ᠰᠤᠷᠪᠤᠯᠵᠢᠯᠠᠬᠴᠢ ᠲᠦᠷᠦᠭᠦᠭᠡᠨ ᠬᠤᠷᠠᠯᠳᠤᠬᠰᠠᠨ ᠦᠪᠡᠷᠲᠡᠭᠡᠨ ᠵᠠᠰᠬᠠᠤ ᠤᠷᠤᠨ ᠤ᠋《ᠨᠠᠢ᠍ᠮᠠᠳᠤᠭᠠᠷ ᠲᠠᠪᠤᠨ
ᠵᠢᠯ》 ᠤ᠋ᠨ ᠬᠠᠤᠯᠢ ᠲᠦᠭᠡᠮᠡᠯᠵᠢᠭᠦᠯᠬᠦ
ᠲᠦᠯᠦᠪᠵᠢᠭᠦᠯᠭᠡ ᠢ᠋ᠢᠨ ᠰᠤᠨᠢᠨ ᠮᠡᠲᠡᠭᠡ ᠨᠡᠢᠲᠡᠯᠡᠬᠦ ᠬᠤᠷᠠᠯ ᠡᠴᠡ ᠤᠢᠯᠠᠭᠠᠬᠰᠠᠨ ᠢ᠋ᠢᠡᠷ᠂ ᠥᠪᠡᠷᠲᠡᠭᠡᠨ ᠵᠠᠰᠠᠬᠤ
ᠣᠷᠣᠨ᠎ᠤ《ᠨᠠᠶ᠋ᠮᠠᠳᠤᠭᠠᠷ ᠲᠠᠪᠤᠨ
ᠵᠢᠯ》 ᠤ᠋ᠨ ᠬᠠᠤᠯᠢ ᠲᠦᠭᠡᠮᠡᠯᠵᠢᠭᠦᠯᠬᠦ
ᠲᠦᠯᠦᠪᠵᠢᠭᠦᠯᠭᠡ ᠳ᠋ᠤ ᠪᠦᠬᠦ ᠠᠷᠠᠳ ᠤ᠋ᠨ ᠬᠠᠤᠯᠢᠵᠢᠯ ᠤ᠋ᠨ ᠦᠵᠡᠯᠲᠡ ᠵᠢ ᠴᠢᠩᠭᠠᠳᠬᠠᠬᠤ ᠲᠠᠯ᠎ᠠ ᠪᠡᠷ᠂ ᠬᠠᠤᠯᠢᠵᠢᠯ
ᠤ᠋ᠨ ᠬᠥᠮᠦᠵᠢᠯ᠎ᠢ ᠺᠠᠳ᠋ᠷ᠎ᠤᠨ ᠬᠥᠮᠦᠵᠢᠯ᠎ᠦᠨ ᠱᠢᠰᠲ᠋ᠧᠮ᠎ᠳᠦ ᠣᠷᠣᠭᠤᠯᠬᠤ᠂ ᠤᠯᠤᠰ ᠠᠷᠠᠳ᠎ᠤᠨ ᠬᠥᠮᠦᠵᠢᠯ᠎ᠦᠨ ᠱᠢᠰᠲ᠋ᠧᠮ᠎ᠳᠦ
ᠣᠷᠣᠭᠤᠯᠬᠤ ᠪᠠ ᠨᠡᠢᠭᠡᠮ᠎ᠦᠨ ᠬᠥᠮᠦᠵᠢᠯ᠎ᠦᠨ ᠱᠢᠰᠲ᠋ᠧᠮ᠎ᠳᠦ ᠣᠷᠣᠭᠤᠯᠬᠤ ᠵᠡᠷᠭᠡ ᠭᠤᠷᠪᠠᠨ ᠵᠦᠶ᠋ᠯ᠎ᠦᠨ ᠱᠢᠨ᠎ᠡ
ᠠᠷᠭ᠎ᠠ ᠠᠪᠴᠠᠯ ᠢ᠋ ᠳᠤᠷᠠᠳᠤᠬᠰᠠᠨ ᠪᠠᠢᠨ᠎ᠠ᠃
《ᠲᠥᠯᠥᠪᠵᠢᠭᠦᠯᠭᠡ》 ᠳ᠋ᠤ᠂ ᠤᠳᠤᠷᠢᠳᠭᠤ ᠺᠠᠳ᠋ᠷ᠎ᠤᠨ
ᠬᠠᠤᠯᠢ᠎ᠶ᠋ᠢ ᠰᠤᠷᠤᠯᠴᠠᠬᠤ ᠬᠠᠤᠯᠢ᠎ᠶ᠋ᠢ ᠬᠡᠷᠡᠭ᠌ᠯᠡᠬᠦ᠌ ᠲᠣᠭ᠍ᠲᠠᠴᠠ᠎ᠶ᠋ᠢ ᠪᠦᠷᠢᠨᠱᠢᠬᠦᠯᠵᠤ᠂ ᠤᠳᠤᠷᠢᠳᠭᠤ ᠺᠠᠳ᠋ᠷ᠎ᠤᠨ
ᠤᠬᠠᠮᠰᠠᠷ ᠡᠴᠡ ᠪᠠᠨ ᠬᠠᠤᠯᠢ᠎ᠶ᠋ᠢ ᠬᠦᠨᠳᠦᠳᠭᠡᠬᠦ᠌ ᠬᠠᠤᠯᠢ᠎ᠶ᠋ᠢ ᠰᠤᠷᠤᠯᠴᠠᠬᠤ ᠬᠠᠤᠯᠢ᠎ᠶ᠋ᠢ ᠰᠠᠬᠢᠬᠤ ᠬᠠᠤᠯᠢ᠎ᠶ᠋ᠢ
ᠬᠡᠷᠡᠭ᠌ᠯᠡᠬᠦ᠌᠎ᠶ᠋ᠢ ᠠᠬᠢᠭᠤᠯᠬᠤ ᠬᠡᠷᠡᠭ᠌ᠲᠡᠢ᠃ ᠦᠨᠳᠦᠰᠦᠨ ᠱᠠᠲᠤᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌
ᠠᠵᠢᠯᠲᠠᠨ᠎ᠤ ᠬᠠᠤᠯᠢᠵᠢᠯ ᠤ᠋ᠨ ᠬᠥᠮᠦᠵᠢᠯ᠎ᠢ ᠴᠢᠩᠭᠠᠳᠭᠠᠵᠤ᠂ ᠭᠠᠴᠠᠭ᠎ᠠ ᠲᠣᠰᠭᠣᠨ(ᠨᠡᠢᠭᠡᠮ ᠲᠣᠭᠣᠷᠢᠭ) ᠤ᠋《ᠬᠣᠶᠠᠷ ᠵᠥᠪᠯᠡᠯ》 ᠤ᠋ᠨ ᠺᠠᠳ᠋ᠷ᠎ᠤᠨ ᠬᠠᠤᠯᠢᠵᠢᠯ
ᠤ᠋ᠨ ᠪᠤᠯᠪᠠᠰᠤᠷᠠᠯ ᠢ᠋ ᠥᠷᠨᠢᠭᠦᠯᠦᠨ᠂ ᠦᠨᠳᠦᠰᠦᠨ ᠱᠠᠲᠤᠨ᠎ᠤ ᠺᠠᠳ᠋ᠷ᠎ᠤᠨ ᠬᠠᠤᠯᠢ ᠶᠣᠰᠣᠭᠠᠷ ᠠᠵᠢᠯᠯᠠᠬᠤ ᠤᠬᠠᠮᠰᠠᠷ
ᠪᠠ ᠬᠠᠤᠯᠢ ᠶᠣᠰᠣᠭᠠᠷ ᠵᠠᠰᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃
《ᠲᠥᠯᠥᠪᠵᠢᠭᠦᠯᠭᠡ》 ᠳ᠋ᠤ᠂《ᠵᠠᠯᠠᠭᠤᠴᠤᠳ ᠪᠠᠭᠠᠴᠤᠳ᠎ᠤᠨ
ᠬᠠᠤᠯᠢᠵᠢᠯ᠎ᠤᠨ ᠬᠥᠮᠦᠵᠢᠯ᠎ᠦᠨ ᠬᠥᠲᠥᠯᠪᠦᠷᠢ》 ᠵᠢ ᠪᠦᠬᠦ᠌ ᠲᠠᠯ᠎ᠠ᠎ᠪᠠᠷ
ᠨᠠᠢᠳᠠᠪᠤᠷᠢᠵᠢᠭᠤᠯᠵᠤ᠂ ᠬᠠᠤᠯᠢᠵᠢᠯ᠎ᠤᠨ ᠬᠥᠮᠦᠵᠢᠯ᠎ᠢ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠦᠨ ᠡᠯ᠎ᠡ ᠱᠠᠲᠤᠨ᠎ᠳᠤ
ᠠᠭᠤᠰᠤᠯᠴᠠᠭᠤᠯᠵᠤ᠂ ᠵᠠᠯᠠᠭᠤᠴᠤᠳ ᠪᠠᠭᠠᠴᠤᠳ᠎ᠢ ᠬᠠᠷᠠᠬᠠᠨ ᠪᠠᠭ᠎ᠠ ᠡᠴᠡ ᠪᠠᠨ ᠬᠠᠤᠯᠢ᠎ᠶ᠋ᠢ ᠬᠦᠨᠳᠦᠳᠭᠡᠬᠦ᠌ ᠬᠠᠤᠯᠢ᠎ᠶ᠋ᠢ
ᠰᠠᠬᠢᠬᠤ ᠳᠠᠳᠭᠠᠯ᠎ᠲᠠᠶ ᠪᠣᠯᠭᠠᠬᠤ᠎ᠪᠠᠷ ᠬᠦᠳᠦᠯᠦᠨ ᠵᠢᠯᠣᠭᠣᠳᠬᠤ ᠬᠡᠷᠡᠭᠲᠡᠢ᠃ ᠵᠠᠰᠠᠭ᠎ᠤᠨ ᠣᠷᠳᠣᠨ᠂ ᠬᠠᠤᠯᠢ
ᠴᠠᠭᠠᠵᠠ ᠢ᠋ᠢᠨ ᠪᠠᠢᠭᠤᠯᠭ᠎ᠠ᠂ ᠰᠤᠷᠭᠠᠭᠤᠯᠢ᠂ ᠨᠡᠢᠭᠡᠮ᠂ ᠭᠡᠷ ᠪᠦᠯᠢ ᠬᠠᠮᠲᠤ᠎ᠪᠠᠷ ᠣᠷᠣᠯᠴᠠᠭ᠍ᠰᠠᠨ ᠵᠠᠯᠠᠭᠤᠴᠤᠳ
ᠪᠠᠭᠠᠴᠤᠳ᠎ᠤᠨ ᠬᠠᠤᠯᠢᠵᠢᠯ ᠤ᠋ᠨ ᠬᠥᠮᠦᠵᠢᠯ᠎ᠦᠨ ᠱᠢᠨ᠎ᠡ ᠪᠠᠢᠷᠢᠱᠢᠯ᠎ᠢ ᠲᠡᠭᠦᠯᠳᠡᠷᠵᠢᠭᠦᠯᠵᠦ᠍᠂ ᠪᠠᠶᠡᠴᠢᠯᠠᠨ ᠣᠷᠣᠯᠴᠠᠬᠤ ᠮᠠᠶᠢᠭ᠎ᠤᠨ᠂ ᠦᠢᠯᠡᠳᠦᠯᠭᠡᠵᠢᠭᠦᠯᠬᠦ᠌
ᠮᠠᠶᠢᠭ᠎ᠤᠨ ᠬᠥᠮᠦᠵᠢᠯ᠎ᠢ ᠢᠳᠡᠪᠬᠢᠲᠡᠢ ᠰᠦᠪᠡᠭ᠌ᠴᠢᠯᠡᠵᠦ᠍᠂ ᠬᠠᠤᠯᠢᠵᠢᠯ ᠤ᠋ᠨ ᠬᠥᠮᠦᠵᠢᠯ᠎ᠦᠨ ᠬᠠᠨᠳᠤᠯᠭᠠᠲᠤ ᠴᠢᠨᠠᠷ᠂
ᠪᠣᠳᠠᠲᠤ ᠪᠦᠳᠤᠮᠵᠢᠳᠤ ᠴᠢᠨᠠᠷ᠎ᠢ ᠴᠢᠩᠭᠠᠳᠬᠠᠬᠤ ᠬᠡᠷᠡᠭᠲᠡᠢ ᠬᠡᠵᠦ ᠲᠤᠲᠤᠷᠬᠠᠢ ᠲᠤᠬᠲᠠᠭᠠᠪᠠ᠃
《ᠲᠥᠯᠥᠪᠵᠢᠭᠦᠯᠭᠡ》᠎ᠳ᠋ᠤ᠂ ᠠᠷᠠᠳ ᠢᠷᠭᠡᠳ᠎ᠦᠨ
ᠬᠠᠤᠯᠢᠵᠢᠯ ᠤ᠋ᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠠᠷᠠᠳ
ᠢᠷᠭᠡᠳ᠎ᠦᠨ ᠲᠦᠷᠢᠮ᠎ᠦᠨ ᠤᠬᠠᠮᠰᠠᠷ᠎ᠢᠶᠠᠨ ᠴᠢᠩᠭᠠᠷᠠᠭᠤᠯᠬᠤ᠂ ᠨᠡᠢᠲᠡ᠎ᠶ᠋ᠢᠨ ᠡᠮᠬᠢ ᠵᠢᠷᠤᠮ ᠰᠠᠢᠨ ᠰᠠᠢᠬᠠᠨ ᠬᠡᠪ
ᠰᠤᠷᠲᠠᠯ᠎ᠢ ᠬᠠᠮᠠᠭᠠᠯᠠᠬᠤ᠂ ᠬᠦᠰᠡᠯ ᠱᠠᠭᠠᠷᠳᠠᠯᠭ᠎ᠠ᠎ᠪᠠᠨ ᠣᠶᠤᠨᠴᠢ᠎ᠪᠠᠷ ᠢᠯᠡᠳᠭᠡᠬᠦ᠂ ᠬᠠᠤᠯᠢ᠎ᠪᠠᠷ ᠲᠣᠭ᠍ᠲᠠᠭᠠᠭ᠍ᠰᠠᠨ
ᠡᠭᠦᠷᠭᠡ᠂ ᠨᠡᠢᠭᠡᠮ᠎ᠦᠨ ᠬᠠᠷᠢᠭᠤᠴᠠᠯᠭ᠎ᠠ᠂ ᠬᠡᠷ ᠪᠦᠯᠢ᠎ᠶ᠋ᠢᠨ ᠬᠠᠷᠢᠭᠤᠴᠠᠯᠭ᠎ᠠ᠎ᠪᠠᠨ ᠤᠬᠠᠮᠰᠠᠷ ᠡᠴᠡ ᠪᠠᠨ ᠭᠦᠶ᠋ᠴᠡᠳᠭᠡᠬᠦ᠌᠎ᠶ᠋ᠢ
ᠬᠥᠲᠥᠯᠥᠨ ᠵᠢᠯᠣᠭᠣᠳᠴᠤ᠌᠂ ᠬᠠᠤᠯᠢ᠎ᠶ᠋ᠢ ᠳᠡᠭᠡᠳᠦᠯᠡᠨ ᠰᠠᠢᠨ ᠰᠠᠢᠬᠠᠨ᠎ᠢ ᠬᠥᠭᠡᠭᠡᠴᠡᠯᠳᠦᠬᠦ᠌᠂ ᠬᠠᠤᠯᠢᠵᠢᠯ ᠢ᠋
ᠪᠠᠲᠤ ᠰᠠᠬᠢᠬᠤ ᠵᠢᠱ᠌ᠢᠶᠡᠴᠢ ᠬᠥᠮᠦᠰ᠎ᠢ ᠶᠡᠬᠡ ᠪᠡᠷ ᠤᠬᠠᠭᠤᠯᠬᠤ ᠬᠡᠷᠡᠭ᠌ᠲᠡᠶ᠃ ᠬᠠᠤᠯᠢ᠎ᠶ᠋ᠢ ᠰᠠᠬᠢᠬᠤ ᠦᠢᠯᠡ
ᠠᠵᠢᠯᠯᠠᠭ᠎ᠠ᠎ᠳᠤ ᠵᠥᠪ ᠴᠢᠭ᠌ᠯᠡᠯ᠎ᠢᠶᠡᠷ ᠤᠷᠮᠠᠱᠢᠭᠤᠯᠬᠤ ᠳᠦᠷᠢᠮ ᠪᠠ ᠬᠠᠤᠯᠢ ᠡᠴᠡ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ
ᠵᠠᠯᠬᠠᠭᠠᠨ ᠴᠡᠭᠡᠷᠯᠡᠭᠦᠯᠬᠦ᠌ ᠳᠦᠷᠢᠮ᠎ᠢ ᠪᠠᠢᠭᠤᠯᠤᠨ ᠪᠦᠷᠢᠨᠱᠢᠭᠦᠯᠵᠦ᠍᠂ ᠠᠷᠠᠳ ᠢᠷᠭᠡᠳ᠎ᠦᠨ ᠬᠠᠤᠯᠢᠵᠢᠯ ᠤ᠋ᠨ
ᠬᠡᠪ ᠪᠣᠯᠪᠠᠰᠤᠷᠠᠯ᠎ᠢ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠯᠤᠭ᠎ᠠ ᠬᠠᠷᠢᠯᠴᠠᠨ ᠵᠣᠯᠭᠠᠭᠤᠯᠵᠤ᠂ ᠢᠲᠡᠭᠡᠮᠵᠢ᠎ᠶ᠋ᠢ
ᠱᠠᠩᠨᠠᠵᠤ ᠲᠣᠷᠭᠠᠬᠤ ᠪᠠ ᠢᠲᠡᠭᠡᠮᠵᠢ᠎ᠶ᠋ᠢ ᠰᠡᠷᠭᠦᠭᠡᠬᠦ᠌ ᠲᠣᠭ᠍ᠲᠠᠴᠠ᠎ᠶ᠋ᠢ ᠨᠠᠢᠳᠠᠪᠤᠷᠢᠵᠢᠭᠤᠯᠬᠤ ᠬᠡᠷᠡᠭᠲᠡᠢ
ᠭᠡᠵᠦ᠍ ᠱᠠᠭᠠᠷᠳᠠᠪᠠ᠃