ᠲᠡᠦᠬᠡ ᠎ᠶ᠋ᠢ ᠦᠢᠯᠠᠭᠠᠪᠡᠯ ᠰᠠᠶᠢ ᠬᠣᠯᠠ᠎ᠶ᠋ᠢ ᠬᠠᠷᠠᠵᠤ ᠳᠡᠢᠯᠦᠨ᠎ᠡ ᠤᠭ ᠰᠠᠨᠠᠭ᠎ᠠ᠎ᠪᠠᠨ ᠡᠭᠦᠷᠢᠳᠡ ᠪᠠᠷᠢᠮᠲᠠᠯᠠᠪᠠᠯ ᠰᠠᠶᠢ ᠬᠣᠯᠠ ᠠᠶᠠᠯᠠᠵᠦ ᠳᠡᠢᠯᠦᠨ᠎ᠠ
2021-11-08 09:55:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

( 2019 ᠣᠨ᠎ᠤ 9 ᠰᠠᠷ᠎ᠠ᠎ᠶ᠋ᠢᠨ 18 ᠎ᠤ ᠡᠳᠦᠷ )

 ᠲᠡᠦᠬᠡ ᠎ᠶ᠋ᠢ ᠦᠢᠯᠠᠭᠠᠪᠡᠯ ᠰᠠᠶᠢ ᠬᠣᠯᠠ᠎ᠶ᠋ᠢ ᠬᠠᠷᠠᠵᠤ ᠳᠡᠢᠯᠦᠨ᠎ᠠ᠂ ᠤᠭ ᠰᠠᠨᠠᠭ᠎ᠠ᠎ᠪᠠᠨ ᠡᠭᠦᠷᠢᠳᠡ ᠪᠠᠷᠢᠮᠲᠠᠯᠠᠪᠠᠯ ᠰᠠᠶᠢ ᠬᠣᠯᠠ ᠠᠶᠠᠯᠠᠵᠦ ᠳᠡᠢᠯᠦᠨ᠎ᠠ᠃ ᠬᠤᠪᠸᠢ ᠾᠧᠨᠠᠨ ᠠᠨᠾᠦᠶ᠋ᠢ ᠵᠢᠨ ᠰᠣᠪᠢᠶᠠᠳ ᠣᠷᠣᠨ᠎ᠤ ᠰᠠᠭᠤᠷᠢᠨ ᠭᠠᠵᠠᠷ ᠪᠣᠯ ᠮᠠᠨ᠎ᠤ ᠨᠠᠮ᠎ᠤᠨ ᠨᠠᠮ ᠪᠠᠢᠭᠤᠯᠬᠤ ᠴᠢᠬᠤᠯᠠ ᠰᠠᠭᠤᠷᠢᠨ ᠭᠠᠵᠠᠷ ᠮᠥᠨ᠂ ᠮᠦᠨ ᠴᠤ᠌ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠮᠡᠨᠳᠦᠯᠡᠭ᠌ᠰᠡᠨ ᠭᠠᠵᠠᠷ᠎ᠤᠨ ᠨᠢᠭᠡ ᠪᠤᠯᠤᠨ᠎ᠠ᠃ ᠨᠠᠮ᠎ᠤᠨ ᠡᠭᠦᠰᠭᠡᠨ ᠪᠠᠢᠭᠤᠯᠤᠭ᠍ᠴᠢ ᠴᠧᠨ ᠳ᠋ᠦ᠋ ᠱᠢᠤ ᠂ ᠯᠢ ᠳ᠋ᠡ ᠵᠤᠤ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠲᠥᠯᠥᠭᠡᠯᠡᠭ᠌ᠴᠢ ᠳ᠋ᠦᠩ ᠪᠢ ᠦ᠋᠂ ᠴᠧᠨ ᠲᠠᠨ ᠴᠢᠦ᠍᠎ᠨᠡᠷ ᠡᠨᠳᠡᠬᠢ ᠨᠠᠮ ᠪᠠᠢᠭᠤᠯᠬᠤ ᠠᠵᠢᠯᠯᠠᠭ᠎ᠠ᠎ᠶ᠋ᠢ ᠪᠡᠶ᠎ᠡ᠎ᠪᠡᠷ᠎ᠢᠶᠡᠨ ᠵᠢᠯᠣᠭᠣᠳᠴᠤ᠌᠂ ᠱᠢᠤᠢ ᠱᠢᠶᠠᠩ ᠴᠢᠶᠠᠨ᠂ ᠯᠢᠦ ᠪᠥᠸᠧ ᠴᠧᠩ ᠂ ᠳ᠋ᠧᠩ ᠱᠢᠶᠤᠤ ᠫᠢᠩ ᠂ ᠯᠢ ᠱᠢᠶᠠᠨ ᠨᠢᠶᠠᠨ ᠵᠡᠷᠭᠡ ᠠᠬᠠᠮᠠᠳ ᠨᠢᠭᠡ ᠦᠶ᠎ᠡ᠎ᠶ᠋ᠢᠨ᠎ᠬᠤᠪᠢᠰᠭᠠᠯᠴᠢᠳ ᠡᠨᠳᠡ ᠪᠠᠢᠯᠳᠤᠭᠠᠨ᠎ᠤ ᠤᠯᠠ ᠮᠥᠷ᠎ᠢᠶᠡᠨ ᠦᠯᠡᠳᠡᠭᠡᠵᠡᠢ᠃ ᠡᠨᠳᠡ ᠤᠯᠠᠭᠠᠨ ᠴᠡᠷᠢᠭ᠎ᠦᠨ ᠳᠥᠷᠪᠡᠳᠦᠭᠡᠷ ᠹᠷᠣᠨᠲ᠎ᠤᠨ ᠴᠡᠷᠢᠭ᠂ ᠤᠯᠠᠭᠠᠨ ᠴᠡᠷᠢᠭ᠎ᠦᠨ ᠬᠤᠷᠢᠨ ᠲᠠᠪᠤᠳᠤᠭᠠᠷ ᠠᠷᠮᠢ ᠂ ᠤᠯᠠᠭᠠᠨ ᠴᠡᠷᠢᠭ᠎ᠦᠨ ᠬᠣᠷᠢᠨ ᠨᠠᠢ᠍ᠮᠠᠳᠤᠭᠠᠷ ᠠᠷᠮᠢ ᠮᠡᠨᠳᠦᠯᠡᠵᠦ᠍᠂ ᠡᠨᠳᠡ ᠡᠴᠡ 340 ᠭᠠᠷᠤᠢ ᠵᠠᠩᠵᠤᠨ ᠴᠤᠯᠭᠤᠷᠠᠵᠦ᠂ ᠬᠣᠶᠠᠷ ᠰᠠᠷ᠎ᠠ᠎ᠶ᠋ᠢᠨ ᠲᠤᠯᠤᠭᠠᠨ᠎ᠤ ᠶᠡᠬᠡ ᠠᠵᠢᠯ ᠬᠠᠶᠠᠯᠲᠠ᠎ᠶ᠋ᠢᠨ ᠨᠥᠯᠥᠭᠡ ᠭᠦᠨ ᠭᠦᠨᠵᠡᠭᠡᠢ ᠪᠠᠢᠵᠤ᠂ ᠳ᠋ᠠ ᠪᠢᠶᠸ ᠱᠠᠨ ᠠᠭᠤᠯᠠᠨ᠎ᠤ 《ᠬᠣᠷᠢᠨ ᠨᠠᠢ᠍ᠮᠠᠨ ᠵᠢᠯ᠎ᠳᠦ ᠤᠯᠠᠭᠠᠨ ᠲᠤᠭ ᠤᠨᠠᠭᠰᠠᠨ ᠦᠭᠡᠢ》ᠶᠤᠮ᠂ ᠬᠤᠪᠸᠢ ᠾᠧᠨᠠᠨ ᠠᠨᠾᠦᠶ᠋ᠢ ᠵᠢᠨ ᠰᠣᠪᠢᠶᠠᠳ ᠣᠷᠣᠨ᠎ᠤ ᠲᠥᠪ ᠪᠠᠢᠭᠰᠠᠨ ᠱᠢᠨ᠎ᠡ ᠱᠢᠶᠠᠨ ᠪᠤᠯ《ᠵᠠᠩᠵᠤᠨ᠎ᠤ ᠥᠯᠥᠭᠡᠢ》᠂ ᠵᠦᠩᠶᠤᠸᠠᠨ ᠣᠷᠣᠨ᠎ᠤ ᠲᠣᠪᠴᠢᠢ᠎ᠠ᠎ᠶ᠋ᠢᠨ ᠪᠠᠭᠤᠷᠢ  ᠴᠢᠤᠸᠠᠢ ᠱᠠᠨ ᠠᠭᠤᠯᠠᠨ᠎ᠤ ᠬᠤᠯᠤᠰᠤᠨ ᠭᠤᠤ ᠨᠢ 《ᠵᠢᠵᠢᠭ ᠶᠠᠨ ᠠᠨ》ᠭᠡᠮᠡᠭᠳᠡᠵᠤ᠂ ᠵᠢᠶᠤᠤ ᠢᠦᠢ ᠯᠦ᠍᠎ᠶ᠋ᠢᠨ ᠵᠣᠷᠢᠭ ᠰᠠᠨᠠᠭ᠎ᠠ᠂ ᠤᠯᠠᠭᠠᠨ ᠲᠤᠭ ᠰᠤᠪᠠᠭ᠎ᠤᠨ ᠵᠣᠷᠢᠭ ᠰᠠᠨᠠᠭ᠎ᠠ᠂ ᠳ᠋ᠠ ᠪᠢᠶᠸ ᠱᠠᠨ ᠠᠭᠤᠯᠠᠨ᠎ᠤ ᠵᠣᠷᠢᠭ ᠰᠠᠨᠠᠭ᠎ᠠ ᠵᠡᠷᠭᠡ ᠪᠣᠯ ᠴᠥᠮ ᠮᠠᠨ᠎ᠤ ᠨᠠᠮ᠎ᠤᠨ ᠡᠷᠬᠢᠮ ᠨᠠᠨᠳᠢᠨ ᠤᠶᠤᠨ ᠰᠠᠨᠠᠭᠠᠨ᠎ᠤ ᠡᠬᠢ ᠪᠠᠶᠠᠯᠢᠭ ᠪᠤᠯᠬᠤ ᠶᠤᠮ᠃

ᠬᠤᠪᠢᠰᠭᠠᠯ᠎ᠤᠨ᠎ᠢᠯᠠᠯᠲᠠ᠎ᠲᠩᠷᠢ᠎ᠳᠡᠭᠡᠷ᠎ᠠ᠎ᠡᠴᠡ ᠤᠨᠠᠵᠤ ᠢᠷᠡᠳᠡᠭ ᠦᠬᠡᠢ᠂ ᠪᠤᠰᠤᠳ᠎ᠤᠨ ᠨᠠᠢᠷ ᠲᠠᠯᠪᠢᠬᠤ ᠪᠡᠷ ᠤᠯᠳᠠᠳᠠᠭ ᠦᠬᠡᠢ᠂ ᠬᠠᠷᠢᠨ ᠴᠢᠰᠤ ᠪᠡᠨ ᠤᠷᠤᠰᠬᠠᠵᠤ ᠦᠷᠡᠭ᠌ᠳᠡᠯ ᠭᠠᠷᠭᠠᠵᠦ ᠰᠣᠯᠢᠵᠤ ᠠᠪᠴᠢᠷᠠᠭ᠍ᠰᠠᠨ ᠶᠤᠮ᠃ ᠬᠤᠪᠸᠢ ᠾᠧᠨᠠᠨ ᠠᠨᠾᠦᠶ᠋ᠢ ᠵᠢᠨ ᠰᠣᠪᠢᠶᠠᠳ ᠣᠷᠣᠨ᠎ᠤ ᠬᠣᠷᠢᠨ ᠨᠠᠢ᠍ᠮᠠᠨ ᠵᠢᠯ᠎ᠦᠨ ᠴᠢᠰᠤᠲᠤ ᠪᠠᠢᠯᠳᠤᠭᠠᠨ ᠳ᠋ᠤ ᠬᠣᠷᠢᠨ ᠲᠦᠮᠡᠨ ᠬᠥᠪᠡᠭᠦᠳ ᠥᠬᠢᠳ ᠨᠠᠨᠳᠢᠨ ᠠᠮᠢ᠎ᠪᠠᠨ ᠵᠣᠷᠢᠭᠤᠯᠵᠤ᠂ ᠪᠦᠷᠢᠳᠭᠡᠯ ᠳ᠋ᠤ ᠪᠠᠢ᠌ᠭ᠎ᠠ ᠦᠷᠡᠭᠳᠡᠭᠰᠡᠨ ᠪᠠᠭᠠᠳᠤᠷᠴᠤᠳ ᠠᠷᠪᠠᠨ ᠭᠤᠷᠪᠠᠨ ᠲᠦᠮᠡ᠎ᠳᠤ ᠬᠦᠷᠴᠦ᠍᠂ ᠲᠤᠬᠠᠢ᠎ᠶ᠋ᠢᠨ ᠦᠶ᠎ᠡ᠎ᠳᠦ ᠠᠷᠪᠠᠨ ᠲᠦᠮᠡ ᠬᠦᠷᠬᠦ᠌ ᠦᠭᠡᠢ ᠬᠥᠮᠦᠨ ᠠᠮᠠ᠎ᠲᠠᠶ ᠪᠠᠢᠭᠰᠠᠨ ᠱᠢᠨ᠎ᠡ ᠱᠢᠶᠠᠨ᠎ᠳᠤ ᠲᠠᠪᠤᠨ ᠲᠦᠮᠡ ᠲᠠᠪᠤᠨ ᠮᠢᠩᠭᠠᠨ ᠬᠥᠮᠦᠨ ᠬᠤᠪᠢᠰᠭᠠᠯ᠎ᠤᠨ ᠲᠥᠯᠥᠭᠡ ᠪᠡᠶ᠎ᠡ ᠪᠡᠨ ᠦᠷᠡᠭ᠌ᠳᠡᠬᠦᠯᠦᠭᠰᠡᠨ ᠪᠠᠢᠳᠠᠭ᠃ ᠾᠧᠨᠠᠨ ᠪᠣᠯ ᠮᠥᠨ ᠴᠦ᠍ ᠪᠠᠭᠠᠳᠤᠷᠴᠤᠳ ᠴᠣᠯᠭᠣᠷᠠᠨ ᠭᠠᠷᠤᠭ᠍ᠰᠠᠨ ᠭᠠᠵᠠᠷ ᠪᠣᠯᠤᠨ᠎ᠠ᠂ ᠶᠠᠩ ᠵᠢᠩ ᠢᠦᠢ᠂ ᠫᠸᠩ ᠱᠢᠤᠸᠠᠢ ᠹᠸᠩ᠂ ᠵᠶ᠋ᠢ ᠬᠣᠩ ᠴᠠᠩ᠎ᠨᠠᠷ ᠪᠣᠯ ᠪᠦᠷ ᠡᠾᠧᠨᠠᠨ ᠨᠤᠳᠤᠭᠳᠠᠢ ᠦᠷᠡᠭ᠌ᠳᠡᠭ᠌ᠰᠡᠨ ᠪᠠᠭᠠᠲᠤᠷᠴᠤᠳ ᠪᠣᠯᠤᠨ᠎ᠠ᠃ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠎ᠶ᠋ᠢᠨ ᠰᠤᠷᠤᠯᠴᠠᠯᠭ᠎ᠠ᠎ᠶ᠋ᠢ ᠰᠠᠢᠲᠤᠷ ᠠᠳᠭᠤᠵᠤ᠂ ᠬᠤᠪᠢᠰᠭᠠᠯ᠎ᠤᠨ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠨᠠᠮᠴᠢ ᠴᠢᠨᠠᠷ᠎ᠤᠨ ᠬᠥᠮᠦᠵᠢᠯ᠎ᠦᠨ ᠪᠣᠳᠠᠲᠤ ᠦᠷ᠎ᠡ ᠪᠦᠲᠦᠮᠵᠢ᠎ᠶ᠋ᠢ ᠴᠢᠩᠭᠠᠳᠭᠠᠵᠤ ᠂ ᠥᠷᠭᠡᠨ ᠤᠯᠠᠨ ᠨᠠᠮ᠎ᠤᠨ ᠭᠡᠱᠢᠭᠦᠨ ᠂ ᠺᠠᠳ᠋ᠷ᠎ᠢ ᠬᠤᠪᠢᠰᠭᠠᠯ᠎ᠤᠨ ᠬᠥᠮᠦᠵᠢᠯ ᠬᠦᠷᠳᠡᠬᠦ᠌ ᠳᠤᠮᠳᠠ ᠤᠭ ᠰᠠᠨᠠᠭ᠎ᠠ᠎ᠪᠠᠨ ᠰᠠᠬᠢᠵᠤ ᠡᠭᠦᠷᠭᠡ ᠬᠠᠷᠢᠭᠤᠴᠠᠯᠭ᠎ᠠ ᠡᠭᠦᠷᠭᠡᠯᠡᠬᠦ᠌ ᠪᠣᠯᠭᠠᠵᠤ᠂ ᠬᠤᠪᠢᠰᠭᠠᠯ᠎ᠤᠨ ᠪᠠᠭᠠᠲᠤᠷᠴᠤᠳ᠎ᠤᠨ ᠦᠷᠡᠭᠳᠡᠯ ᠶ᠋ᠢᠡᠷ ᠳᠡᠮᠡᠴᠡᠨ ᠤᠯᠤᠭᠰᠠᠨ ᠠᠭᠤᠤ ᠶᠡᠬᠡ ᠦᠢᠯᠡᠰ᠎ᠢ ᠬᠦᠴᠦᠯᠡᠨ ᠲᠦᠯᠬᠢᠨ ᠤᠷᠤᠭ᠍ᠰᠢᠯᠠᠭᠤᠯᠬᠤ ᠬᠡᠷᠡᠭ᠌ᠲᠡᠢ᠃

—   ᠰᠢ ᠵᠢᠨ ᠫᠢᠩ ᠨᠦᠬᠦᠷ᠎ᠤᠨ ᠡᠾᠸᠨᠠᠨ᠎ᠳᠦ ᠠᠵᠢᠯ ᠪᠠᠢᠴᠠᠭᠠᠭᠠᠳ ᠳᠡᠬᠦᠰᠬᠦ  ᠦᠶᠡᠰ᠎ᠤᠨ ᠶᠠᠷᠢᠶ᠎ᠠ ᠡᠴᠡ ᠭᠡᠰᠡᠭᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号