ᠮᠠᠨ᠎ᠤ ᠣᠷᠣᠨ ᠬᠣᠲᠠ ᠪᠠᠯᠭᠠᠰᠤ᠎ᠶ᠋ᠢᠨ ᠬᠠᠭᠤᠴᠢᠨ ᠰᠠᠭᠤᠭᠠᠯᠢ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠠᠵᠢᠯ᠎ᠢ ᠪᠦᠬᠦ ᠬᠦᠴᠦᠨ᠎ᠵᠢᠡᠷ ᠠᠬᠢᠭᠤᠯᠵᠤ ᠪᠠᠢᠨ᠎ᠠ ​
2021-11-09 09:22:32
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠡᠴᠡ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠲᠡᠶ ᠬᠠᠮᠲᠤᠷᠠᠨ ᠮᠡᠳᠡᠭ᠌ᠳᠡᠯ ᠲᠠᠷᠬᠠᠭᠠᠵᠤ᠂ ᠡᠯ᠎ᠡ ᠭᠠᠵᠠᠷ᠎ᠤᠨ᠎ᠬᠢᠨ ᠪᠥᠬᠥ᠌ ᠣᠷᠣᠨ᠎ᠤ ᠬᠠᠭᠤᠴᠢᠨ ᠰᠠᠭᠤᠭᠠᠯᠢ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠢᠵᠢ ᠪᠥᠷᠢᠳᠦᠭᠦᠯᠬᠦ᠌ ᠰᠠᠭᠤᠷᠢ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠪᠠᠨ ᠴᠢᠩᠭᠠᠳᠭᠠᠨ᠂ ᠠᠮᠤᠷ ᠲᠦᠪᠱᠢᠨ᠎ᠦ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ ᠱᠢᠶ᠋ᠳᠪᠦᠷᠢᠯᠡᠨ᠂ ᠬᠣᠲᠠ ᠪᠠᠯᠭᠠᠰᠤᠨ᠎ᠤ ᠬᠠᠭᠤᠴᠢᠨ ᠰᠠᠭᠤᠭᠠᠯᠢ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠠᠵᠢᠯ᠎ᠢ ᠪᠦᠬᠦ ᠬᠦᠴᠦᠨ᠎ᠵᠢᠡᠷ ᠠᠬᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠡᠴᠡ ᠤᠢᠯᠠᠭᠠᠭᠰᠠᠨ᠎ᠵᠢᠡᠷ᠂ ᠬᠣᠲᠠ ᠪᠠᠯᠭᠠᠰᠤᠨ᠎ᠤ ᠬᠠᠭᠤᠴᠢᠨ ᠰᠠᠭᠤᠭᠠᠯᠢ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠠᠵᠢᠯ᠎ᠢ ᠠᠬᠢᠭᠤᠯᠬᠤ᠎ᠳᠦ ᠭᠤᠤᠯᠳᠠᠭᠤ᠂ ᠢᠵᠢ ᠪᠦᠷᠢᠳᠦᠭᠦᠯᠬᠦ᠌ ᠰᠠᠭᠤᠷᠢ ᠲᠦᠬᠦᠭᠡᠷᠦᠮᠵᠢ᠎ᠶ᠋ᠢ ᠥᠭᠡᠷᠡᠴᠢᠯᠡᠬᠦ᠌ ᠡᠷᠴᠢᠮ᠎ᠢ ᠨᠡᠮᠡᠭ᠌ᠳᠡᠭᠦᠯᠦᠨ᠎ᠡ ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠂ ᠪᠠᠷᠢᠯᠭ᠎ᠠ ᠪᠠᠷᠢᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ ᠂ ᠴᠢᠮᠡᠭᠡ ᠬᠣᠯᠪᠣᠭ᠎ᠠ ᠂ ᠷᠠᠳᠢᠣ᠋ ᠲᠧᠯᠸᠢᠰ᠂ ᠱᠢᠲᠠᠮᠠᠬᠠᠶ ᠬᠡᠢ ᠵᠡᠷᠭᠡ ᠬᠣᠭᠣᠯᠠᠶ ᠱᠤᠭᠤᠮ᠎ᠢ ᠥᠭᠡᠷᠡᠴᠢᠯᠡᠨ ᠰᠠᠢᠵᠢᠷᠠᠭᠤᠯᠬᠤ ᠵᠢ ᠵᠡᠷᠭᠡ ᠪᠡᠷ ᠲᠡᠭᠦᠯᠳᠡᠷᠵᠢᠭᠦᠯᠬᠦ᠌ ᠪᠠ ᠵᠢᠷᠤᠮᠵᠢᠭᠤᠯᠵᠤ᠂《ᠨᠢᠭᠡ ᠤᠳᠠᠭ᠎ᠠ᠎ᠳᠤ ᠶᠡᠷᠦᠩᠬᠡᠢᠯᠡᠨ ᠥᠭᠡᠷᠡᠴᠢᠯᠡᠬᠦ᠌》ᠶ᠋ᠢ ᠪᠡᠶᠡᠯᠡᠭᠦᠯᠦᠨ᠂ ᠰᠠᠭᠤᠭᠠᠯᠢ ᠲᠣᠭᠣᠷᠢᠭ᠎ᠤᠨ ᠭᠠᠯ ᠤᠨᠲᠠᠷᠠᠭᠠᠬᠤ ᠲᠦᠬᠦᠭᠡᠷᠦᠮᠵᠢ᠎ᠶ᠋ᠢ ᠲᠡᠭᠦᠯᠳᠡᠷᠵᠢᠭᠦᠯᠵᠦ᠂ ᠬᠣᠭ ᠨᠣᠪᠰᠢ ᠬᠠᠶᠠᠬᠤ ᠲᠦᠬᠦᠭᠡᠷᠦᠮᠵᠢ᠎ᠶ᠋ᠢ ᠪᠠᠢᠷᠢᠯᠠᠭᠤᠯᠤᠨ᠂ ᠨᠡᠢᠭᠡᠮ ᠲᠣᠭᠣᠷᠢᠭ᠎ᠤᠨ᠎ᠦᠶ᠋ᠯᠡᠴᠢᠯᠡᠭᠡᠨ ᠵᠡᠷᠭᠡ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠦᠬᠦᠭᠡᠷᠦᠮᠵᠢ᠎ᠶ᠋ᠢ ᠥᠭᠡᠷᠡᠴᠢᠯᠡᠨ ᠲᠡᠭᠦᠯᠳᠡᠷᠵᠢᠭᠦᠯᠵᠦ ᠠᠷᠠᠳ ᠣᠯᠠᠨ᠎ᠤ ᠠᠮᠤᠷ ᠲᠦᠪᠱᠢᠨ᠎ᠦ ᠲᠥᠷᠥᠭ᠌ᠳᠡᠯ᠂ ᠬᠦᠷᠲᠡᠮᠵᠢ᠎ᠶ᠋ᠢᠨ ᠲᠥᠷᠥᠭ᠌ᠳᠡᠯ᠂ ᠵᠣᠯ ᠵᠢᠷᠭᠠᠯ᠎ᠤᠨ ᠲᠥᠷᠥᠭ᠌ᠳᠡᠯ᠎ᠢ ᠦᠨᠡᠨ ᠬᠦ᠌ ᠳᠡᠭᠡᠭ᠌ᠰᠢᠯᠡᠭᠦᠯᠦᠨ᠎ᠡ; ᠪᠦᠬᠦ ᠶᠠᠪᠤᠴᠠ ᠵᠢᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠤᠨ᠂ ᠥᠭᠡᠷᠡᠴᠢᠯᠡᠨ ᠪᠠᠢᠭᠤᠯᠬᠤ᠎ᠠᠴᠠ ᠡᠮᠦᠨ᠎ᠡ ᠢᠵᠢ ᠪᠦᠷᠢᠳᠦᠭᠦᠯᠬᠦ᠌ ᠲᠥᠬᠥᠭᠡᠷᠦᠮᠵᠢ᠎ᠶ᠋ᠢᠨ ᠳᠤᠲᠠᠭᠤᠳᠠᠯ᠂ ᠣᠷᠣᠱᠢᠵᠤ ᠪᠠᠢᠭ᠎ᠠ ᠠᠮᠤᠷ ᠲᠦᠪᠱᠢᠨ᠎ᠦ ᠬᠡᠮ ᠰᠣᠭᠣᠭ᠎ᠢ ᠭᠦᠶ᠋ᠴᠡᠳ ᠣᠢᠯᠠᠭᠠᠨ᠎ᠠ ᠂ ᠥᠭᠡᠷᠡᠴᠢᠯᠡᠨ ᠱᠢᠨᠡᠳᠭᠡᠬᠦ᠌ ᠳᠤᠮᠳᠠ ᠬᠠᠮᠢᠶ᠎ᠠ ᠪᠦᠬᠦᠢ ᠬᠣᠭᠣᠯᠠᠶ ᠱᠤᠭᠤᠮ᠎ᠤᠨ ᠲᠤᠰᠭᠠᠶ ᠡᠵᠡᠩᠨᠡᠯᠲᠡ᠎ᠶ᠋ᠢᠨ ᠨᠢᠭᠡᠴᠢ᠎ᠲᠡᠶ ᠬᠠᠮᠲᠤᠷᠠᠨ ᠲᠣᠭᠣᠷᠢᠨ ᠪᠠᠢᠴᠠᠭᠠᠬᠤ ᠡᠷᠴᠢᠮ᠎ᠢᠶᠡᠨ ᠴᠢᠩᠭᠠᠷᠠᠭᠤᠯᠵᠤ᠂ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠶᠠᠰᠤ ᠴᠢᠨᠠᠷ᠎ᠢ ᠪᠠᠢᠴᠠᠭᠠᠨ ᠬᠡᠮᠵᠢᠬᠦ᠌᠎ᠪᠡᠨ ᠴᠢᠩᠭᠠᠳᠭᠠᠨ᠂ ᠥᠭᠡᠷᠡᠴᠢᠯᠡᠨ ᠱᠢᠨᠡᠳᠭᠡᠬᠦ᠌ ᠪᠠᠷᠢᠯᠭ᠎ᠠ᠎ᠶ᠋ᠢᠨ ᠶᠠᠰᠤ ᠴᠢᠨᠠᠷ᠎ᠤᠨ ᠠᠮᠤᠷ ᠲᠦᠪᠱᠢᠨ᠎ᠢ ᠦᠨᠡᠨ ᠬᠦ᠌ ᠪᠠᠲᠤᠯᠠᠨ᠎ᠠ ᠂ ᠥᠭᠡᠷᠡᠴᠢᠯᠡᠭ᠌ᠰᠡᠨ᠎ᠦ ᠳᠠᠷᠠᠭ᠎ᠠ ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ ᠵᠡᠷᠭᠡ ᠬᠠᠮᠢᠶ᠎ᠠ ᠪᠥᠬᠥᠶ ᠢᠵᠢ ᠪᠥᠷᠢᠳᠦᠭᠦᠯᠬᠦ᠌ ᠪᠡᠯᠡᠳᠭᠡᠮᠵᠢ᠎ᠶ᠋ᠢᠨ ᠥᠮᠴᠢᠯᠡᠬᠦ᠌ ᠡᠷᠬᠡ᠎ᠶ᠋ᠢ ᠲᠣᠳᠣᠷᠬᠠᠢᠯᠠᠵᠤ᠂ ᠲᠠᠷᠠᠭᠠᠴᠢ᠎ᠶ᠋ᠢᠨ ᠠᠵᠢᠯᠯᠠᠭᠠᠨ᠎ᠤ ᠬᠠᠮᠠᠭᠠᠯᠠᠵᠤ ᠱᠢᠨᠡᠳᠭᠡᠬᠦ᠌ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠂ ᠣᠯᠠᠨ ᠭᠤᠤᠯ ᠴᠣᠭ᠍ᠴᠠ ᠣᠷᠣᠯᠴᠠᠭ᠍ᠰᠠᠨ ᠨᠡᠢᠭᠡᠮ ᠲᠣᠭᠣᠷᠢᠭ᠎ᠤᠨ ᠬᠠᠮᠢᠶᠠᠷᠤᠯᠲᠠ᠎ᠶ᠋ᠢᠨ ᠱᠢᠨ᠎ᠡ ᠲᠣᠭ᠍ᠲᠠᠴᠠ᠎ᠶ᠋ᠢ ᠪᠠᠢᠭᠤᠯᠤᠨ᠎ᠠ; ᠲᠥᠷᠥᠯ ᠵᠦᠢᠯ᠎ᠢ ᠱᠢᠨᠵᠢᠯᠡᠬᠦ᠌ ᠤᠬᠠᠭᠠᠨᠴᠢ᠎ᠪᠠᠷ ᠨᠥᠭᠡᠴᠡᠯᠡᠵᠦ᠍᠂ ᠥᠭᠡᠷᠡᠴᠢᠯᠡᠬᠦ᠌ ᠪᠡᠯᠡ ᠮᠥᠩᠭᠥ᠎ᠶ᠋ᠢ ᠣᠯᠠᠨ ᠠᠷᠭ᠎ᠠ ᠵᠠᠮ᠎ᠢᠶᠠᠷ ᠴᠤᠭᠯᠠᠭᠤᠯᠤᠨ᠎ᠠ᠂ ᠬᠠᠭᠤᠴᠢᠨ ᠰᠠᠭᠤᠭᠠᠯᠢ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠠᠭᠤᠯᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠲᠥᠪ᠎ᠦᠨ ᠲᠥᠰᠦᠪ᠎ᠦᠨ ᠳᠣᠲᠣᠷᠠᠬᠢ ᠵᠠᠰᠠᠭ᠎ᠤᠨ ᠨᠥᠬᠥᠪᠥᠷᠢ᠂ ᠲᠤᠰᠭᠠᠶ ᠵᠦᠢᠯ᠎ᠦᠨ ᠵᠢᠭᠡᠯᠡᠯᠭᠡ ᠵᠡᠷᠭᠡ ᠪᠡᠯᠡ ᠮᠥᠩᠭᠥ᠎ᠶ᠋ᠢ ᠢᠳᠡᠪᠬᠢᠯᠡᠨ ᠭᠤᠶᠤᠴᠢᠯᠠᠵᠤ᠂ ᠣᠷᠣᠨ ᠨᠤᠲᠤᠭ᠎ᠤᠨ ᠡᠳ᠋᠎ᠦᠨ ᠬᠦᠴᠦᠨ᠎ᠢ ᠨᠢᠭᠡᠳᠦᠯᠲᠡᠶ ᠲᠥᠯᠥᠪᠯᠡᠨ᠂ ᠣᠨ᠎ᠤ ᠥᠭᠡᠷᠡᠴᠢᠯᠡᠨ ᠱᠢᠨᠡᠳᠭᠡᠬᠦ᠌  ᠡᠭᠦᠷᠭᠡ᠎ᠶ᠋ᠢ  ᠪᠦᠬᠦ᠌   ᠲᠠᠯ᠎ᠠ ᠎ᠪᠠᠷ  ᠪᠡᠶᠡᠯᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号