ᠨᠠᠮ᠎ᠤᠨ ᠪᠠᠢᠭᠤᠯᠤᠯᠳᠠ ᠵᠢ ᠪᠠᠳᠤᠳᠬᠠᠨ ᠬᠦᠭᠵᠢᠯᠳᠡ ᠵᠢ ᠠᠬᠢᠭᠤᠯᠵᠤ ᠺᠠᠳ᠋ᠷ ᠤᠯᠠᠨ ᠲᠦᠮᠡᠨ ᠰᠡᠳᠬᠢᠯ ᠨᠢᠬᠡᠳᠦᠨ ᠲᠤᠮᠤ ᠦᠢᠯᠡᠰ᠎ᠢ ᠪᠦᠳᠦᠬᠡᠨ᠎ᠡ — ᠦᠪᠡᠷᠳᠡᠬᠡᠨ ᠵᠠᠰᠬᠠᠤ ᠤᠷᠤᠨ᠎ᠤ ᠳᠡᠷᠢᠬᠦᠨ᠎ᠤ ᠦᠨᠳᠦᠰᠦᠨ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠲᠠᠢᠪᠦᠰᠧ ᠬᠤᠰᠢᠭᠤᠨ᠎ᠤ ᠴᠢᠶᠠᠨ ᠵᠢᠨ ᠺᠧᠦ ᠪᠠᠯᠭᠠᠰᠤ ᠵᠢᠨ ᠨᠠᠮ᠎ᠤᠨ ᠬᠤᠷᠢᠢ᠎ᠠ ᠎ᠶᠢ ᠲᠡᠮᠲᠡᠭ
2021-11-08 09:26:30
ᠵᠣᠬᠢᠶᠠᠭ᠍ᠴᠢ᠄
ᠪᠠᠶᠠᠰᠬᠤᠯᠠᠡᠭ
ᠣᠩᠱᠢᠭ᠍ᠰᠠᠨ ᠣᠳᠠᠭ᠎ᠠ᠄
★★★☆☆

ᠭᠦᠵᠡᠯᠵᠡᠭᠡᠨ᠎ᠡ ᠲᠠᠷᠢᠬᠤ ᠲᠤᠯᠠᠭᠠᠨ ᠬᠦᠯᠡᠮᠵᠢ᠎ᠠᠮᠢ ᠠᠮᠢᠵᠢᠷᠠᠯ᠎ᠤᠨ ᠨᠣᠭᠣᠭᠠᠨ ᠥᠩᠭᠡ ᠪᠡᠷ ᠪᠢᠯᠬᠠᠨ᠎ᠠ᠃ 《ᠡᠲᠡᠭᠡᠷ ᠬᠦᠯᠡᠮᠵᠢ᠎ᠶ᠋ᠢ ᠪᠦᠷ ᠨᠢᠳᠤᠨᠤᠨ ᠪᠠᠢᠭᠤᠯᠤᠭᠰᠠᠨ ᠶᠤᠮ᠂ ᠨᠡᠢᠲᠡ 20 ᠮᠥ᠍ ᠪᠠᠢᠨ᠎ᠠ》 ᠲᠠᠢᠪᠤᠰᠧ ᠬᠣᠱᠢᠭᠤᠨ᠎ᠤ ᠴᠢᠶᠠᠨ ᠵᠢᠨ ᠭᠸᠤ ᠪᠠᠯᠭᠠᠰᠤᠨ᠎ᠤ ᠯᠢᠦ ᠬᠤᠤ ᠲᠣᠰᠭᠣᠨ᠎ᠤ ᠯᠢᠦ ᠶᠦᠨ ᠹᠸᠩ᠎ᠤᠨ ᠭᠦᠵᠡᠯᠵᠡᠭᠡᠨ᠎ᠡ᠎ᠶ᠋ᠢᠨ ᠴᠢᠬᠢ ᠪᠣᠢᠵᠢᠭᠤᠯᠬᠤ ᠰᠠᠭᠤᠷᠢᠨ᠎ᠳᠤ ᠬᠦᠷᠬᠦ᠌᠎ᠳᠦ᠂ ᠮᠥᠷ ᠮᠥᠷ ᠮᠥᠩᠭᠥᠨ ᠭᠡᠷᠡᠯ ᠰᠠᠴᠤᠷᠠᠭ᠍ᠰᠠᠨ ᠨᠡᠷᠡᠨ᠎ᠦ ᠭᠡᠷᠡᠯ᠎ᠦᠨ ᠲᠤᠯᠠᠭᠠᠨ ᠬᠦᠯᠡᠮᠵᠢ ᠣᠨᠴᠠ᠎ᠶ᠋ᠢᠨ ᠢᠯᠡᠲᠡᠢ ᠬᠠᠷᠠᠭ᠍ᠳᠠᠨ᠎ᠠ᠂ ᠬᠦᠯᠡᠮᠵᠢ ᠳᠣᠲᠣᠷ᠎ᠠ ᠣᠷᠣᠪᠠᠯ᠂ ᠨᠣᠮᠢᠨ ᠨᠣᠭᠣᠭᠠᠨ ᠭᠦᠵᠡᠯᠵᠡᠭᠡᠨ᠎ᠡ᠎ᠶ᠋ᠢᠨ ᠴᠢᠬᠢ ᠵᠢᠨ  ᠤᠷᠭᠤᠴᠠ ᠬᠥᠮᠦᠰ᠎ᠢ  ᠪᠠᠶᠠᠰᠭᠠᠨ᠎ᠠ᠃ ᠯᠢᠦ ᠶᠦᠨ ᠹᠸᠩ᠄ 《ᠭᠦᠵᠡᠯᠵᠡᠭᠡᠨ᠎ᠡ᠎ᠶ᠋ᠢᠨ ᠴᠢᠬᠢ᠎ᠶ᠋ᠢ ᠴᠥᠮ ᠪᠡᠭᠡᠵᠢᠩ ᠬᠣᠲᠠ᠎ᠶ᠋ᠢᠨ ᠴᠠᠩ ᠫᠢᠩ ᠲᠣᠭᠣᠷᠢᠭ ᠡᠴᠨ ᠵᠥᠭᠡᠭᠡᠪᠦᠷᠢᠯᠡᠵᠦ᠍ ᠠᠪᠴᠢᠷᠠᠭ᠍ᠰᠠᠨ ᠶᠤᠮ᠂ ᠴᠢᠬᠢ᠎ᠶ᠋ᠢ ᠰᠠᠢᠲᠤᠷ ᠪᠣᠢᠵᠢᠭᠤᠯᠤᠭ᠍ᠰᠠᠨ᠎ᠤ ᠳᠠᠷᠠᠭ᠎ᠠ ᠬᠣᠯᠪᠣᠭ᠍ᠳᠠᠯ ᠪᠥᠬᠥᠶ ᠠᠵᠤ ᠠᠬᠤᠢᠯᠠᠯ᠎ᠪᠦᠬᠦᠨ᠎ᠢ ᠬᠣᠷᠢᠶᠠᠨ ᠠᠪᠳᠠᠭ ᠡᠴᠡ ᠵᠠᠬ᠎ᠠ ᠳᠡᠯᠭᠡᠭᠦᠷ᠎ᠦᠨ ᠠᠶᠤᠯ ᠲᠦᠭ᠌ᠰᠢᠭᠦᠷᠢ ᠪᠠᠷᠤᠭ ᠪᠠᠢᠬᠤ ᠥᠬᠡᠶ》 ᠬᠡᠵᠦ ᠪᠠᠶᠠᠷᠯᠠᠨ ᠶᠠᠷᠢᠨ᠎ᠠ᠃


QQ图片20211108091959.png


ᠶᠠᠳᠠᠭᠤ ᠡᠴᠨ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠰᠡᠬᠦᠯ ᠬᠤᠷᠢᠶᠠᠬᠤ ᠳᠠᠢᠯᠠᠯᠳᠤᠭᠠᠨ᠎ᠳᠤ᠂ ᠲᠠᠢᠪᠤᠰᠧ ᠬᠣᠱᠢᠭᠤᠨ᠎ᠤ ᠴᠢᠶᠠᠨ ᠵᠢᠨ ᠭᠸᠤ ᠪᠠᠯᠭᠠᠰᠤ ᠪᠡᠭᠡᠵᠢᠩ ᠥᠪᠥᠷ ᠮᠣᠩᠭᠣᠯ᠎ᠤᠨ ᠶᠠᠳᠠᠭᠤ᠎ᠶ᠋ᠢ ᠲᠡᠳᠬᠦᠬᠦ᠌ ᠬᠠᠮᠵᠢᠯᠴᠠᠭ᠎ᠠ᠎ᠶ᠋ᠢᠨ ᠠᠱᠢᠭ᠍ᠲᠠᠢ ᠠᠵᠠ ᠲᠣᠬᠢᠶᠠᠯ᠎ᠢ ᠠᠮᠵᠢᠵᠤ᠂ ᠪᠡᠭᠡᠵᠢᠩ ᠥᠪᠥᠷ ᠮᠣᠩᠭᠣᠯ᠎ᠤᠨ ᠶᠠᠳᠠᠭᠤ᠎ᠶ᠋ᠢ ᠲᠡᠳᠬᠦᠬᠦ᠌ ᠪᠡᠯᠡ ᠮᠥᠩᠭᠥ᠎ᠶ᠋ᠢ ᠢᠳᠡᠪᠬᠢᠲᠡᠢ ᠣᠯᠵᠤ᠂ ᠭᠦᠵᠡᠯᠵᠡᠭᠡᠨ᠎ᠡ᠎ᠶ᠋ᠢᠨ ᠦᠷ᠎ᠡ ᠴᠢᠬᠢ ᠪᠣᠢᠵᠢᠭᠤᠯᠬᠤ ᠲᠦᠷᠦᠯ ᠵᠦᠢᠯ᠎ᠢ ᠣᠨᠣᠴᠠᠲᠠᠢ ᠬᠡᠷᠡᠭ᠌ᠵᠢᠭᠦᠯᠵᠦ᠍᠂ ᠶᠠᠳᠠᠭᠤ ᠬᠦᠴᠢᠷᠳᠡᠯᠲᠡᠢ ᠡᠷᠦᠬᠡ᠎ᠶ᠋ᠢ ᠳᠠᠢ᠌ᠴᠢᠯᠠᠨ ᠣᠷᠣᠯᠭ᠎ᠠ᠎ᠶ᠋ᠢ ᠨᠢ ᠨᠡᠮᠡᠭ᠌ᠳᠡᠭᠦᠯᠵᠦ᠍᠂ ᠶᠠᠳᠠᠭᠤ ᠬᠦᠴᠢᠷᠳᠡᠯᠲᠡᠢ ᠡᠷᠦᠬᠡ᠎ᠶ᠋ᠢᠨ ᠶᠠᠳᠠᠭᠤ᠎ᠡᠴᠠ ᠠᠩᠭᠢᠵᠢᠷᠠᠨ ᠴᠢᠨᠡᠭᠡᠯᠢᠭ᠌ᠵᠢᠬᠦ᠌᠎ᠳᠦ ᠬᠦᠴᠦᠨ ᠨᠡᠮᠡᠷᠢᠯᠡᠪᠡ᠃ ᠴᠢᠶᠠᠨ ᠵᠢᠨ ᠭᠸᠤ ᠪᠠᠯᠭᠠᠰᠤᠨ᠎ᠤ  ᠳ᠋ᠠ ᠭᠸ ᠳ᠋ᠦᠩ ᠲᠣᠰᠭᠣᠨ᠂ ᠯᠢᠦ ᠬᠤᠤ ᠲᠣᠰᠭᠣᠨ᠂ ᠰᠢ ᠳ᠋ᠡ ᠵᠢᠩ ᠲᠣᠰᠭᠣᠨ 3 ᠱᠢᠨ᠎ᠡ ᠬᠡᠯᠪᠡᠷᠢ᠎ᠶ᠋ᠢᠨ ᠡᠵᠡᠩᠨᠡᠯᠲᠡ᠎ᠶ᠋ᠢᠨ ᠭᠣᠣᠯ ᠴᠣᠭ᠍ᠴᠠ᠎ᠨᠢ ᠭᠦᠵᠡᠯᠵᠡᠭᠡᠨ᠎ᠡ᠎ᠶ᠋ᠢᠨ ᠴᠢᠬᠢ ᠪᠣᠢᠵᠢᠭᠤᠯᠬᠤ ᠲᠦᠷᠦᠯ ᠵᠦᠢᠯ᠎ᠢ ᠴᠢᠷᠮᠠᠢᠨ ᠤᠯᠪᠠ᠃ ᠡᠭᠦᠨ᠎ᠳᠦ ᠯᠢᠦ ᠬᠤᠤ ᠲᠣᠰᠭᠣᠨ 40 ᠰᠠᠭᠤᠷᠢ᠂ ᠳ᠋ᠠ ᠭᠸ ᠳ᠋ᠦᠩ ᠲᠣᠰᠭᠣᠨ 60 ᠰᠠᠭᠤᠷᠢ ᠂ ᠰᠢ ᠳ᠋ᠡ ᠵᠢᠩ ᠲᠣᠰᠭᠣᠨ 6 ᠰᠠᠭᠤᠷᠢ ᠲᠤᠯᠠᠭᠠᠨ ᠬᠦᠯᠡᠮᠵᠢ ᠵᠢ ᠤᠯᠪᠠ᠃  ᠭᠦᠵᠡᠯᠵᠡᠭᠡᠨ᠎ᠡ᠎ᠶ᠋ᠢᠨ ᠴᠢᠬᠢ ᠪᠣᠢᠵᠢᠭᠤᠯᠬᠤ ᠲᠥᠷᠥᠯ ᠵᠦᠶ᠋ᠯ ᠡᠬᠢᠯᠡᠭ᠌ᠰᠡᠨ᠎ᠡᠴᠡ ᠨᠠᠭᠠᠰᠢ᠂ ᠬᠥᠮᠦᠨ ᠣᠯᠠᠨ ᠬᠡᠷᠡᠭᠰᠡᠬᠦ ᠦᠶ᠎ᠡ᠎ᠳᠦ 20 ᠭᠠᠷᠤᠶ ᠲᠣᠰᠭᠣᠨ᠎ᠤ ᠠᠷᠠᠳ ᠡᠨᠳᠡ ᠬᠦᠴᠦ᠍ ᠶᠠᠪᠤᠵᠤ ᠂ ᠬᠥᠮᠦᠨ ᠴᠥᠭᠡᠨ ᠦᠶ᠎ᠡ᠎ᠳᠦ  ᠪᠠᠰᠠ 7᠂  8  ᠬᠥᠮᠦᠨ ᠬᠦᠴᠦ ᠶᠠᠪᠤᠵᠤ᠂ ᠲᠣᠰᠭᠣᠨ᠎ᠤ ᠠᠷᠠᠳ᠎ᠤᠨ ᠣᠷᠣᠯᠭ᠎ᠠ ᠪᠡᠨ ᠨᠡᠮᠡᠭᠳᠡᠬᠦᠯᠬᠦ ᠵᠢ ᠪᠦᠲᠦᠮᠵᠢᠲᠡᠶ ᠳᠠᠢᠴᠢᠯᠠᠪᠠ᠃

ᠣᠢᠷ᠎ᠠ᠎ᠶ᠋ᠢᠨ ᠵᠢᠯ᠎ᠡᠴᠡ ᠨᠠᠭᠠᠰᠢ᠂ ᠴᠢᠶᠠᠨ ᠵᠢᠨ ᠭᠸᠤ ᠪᠠᠯᠭᠠᠰᠤᠨ᠎ᠤ ᠨᠠᠮ᠎ᠤᠨ ᠬᠣᠷᠢᠶ᠎ᠠ 《ᠶᠠᠳᠠᠭᠤ᠎ᠶ᠋ᠢ ᠲᠡᠳᠬᠦᠬᠦ ᠪᠡᠷ ᠨᠠᠮ᠎ᠤᠨ ᠪᠠᠢᠭᠤᠯᠤᠯᠲᠠ᠎ᠶ᠋ᠢ ᠠᠳᠭᠤᠬᠤ᠂ ᠨᠠᠮ᠎ᠤᠨ ᠪᠠᠢᠭᠤᠯᠤᠯᠲᠠ᠎ᠶ᠋ᠢ ᠰᠠᠢᠲᠤᠷ᠎ᠠᠳᠭᠤᠬᠤ᠎ᠪᠡᠷ ᠶᠠᠳᠠᠭᠤ᠎ᠡᠴᠡ ᠠᠩᠭᠢᠵᠢᠷᠠᠭᠤᠯᠬᠤ᠎ᠶ᠋ᠢ ᠠᠬᠢᠭᠤᠯᠬᠤ》 ᠠᠵᠢᠯ᠎ᠤᠨ ᠣᠢᠯᠠᠭᠠᠭ᠍ᠳᠠᠬᠤᠨ᠎ᠢ᠎ᠪᠠᠷᠢᠮᠲᠠᠯᠠᠠ᠂  ᠴᠢᠭ᠌ᠯᠡᠯ᠎ᠢ ᠡᠵᠡᠮᠳᠡᠨ ᠬᠥᠭ᠌ᠵᠢᠯᠲᠡ᠎ᠶ᠋ᠢ ᠠᠳᠭᠤᠵᠤ᠂ ᠰᠡᠳᠭᠢᠴᠡ᠎ᠪᠡᠨ ᠲᠣᠳᠣᠷᠬᠠᠢᠯᠠᠨ ᠨᠠᠢᠳᠠᠪᠤᠷᠢᠵᠢᠭᠤᠯᠤᠯᠲᠠ᠎ᠶ᠋ᠢ ᠠᠳᠭᠤᠭᠰᠠᠨ ᠵᠢᠡᠷ᠂ ᠪᠥᠬᠥ᠌ ᠪᠠᠯᠭᠠᠰᠤᠨ᠎ᠳᠤ᠎ᠠᠵᠤ ᠠᠬᠤᠶ ᠬᠦᠭᠵᠢᠵᠦ᠂ ᠨᠡᠢᠭᠡᠮ ᠲᠣᠭ᠍ᠲᠠᠭᠤᠨ᠂ ᠦᠨᠳᠦᠰᠦᠲᠡᠨ᠎ᠪᠦᠯᠬᠦᠮᠳᠡᠵᠦ᠂ ᠠᠷᠠᠳ ᠲᠦᠮᠡᠨ ᠠᠵᠤ ᠲᠦᠷᠦᠵᠦ᠂ ᠨᠠᠮ᠎ᠤᠨ ᠪᠠᠢᠭᠤᠯᠤᠯᠲᠠ ᠲᠦᠷᠭᠡᠨ ᠬᠥᠭ᠌ᠵᠢᠭ᠌ᠰᠡᠨ ᠶᠡᠬᠡ ᠰᠠᠢᠨ ᠪᠠᠢᠳᠠᠯ ᠢᠯᠡᠷᠡᠵᠡᠶ᠃

ᠴᠢᠶᠠᠨ ᠵᠢᠨ ᠭᠸᠦ ᠪᠠᠯᠭᠠᠰᠤᠨ᠎ᠤ ᠨᠠᠮ᠎ᠤᠨ ᠬᠣᠷᠢᠶ᠎ᠠ ᠢᠮᠠᠭ᠍ᠲᠠ ᠬᠥᠭ᠌ᠵᠢᠬᠦᠯᠬᠦ ᠪᠡᠷ ᠲᠡᠷᠢᠭᠦᠨ ᠴᠢᠬᠤᠯᠠ ᠡᠭᠦᠷᠭᠡ᠎ᠪᠡᠨ ᠪᠣᠯᠭᠠᠵᠤ᠂ ᠲᠦᠷᠦ᠍᠎ᠶ᠋ᠢᠨ ᠪᠤᠳᠤᠯᠭ᠎ᠠ᠎ᠶ᠋ᠢ ᠦᠨᠳᠦᠰᠦᠯᠡᠨ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠰᠠᠭᠤᠷᠢᠨ᠎ᠢ  ᠪᠠᠢᠭᠤᠯᠵᠤ᠂ ᠠᠵᠤ ᠦᠢᠯᠡᠰ᠎ᠢ ᠬᠦᠴᠦᠷᠬᠡᠭ᠌ᠵᠢᠭᠦᠯᠤᠨ᠂ ᠲᠦᠷᠦᠯ ᠲᠡᠮᠳᠡᠭ ᠎ᠢ ᠡᠭᠦᠳᠪᠡ᠃ ᠲᠠᠷᠢᠮᠠᠯ᠎ᠤᠨ ᠦᠶ᠋ᠯᠡᠰ᠎ᠦᠨ ᠲᠠᠯ᠎ᠠ᠎ᠪᠠᠷ᠂ ᠲᠠᠷᠢᠮᠠᠯ᠎ᠤᠨ ᠪᠦᠲᠦᠴᠡ᠎ᠳᠦ ᠢᠳᠡᠪᠬᠢᠲᠡᠶ ᠲᠣᠬᠢᠷᠠᠭᠤᠯᠤᠯᠲᠠ ᠬᠢᠵᠦ᠍᠂ ᠢᠳᠡᠱᠢᠨ ᠨᠣᠭᠣᠭ᠎ᠠ᠂ ᠲᠥᠮᠥᠰᠥ᠍᠂ ᠱᠢᠬᠢᠷ ᠯᠤᠤᠪᠠᠩ᠂ ᠨᠡᠷᠡᠨ ᠬᠤᠸᠠᠷ᠂ ᠬᠥᠮᠥᠷᠭᠡᠯᠡᠨ ᠬᠠᠳᠠᠭᠠᠯᠠᠬᠤ ᠵᠡᠷᠭᠡ ᠠᠵᠤ ᠦᠶ᠋ᠯᠡᠰ᠎ᠢ ᠶᠡᠬᠡ ᠪᠡᠷ ᠬᠥᠭ᠌ᠵᠢᠭᠦᠯᠵᠦ᠍᠂ ᠬᠢᠲᠠᠳ ᠡᠪᠡᠰᠦᠨ ᠡᠮ᠂ ᠲᠡᠵᠢᠭᠡᠯ ᠡᠪᠡᠰᠦ ᠪᠣᠷᠳᠣᠭᠠᠨ᠎ᠤ ᠲᠠᠷᠢᠮᠠᠯ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠵᠠᠢ᠃ ᠲᠡᠵᠢᠭᠡᠨ ᠦᠷᠡᠵᠢᠭᠦᠯᠬᠦ᠌ ᠦᠢᠯᠡᠰ᠎ᠦᠨ ᠲᠠᠯ᠎ᠠ᠎ᠪᠠᠷ᠂ 《ᠬᠣᠨᠢ᠎ᠶ᠋ᠢ ᠴᠥᠭᠡᠴᠢᠯᠡᠨ ᠦᠬᠡᠷ᠎ᠢ ᠨᠡᠮᠡᠭ᠌ᠳᠡᠭᠦᠯᠬᠦ᠌》  ᠎ᠶ᠋ᠢ ᠬᠡᠷᠡᠭ᠌ᠵᠢᠭᠦᠯᠵᠦ᠍᠂ ᠪᠣᠷᠳᠣᠨ ᠲᠠᠷᠭᠤᠯᠠᠭᠤᠯᠬᠤ ᠠᠵᠤ ᠦᠢᠯᠡᠰ᠂ ᠮᠢᠬᠠᠨ᠎ᠤ ᠦᠬᠡᠷ᠎ᠦᠨ ᠠᠵᠤ ᠦᠢᠯᠡᠰ᠎ᠢ ᠶᠡᠬᠡ᠎ᠪᠡᠷ ᠰᠠᠨᠠᠭᠠᠴᠢᠯᠠᠠ᠂᠎ᠬᠥᠳᠡᠭᠡ᠎ᠲᠣᠰᠭᠣᠨ᠎ᠤ ᠲᠦᠷᠭᠡᠨ᠎ᠬᠥᠭ᠌ᠵᠢᠯᠲᠡ᠎ᠶ᠋ᠢ ᠪᠡᠶᠡᠯᠡᠭᠦᠯᠵᠦ᠍᠂ ᠲᠠᠷᠢᠶᠠᠴᠢᠳ᠎ᠤᠨ ᠣᠷᠣᠯᠭ᠎ᠠ᠎ᠶ᠋ᠢ ᠦᠷᠭᠦᠯᠵᠢᠯᠡᠨ ᠨᠡᠮᠡᠭ᠌ᠳᠡᠭᠦᠯᠪᠡ᠃

ᠶᠠᠳᠠᠭᠤ᠎ᠡᠴᠡ᠎ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠠᠬᠢᠭᠤᠯᠬᠤ ᠶᠠᠪᠤᠴᠠ᠎ᠳᠤ᠂ ᠴᠢᠶᠠᠨ ᠵᠢᠨ ᠭᠸᠤ ᠪᠠᠯᠭᠠᠰᠤ ᠪᠠᠰᠠ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠂ ᠤᠨᠢᠨ ᠳᠡᠭᠡᠷ᠎ᠡ ᠨᠢ ᠶᠠᠳᠠᠭᠤ᠎ᠡᠴᠡ ᠠᠩᠭᠢᠵᠢᠷᠠᠭᠤᠯᠬᠤ᠎ᠶ᠋ᠢ ᠣᠷᠭᠠᠨᠢᠭ᠎ᠢᠶᠠᠷ ᠠᠭᠤᠰᠤᠯᠴᠠᠭᠤᠯᠵᠤ᠂ ᠬᠠᠷᠠᠯᠲᠠ᠎ᠲᠠᠶ᠎ᠪᠠᠷ ᠠᠷᠭ᠎ᠠ ᠪᠤᠳᠤᠯᠭ᠎ᠠ ᠬᠡᠷᠡᠭ᠌ᠵᠢᠭᠦᠯᠤᠨ᠂ ᠤᠨᠢᠨ ᠳᠡᠭᠡᠷ᠎ᠡ ᠨᠢ ᠬᠦᠴᠦᠯᠡᠵᠦ᠍᠂ 《ᠶᠠᠳᠠᠭᠤ᠎ᠶ᠋ᠢ ᠲᠡᠳᠬᠦᠬᠦ᠌ + X 》 ᠠᠵᠢᠯ᠎ᠤᠨ ᠠᠷᠭ᠎ᠠ᠎ᠶ᠋ᠢᠨ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠠᠢ ᠃ ᠡᠷᠦᠬᠡ᠎ᠳᠦ ᠬᠦᠷᠦᠭ᠌ᠰᠡᠨ ᠲᠥᠷᠥᠯ ᠵᠦᠢᠯ᠎ᠦᠨ 《ᠵᠠᠬᠢᠶᠠᠯᠠᠭ᠎ᠠ᠎ᠶ᠋ᠢᠨ ᠬᠠᠭᠤᠳᠠᠰᠤ》 ᠪᠠᠷ ᠶᠠᠳᠠᠭᠤ᠎ᠶ᠋ᠢ ᠲᠡᠳᠬᠦᠬᠦ᠌ ᠠᠵᠢᠯ᠎ᠤᠨ ᠡᠷᠴᠢᠮ᠎ᠢᠶᠡᠨ ᠴᠢᠩᠭᠠᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ᠎ᠶ᠋ᠢᠨ《ᠨᠢᠭᠡ ᠮᠦ᠍ ᠲᠥᠮᠥᠰᠥ᠍》᠂ 《ᠬᠣᠶᠠᠷ ᠲᠣᠯᠣᠭᠠᠢ ᠭᠠᠬᠠᠢ》᠂ 《ᠬᠣᠶᠠᠷ ᠲᠣᠯᠣᠭᠠᠢ ᠦᠬᠡᠷ》᠂ 《ᠵᠢᠵᠢᠭ ᠭᠤᠷᠪᠠ᠎ᠶ᠋ᠢ ᠲᠡᠵᠢᠭᠡᠬᠦ᠌》 ᠵᠡᠷᠭᠡ ᠣᠨᠴᠠᠯᠢᠭ᠍ᠲᠤ ᠲᠠᠷᠢᠵᠤ ᠲᠡᠵᠢᠭᠡᠬᠦ᠌ ᠦᠢᠯᠡᠰ᠎ᠢ ᠬᠥᠭ᠌ᠵᠢᠭᠦᠯᠬᠦ᠌᠎ᠶ᠋ᠢ ᠳᠠᠮᠵᠢᠪᠠ; ᠡᠳ᠋ ᠬᠥᠷᠥᠩᠭᠡ᠎ᠶ᠋ᠢᠨ ᠠᠱᠢᠭ ᠣᠷᠣᠯᠭ᠎ᠠ᠎ᠪᠠᠷ ᠶᠠᠳᠠᠭᠤ ᠬᠦᠴᠢᠷᠳᠡᠯᠲᠡᠶ ᠡᠷᠦᠬᠡ᠎ᠶ᠋ᠢ ᠳᠠᠢᠴᠢᠯᠠᠬᠤ ᠵᠠᠭ᠍ᠪᠤᠷ᠎ᠢ ᠨᠠᠢᠳᠠᠪᠤᠷᠢᠵᠢᠭᠤᠯᠵᠤ᠂ 24 ᠰᠠᠶ᠎ᠠ ᠸᠠᠲ᠎ᠤᠨ ᠲᠥᠪᠯᠡᠷᠡᠩᠭᠦᠶ ᠮᠠᠶᠢᠭ᠎ᠤᠨ ᠬᠡᠷᠡᠯ ᠴᠡᠨᠡᠭ᠎ᠢᠶᠡᠷ ᠶᠠᠳᠠᠭᠤ᠎ᠶ᠋ᠢ ᠲᠡᠳᠬᠦᠬᠦ᠌ ᠲᠥᠷᠥᠯ ᠵᠦᠶ᠋ᠯ᠎ᠢᠶᠡᠷ ᠳᠠᠮᠵᠢᠭᠤᠯᠤᠨ  ᠵᠡᠮᠳᠡᠭ ᠪᠤᠶᠤ ᠬᠥᠳᠡᠯᠮᠦᠷᠢᠯᠡᠬᠦ᠌ ᠴᠢᠳᠠᠪᠤᠷᠢ ᠥᠬᠡᠶ ᠲᠠᠩᠰᠠᠯᠠᠭᠤᠯᠤᠨ  ᠺᠠᠷᠲ ᠪᠠᠢᠭᠤᠯᠤᠭᠰᠠᠨ 78 ᠶᠠᠳᠠᠭᠤ ᠬᠦᠴᠢᠷᠳᠡᠯᠲᠡᠶ ᠡᠷᠦᠬᠡ᠎ᠶ᠋ᠢᠨ ᠡᠷᠦᠬᠡ ᠪᠦᠷᠢ᠎ᠳᠦ ᠵᠢᠯ ᠪᠦᠷᠢ 3000 ᠲᠥᠭᠥᠷᠢᠭ᠎ᠦᠨ ᠠᠱᠢᠭ ᠣᠯᠭᠣᠵᠤ᠂ 20 ᠵᠢᠯ ᠲᠤᠭᠳᠠᠭᠤᠨ ᠵᠢᠡᠷ ᠠᠱᠢᠭ ᠬᠤᠪᠢᠶᠠᠷᠢᠯᠠᠪᠠ; 《ᠦᠬᠡᠷ ᠬᠣᠨᠢ᠎ᠶ᠋ᠢ ᠨᠠᠢᠳᠠᠨ ᠲᠡᠵᠢᠭᠡᠯᠭᠡᠵᠦ᠍ ᠨᠠᠢᠳᠠᠨ ᠬᠠᠮᠢᠶᠠᠷᠤᠭᠤᠯᠬᠤ》 ᠶᠠᠳᠠᠭᠤ ᠬᠦᠴᠢᠷᠳᠡᠯᠲᠡᠶ ᠡᠷᠦᠬᠡ᠎ᠶ᠋ᠢ ᠳᠠᠢᠴᠢᠯᠠᠨ ᠳᠠᠭᠠᠭᠤᠯᠬᠤ ᠵᠠᠭ᠍ᠪᠤᠷ᠎ᠢ ᠬᠡᠷᠡᠭ᠌ᠵᠢᠭᠦᠯᠵᠦ᠍᠂ ᠠᠩᠭᠢᠰ ᠱᠢᠯᠢᠳᠡᠭ ᠡᠭᠦᠯᠳᠡᠷ᠎ᠦᠨ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌᠎ᠶ᠋ᠢ ᠶᠡᠬᠡ ᠪᠡᠷ ᠬᠥᠭ᠌ᠵᠢᠭᠦᠯᠤᠨ᠂ 《ᠵᠠᠰᠠᠭ᠎ᠤᠨ ᠣᠷᠳᠣᠨ + ᠠᠵᠤ ᠠᠬᠤᠢᠯᠠᠯ (ᠬᠣᠷᠱᠢᠶ᠎ᠠ) + ᠲᠠᠩᠰᠠᠯᠠᠭᠤᠯᠤᠨ ᠺᠠᠷᠲ᠎ᠪᠠᠢᠭᠤᠯᠤᠭᠰᠠᠨ ᠡᠷᠦᠬᠡ》 ᠶ᠋ᠢᠨ 《ᠨᠠᠢᠳᠠᠨ ᠬᠠᠮᠢᠶᠠᠷᠤᠭᠤᠯᠬᠤ》ᠠᠷᠭ᠎ᠠ ᠬᠡᠯᠪᠡᠷᠢ᠎ᠶ᠋ᠢ ᠠᠪᠴᠤ᠌᠂ ᠪᠥᠬᠥ᠌ ᠪᠠᠯᠭᠠᠰᠤᠨ᠎ᠤ ᠲᠠᠩᠰᠠᠯᠠᠭᠤᠯᠤᠨ ᠺᠠᠷᠲ᠎ᠪᠠᠢᠭᠤᠯᠤᠭᠰᠠᠨ 40 ᠡᠷᠦᠬᠡ ᠳ᠋ᠤ ᠨᠡᠢᠲᠡ 66 ᠮᠢᠬᠠᠨ᠎ᠤ ᠦᠬᠡᠷ᠎ᠢ ᠨᠠᠢᠳᠠᠨ ᠬᠠᠮᠢᠶᠠᠷᠤᠭᠤᠯᠵᠤ᠂ ᠡᠷᠦᠬᠡ ᠳᠤᠮᠳᠠᠴᠢ᠎ᠵᠢᠨ ᠤᠷᠤᠯᠭ᠎ᠠ ᠵᠢ 3000 ᠲᠥᠭᠥᠷᠢᠭ ᠨᠡᠮᠡᠭ᠌ᠳᠡᠬᠦᠯᠵᠠᠢ᠃

ᠭᠠᠷ ᠤᠷᠠᠯᠠᠯ᠎ᠵᠢᠡᠷ ᠶᠠᠳᠠᠭᠤ᠎ᠶᠢ ᠲᠡᠳᠬᠦᠬᠦ ᠦᠢᠯᠡᠳᠪᠦᠷᠢ᠎ᠶᠢᠨ ᠲᠠᠰᠤᠭ᠎ᠵᠢᠡᠷ ᠶᠠᠳᠠᠭᠤ᠎ᠬᠦᠴᠢᠷᠳᠡᠯᠳᠡᠢ ᠡᠷᠦᠭᠡ ᠵᠢ ᠲᠠᠢᠴᠢᠯᠠᠬᠤ ᠵᠠᠬᠪᠤᠷ᠎ᠢ ᠯᠠᠪᠳᠠᠭᠤᠨ ᠪᠠᠲᠤᠲᠠᠢ ᠠᠬᠢᠭᠤᠯᠵᠦ᠂ ᠶᠠᠫᠤᠨ ᠮᠠᠶᠢᠭ᠎ᠤᠨ ᠴᠢᠷᠦᠬᠦᠯ ᠱᠠᠬᠠᠢ ᠦᠢᠯᠡᠳᠪᠦᠷᠢᠯᠡᠬᠦ᠂ ᠪᠤᠤ ᠴᠠᠩ ᠤᠳᠤᠮᠠᠯ ᠲᠠᠥᠯᠠᠢ᠎ᠵᠢ ᠡᠳ᠋ᠰᠢᠬᠦᠯᠤᠨ ᠪᠤᠯᠪᠠᠰᠤᠷᠠᠭᠤᠯᠬᠤ᠂ ᠬᠤᠪᠴᠠᠰᠦ ᠬᠤᠨᠠᠷ ᠡᠰᠭᠡᠬᠦ ᠵᠡᠷᠭᠡ 3 ᠶᠠᠳᠠᠭᠤ᠎ᠶᠢ ᠲᠡᠳᠬᠦᠬᠦ ᠦᠢᠯᠡᠳᠪᠦᠷᠢ᠎ᠶᠢᠨ ᠲᠠᠰᠤᠭ ᠨᠢ 200 ᠭᠠᠷᠤᠢ ᠶᠠᠳᠠᠭᠤ ᠬᠦᠴᠢᠷᠳᠡᠯᠲᠡᠢ ᠬᠦᠮᠦᠨ ᠠᠮᠠ᠎ᠶᠢᠨ ᠠᠵᠢᠯ ᠤᠯᠭᠤᠯᠲᠠ᠎ᠶᠢ ᠲᠠᠢᠴᠢᠯᠠᠵᠦ᠂ ᠬᠦᠮᠦᠨ ᠪᠦᠷᠢ᠎ᠶᠢᠨ ᠡᠳᠦᠷ ᠪᠤᠯᠭᠠᠨ᠎ᠤ ᠤᠷᠤᠯᠭ᠎ᠠ ᠵᠢ 100 ᠲᠦᠬᠦᠷᠢᠭ ᠤᠷᠴᠢᠮ᠎ᠳᠤ ᠬᠦᠷᠭᠡᠵᠡᠢ;ᠪᠡᠭᠡᠵᠢᠩ ᠦᠪᠦᠷ ᠮᠤᠩᠭᠤᠯ᠎ᠤᠨ ᠠᠵᠢᠯ ᠲᠦᠷᠦᠯ᠎ᠢᠶᠡᠷ ᠬᠠᠪᠰᠤᠷᠤᠨ ᠳᠡᠳᠬᠦᠬᠦ ᠶᠠᠳᠠᠭᠤ᠎ᠶᠢ ᠳᠡᠳᠬᠦᠬᠦ ᠵᠠᠬᠪᠤᠷ᠎ᠢ ᠢᠳᠡᠪᠬᠢᠲᠡᠢ ᠬᠡᠷᠡᠭᠵᠢᠬᠦᠯᠵᠦ᠂ ᠬᠦᠵᠡᠯᠵᠡᠭᠡᠨ᠎ᠡ᠎ᠶᠢᠨ ᠴᠢᠬᠢ ᠪᠤᠢᠵᠢᠭᠤᠯᠬᠤ ᠤᠨᠴᠠᠯᠢᠬᠲᠦ ᠠᠵᠦ ᠦᠢᠯᠡᠰ᠎ᠤᠨ ᠬᠦᠭᠵᠢᠯᠲᠡ᠎ᠶᠢᠨ ᠰᠢᠨ᠎ᠡ ᠵᠠᠮ᠎ᠢ ᠬᠠᠢᠵᠦ᠂ ᠪᠦᠬᠦ ᠪᠠᠯᠭᠠᠰᠤᠨ᠎ᠤ ᠶᠠᠳᠠᠭᠤ ᠬᠦᠴᠢᠷᠳᠡᠯᠲᠡᠢ ᠡᠷᠦᠭᠡ᠎ᠶᠢᠨ ᠶᠠᠳᠠᠭᠤ ᠡᠴᠡ ᠠᠩᠬᠢᠵᠢᠷᠠᠬᠤ᠂ ᠶᠠᠳᠠᠭᠤ ᠬᠦᠴᠢᠷᠳᠡᠯᠲᠡᠢ ᠲᠤᠰᠬᠤᠨ᠎ᠤ ᠡᠩᠨᠡᠭᠡᠨ ᠡᠴᠡ ᠭᠠᠷᠬᠤ᠎ᠶᠢ ᠪᠦᠲᠦᠮᠵᠢᠲᠡᠢ ᠠᠬᠢᠭᠤᠯᠪᠠ᠃

ᠴᠢᠶᠠᠨ ᠵᠢᠨ ᠭᠸᠥ ᠪᠠᠯᠭᠠᠰᠦ ᠪᠤᠯ ᠤᠯᠠᠮᠵᠢᠯᠠᠯᠲᠦ ᠱᠠᠰᠢᠨ ᠰᠤᠷᠲᠠᠬᠤᠨ᠎ᠤ ᠲᠦᠪᠯᠡᠷᠡᠭᠰᠡᠨ ᠤᠷᠤᠨ ᠪᠠᠢᠵᠦ᠂ ᠲᠤᠰᠬᠤᠨ᠎ᠤ ᠨᠠᠮ᠎ᠤᠨ ᠡᠬᠦᠷ ᠨᠢ ᠦᠨᠳᠦᠰᠦᠨ ᠱᠠᠲᠦᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠎ᠢ ᠰᠠᠢᠲᠤᠷ ᠬᠢᠬᠦ ᠪᠤᠯᠤᠨ ᠱᠠᠰᠢᠨ ᠰᠤᠷᠲᠠᠬᠤᠨ᠎ᠤ ᠬᠡᠷᠡᠭ ᠶᠠᠪᠤᠳᠠᠯ᠎ᠢ ᠰᠢᠢᠳᠪᠦᠷᠢᠯᠡᠬᠦ ᠬᠤᠶᠠᠷ ᠶᠡᠬᠡ ᠡᠬᠦᠷᠭᠡ᠎ᠶᠢ ᠡᠬᠦᠷᠭᠡᠯᠡᠵᠦ ᠪᠠᠢᠳᠠᠭ᠃ ᠪᠠᠯᠭᠠᠰᠤᠨ᠎ᠤ ᠨᠠᠮ᠎ᠤᠨ ᠬᠤᠷᠢᠶ᠎ᠠ ᠨᠠᠮ᠎ᠤᠨ ᠪᠠᠢᠭᠤᠯᠤᠯᠲᠠ᠎ᠶᠢᠨ ᠠᠵᠢᠯ᠎ᠢ ᠬᠦᠳᠡᠭᠡ ᠲᠤᠰᠬᠤᠨ᠎ᠤ ᠦᠨᠳᠦᠰᠦᠨ ᠱᠠᠲᠦᠨ᠎ᠤ ᠵᠤᠬᠢᠶᠠᠨ ᠪᠠᠢᠭᠤᠯᠤᠯᠲᠠ᠎ᠶᠢᠨ ᠴᠢᠬᠤᠯᠠ ᠪᠦᠷᠢᠯᠳᠦᠬᠦᠨ ᠬᠡᠰᠡᠭ ᠪᠤᠯᠭᠠᠵᠦ᠂ 《ᠲᠠᠪᠤᠨ ᠰᠠᠢᠨ》 ᠲᠤᠰᠬᠤᠨ᠎ᠤ ᠨᠠᠮ᠎ᠤᠨ ᠵᠤᠬᠢᠶᠠᠨ ᠪᠠᠢᠭᠤᠯᠤᠯᠲᠠ᠎ᠶᠢ ᠡᠬᠦᠳᠦᠨ ᠪᠠᠢᠭᠤᠯᠬᠤ ᠪᠡᠷ ᠬᠠᠷᠠᠯᠲᠠ ᠪᠤᠯᠭᠠᠵᠦ᠂ ᠬᠦᠳᠡᠭᠡ ᠲᠤᠰᠬᠤᠨ᠎ᠤ ᠡᠷᠡᠰ ᠴᠢᠩᠭ᠎ᠠ ᠨᠠᠮ᠎ᠤᠨ ᠡᠬᠦᠷ᠎ᠤᠨ ᠪᠠᠭ᠎ᠢ ᠢᠳᠡᠪᠬᠢᠲᠡᠢ ᠪᠠᠢᠭᠤᠯᠵᠦ᠂ ᠬᠦᠳᠡᠭᠡ ᠲᠤᠰᠬᠤᠨ᠎ᠤ ᠨᠠᠮ᠎ᠤᠨ ᠵᠤᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ᠎ᠶᠢᠨ ᠪᠠᠢᠷᠢ ᠰᠠᠭᠤᠷᠢ᠎ᠶᠢ ᠪᠡᠬᠢᠵᠢᠬᠦᠯᠦᠨ ᠬᠦᠭᠵᠢᠬᠦᠯᠵᠦ᠂ ᠨᠢᠬᠲᠠᠷᠠᠭᠤᠯᠬᠤ ᠬᠦᠴᠦᠨ ᠪᠠ ᠲᠠᠢᠴᠢᠨ ᠬᠦᠴᠦᠨ᠎ᠢ ᠴᠢᠩᠭᠠᠷᠠᠭᠤᠯᠵᠠᠢ᠃ ᠪᠠᠭ᠎ᠢ ᠰᠤᠩᠭᠤᠨ ᠲᠤᠬᠢᠷᠠᠭᠤᠯᠬᠤ ᠲᠠᠯ᠎ᠠ ᠪᠡᠷ᠂ ᠤᠯᠤᠰ ᠲᠦᠷᠦ᠎ᠶᠢᠨ ᠵᠤᠬᠰᠤᠯᠲᠠ ᠡᠷᠡᠰ ᠪᠠᠳᠦ᠂ ᠤᠯᠠᠨ ᠲᠦᠮᠡᠨ᠎ᠤ ᠨᠡᠢᠳᠡᠮ ᠦᠨᠡᠮᠰᠢᠯ᠎ᠢ ᠤᠯᠤᠬᠰᠠᠨ᠂ ᠳᠡᠭᠡᠳᠦ ᠱᠠᠲᠦᠨ᠎ᠤ ᠵᠤᠬᠢᠶᠠᠨ ᠪᠠᠢᠭᠤᠯᠤᠯᠲᠠ᠎ᠶᠢ ᠰᠡᠳᠬᠢᠯ ᠠᠮᠤᠷ ᠪᠠᠢᠯᠭᠠᠬᠤ ᠬᠦᠮᠦᠨ᠎ᠢ ᠨᠠᠮ᠎ᠤᠨ ᠡᠬᠦᠷ᠎ᠤᠨ ᠱᠦᠵᠢ᠎ᠶᠢᠨ ᠠᠵᠢᠯ᠎ᠤᠨ ᠪᠠᠢᠷᠢᠨ᠎ᠳᠤ ᠲᠡᠪᠰᠢᠬᠦᠯᠬᠦ᠎ᠶᠢ ᠪᠠᠷᠢᠮᠳᠠᠯᠠᠵᠦ᠂ ᠲᠤᠰᠬᠤᠨ᠎ᠳᠤ ᠬᠦᠴᠦᠷᠭᠡᠭ 《ᠬᠤᠰᠢᠭᠤᠴᠢ ᠭᠠᠯᠠᠭᠤ》 ᠎ᠶ᠋ᠢ ᠲᠤᠬᠢᠷᠠᠭᠤᠯᠬᠤ᠎ᠶᠢᠨ ᠬᠠᠮᠳᠦ᠂  ᠪᠠᠬ᠎ᠤᠨ ᠪᠦᠷᠢᠯᠳᠦᠬᠦᠨ ᠨᠤᠬᠦᠳ ᠡᠷᠡᠰ ᠪᠠᠲᠦ ᠨᠠᠮᠴᠢ ᠴᠢᠨᠠᠷ᠎ᠤᠨ ᠵᠠᠷᠴᠢᠮ ᠲᠠᠢ ᠪᠠᠢᠬᠤ  ᠪᠠ ᠵᠦᠪ ᠤᠨᠤᠪᠴᠢᠲᠠᠢ ᠪᠡᠷ ᠱᠠᠰᠢᠨ ᠰᠤᠷᠲᠠᠬᠤᠨ᠎ᠤ ᠬᠡᠷᠡᠭ ᠶᠠᠪᠤᠳᠠᠯ᠎ᠢ ᠰᠢᠢᠳᠪᠦᠷᠢᠯᠡᠬᠦ ᠴᠢᠳᠠᠪᠤᠷᠢ ᠲᠠᠢ ᠪᠠᠢᠬᠤ᠎ᠶᠢ ᠱᠠᠭᠠᠷᠳᠠᠵᠦ᠂ ᠨᠤᠲᠤᠭ ᠲᠠᠭᠠᠨ ᠪᠤᠴᠠᠬᠰᠠᠨ ᠤᠶᠤᠲᠠᠳ᠂ ᠴᠡᠷᠢᠭ ᠡᠴᠡ ᠬᠠᠯᠠᠬᠳᠠᠬᠰᠠᠳ᠂ ᠰᠢᠯᠢᠳᠡᠭ ᠵᠠᠯᠠᠭᠤᠴᠤᠳ᠎ᠤᠨ ᠳᠤᠮᠲᠠ ᠡᠴᠡ ᠨᠠᠮ᠎ᠳᠤ ᠤᠷᠤᠬᠤ ᠢᠳᠡᠪᠬᠢᠲᠡᠨ᠎ᠢ ᠬᠦᠮᠦᠵᠢᠬᠦᠯᠵᠦ᠂ ᠲᠤᠰᠬᠤᠨ᠎ᠤ ᠨᠠᠮ᠎ᠤᠨ ᠡᠬᠦᠷ᠎ᠲᠤ ᠰᠢᠨ᠎ᠡ ᠬᠦᠴᠦᠨ᠎ᠢ  ᠨᠦᠬᠦᠪᠦᠷᠢᠯᠡᠵᠦ᠂ ᠲᠤᠰ ᠭᠠᠵᠠᠷ ᠤᠷᠤᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠴᠢᠨᠠᠷ ᠴᠢᠨᠰᠠᠭ᠎ᠠ ᠪᠤᠯᠤᠨ ᠬᠢᠷᠢ ᠲᠦᠪᠰᠢᠨ᠎ᠢ ᠬᠦᠴᠦᠲᠡᠢ ᠳᠡᠭᠡᠭᠰᠢᠯᠡᠬᠦᠯᠪᠡ᠃

ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠰᠢᠨ᠎ᠡ  ᠲᠡᠭᠳᠡᠷ ᠲᠸ᠋ ᠭᠠᠷᠭᠠᠵᠤ᠂ ᠦᠨᠳᠦᠷ ᠲᠦᠪᠱᠢᠨ᠎ᠳᠦ ᠬᠦᠷᠭᠡᠬᠦ᠎ᠶ᠋ᠢᠨ ᠲᠥᠯᠥᠭᠡ᠂ ᠪᠠᠯᠭᠠᠰᠤᠨ᠎ᠤ ᠨᠠᠮ᠎ᠤᠨ ᠬᠣᠷᠢᠶ᠎ᠠ ᠨᠢ ᠲᠣᠰᠭᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ 《ᠣᠳᠣᠨ ᠲᠠᠰ᠎ᠤᠨ ᠬᠠᠮᠢᠶᠠᠷᠤᠯᠲᠠ》᠂ 《ᠲᠤᠤᠷᠵᠢᠭᠤᠯᠤᠭ᠍ᠰᠠᠨ ᠬᠠᠮᠢᠶᠠᠷᠤᠯᠲᠠ》 ᠂ 《ᠬᠠᠮᠤᠭ᠎ᠤᠨ ᠴᠢᠩᠭ᠎ᠠ ᠨᠠᠮ᠎ᠤᠨ ᠡᠭᠦᠷ》 ᠤ᠋ᠨ ᠪᠠᠢᠭᠤᠯᠤᠯᠲᠠ᠎ᠶ᠋ᠢ ᠬᠡᠷᠡᠭ᠌ᠵᠢᠭᠦᠯᠪᠡ᠃ ᠪᠠᠯᠭᠠᠰᠤ ᠂ ᠲᠣᠰᠭᠣᠨ᠂ ᠬᠣᠷᠱᠢᠶ᠎ᠠ ᠳᠤᠭᠤᠢᠯᠠᠩ ᠭᠤᠷᠪᠠᠨ ᠱᠠᠲᠤᠨ᠎ᠤ ᠲᠤᠤᠷᠵᠢᠯ ᠪᠠᠢᠭᠤᠯᠤᠨ᠂ ᠪᠥᠬᠥ᠌ ᠪᠠᠯᠭᠠᠰᠤ᠎ᠪᠠᠷ᠎ᠢᠶᠠᠨ 100 ᠲᠤᠤᠷᠵᠢᠯ ᠬᠤᠪᠢᠶᠠᠨ᠂ 100 ᠲᠤᠤᠷᠵᠢᠯ᠎ᠤᠨ ᠳᠠᠷᠤᠭ᠎ᠠ ᠪᠠ 202 ᠲᠤᠤᠷᠵᠢᠯ᠎ᠤᠨ ᠠᠵᠢᠯᠲᠠᠨ᠎ᠢ ᠳᠣᠭᠢᠷᠠᠭᠤᠯᠵᠤ᠂ ᠲᠤᠤᠷᠵᠢᠭᠤᠯᠤᠭ᠍ᠰᠠᠨ ᠵᠠᠰᠠᠯᠲᠠ᠎ᠶ᠋ᠢ ᠪᠥᠬᠥ᠌ ᠲᠠᠯ᠎ᠠ᠎ᠪᠠᠷ ᠥᠷᠨᠢᠭᠦᠯᠪᠠ᠃ 《ᠲᠣᠰᠭᠣᠨ᠎ᠤ ᠲᠦᠷᠢᠮ ᠠᠷᠠᠳ᠎ᠤᠨ ᠭᠡᠷ᠎ᠡ》 ᠎ᠶ᠋ᠢ ᠵᠠᠰᠠᠬᠤ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠡᠨᠡ ᠨᠢ ᠪᠥᠬᠥ᠌ ᠪᠠᠯᠭᠠᠰᠤᠨ᠎ᠤ 37 ᠵᠠᠰᠠᠭ ᠵᠠᠬᠢᠷᠭᠠᠨ᠎ᠤ ᠲᠣᠰᠭᠣᠨ᠎ᠢ ᠬᠠᠮᠤᠷᠪᠠ᠃ ᠲᠣᠰᠭᠣᠨ᠎ᠤ ᠬᠠᠮᠲᠤ᠎ᠶ᠋ᠢᠨ᠎ᠠᠵᠤ ᠠᠬᠤᠶ᠎ᠶ᠋ᠢᠨ《ᠴᠡᠪᠡᠷᠯᠡᠨ ᠠᠷᠢᠯᠭᠠᠬᠤ ᠠᠬᠢᠨ ᠨᠡᠮᠡᠭ᠌ᠳᠡᠭᠦᠯᠬᠦ᠌ 》 ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠡᠯ᠎ᠡ ᠲᠣᠰᠭᠣᠨ᠎ᠢ ᠬᠥᠲᠥᠯᠥᠨ ᠵᠢᠯᠣᠭᠣᠳᠴᠤ᠌ ᠪᠠᠢᠭᠠᠳ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠶ᠋ᠢ ᠶᠡᠬᠡ ᠪᠡᠷ ᠬᠦᠭᠵᠢᠬᠦᠯᠪᠡ᠃ 2020 ᠣᠨ᠎ᠤ ᠡᠴᠦᠰ ᠪᠣᠯᠲᠠᠯ᠎ᠠ ᠂ ᠪᠥᠬᠥ᠌ ᠪᠠᠯᠭᠠᠰᠤᠨ᠎ᠤ 37 ᠵᠠᠰᠠᠭ ᠵᠠᠬᠢᠷᠭᠠᠨ᠎ᠤ ᠲᠣᠰᠭᠣᠨ ᠪᠦᠬᠦᠨ᠎ᠢᠶᠡᠷ᠎ᠢᠶᠡᠨ ᠬᠠᠮᠲᠤ᠎ᠶ᠋ᠢᠨ ᠠᠵᠤ ᠠᠬᠤᠶ᠎ᠶ᠋ᠢᠨ ᠣᠷᠣᠯᠭ᠎ᠠ᠎ᠲᠠᠶ ᠪᠣᠯᠵᠣ᠂ ᠡᠭᠦᠨ᠎ᠳᠦ ᠬᠠᠮᠲᠤ᠎ᠶ᠋ᠢᠨ ᠠᠵᠤ ᠠᠬᠤᠶ᠎ᠶ᠋ᠢᠨ ᠣᠷᠣᠯᠭ᠎ᠠ ᠨᠢ 15 ᠲᠦᠮᠡᠨ ᠲᠥᠭᠥᠷᠢᠭ᠎ᠡᠴᠡ ᠳᠡᠭᠡᠭ᠌ᠰᠢᠬᠢ ᠲᠣᠰᠭᠣᠨ 6 ᠪᠠᠢᠵᠤ᠂ ᠪᠤᠰᠤᠳ 31 ᠲᠣᠰᠭᠣᠨ᠎ᠤ ᠬᠠᠮᠲᠤ᠎ᠶ᠋ᠢᠨ᠎ᠠᠵᠤ ᠠᠬᠤᠶ᠎ᠶ᠋ᠢᠨ ᠣᠷᠣᠯᠭ᠎ᠠ ᠨᠢ ᠴᠥᠮ 7 ᠲᠦᠮᠡᠨ ᠲᠥᠭᠥᠷᠢᠭ᠎ᠡᠴᠡ ᠳᠡᠭᠡᠭ᠌ᠰᠢ ᠪᠣᠯᠵᠠᠶ᠃

ᠪᠣᠳᠠᠲᠠᠢ ᠠᠵᠢᠯ᠎ᠤᠨ ᠳᠤᠮᠳᠠ᠂  ᠴᠢᠶᠠᠨ ᠵᠢᠨ ᠭᠸᠤ ᠪᠠᠯᠭᠠᠰᠤᠨ᠎ᠤ ᠨᠠᠮ᠎ᠤᠨ ᠬᠣᠷᠢᠢ᠎ᠠ 《ᠨᠠᠮ᠎ᠤᠨ ᠪᠠᠢᠭᠤᠯᠤᠯᠲᠠ ᠵᠢ ᠪᠡᠬᠢᠵᠢᠬᠦᠯᠬᠦ᠎ᠪᠠᠷ ᠬᠥᠭ᠌ᠵᠢᠯᠲᠡ᠎ᠶ᠋ᠢ ᠠᠬᠢᠭᠤᠯᠬᠤ᠂ ᠺᠠᠳ᠋ᠷ ᠤᠯᠠᠨ ᠲᠦᠮᠡᠨ ᠰᠡᠳᠭᠢᠯ ᠨᠢᠭᠡᠳᠦᠨ ᠶᠡᠬᠡ ᠦᠢᠯᠡᠰ ᠪᠦᠳᠦᠭᠡᠬᠦ》ᠠᠵᠢᠯ᠎ᠤᠨ ᠰᠡᠳᠭᠢᠴᠡ᠎ᠵᠢᠨ ᠲᠣᠭᠣᠷᠢᠨ᠎ᠳᠤ᠂ ᠪᠠᠯᠭᠠᠰᠤᠨ᠎ᠤ ᠨᠠᠮ᠎ᠤᠨ ᠬᠣᠷᠢᠶᠠᠨ᠎ᠤ ᠱᠦᠵᠢ ᠪᠦᠬᠦ᠌ ᠪᠠᠯᠭᠠᠰᠤᠨ᠎ᠤ ᠨᠠᠮ᠎ᠤᠨ ᠪᠠᠢᠭᠤᠯᠤᠯᠲᠠ᠎ᠶ᠋ᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ᠎ᠶ᠋ᠢ ᠲᠣᠳᠣᠷᠬᠠᠢᠯᠠᠵᠤ᠂ ᠨᠠᠮ᠎ᠤᠨ ᠬᠣᠷᠢᠶᠠᠨ᠎ᠤ ᠠᠵᠢᠯ᠎ᠤᠨ ᠡᠯ᠎ᠡ ᠵᠦᠢᠯ᠎ᠦᠨ ᠲᠦᠷᠢᠮ᠎ᠢ ᠲᠡᠭᠦᠯᠳᠡᠷᠵᠢᠭᠦᠯᠵᠦ᠍᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠬᠤ ᠰᠠᠢ᠌ᠨ ᠰᠠᠢᠬᠠᠨ ᠠᠵᠢᠯ᠎ᠤᠨ ᠰᠤᠷᠲᠠᠯ᠎ᠢ ᠦᠨᠡᠨ ᠬᠦ᠌ ᠪᠦᠷᠢᠯᠳᠦᠭᠦᠯᠪᠡ᠃ ᠪᠥᠬᠥ᠌ ᠪᠠᠯᠭᠠᠰᠤᠨ᠎ᠤ ᠨᠠᠮ᠎ᠤᠨ ᠭᠡᠱᠢᠭᠦᠨ ᠺᠠᠳ᠋ᠷ ᠴᠢᠨᠡᠭᠡᠯᠢᠭ ᠨᠡᠢᠭᠡᠮ᠎ᠢ ᠪᠥᠬᠥ᠌ ᠲᠠᠯ᠎ᠠ᠎ᠪᠠᠷ ᠪᠡᠶᠡᠯᠡᠭᠦᠯᠬᠦ᠌ ᠱᠢᠶ᠋ᠳᠪᠦᠷᠢᠲᠦ ᠢᠯᠠᠯᠲᠠ᠎ᠶ᠋ᠢ ᠤᠯᠬᠤ ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠡᠷᠭᠡ ᠠᠵᠢᠯ᠎ᠤᠨ ᠳᠤᠮᠳᠠ ᠢᠳᠡᠪᠬᠢᠲᠡᠶ ᠬᠥᠳᠡᠯᠦᠯᠴᠡᠵᠦ᠍᠂ ᠦᠳᠲᠡᠷ ᠲᠦᠷᠭᠡᠨ ᠴᠤᠤᠷᠢᠶᠠᠳᠤᠨ ᠳᠠᠭᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠢᠴᠢᠨ ᠪᠡᠬᠢᠯᠡᠯᠲᠡ᠎ᠶ᠋ᠢᠨ ᠦᠢᠯᠡᠳᠦᠯ ᠪᠣᠯᠤᠨ ᠨᠠᠮ᠎ᠤᠨ ᠭᠡᠱᠢᠭᠦᠨ ᠺᠠᠳ᠋ᠷ᠎ᠤᠨ ᠬᠣᠱᠢᠭᠤᠴᠢ ᠵᠢᠱ᠌ᠢᠶᠡᠴᠢ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠵᠠᠩᠭᠢᠯᠠᠭ᠎ᠠ᠎ᠶ᠋ᠢᠨ ᠦᠶ᠎ᠡ᠎ᠳᠦ ᠯᠠᠪᠳᠠᠭᠤᠨ ᠲᠤᠯᠵᠤ᠂ ᠰᠠᠢᠳᠤᠷ ᠬᠢᠵᠦ᠂ ᠢᠯᠡᠳᠲᠡ ᠠᠮᠵᠢᠯᠲᠠ ᠣᠯᠤᠭ᠍ᠰᠠᠨ ᠪᠠᠢᠨ᠎ᠠ᠃ ᠡᠭᠦᠨ᠎ᠦ ᠬᠠᠮᠲᠤ᠂ 《ᠬᠣᠶᠠᠷ ᠬᠠᠷᠢᠭᠤᠴᠠᠯᠭ᠎ᠠ》 ᠪᠠ 《ᠨᠢᠭᠡ ᠠᠵᠢᠯ᠎ᠤᠨ ᠪᠠᠢᠷᠢ᠎ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠌》 ᠶ᠋ᠢ ᠴᠢᠩᠭ᠎ᠠ ᠨᠠᠢᠳᠠᠪᠤᠷᠢᠵᠢᠭᠤᠯᠵᠤ᠂ ᠳᠡᠭᠡᠳᠦ ᠳᠤᠤᠷᠠᠳᠤ ᠱᠠᠲᠤ ᠢᠵᠢ ᠪᠥᠷᠢᠳᠦᠭ᠌ᠰᠡᠨ᠂ ᠪᠦᠯᠬᠦᠮᠳᠡᠨ ᠬᠠᠮᠵᠢᠯᠴᠠᠭ᠍ᠰᠠᠨ ᠵᠣᠬᠢᠶᠠᠨ ᠪᠠᠢᠭᠤᠯᠤᠯᠲᠠ᠎ᠶ᠋ᠢᠨ ᠲᠤᠤᠷ᠎ᠢ ᠪᠠᠢᠭᠤᠯᠵᠤ᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠶᠠᠰᠤ ᠴᠢᠨᠠᠷ ᠪᠠ ᠬᠢᠷᠢ ᠲᠦᠪᠱᠢᠨ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠪᠡ᠃

ᠭᠡᠷᠡᠯ ᠰᠠᠴᠤᠷᠠᠩᠭᠤᠶ ᠠᠮᠵᠢᠯᠲᠠ ᠵᠢ ᠬᠦᠯᠢᠶᠡᠵᠦ ᠪᠠᠢᠭᠠᠳ ᠤᠯᠳᠠᠭ ᠪᠢᠰᠢ᠂ ᠬᠠᠷᠢᠨ ᠴᠢᠷᠮᠠᠢᠨ ᠲᠡᠮᠡᠴᠡᠵᠦ ᠪᠠᠢᠮᠠᠨ ᠤᠯᠳᠠᠭ᠃ ᠤᠢ᠍ᠢᠷ᠎ᠠ᠎ᠶ᠋ᠢᠨ ᠵᠢᠯ᠎ᠳᠦ᠂ ᠴᠢᠶᠠᠨ ᠵᠢᠨ ᠭᠸᠤ ᠪᠠᠯᠭᠠᠰᠤᠨ᠎ᠤ ᠨᠠᠮ᠎ᠤᠨ ᠬᠣᠷᠢᠢ᠎ᠠ ᠱᠢᠯᠢ᠎ᠶ᠋ᠢᠨ ᠭᠣᠣᠯ ᠠᠢᠮᠠᠭ᠎ᠤᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠢ ᠲᠡᠮᠡᠴᠡᠯ᠎ᠦᠨ ᠤᠳᠤᠷᠢᠳᠭᠤ ᠳᠤᠭᠤᠢᠯᠠᠩ᠎ᠳᠤ 《2018 ᠣᠨ᠎ᠤ ᠪᠦᠬᠦ᠌ ᠠᠢᠮᠠᠭ᠎ᠤᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠢ ᠲᠡᠮᠡᠴᠡᠯ᠎ᠦᠨ ᠲᠡᠷᠢᠭᠦᠨ᠎ᠦ ᠬᠠᠮᠲᠤ》 ᠪᠡᠷ ᠦᠨᠡᠯᠡᠭ᠌ᠳᠡᠪᠡ; 2021 ᠣᠨ᠎ᠳᠤ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠢ᠎ᠠ᠎ᠡᠴᠡ 《ᠪᠦᠬᠦ᠌ ᠤᠯᠤᠰ᠎ᠤᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠲᠡᠷᠢᠭᠦᠨ᠎ᠦ ᠬᠠᠮᠲᠤ》 ᠵᠢᠨ ᠢᠷᠠᠭᠤ ᠠᠯᠳᠠᠷ᠎ᠤᠨ ᠴᠣᠯᠠ ᠣᠯᠭᠣᠪᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号