ᠱᠢᠨᠬᠤᠸᠠ ᠬᠣᠷᠢᠶᠠᠨ᠎ᠤ ᠳ᠋ᠦᠪᠯᠢᠨᠤ 11 ᠰᠠᠷ᠎ᠠ᠎ᠶ᠋ᠢᠨ 6 ᠤ᠋ ᠴᠠᠬᠢᠯᠭᠠᠨ ᠮᠡᠳᠡᠭᠡ ᠠᠢᠷᠯᠠᠨᠳ᠋᠎ᠤᠨ ᠵᠠᠰᠠᠭ᠎ᠤᠨ ᠣᠷᠳᠣᠨ ᠲᠦᠷᠦᠭᠦᠬᠡᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠬᠥᠭ᠌ᠵᠢᠯᠲᠡ᠎ᠶ᠋ᠢᠨ ᠬᠠᠷᠠᠯᠲᠠ᠎ᠶ᠋ᠢ ᠨᠡᠢᠲᠡᠯᠡᠵᠦ᠍᠂ ᠵᠢᠱ᠌ᠢᠯᠲᠡ᠎ᠪᠡᠷ ᠢᠷᠡᠬᠦ᠌ ᠠᠷᠪᠠᠨ ᠵᠢᠯ᠎ᠳᠦ ᠲᠤᠰ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠲᠣᠭ᠎ᠠ ᠵᠢ 20 ᠲᠠᠬᠢᠨ ᠨᠡᠮᠡᠭ᠌ᠳᠡᠬᠦᠯᠬᠦ ᠪᠣᠯᠤᠨ᠎ᠠ᠃
ᠠᠢᠷᠯᠠᠨᠳ᠋᠎ᠤᠨ ᠵᠠᠰᠠᠭ᠎ᠤᠨ ᠣᠷᠳᠣᠨ ᠨᠢᠭᠡ ᠮᠡᠳᠡᠭᠦᠯᠦᠯᠲᠡ᠎ᠳᠡᠭᠡᠨ᠂ ᠣᠳᠣᠬᠠᠨ᠎ᠳᠤ ᠲᠤᠰ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠪᠠᠷᠤᠭ 4.5 ᠲᠦᠮᠡ ᠪᠤᠢ᠂ ᠭᠣᠣᠯᠳᠠᠭᠤ ᠴᠤᠯ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡ ᠪᠣᠯᠤᠨ ᠴᠠᠬᠢᠯᠭᠠᠨ ᠵᠠᠯᠭᠠᠭ᠍ᠰᠠᠨ ᠬᠣᠯᠢᠮᠠᠭ ᠬᠥᠳᠡᠯᠭᠡᠭᠦᠷᠲᠦ ᠮᠠᠱᠢᠨ ᠲᠡᠷᠭᠡ ᠪᠠᠢᠵᠤ᠂ ᠵᠢᠱ᠌ᠢᠯᠲᠡ᠎ᠪᠡᠷ 2030 ᠤᠨ ᠪᠣᠯᠬᠤ᠎ᠳᠤ 94.5 ᠲᠦᠮᠡ ᠪᠣᠯᠭᠠᠨ ᠨᠡᠮᠡᠭ᠌ᠳᠡᠬᠦᠯᠬᠦ ᠪᠣᠯᠤᠨ᠎ᠠ ᠭᠡᠪᠡ᠃
ᠠᠢᠷᠯᠠᠨᠳ᠋᠎ᠤᠨ ᠵᠠᠰᠠᠭ᠎ᠤᠨ ᠣᠷᠳᠣᠨ ᠪᠠᠰᠠ᠂ 2030 ᠤᠨ ᠪᠣᠯᠬᠤ᠎ᠳᠤ ᠪᠣᠬᠢᠷᠲᠤᠯ᠎ᠢ ᠭᠠᠳᠠᠭ᠍ᠰᠢᠯᠠᠭᠤᠯᠬᠤ ᠬᠡᠮᠵᠢᠶ᠎ᠡ᠎ᠶ᠋ᠢ 51% ᠪᠠᠭᠠᠰᠭᠠᠬᠤ ᠬᠠᠷᠠᠯᠲᠠ᠎ᠶ᠋ᠢ ᠪᠡᠶᠡᠯᠡᠭᠦᠯᠬᠦ᠌᠎ᠳᠦ᠂ ᠡᠷᠬᠡᠪᠰᠢ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠲᠣᠭ᠎ᠠ᠎ᠶ᠋ᠢ ᠨᠡᠮᠡᠭ᠌ᠳᠡᠭᠦᠯᠵᠦ᠍᠂ ᠤᠯᠠᠮᠵᠢᠯᠠᠯᠲᠤ ᠲᠣᠰᠣ ᠱᠢᠲᠠᠭᠠᠬᠤ ᠮᠠᠱᠢᠨ ᠲᠡᠷᠭᠡᠨ᠎ᠦ ᠣᠷᠴᠢᠨ ᠲᠣᠭᠣᠷᠢᠨ᠎ᠢ ᠪᠣᠬᠢᠷᠲᠤᠭᠤᠯᠬᠤ᠎ᠶ᠋ᠢ ᠪᠠᠭᠠᠰᠭᠠᠬᠤ ᠬᠡᠷᠡᠭ᠌ᠲᠡᠶ ᠭᠡᠵᠦ᠍ ᠢᠯᠡᠳᠭᠡᠪᠡ᠃
ᠣᠳᠣᠬᠠᠨ᠎ᠳᠤ᠂ᠱᠢᠨᠡᠡᠨᠧᠷᠭᠢᠶ᠋ᠢᠨᠮᠠᠱᠢᠨᠲᠡᠷᠭᠡᠬᠡᠷᠡᠭ᠌ᠯᠡᠬᠦ᠌ᠶ᠋ᠢ ᠵᠣᠷᠢᠭ᠍ᠵᠢᠭᠤᠯᠬᠤ᠎ᠶ᠋ᠢᠨ ᠲᠥᠯᠥᠭᠡ᠂ ᠠᠢᠷᠯᠠᠨᠳ᠋᠎ᠤᠨ ᠵᠠᠰᠠᠭ᠎ᠤᠨ ᠣᠷᠳᠣᠨ ᠠᠯᠢ ᠣᠯᠠᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ ᠲᠣᠭ᠍ᠲᠠᠭᠠᠪᠠ᠂ ᠵᠢᠱ᠌ᠢᠶᠡᠯᠡᠪᠡᠯ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠬᠤᠳᠠᠯᠳᠤᠨ ᠠᠪᠤᠭ᠍ᠰᠠᠳᠲᠤ ᠨᠥᠬᠥᠪᠥᠷᠢ ᠥᠭ᠌ᠬᠦ ᠵᠡᠷᠭᠡ ᠪᠣᠯᠤᠨ᠎ᠠ᠃