ᠮᠥᠩᠭᠥᠨ ᠭᠦᠶ᠋ᠯᠭᠡᠭᠡᠨ᠎ᠢᠶᠡᠷ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ᠎ᠳᠤ ᠬᠦᠴᠦᠨ ᠨᠡᠮᠡᠷᠢᠯᠡᠨ᠎ᠡ
2021-11-09 09:20:27
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠮᠥᠩᠭᠥᠨ ᠭᠦᠶ᠋ᠯᠭᠡᠭᠡᠨ᠎ᠦ ᠠᠵᠢᠯ᠎ᠤᠨ ᠠᠯᠪᠠᠨ ᠬᠡᠷ᠎ᠡᠴᠡ ᠬᠠᠮᠢᠶ᠎ᠠ ᠪᠥᠬᠥᠶ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢ ᠵᠣᠬᠢᠶᠠᠨ ᠪᠠᠢᠭᠤᠯᠵᠤ ᠥᠪᠥᠷ ᠮᠣᠩᠭᠣᠯ᠎ᠤᠨ ᠡᠨᠧᠷᠭᠢ᠎ᠶ᠋ᠢᠨ ᠪᠦᠳᠦᠭᠡᠨ ᠪᠠᠢᠭᠤᠯᠤᠯᠳᠡ᠎ᠶᠢᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠳᠦ ᠬᠦᠷᠴᠤ ᠪᠠᠢᠴᠠᠭᠠᠨ ᠰᠤᠳᠤᠯᠤᠯᠲᠠ ᠬᠢᠵᠦ᠍᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ᠎ᠳᠤ ᠵᠠᠰᠠᠭ᠎ᠤᠨ ᠣᠷᠳᠣᠨ ᠮᠥᠩᠭᠥᠨ ᠭᠦᠶ᠋ᠯᠭᠡᠭᠡ ᠠᠵᠤ ᠠᠬᠤᠢᠯᠠᠯ᠎ᠢ ᠵᠣᠯᠭᠠᠭᠤᠯᠤᠨ ᠵᠣᠬᠢᠴᠠᠭᠤᠯᠬᠤ ᠬᠤᠷᠠᠯ᠎ᠬᠤᠷᠠᠯᠳᠤᠭᠤᠯᠵᠤ᠂ ᠨᠡᠭᠦᠷᠡᠰᠦ ᠴᠠᠬᠢᠯᠭᠠᠨ᠎ᠤ ᠠᠵᠤ ᠠᠬᠤᠢᠯᠠᠯ᠎ᠤᠨ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠪᠡᠨ ᠪᠡᠶᠡᠯᠡᠭᠦᠯᠬᠦ᠌᠎ᠶ᠋ᠢ ᠪᠠᠲᠤᠯᠠᠬᠤ᠎ᠳᠤ ᠮᠥᠩᠭᠥᠨ ᠭᠦᠶ᠋ᠯᠭᠡᠭᠡᠨ᠎ᠦ ᠬᠦᠴᠦᠨ ᠨᠡᠮᠡᠷᠢᠯᠡᠪᠡ᠃

ᠡᠯ᠎ᠡ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠨᠢ ᠬᠠᠮᠢᠶ᠎ᠠ ᠪᠥᠬᠥᠶ ᠲᠥᠷᠥᠯ ᠵᠦᠶ᠋ᠯ᠎ᠢ ᠬᠢᠨᠠᠨ ᠵᠥᠪᠱᠢᠶᠡᠷᠡᠵᠦ᠍ ᠨᠠᠢᠳᠠᠪᠤᠷᠢᠵᠢᠭᠤᠯᠬᠤ ᠠᠬᠢᠴᠠ᠎ᠶ᠋ᠢ ᠢᠳᠡᠪᠬᠢᠲᠡᠶ᠎ᠪᠡᠷ ᠠᠬᠢᠭᠤᠯᠵᠤ᠂ ᠥᠪᠥᠷ ᠮᠣᠩᠭᠣᠯ᠎ᠤᠨ ᠡᠨᠧᠷᠭᠢ᠎ᠶ᠋ᠢᠨ ᠪᠦᠳᠦᠭᠡᠨ ᠪᠠᠢᠭᠤᠯᠤᠯᠳᠡ᠎ᠶᠢᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠪᠡᠨ ᠪᠡᠶᠡᠯᠡᠭᠦᠯᠬᠦ᠌᠎ᠶᠢ ᠪᠦᠬᠦ ᠬᠦᠴᠦᠨ᠎ᠢᠶᠡᠷ᠎ᠢᠶᠡᠨ ᠪᠠᠲᠤᠯᠠᠨ᠎ᠠ ᠭᠡᠵᠦ᠍ ᠢᠯᠡᠳᠭᠡᠵᠡᠬᠡᠪᠡ᠃

ᠲᠠᠷᠠᠭᠠᠴᠢ᠎ᠪᠡᠷ᠂ ᠥᠪᠡᠷᠲᠡᠭᠡᠨ ᠵᠠᠰᠠᠬᠤ ᠣᠷᠣᠨ᠎ᠤ ᠮᠥᠩᠭᠥᠨ ᠭᠦᠶ᠋ᠯᠭᠡᠭᠡᠨ᠎ᠦ ᠠᠵᠢᠯ᠎ᠤᠨ ᠠᠯᠪᠠᠨ ᠬᠡᠷ᠎ᠡᠴᠡ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠬᠠᠳᠠᠭᠠᠯᠠᠯᠲᠠ᠎ᠶ᠋ᠢᠨ ᠬᠡᠮᠵᠢᠶ᠎ᠡ᠎ᠶᠢ ᠪᠠᠳᠤᠯᠠᠬᠤ᠂ ᠨᠡᠮᠡᠭ᠌ᠳᠡᠯ᠎ᠢ ᠠᠬᠢᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢᠨ ᠲᠣᠭᠣᠷᠢᠨ᠎ᠳᠤ ᠬᠦᠴᠦᠨ᠎ᠵᠢᠡᠨ ᠲᠦᠪᠯᠡᠷᠡᠬᠦᠯᠵᠤ᠂ ᠡᠨᠧᠷᠭᠢ᠎ᠶ᠋ᠢᠨ ᠠᠮᠤᠷ ᠲᠦᠪᠱᠢᠨ᠎ᠦ ᠬᠠᠩᠭᠠᠯᠭ᠎ᠠ᠎ᠶ᠋ᠢ ᠪᠠᠲᠤᠯᠠᠬᠤ ᠪᠠ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠡᠯᠪᠡᠷᠢ ᠲᠡᠢᠰᠢ ᠬᠤᠪᠢᠷᠠᠭᠤᠯᠬᠤ ᠮᠥᠩᠭᠥᠨ ᠎ᠭᠦᠶ᠋ᠯᠭᠡᠭᠡᠨ ᠎ᠦ ᠎ᠳᠡᠮᠵᠢᠯᠭᠡ ᠎ᠶ᠋ᠢ ᠭᠤᠤᠯᠳᠠᠯᠭ᠎ᠠ᠎ᠲᠠᠶ ᠨᠡᠮᠡᠭ᠌ᠳᠡᠭᠦᠯᠵᠦ᠍᠂ ᠮᠥᠩᠭᠥᠨ ᠭᠦᠶ᠋ᠯᠭᠡᠭᠡᠨ᠎ᠦ  ᠡᠬᠢ  ᠪᠠᠶᠠᠯᠢᠭ᠎ᠤᠨ ᠲᠣᠬᠢᠷᠠᠭᠤᠯᠤᠯᠲᠠ᠎ᠪᠠᠷ ᠠᠵᠤ ᠦᠶ᠋ᠯᠡᠰ᠎ᠦᠨ ᠪᠦᠲᠦᠴᠡ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠬᠥᠲᠥᠯᠥᠨ ᠳᠠᠭᠠᠭᠤᠯᠵᠤ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠲᠥᠷᠥ᠎ᠶ᠋ᠢᠨ ᠪᠣᠳᠣᠯᠭ᠎ᠠ᠎ᠶ᠋ᠢᠨ ᠵᠠᠩᠬᠢᠯᠠᠭ᠎ᠠ᠎ᠶᠢᠨ ᠬᠤᠭᠤᠴᠠᠭ᠎ᠠ ᠪᠣᠯᠤᠨ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢᠨ ᠠᠵᠠ ᠲᠣᠬᠢᠶᠠᠯᠳᠤ ᠬᠤᠭᠤᠴᠠᠭ᠎ᠠ᠎ᠶ᠋ᠢ ᠰᠠᠢᠲᠤᠷ ᠠᠰᠢᠬᠯᠠᠵᠤ᠂ ᠵᠠᠰᠠᠭ᠎ᠤᠨ ᠣᠷᠳᠣᠨ ᠮᠥᠩᠭᠥᠨ ᠭᠦᠶ᠋ᠯᠭᠡᠭᠡ ᠠᠵᠤ ᠠᠬᠤᠢᠯᠠᠯ᠎ᠢ  ᠵᠣᠯᠭᠠᠭᠤᠯᠬᠤ᠎ᠶᠢ ᠠᠬᠢᠭᠤᠯᠵᠤ᠂ ᠬᠠᠮᠲᠤ᠎ᠪᠠᠷ ᠠᠱᠢᠭ  ᠬᠦᠷᠳᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号