰᠠᠬᠢᠯᠭ᠎ᠠ ᠪᠠᠲᠦ ᠪᠠᠢᠴᠠᠭᠠᠬᠤ ᠬᠤᠷᠢᠶ᠎ᠠ ᠵᠢ
ᠰᠤᠩᠭᠤᠪᠠ᠃ ᠡᠭᠦᠨ ᠤ᠋ ᠲᠠᠷᠠᠭᠠᠬᠠᠨ ᠬᠤᠷᠠᠯᠳᠤᠭᠤᠯᠤᠬᠰᠠᠨ ᠨᠠᠮ ᠤ᠋ᠨ ᠠᠷᠪᠠᠨ ᠵᠢᠷᠭᠤᠳᠤᠭᠠᠷ ᠬᠤᠭᠤᠴᠠᠭᠠᠨ ᠤ᠋
ᠲᠦᠪ ᠬᠤᠷᠢᠶᠠᠨ ᠤ᠋ ᠠᠩᠬᠠᠳᠤᠭᠠᠷ ᠪᠦᠬᠦᠲᠡ ᠬᠤᠷᠠᠯ ᠡᠴᠡ ᠲᠦᠪ ᠬᠤᠷᠢᠶᠠᠨ ᠤ᠋ ᠤᠯᠤᠰ ᠲᠦᠷᠦ ᠢ᠋ᠢᠨ ᠲᠤᠪᠴᠢᠶ᠎ᠠ
ᠵᠢᠴᠢ ᠪᠠᠢᠩᠭᠤ ᠢ᠋ᠢᠨ ᠬᠤᠷᠢᠶ᠎ᠠ ᠵᠢ ᠰᠤᠩᠭᠤᠨ ᠭᠠᠷᠭᠠᠵᠦ᠂ ᠬ᠍ᠣ ᠵᠢᠨ ᠲᠤᠤ ᠵᠢ ᠨᠠᠮ ᠤ᠋ᠨ ᠲᠦᠪ ᠬᠤᠷᠢᠶᠠᠨ ᠤ᠋
ᠶᠡᠷᠦᠩᠬᠡᠢ ᠱᠦᠵᠢ ᠪᠡᠷ ᠰᠤᠩᠭᠤᠵᠦ᠂ ᠵᠢᠶᠠᠩ ᠽᠸ ᠮᠢᠨ ᠢ᠋ ᠲᠦᠪ ᠤ᠋ᠨ ᠴᠡᠷᠢᠭ ᠤ᠋ᠨ ᠶᠠᠪᠤᠲᠠᠯ ᠤ᠋ᠨ ᠬᠤᠷᠢᠶᠠᠨ
ᠤ᠋ ᠲᠡᠷᠢᠭᠦᠯᠡᠭᠴᠢ ᠪᠡᠷ ᠲᠤᠬᠲᠠᠭᠠᠵᠦ᠂ ᠦ᠋ ᠭᠤᠸᠠᠨ ᠵᠸᠩ ᠢ᠋ ᠲᠦᠪ ᠤ᠋ᠨ ᠰᠠᠬᠢᠯᠭ᠎ᠠ ᠪᠠᠲᠦ ᠪᠠᠢᠴᠠᠭᠠᠬᠤ ᠬᠤᠷᠢᠶᠠᠨ
ᠤ᠋ ᠱᠦᠵᠢ ᠪᠡᠷ ᠵᠦᠪᠰᠢᠶᠡᠷᠡᠪᠡ᠃
(《ᠰᠤᠷᠤᠯᠴᠠᠯᠭ᠎ᠠ ᠢ᠋ᠢᠨ ᠬᠦᠴᠦᠷᠭᠡᠭ ᠤᠯᠤᠰ》ᠰᠢᠯᠵᠢᠶ᠎ᠡ ᠡᠴᠡ
ᠬᠠᠨ ᠯᠢᠩ ᠯᠢᠩ ᠤᠷᠴᠢᠭᠤᠯᠪᠠ)