11 ᠰᠠᠷ᠎ᠠ ᠶ᠋ᠢᠨ 8 ᠤ ᠡᠳᠦᠷ᠂ ᠱᠢᠯᠢᠩᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠦᠨ ᠬᠢᠵᠢᠭ᠎ᠦᠨ ᠪᠠᠢᠳᠠᠯ ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ ᠠᠯᠪᠠᠨ ᠵᠠᠷᠯᠠᠯ ᠨᠡᠢᠲᠡᠯᠡᠵᠦ᠍᠂ 11 ᠰᠠᠷ᠎ᠠ᠎ᠶ᠋ᠢᠨ 7 ᠤ ᠡᠳᠦᠷ ᠱᠢᠯᠢᠩᠬᠣᠲᠠ᠎ᠶ᠋ᠢᠨ ᠸᠸᠢ ᠳ᠋ᠦᠸᠸ ᠯᠢ ᠶᠠᠪᠠᠭᠠᠨ ᠵᠡᠭᠡᠯᠢ ᠶ᠋ᠢᠨ 《ᠵᠠᠬᠢᠶ᠎ᠠ》 ᠦᠨᠳᠦᠰᠦᠲᠡᠨ᠎ᠦ ᠬᠤᠪᠴᠠᠰᠤᠨ ᠤ ᠳᠡᠯᠭᠡᠭᠦᠷ ᠦᠨ ᠡᠵᠡᠨᠳᠡᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠭᠰᠡᠨ ᠵᠢᠡᠷ᠂ 10 ᠰᠠᠷ᠎ᠠ᠎ᠶ᠋ᠢᠨ 6 ᠤ ᠡᠳᠦᠷ ᠡᠴᠡ ᠨᠠᠭᠠᠰᠢ ᠮᠣᠩᠭᠣᠯ ᠤᠯᠤᠰ᠎ᠠᠴᠠ 4 ᠪᠦᠯᠦᠭ ᠪᠠᠷᠠᠭ᠎ᠠ ᠬᠤᠳᠠᠯᠳᠤᠨ ᠤᠷᠤᠭᠤᠯᠤᠭᠰᠠᠨᠢ ᠱᠢᠯᠢᠩᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠱᠢᠯᠭᠠᠨ ᠪᠠᠢᠴᠠᠭᠠᠯᠲᠠ᠎ᠪᠠᠷ ᠳᠡᠮᠵᠢᠨ᠂ ᠨᠢᠭᠳᠠ ᠣᠢᠷᠠᠲᠤᠭ᠍ᠰᠠᠳᠤᠨ ᠱᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠨᠢ ᠪᠢᠯᠢᠭ ᠴᠢᠨᠠᠷ ᠲᠠᠶ ᠪᠠᠢᠵᠤ᠂ ᠬᠡᠰᠡᠭ ᠪᠠᠷᠠᠭᠠᠨ᠎ᠤ ᠱᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠨᠢ ᠠᠷᠭ᠎ᠠ ᠴᠢᠨᠠᠷ ᠢᠯᠡᠷᠡᠵᠠᠢ ᠬᠡᠵᠤ ᠢᠯᠡᠳᠬᠡᠪᠡ᠃
ᠠᠯᠪᠠᠨ ᠵᠠᠷᠯᠠᠯᠳ᠋ᠤ ᠬᠡᠯᠡᠭ᠌ᠰᠡᠨ ᠨᠢ ᠂ 2021 ᠣᠨ᠎ᠤ 10 ᠰᠠᠷ᠎ᠠ᠎ᠶ᠋ᠢᠨ 6 ᠤ ᠡᠳᠦᠷ᠎ᠡᠴᠡ ᠨᠠᠭᠠᠰᠢ᠂ ᠱᠢᠯᠢᠩᠬᠣᠲᠠ᠎ᠶ᠋ᠢᠨ ᠸᠸᠢ ᠳ᠋ᠦᠸᠸ ᠯᠢ ᠶᠠᠪᠠᠭᠠᠨ ᠵᠡᠭᠡᠯᠢ᠎ᠶ᠋ᠢᠨ 《ᠵᠠᠬᠢᠶ᠎ᠠ》ᠦᠨᠳᠦᠰᠦᠲᠡᠨ᠎ᠦ ᠬᠤᠪᠴᠠᠰᠤᠨ᠎ᠤ ᠳᠡᠯᠭᠡᠭᠦᠷ᠎ᠡᠴᠡ ᠡᠳ᠋ ᠪᠠᠷᠠᠭ᠎ᠠ ᠬᠤᠳᠠᠯᠳᠤᠨ ᠠᠪᠤᠭ᠍ᠰᠠᠨ ᠪᠤᠶᠤ ᠱᠢᠤᠳᠠᠨ᠎ᠢᠶᠠᠷ ᠢᠯᠡᠭᠡᠬᠦ᠌ ᠠᠷᠭ᠎ᠠ ᠪᠠᠷ ᠲᠣᠰ ᠳᠡᠯᠭᠡᠭᠦᠷ᠎ᠦᠨ ᠪᠠᠷᠠᠭ᠎ᠠ᠎ᠶ᠋ᠢ ᠬᠦᠯᠢᠶᠡᠨ ᠠᠪᠤᠭᠰᠠᠨ ᠬᠦᠮᠦᠰ ᠳᠤᠬᠠᠢ ᠵᠢᠨ ᠭᠠᠵᠠᠷ᠎ᠤᠨ ᠵᠢᠡᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ ᠪᠤᠶᠤ ᠬᠠᠷᠢᠶ᠎ᠠ ᠭᠠᠵᠠᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠲᠤ ᠮᠡᠳᠡᠭᠦᠯᠬᠦ᠌ ᠬᠡᠷᠡᠭ᠌ᠲᠡᠶ᠃
ᠱᠢᠯᠢᠩᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠤᠲᠠᠰᠤ᠄ 0479 ᠊᠊ 822393
ᠱᠢᠯᠢᠩᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠤᠲᠠᠰᠤ ᠄ 0479 ᠊᠊ 6850208
ᠢᠷᠡᠯᠳᠡ᠄ ᠠᠷᠠᠳ᠎ᠤᠨ ᠰᠦᠯᠵᠢᠶ᠎ᠡ