ᠲᠡᠭᠷᠢ ᠬᠦᠢᠲᠡᠷᠡᠬᠦ ᠵᠢ ᠲᠠᠭᠠᠯᠲᠤᠨ᠂ ᠡᠨ᠋ᠸᠷᠬᠢ ᠵᠢᠨ ᠬᠠᠩᠭᠠᠯᠭ᠎ᠠ ᠵᠢᠠ ᠪᠠᠲᠤᠯᠠᠭ᠎ᠠ ᠴᠢᠨᠠᠭᠰᠢᠲᠠ ᠬᠦᠮᠦᠰ᠎ᠤᠨ ᠠᠩᠬᠠᠷᠤᠯ ᠢ ᠲᠠᠲᠠᠪᠠ᠃ ᠰᠤᠷᠪᠤᠯᠵᠢᠯᠠᠭ᠍ᠴᠢ 6 ᠤ᠋ ᠡᠳᠦᠷ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠡᠴᠡ ᠣᠢᠯᠠᠭᠠᠭ᠍ᠰᠠᠨ᠎ᠢᠶᠠᠷ᠂ 11 ᠰᠠᠷ᠎ᠠ᠎ᠶ᠋ᠢᠨ 4 ᠤ᠋ ᠡᠲᠦᠷ ᠨᠡᠭᠦᠷᠡᠰᠦᠨ᠎ᠦ ᠡᠳᠦᠷ᠎ᠦᠨ ᠭᠠᠷᠤᠯᠲᠠ 1188.5 ᠲᠦᠮᠡᠨ ᠲᠣᠨ᠎ᠳᠤ ᠬᠦᠷᠴᠦ᠍᠂ ᠣᠢᠷ᠎ᠠ᠎ᠶ᠋ᠢᠨ ᠵᠢᠯ᠎ᠦᠨ ᠲᠤᠷᠱᠢᠬᠢ ᠱᠢᠨ᠎ᠡ ᠲᠡᠮᠳᠡᠭ᠌ᠯᠡᠯ᠎ᠢ ᠳᠠᠬᠢᠨᠲᠠ ᠡᠭᠦᠳᠴᠦ᠍᠂ ᠳᠡᠭᠡᠷ᠎ᠡ ᠨᠢᠭᠡ ᠣᠷᠭᠢᠯ ᠬᠡᠮᠵᠢᠭ᠌ᠳᠡᠯ᠎ᠡᠴᠡ 16.5 ᠲᠦᠮᠡᠨ ᠲᠣᠨ ᠨᠡᠮᠡᠭ᠌ᠳᠡᠵᠡᠶ᠃ ᠡᠨᠡ ᠡᠪᠦᠯ ᠢᠷᠡᠬᠦ᠌ ᠬᠠᠪᠤᠷ᠎ᠤᠨ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠠᠵᠢᠯ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ᠃
ᠡᠨᠡ ᠵᠢᠯ᠎ᠡᠴᠡ ᠨᠠᠭᠠᠰᠢ ᠳᠡᠯᠡᠬᠡᠢ᠎ᠶ᠋ᠢᠨ ᠵᠠᠬ᠎ᠠ ᠳᠡᠯᠭᠡᠭᠦᠷ᠎ᠦᠨ ᠡᠨᠧᠷᠭᠢ᠎ᠶ᠋ᠢᠨ ᠦᠨ᠎ᠡ ᠶᠡᠬᠡᠪᠡᠷ ᠥᠰᠴᠦ᠍᠂ ᠤᠯᠤᠰ᠎ᠤᠨ ᠳᠣᠲᠣᠭᠠᠳᠤ᠎ᠶ᠋ᠢᠨ ᠴᠠᠬᠢᠯᠭᠠᠨ ᠬᠦᠴᠦ᠍᠂ ᠨᠡᠭᠦᠷᠡᠰᠦᠨ᠎ᠦ ᠬᠠᠩᠭᠠᠯᠭ᠎ᠠ ᠬᠡᠷᠡᠭ᠌ᠴᠡᠭᠡ ᠦᠷᠭᠦᠯᠵᠢᠯᠡᠨ ᠪᠠᠴᠢᠮ ᠪᠣᠯᠪᠠ᠃ ᠡᠨᠡ ᠡᠪᠦᠯ ᠢᠷᠡᠬᠦ᠌ ᠬᠠᠪᠤᠷ᠎ᠤᠨ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠬᠦ᠌᠎ᠶ᠋ᠢᠨ ᠲᠥᠯᠥᠭᠡ᠂ ᠡᠯ᠎ᠡ ᠱᠠᠲᠤᠨ᠎ᠤ ᠰᠠᠯᠠᠭ᠎ᠠ ᠮᠥᠴᠢᠷ᠎ᠦᠳ ᠬᠦᠴᠦᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠡᠨᠧᠷᠭᠢ᠎ᠶ᠋ᠢᠨ ᠬᠠᠩᠭᠠᠯᠭ᠎ᠠ ᠢᠯᠠᠩᠭᠤᠶ᠎ᠠ ᠠᠷᠠᠳ᠎ᠤᠨ ᠠᠮᠢᠳᠤᠷᠠᠯ᠎ᠳᠤ ᠬᠡᠷᠡᠭ᠌ᠯᠡᠬᠦ᠌ ᠡᠨᠧᠷᠭᠢ᠎ᠶ᠋ᠢ ᠪᠠᠲᠤᠯᠠᠵᠤ᠂ ᠡᠨᠧᠷᠭᠢ᠎ᠶ᠋ᠢᠨ ᠬᠠᠩᠭᠠᠯᠭ᠎ᠠ ᠬᠡᠷᠡᠭ᠌ᠴᠡᠭᠡ᠎ᠶ᠋ᠢᠨ ᠪᠠᠴᠢᠮ ᠪᠠᠢᠳᠠᠯ᠎ᠢ ᠨᠠᠮᠳᠠᠭᠤᠯᠪᠠ᠃
ᠡᠨᠧᠷᠭᠢ᠎ᠶ᠋ᠢᠨ ᠬᠠᠩᠭᠠᠯᠭᠠᠶ᠋ᠢᠠ ᠪᠠᠲᠤᠯᠠᠭ᠎ᠠ ᠵᠢ ᠯᠠᠪᠲᠠᠭᠤᠨ ᠠᠬᠢᠭᠤᠯᠪᠠ
ᠤᠢ᠍ᠢᠷ᠎ᠠ᠎ᠶ᠋ᠢᠨ ᠬᠤᠭᠤᠴᠠᠭᠠᠨ᠎ᠳᠤ᠂ ᠨᠡᠭᠦᠷᠡᠰᠦᠨ᠎ᠦ ᠤᠢᠯᠡᠳᠪᠤᠷᠢᠯᠡᠬᠥ ᠴᠢᠳᠠᠪᠤᠷᠢ ᠵᠢ ᠤᠯᠠᠮ ᠨᠢᠭᠡ ᠠᠯᠠᠬᠤᠮ ᠢᠯᠡᠷᠡᠬᠥᠯᠬᠥ ᠵᠢ ᠲᠠᠭᠠᠯᠳᠤᠨ᠂ ᠨᠡᠭᠦᠷᠡᠰᠦᠨ᠎ᠦ ᠦᠢᠯᠡᠳᠪᠦᠷᠢᠯᠡᠯ ᠥᠨᠳᠥᠷ ᠲᠦᠪᠱᠢᠨ᠎ᠤ ᠪᠠᠢᠳᠠᠯ ᠵᠢᠡᠨ ᠪᠠᠲᠤᠯᠠᠪᠠ᠃ 11 ᠰᠠᠷ᠎ᠠ᠎ᠠᠴᠠ ᠨᠠᠭᠠᠰᠢ᠂ ᠪᠦᠬᠦ᠌ ᠤᠯᠤᠰ᠎ᠤᠨ ᠨᠡᠭᠦᠷᠡᠰᠦᠨ᠎ᠦ ᠡᠳᠦᠷ ᠳᠤᠮᠳᠠᠴᠢ ᠵᠢᠨ ᠭᠠᠷᠤᠯᠲᠠ 1153 ᠲᠦᠮᠡᠨ ᠲᠣᠨ᠎ᠳᠤ ᠬᠦᠷᠴᠦ᠍᠂ 10 ᠰᠠᠷ᠎ᠠ᠎ᠶ᠋ᠢᠨ ᠡᠬᠢᠨ᠎ᠤ ᠬᠢ᠎ᠡᠴᠡ 80 ᠲᠦᠮᠡᠨ ᠲᠣᠨ ᠨᠡᠮᠡᠭ᠌ᠳᠡᠪᠡ; ᠱᠠᠨ ᠰᠢ᠎ᠶ᠋ᠢᠨ ᠡᠳᠦᠷ ᠳᠤᠮᠳᠠᠴᠢ ᠵᠢᠨ ᠭᠠᠷᠤᠯᠲᠠ 349 ᠲᠦᠮᠡᠨ ᠲᠣᠨ᠎ᠳᠤ ᠬᠦᠷᠴᠦ᠍᠂ 10 ᠰᠠᠷ᠎ᠠ᠎ᠶ᠋ᠢᠨ ᠡᠬᠢᠨ᠎ᠦ ᠬᠢ᠎ᠡᠴᠡ 22 ᠲᠦᠮᠡᠨ ᠲᠣᠨ ᠨᠡᠮᠡᠭ᠌ᠳᠡᠪᠡ; ᠥᠪᠥᠷ ᠮᠣᠩᠭᠣᠯ᠎ᠤᠨ ᠡᠳᠦᠷ ᠳᠤᠮᠳᠠᠴᠢ ᠵᠢᠨ ᠭᠠᠷᠤᠯᠲᠠ 335 ᠲᠦᠮᠡᠨ ᠲᠣᠨ ᠪᠠᠢᠵᠤ᠂ 10 ᠰᠠᠷ᠎ᠠ᠎ᠶ᠋ᠢᠨ ᠡᠬᠢᠨ᠎ᠦ ᠬᠢ᠎ᠡᠴᠡ 42 ᠲᠦᠮᠡᠨ ᠲᠣᠨ ᠨᠡᠮᠡᠭ᠌ᠳᠡᠪᠡ᠃
ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠣᠳᠣᠬᠠᠨ᠎ᠤ ᠨᠡᠭᠦᠷᠡᠰᠦᠨ᠎ᠦ ᠭᠠᠷᠤᠯᠲᠠ ᠨᠡᠮᠡᠭ᠌ᠳᠡᠵᠦ ᠪᠠᠢᠭ᠎ᠠ ᠬᠠᠨᠳᠤᠰᠢ᠎ᠪᠠᠷ ᠡᠳᠦᠷ᠎ᠦᠨ ᠭᠠᠷᠤᠯᠲᠠ 1200 ᠲᠦᠮᠡᠨ ᠲᠣᠨ᠎ᠢ ᠳᠠᠪᠠᠬᠤ ᠪᠣᠯᠤᠮᠵᠢᠲᠠᠶ ᠭᠡᠵᠤ ᠵᠢᠱ᠌ᠢᠵᠦ ᠪᠤᠢ ᠃
ᠴᠢᠬᠤᠯᠠ ᠨᠡᠭᠦᠷᠡᠰᠦᠨ᠎ᠦ ᠳᠠᠮᠵᠢᠭᠤᠯᠬᠤ ᠰᠠᠭᠤᠷᠢᠨ ᠪᠠ ᠵᠠᠬ᠎ᠠ ᠳᠡᠯᠭᠡᠭᠦᠷ᠎ᠦᠨ ᠪᠠᠢᠳᠠᠯ᠎ᠤᠨ ᠬᠠᠨᠳᠤᠰᠢ ᠪᠣᠯᠤᠭ᠍ᠰᠠᠨ᠎ᠤ ᠬᠤᠪᠢ᠎ᠳᠤ᠂ ᠴᠢᠨ ᠬᠤᠸᠠᠩ ᠳ᠋ᠤᠤ ᠭᠠᠷᠠᠮ᠎ᠤᠨ 11 ᠰᠠᠷ᠎ᠠ᠎ᠶ᠋ᠢᠨ 3 ᠤ᠋ ᠡᠳᠦᠷ᠎ᠦᠨ ᠬᠠᠳᠠᠭᠠᠯᠠᠭ᠍ᠰᠠᠨ ᠨᠡᠭᠦᠷᠡᠰᠦ 510 ᠲᠦᠮᠡᠨ ᠲᠣᠨ᠎ᠢ ᠳᠠᠪᠠᠵᠤ ᠂ ᠨᠢᠳᠤᠨᠤᠨ᠎ᠤ ᠠᠳᠠᠯᠢ ᠬᠤᠭᠤᠴᠠᠭᠠᠨ᠎ᠤ ᠲᠦᠪᠱᠢᠨ᠎ᠡᠴᠡ ᠳᠠᠪᠠᠵᠤ ᠂ ᠡᠨᠡ ᠵᠢᠯ᠎ᠡᠴᠡ ᠨᠠᠭᠠᠱᠢᠬᠢ ᠥᠨᠳᠥᠷ ᠲᠦᠪᠱᠢᠨ᠎ᠳᠦ ᠬᠦᠷᠴᠡᠢ᠃10 ᠰᠠᠷ᠎ᠠ᠎ᠶ᠋ᠢᠨ ᠰᠡᠭᠦᠯᠴᠢ᠎ᠪᠡᠷ ᠂ ᠳ᠋ᠠ ᠴᠢᠨ ᠤ ᠨᠡᠭᠦᠷᠡᠰᠦ ᠵᠦᠭᠡᠭᠡᠪᠦᠷᠢᠯᠡᠬᠦ ᠵᠠᠮ ᠱᠤᠭᠤᠮ ᠢ ᠪᠠᠢᠴᠠᠭᠠᠨ ᠵᠠᠰᠠᠭ᠍ᠰᠠᠨ᠎ᠤ ᠳᠠᠷᠠᠭ᠎ᠠ᠂ ᠴᠠᠬᠢᠯᠭᠠᠨ ᠭᠠᠷᠭᠠᠬᠤ ᠳ᠋ᠦ ᠬᠡᠷᠡᠭᠯᠡᠬᠦ ᠨᠡᠭᠦᠷᠡᠰᠦ᠎ᠶ᠋ᠢᠨ ᠲᠡᠮᠦᠷ ᠵᠠᠮ᠎ᠤᠨ ᠲᠡᠭᠡᠭᠡᠪᠦᠷᠢ ᠲᠡᠦᠬᠡᠨ ᠱᠢᠨ᠎ᠡ ᠲᠡᠮᠳᠡᠭ᠌ᠯᠡᠯ᠎ᠢ ᠡᠭᠦᠳᠴᠦ᠍ ᠂ ᠭᠠᠷᠠᠮ᠎ᠠᠴᠠ ᠣᠷᠣᠭᠤᠯᠬᠤ ᠬᠡᠮᠵᠢᠶ᠎ᠡ ᠢᠯᠡᠳᠲᠡ ᠨᠡᠮᠡᠭ᠌ᠳᠡᠵᠡᠶ᠃
ᠣᠢᠯᠠᠭᠠᠭ᠍ᠰᠠᠨ᠎ᠢᠶᠠᠷ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠲᠡᠮᠦᠷ ᠵᠠᠮ᠂ ᠭᠠᠷᠠᠮ᠎ᠤᠨ ᠲᠡᠭᠡᠭᠡᠪᠦᠷᠢ ᠵᠢᠨ ᠠᠵᠤ ᠠᠬᠤᠢᠯᠠᠯ᠎ᠢ ᠵᠣᠬᠢᠴᠠᠭᠤᠯᠵᠤ ᠪᠠᠢᠭᠠᠳ ᠭᠤᠤᠯᠳᠠᠯᠭ᠎ᠠ᠎ᠲᠠᠶ ᠭᠠᠵᠠᠷ ᠣᠷᠣᠨ᠂ ᠭᠤᠤᠯᠳᠠᠯᠭ᠎ᠠ᠎ᠲᠠᠶ ᠵᠠᠮ ᠱᠤᠭᠤᠮ᠎ᠤᠨ ᠨᠡᠭᠦᠷᠡᠰᠦᠨ᠎ᠦ ᠲᠡᠭᠡᠭᠡᠪᠦᠷᠢ᠎ᠶ᠋ᠢᠨ ᠵᠣᠬᠢᠶᠠᠨ ᠪᠠᠢᠭᠤᠯᠤᠯᠲᠠ᠎ᠶ᠋ᠢ ᠴᠢᠩᠭᠠᠳᠭᠠᠵᠤ᠂ ᠳᠠᠯᠳᠠ ᠬᠦᠴᠦᠨ᠎ᠢ ᠠᠭᠤᠳᠠᠯᠤᠨ ᠨᠡᠭᠦᠷᠡᠰᠦ᠎ᠶᠢ ᠨᠡᠮᠡᠵᠦ ᠲᠡᠭᠡᠭᠡᠪᠦᠷᠢᠯᠡᠬᠦ ᠬᠡᠮᠵᠢᠶ᠎ᠡ᠎ᠶ᠋ᠢ ᠨᠡᠮᠡᠭ᠌ᠳᠡᠭᠦᠯᠵᠦ᠂ ᠴᠠᠬᠢᠯᠭᠠᠨ ᠭᠠᠷᠭᠠᠬᠤ ᠳᠤᠯᠠᠭᠠᠯᠠᠭ᠎ᠠ ᠬᠠᠩᠭᠠᠬᠤ᠎ᠳᠤ ᠬᠡᠷᠡᠭ᠌ᠯᠡᠬᠦ᠌ ᠨᠡᠭᠦᠷᠡᠰᠦᠨ᠎ᠦ ᠲᠡᠭᠡᠭᠡᠪᠦᠷᠢ᠎ᠶ᠋ᠢᠨ ᠬᠡᠷᠡᠭ᠌ᠴᠡᠭᠡ᠎ᠶ᠋ᠢ ᠤᠷᠢᠳ᠎ᠢᠶᠠᠷ ᠪᠠᠲᠤᠯᠠᠵᠤ ᠂ ᠬᠥᠮᠥᠷᠭᠡᠯᠡᠯᠲᠡ ᠪᠠᠭᠠᠲᠠᠶ ᠴᠠᠬᠢᠯᠭᠠᠨ᠎ᠤ ᠦᠶ᠋ᠯᠡᠳᠪᠦᠷᠢ ᠪᠣᠯᠤᠨ ᠴᠠᠬᠢᠯᠭᠠᠨ ᠭᠠᠷᠭᠠᠬᠤ ᠳ᠋ᠦ ᠬᠡᠷᠡᠭᠯᠡᠬᠦ ᠨᠡᠭᠦᠷᠡᠰᠦᠨ᠎ᠦ ᠳᠤᠮᠳᠠ ᠣᠷᠳᠣ ᠬᠤᠭᠤᠴᠠᠭᠠᠨ᠎ᠤ ᠭᠡᠷ᠎ᠡ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠡᠷᠴᠢᠮ᠎ᠢ ᠴᠢᠩᠭᠠᠷᠠᠭᠤᠯᠵᠠᠢ᠃ 10ᠰᠠᠷ᠎ᠠ᠎ᠶ᠋ᠢᠨ ᠰᠡᠭᠦᠯᠴᠢ᠎ᠪᠡᠷ ᠪᠥᠬᠥ᠌ ᠤᠯᠤᠰ᠎ᠤᠨ ᠲᠡᠮᠦᠷ ᠵᠠᠮ᠎ᠤᠨ ᠡᠳᠦᠷ ᠳᠤᠮᠳᠠᠴᠢ ᠵᠢᠨᠨᠡᠭᠦᠷᠡᠰᠦᠨᠤ ᠲᠡᠭᠡᠭᠡᠪᠦᠷᠢ 10 ᠲᠦᠮᠡᠠ ᠲᠡᠷᠭᠡ᠎ᠶ᠋ᠢ ᠳᠠᠪᠠᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 14.5% ᠪᠠᠷ ᠨᠡᠮᠡᠭ᠌ᠳᠡᠵᠦ᠍ ᠂ ᠣᠢᠷ᠎ᠠ᠎ᠶ᠋ᠢᠨ ᠵᠢᠯ᠎ᠦᠨ ᠲᠤᠷᠱᠢᠬᠢ ᠬᠠᠮᠤᠭ᠎ᠤᠨ ᠥᠨᠳᠥᠷ ᠲᠦᠪᠱᠢᠨ᠎ᠳᠦ ᠬᠦᠷᠴᠡᠶ᠃
ᠪᠥᠬᠥ᠌ ᠤᠯᠤᠰ᠎ᠤᠨ ᠨᠡᠭᠦᠷᠡᠰᠦᠨ᠎ᠦ ᠭᠠᠷᠤᠯᠲᠠ ᠦᠷᠭᠦᠯᠵᠢᠯᠡᠨ ᠨᠡᠮᠡᠭ᠌ᠳᠡᠬᠦ᠌ ᠪᠠ ᠴᠠᠬᠢᠯᠭᠠᠨ ᠭᠠᠷᠭᠠᠬᠤ ᠳ᠋ᠦ ᠬᠡᠷᠡᠭᠯᠡᠬᠦ ᠨᠡᠭᠦᠷᠡᠰᠦ᠎ᠶᠢ ᠲᠡᠭᠡᠭᠡᠪᠦᠷᠢᠯᠡᠬᠦ᠌ ᠲᠡᠷᠭᠡ᠎ᠶ᠋ᠢᠨ ᠲᠦᠷᠭᠡᠨ᠎ᠢᠶᠡᠷ ᠨᠡᠮᠡᠭ᠌ᠳᠡᠬᠦ᠌᠎ᠶ᠋ᠢ ᠳᠠᠭᠠᠯᠳᠤᠨ᠂ 11 ᠰᠠᠷ᠎ᠠ᠎ᠠᠴᠠ ᠨᠠᠭᠠᠰᠢ ᠴᠠᠬᠢᠯᠭᠠᠨ᠎ᠤ ᠦᠶ᠋ᠯᠡᠳᠪᠦᠷᠢᠳ᠋ᠦ ᠨᠡᠭᠦᠷᠡᠰᠦ ᠬᠠᠩᠭᠠᠬᠤ ᠬᠡᠮᠵᠢᠶ᠎ᠡ ᠦᠷᠭᠦᠯᠵᠢᠯᠡᠨ ᠨᠡᠮᠡᠭᠳᠡᠵᠦ ᠂ ᠬᠦᠮᠦᠷᠭᠡᠯᠡᠯᠳᠡ ᠡᠳᠦᠷ ᠳᠤᠮᠳᠠᠴᠢ᠎ᠪᠠᠷ 160 ᠲᠦᠮᠡᠨ ᠲᠣᠨ ᠨᠡᠮᠡᠭ᠌ᠳᠡᠨ᠂ ᠨᠡᠭᠦᠷᠡᠰᠦ ᠬᠠᠳᠠᠭᠠᠯᠠᠬᠤ ᠬᠢᠷᠢ ᠲᠦᠪᠱᠢᠨ ᠲᠦᠷᠭᠡᠨ᠎ᠢᠶᠡᠷ ᠳᠡᠭᠡᠭ᠌ᠰᠢᠯᠡᠪᠡ᠃ 11 ᠰᠠᠷ᠎ᠠ᠎ᠶ᠋ᠢᠨ 5᠎ᠤ᠋ ᠡᠳᠦᠷ ᠴᠠᠬᠢᠯᠭᠠᠨ ᠭᠠᠷᠭᠠᠬᠤ ᠳ᠋ᠦ ᠬᠡᠷᠡᠭᠯᠡᠬᠦ ᠨᠡᠭᠦᠷᠡᠰᠦ᠎ᠵᠢ 6.5 ᠲᠦᠮᠡᠨ ᠲᠡᠷᠭᠡ ᠲᠡᠭᠡᠭᠡᠪᠦᠷᠢᠯᠡᠵᠦ᠂ ᠨᠢᠳᠤᠨᠤᠨ᠎ᠤ ᠠᠳᠠᠯᠢ ᠬᠤᠭᠤᠴᠠᠭᠠᠨ ᠤ ᠬᠢ᠎ᠠᠴᠠ 39% ᠨᠡᠮᠡᠭ᠌ᠳᠡᠵᠡᠶ; ᠴᠠᠬᠢᠯᠭᠠᠨ ᠭᠠᠷᠭᠠᠬᠤ ᠳ᠋ᠦ ᠬᠡᠷᠡᠭᠯᠡᠬᠦ ᠨᠡᠭᠦᠷᠡᠰᠦᠨ᠎ᠦ ᠬᠠᠩᠭᠠᠯᠭ᠎ᠠ ᠨᠢ ᠬᠤᠷᠤᠭᠳᠠᠯ ᠡᠴᠡ 182 ᠲᠦᠮᠡᠨ ᠲᠣᠨ ᠶᠡᠬᠡ ᠪᠠᠢᠵᠤ᠂ ᠴᠠᠬᠢᠯᠭᠠᠨ᠎ᠤ ᠦᠢᠯᠡᠳᠪᠦᠷᠢ᠎ᠶ᠋ᠢᠨ ᠬᠠᠳᠠᠭᠠᠯᠠᠵᠤ ᠪᠠᠢᠭ᠎ᠠ ᠨᠡᠭᠦᠷᠡᠰᠦ 1.16 ᠳ᠋ᠦᠩᠱᠢᠭᠤᠷ ᠲᠣᠨ᠎ᠳᠤ ᠬᠦᠷᠴᠦ᠍᠂ 20 ᠡᠳᠦᠷ ᠬᠡᠷᠡᠭ᠌ᠯᠡᠵᠦ᠍ ᠬᠦᠢᠴᠡᠨᠠ᠃
ᠣᠢᠷ᠎ᠠ᠎ᠶ᠋ᠢᠨ ᠬᠤᠭᠤᠴᠠᠭᠠᠨ᠎ᠳᠤ ᠣᠨᠴᠠ ᠵᠠᠷᠢᠮ ᠭᠠᠵᠠᠷ ᠣᠷᠣᠨ᠎ᠤ ᠴᠠᠢᠶᠢᠤ ᠲᠣᠰᠣᠨ᠎ᠤ ᠡᠬᠢ ᠪᠠᠶᠠᠯᠢᠭ᠎ᠤᠨ ᠬᠠᠩᠭᠠᠯᠭ᠎ᠠ ᠪᠠᠴᠢᠮ ᠪᠠᠢᠭ᠎ᠠ ᠪᠠᠢᠳᠠᠯ᠎ᠳᠤ ᠴᠢᠭ᠌ᠯᠡᠭᠦᠯᠦᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠂ ᠤᠯᠤᠰ᠎ᠤᠨ ᠡᠨᠧᠷᠭᠢ᠎ᠶ᠋ᠢᠨ ᠲᠣᠪᠴᠢᠶ᠎ᠠ ᠳᠤᠮᠳᠠᠳᠤ ᠤᠯᠤᠰ᠎ᠤᠨ ᠴᠢᠯᠠᠭᠤᠨ ᠲᠣᠰᠣ ᠪᠠᠢᠭᠠᠯᠢ ᠵᠢᠨ ᠰᠢᠳᠠᠮᠠᠬᠠᠢ ᠬᠡᠢ ᠵᠢᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠬᠢᠮᠢ᠎ᠶ᠋ᠢᠨ ᠠᠵᠤ ᠦᠢᠯᠡᠳᠪᠦᠷᠢ ᠵᠢᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ᠂ ᠳᠤᠮᠳᠠᠳᠤ ᠤᠯᠤᠰ᠎ᠤᠨ ᠳᠠᠯᠠᠶ ᠲᠠᠩᠭᠢᠰ᠎ᠤᠨ ᠴᠢᠯᠠᠭᠤᠨ ᠲᠣᠰᠣᠨ᠎ᠤ ᠶᠡᠷᠦᠩᠬᠡᠢ ᠺᠤᠮᠫᠠᠨᠢ ᠵᠡᠷᠭᠡ ᠴᠢᠯᠠᠭᠤᠨ ᠲᠣᠰᠣᠨ᠎ᠤ ᠺᠣᠮᠫᠠᠨᠢ᠎ᠶ᠋ᠢ ᠵᠣᠬᠢᠶᠠᠨ ᠪᠠᠢᠭᠤᠯᠤᠨ ᠵᠣᠬᠢᠴᠠᠭᠤᠯᠵᠤ ᠠᠷᠭ᠎ᠠ ᠬᠡᠮᠵᠢᠶ᠎ᠡ ᠠᠪᠴᠤ᠌᠂ ᠪᠣᠯᠪᠠᠰᠤᠷᠠᠭᠤᠯᠤᠭ᠍ᠰᠠᠨ ᠴᠢᠯᠠᠭᠤᠨ ᠲᠣᠰᠣᠨ᠎ᠤ ᠬᠠᠩᠭᠠᠯᠭ᠎ᠠ᠎ᠶ᠋ᠢ ᠨᠡᠮᠡᠭ᠌ᠳᠡᠭᠦᠯᠵᠠᠢ᠃ 9 ᠰᠠᠷ᠎ᠠ᠂ 10 ᠰᠠᠷ᠎ᠠ᠎ᠳᠤ ᠴᠠᠢᠶᠢᠦ ᠲᠣᠰᠣᠨ᠎ᠤ ᠬᠠᠩᠭᠠᠯᠭ᠎ᠠ᠎ᠶ᠋ᠢᠨ ᠬᠡᠮᠵᠢᠶ᠎ᠡ ᠬᠣᠶᠠᠷ ᠰᠠᠷ᠎ᠠ ᠳᠠᠷᠠᠭᠠᠯᠠᠨ ᠬᠠᠷᠢᠴᠠᠭᠤᠯᠤᠭᠰᠠᠠ ᠬᠠᠷᠢᠴᠠᠯ᠎ᠢᠶᠠᠷ 20% ᠱᠢᠬᠠᠮ ᠨᠡᠮᠡᠭ᠌ᠳᠡᠵᠦ᠍᠂ ᠵᠢᠱ᠌ᠢᠯᠲᠡ᠎ᠪᠡᠷ 11 ᠰᠠᠷ᠎ᠠ᠂ 12 ᠰᠠᠷ᠎ᠠ᠎ᠳᠤ ᠬᠠᠩᠭᠠᠯᠭ᠎ᠠ᠎ᠶ᠋ᠢᠨ ᠬᠡᠮᠵᠢᠶ᠎ᠡ ᠲᠦᠷᠦᠭᠦᠦ 8 ᠰᠠᠷ᠎ᠠ᠎ᠶ᠋ᠢᠨ ᠬᠠᠩᠭᠠᠯᠭ᠎ᠠ᠎ᠶ᠋ᠢᠨ ᠬᠡᠮᠵᠢᠶ᠎ᠡ᠎ᠡᠴᠡ 50% ᠱᠢᠬᠠᠮ ᠨᠡᠮᠡᠭ᠌ᠳᠡᠬᠦ᠌ ᠪᠣᠯᠤᠨ᠎ᠠ᠃
ᠦᠨ᠎ᠡ ᠬᠠᠩᠰᠢ᠎ᠶ᠋ᠢ ᠠᠯᠬᠤᠮ ᠠᠯᠬᠤᠮ᠎ᠢᠶᠠᠷ ᠵᠦᠢ ᠵᠣᠬᠢᠰᠲᠠᠢ ᠪᠣᠯᠭᠠᠪᠠ
10ᠰᠠᠷᠠᠶ᠋ᠢᠨᠳᠤᠮᠳᠠᠴᠢᠡᠴᠡᠨᠠᠭᠠᠰᠢ᠂ᠨᠡᠭᠦᠷᠡᠰᠦᠨ᠎ᠦ ᠬᠠᠩᠭᠠᠯᠭ᠎ᠠ ᠬᠡᠷᠡᠭ᠌ᠴᠡᠭᠡ᠎ᠶ᠋ᠢᠨ ᠪᠠᠢᠳᠠᠯ ᠢᠯᠡᠳᠲᠡ ᠰᠠᠢᠵᠢᠷᠠᠵᠤ᠂ ᠨᠡᠭᠦᠷᠡᠰᠦᠨ᠎ᠦ ᠬᠤᠭᠤᠴᠠᠭᠠᠲᠤ ᠪᠠᠷᠠᠭ᠎ᠠ ᠪᠡᠯᠡᠨ ᠪᠠᠷᠠᠭ᠎ᠠ ᠵᠢᠨ ᠦᠨ᠎ᠡ ᠲᠦᠷᠭᠡᠨ ᠪᠠᠭᠤᠷᠠᠪᠠ᠃ ᠬᠥᠳᠡᠯᠭᠡᠬᠴᠢ ᠬᠦᠴᠦᠨ᠎ᠦ ᠨᠡᠭᠦᠷᠡᠰᠦᠨ᠎ᠦ ᠭᠣᠣᠯ ᠬᠦᠴᠦᠨ᠎ᠤ ᠭᠡᠷ᠎ᠡ10 ᠡᠳᠦᠷ ᠳᠠᠷᠠᠭᠠᠯᠠᠨ ᠪᠠᠭᠤᠷᠠᠵᠤ᠂ ᠨᠡᠢ᠌ᠳᠡ 55% ᠪᠡᠷ ᠪᠠᠭᠤᠷᠠᠵᠠᠢ᠃ 5500 ᠺᠢᠯᠤᠺᠠᠯᠤᠷᠢ᠎ᠵᠢᠨ ᠬᠥᠳᠡᠯᠭᠡᠬᠴᠢ ᠬᠦᠴᠦᠨ᠎ᠦ ᠨᠡᠭᠦᠷᠡᠰᠦ ᠵᠢᠨ ᠭᠠᠷᠠᠮ᠎ᠤᠨ ᠡᠩ᠎ᠤᠨ ᠬᠦᠮᠦᠷᠭᠡ ᠵᠢᠨ ᠦᠨᠡᠨ᠎ᠢ ᠨᠢᠭᠡᠨᠲᠡ ᠲᠤᠨ ᠪᠦᠷᠢ ᠳ᠋ᠡᠭᠡᠨ1200 ᠲᠥᠭᠥᠷᠢᠭ ᠣᠷᠴᠢᠮ ᠪᠣᠯᠲᠠᠯ᠎ᠠ ᠪᠠᠭᠤᠷᠠᠵᠤ᠂ ᠠᠭᠤᠷᠬᠠᠶ᠎ᠶ᠋ᠢᠨ ᠠᠮᠠᠰᠠᠷᠲᠡᠬᠢ ᠦᠨᠡᠨ᠎ᠢ ᠨᠢᠭᠡᠨᠲᠡ ᠲᠤᠨ ᠪᠦᠷᠢ ᠳ᠋ᠡᠭᠡᠨ1000 ᠲᠥᠭᠥᠷᠢᠭ ᠣᠷᠴᠢᠮ ᠪᠣᠯᠲᠠᠯ᠎ᠠ ᠪᠠᠭᠤᠷᠠᠵᠤ᠂ ᠡᠮᠦᠨᠡᠬᠢ ᠬᠤᠭᠤᠴᠠᠭᠠᠨ᠎ᠤ ᠥᠨᠳᠥᠷ ᠴᠡᠭ᠎ᠡᠴᠡ ᠮᠢᠩᠭ᠎ᠠ ᠭᠠᠷᠤᠢ ᠲᠦᠭᠦᠷᠢᠭ ᠪᠠᠭᠤᠷᠠᠵᠠᠢ᠃
ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠭᠤᠤᠯᠳᠠᠯᠭ᠎ᠠ᠎ᠲᠠᠶ ᠨᠡᠭᠦᠷᠡᠰᠦᠨ᠎ᠦ ᠠᠵᠤ ᠠᠬᠤᠢᠯᠠᠯ᠎ᠢ ᠱᠠᠯᠠᠪᠳᠠᠭᠤᠯᠤᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠭᠤᠨ ᠪᠠᠢᠯᠭᠠᠬᠤ ᠳᠠᠭᠠᠭᠤᠯᠤᠭᠴᠢ ᠵᠢᠨ ᠦᠶ᠋ᠯᠡᠳᠦᠯ᠎ᠢ ᠪᠠᠳᠠᠷᠠᠭᠤᠯᠵᠤ ᠂ ᠳᠤᠮᠳᠠ ᠣᠷᠳᠣ ᠬᠤᠭᠤᠴᠠᠭᠠᠨ᠎ᠤ ᠭᠡᠷ᠎ᠡ᠎ᠶ᠋ᠢ ᠢᠯᠡᠭᠦᠦ ᠲᠣᠭ᠍ᠲᠠᠭᠠᠵᠤ ᠂ ᠳᠤᠮᠳᠠ ᠣᠷᠳᠣ ᠬᠤᠭᠤᠴᠠᠭᠠᠨ᠎ᠤ ᠭᠡᠷ᠎ᠡ᠎ᠶ᠋ᠢᠨ ᠨᠡᠭᠦᠷᠡᠰᠦᠨ᠎ᠦ ᠦᠨ᠎ᠡ ᠬᠠᠩᠰᠢ᠎ᠶ᠋ᠢ ᠴᠢᠩᠭ᠎ᠠ ᠬᠡᠷᠡᠭ᠌ᠵᠢᠭᠦᠯᠵᠦ᠍᠂ ᠵᠠᠬ᠎ᠠ ᠳᠡᠯᠭᠡᠭᠦᠷ᠎ᠦᠨ ᠠᠷᠠᠯᠵᠢᠶᠠᠨ᠎ᠤ ᠦᠨ᠎ᠡ ᠬᠠᠩᠰᠢ᠎ᠶ᠋ᠢ ᠲᠦᠷᠦᠭᠦᠯᠡᠨ ᠪᠠᠭᠤᠷᠠᠭᠤᠯᠵᠠᠢ᠃ ᠣᠨ᠎ᠤ ᠳᠤᠮᠳᠠ ᠤᠷᠲᠤ ᠬᠤᠭᠤᠴᠠᠭᠠᠨ᠎ᠤ ᠭᠡᠷ᠎ᠡ᠎ᠶ᠋ᠢ ᠨᠢᠭᠡᠨᠲᠡ ᠲᠣᠭ᠍ᠲᠠᠭ᠍ᠰᠠᠨ ᠰᠠᠭᠤᠷᠢᠨ ᠳᠡᠭᠡᠷ᠎ᠡ ᠂ ᠴᠠᠬᠢᠯᠭᠠᠨ ᠭᠠᠷᠭᠠᠵᠤ ᠢᠯᠴᠢ ᠬᠠᠩᠭᠠᠬᠤ ᠠᠵᠤ ᠠᠬᠤᠢᠯᠠᠯ ᠬᠢᠭᠡᠳ ᠨᠡᠭᠦᠷᠡᠰᠦᠨ᠎ᠦ ᠠᠵᠤ ᠠᠬᠤᠢᠯᠠᠯ᠎ᠯᠤᠭ᠎ᠠ 1.5 ᠳ᠋ᠦ᠋ᠩᠰᠢᠭᠤᠷ ᠲᠣᠨ᠎ᠤ ᠳᠤᠮᠳᠠ ᠤᠷᠲᠤ ᠬᠤᠭᠤᠴᠠᠭᠠᠨ᠎ᠤ ᠭᠡᠷ᠎ᠡ᠎ᠶ᠋ᠢ ᠨᠥᠬᠥᠵᠦ᠍ ᠲᠣᠭ᠍ᠲᠠᠬᠤ᠎ᠶ᠋ᠢ ᠵᠣᠬᠢᠶᠠᠨ ᠪᠠᠢᠭᠤᠯᠵᠤ᠂ ᠴᠠᠬᠢᠯᠭᠠᠨ ᠭᠠᠷᠭᠠᠵᠤ ᠢᠯᠴᠢ ᠬᠠᠩᠭᠠᠬᠤ ᠳ᠋ᠦ ᠬᠡᠷᠡᠭᠯᠡᠬᠦ ᠨᠡᠭᠦᠷᠡᠰᠦ ᠶ᠋ᠢ ᠳᠤᠮᠳᠠ ᠤᠷᠲᠤ ᠬᠤᠭᠤᠴᠠᠭᠠᠨ᠎ᠤ ᠭᠡᠷ᠎ᠡ᠎ᠪᠡᠷ ᠪᠦᠬᠦᠨ᠎ᠢ ᠬᠠᠮᠤᠷᠬᠤ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ ᠭᠡᠵᠦ ᠢᠯᠡᠳᠭᠡᠪᠡ᠃
ᠤᠢ᠍ᠢᠯᠠᠭᠠᠭ᠍ᠰᠠᠠᠵᠢᠡᠷ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠣᠪᠴᠢᠶ᠎ᠠ 4 ᠬᠠᠮᠲᠤᠷᠠᠭ᠍ᠰᠠᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠪᠠᠢᠭᠤᠯᠵᠤ᠂ ᠱᠠᠨ ᠰᠢ ᠱᠠᠨᠰᠢ ᠥᠪᠥᠷ ᠮᠣᠩᠭᠣᠯ᠎ᠤᠨ ᠨᠡᠭᠦᠷᠡᠰᠦᠨ᠎ᠦ ᠭᠣᠣᠯ ᠭᠠᠷᠤᠯᠲᠠ᠎ᠶ᠋ᠢᠨ ᠣᠷᠣᠨ ᠪᠣᠯᠤᠨ ᠴᠢᠨ ᠬᠤᠸᠠᠩ ᠳ᠋ᠤᠤ ᠭᠠᠷᠠᠮ ᠵᠡᠷᠭᠡ ᠤᠮᠠᠷᠠᠲᠤ᠎ᠶ᠋ᠢᠨ ᠭᠣᠣᠯ ᠪᠣᠯᠬᠤ ᠨᠡᠭᠦᠷᠡᠰᠦᠨ᠎ᠦ ᠭᠠᠷᠠᠮ᠎ᠳᠤ ᠬᠦᠷᠴᠦ᠍᠂ ᠨᠡᠭᠦᠷᠡᠰᠦᠨ᠎ᠦ ᠪᠡᠯᠡᠨ ᠪᠠᠷᠠᠭᠠᠨ᠎ᠤ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶ᠋ᠢ ᠲᠤᠰᠭᠠᠢ ᠱᠠᠯᠠᠪᠳᠠᠭᠤᠯᠤᠨ ᠪᠠᠢᠴᠠᠭᠠᠵᠤ᠂ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠵᠢᠷᠤᠮᠵᠢᠭᠤᠯᠵᠠᠢ᠃
ᠲᠤᠰ ᠬᠠᠷᠢᠭᠤᠴᠠᠯᠭᠠᠲᠠᠨ ᠪᠠᠰᠠ᠂ ᠡᠨᠡ ᠵᠢᠯ᠎ᠡᠴᠡ ᠨᠠᠭᠠᠰᠢ᠂ ᠣᠯᠠᠨ ᠤᠯᠤᠰ᠎ᠤᠨ ᠪᠠᠢᠭᠠᠯᠢ᠎ᠶ᠋ᠢᠨ ᠱᠢᠲᠠᠮᠠᠬᠠᠶ ᠬᠡᠶ᠎ᠶ᠋ᠢᠨ ᠦᠨ᠎ᠡ ᠦᠷᠭᠦᠯᠵᠢᠯᠡᠨ ᠥᠰᠦᠭ᠌ᠰᠡᠨ ᠪᠣᠯᠪᠠᠴᠤ᠌ ᠮᠠᠨ᠎ᠤ ᠤᠯᠤᠰ᠎ᠤᠨ ᠪᠠᠢᠭᠠᠯᠢ᠎ᠶ᠋ᠢᠨ ᠱᠢᠲᠠᠮᠠᠬᠠᠶ ᠬᠡᠶ᠎ᠶ᠋ᠢᠨ ᠦᠨ᠎ᠡ᠎ᠶ᠋ᠢᠨ ᠥᠰᠥᠯᠲᠡ᠎ᠳᠦ ᠦᠵᠡᠭᠦᠯᠬᠦ᠌ ᠨᠥᠯᠥᠭᠡ᠎ᠶ᠋ᠢ ᠶᠡᠷᠦᠩᠬᠡᠶ᠎ᠳᠡᠭᠡᠨ ᠡᠵᠡᠮᠳᠡᠵᠦ᠍ ᠪᠣᠯᠤᠨ᠎ᠠ᠃ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠡᠴᠡ ᠡᠯ᠎ᠡ ᠭᠠᠵᠠᠷ ᠪᠣᠯᠤᠨ ᠬᠣᠯᠪᠣᠭ᠍ᠳᠠᠯ ᠪᠦᠬᠦᠢ ᠠᠵᠤ ᠠᠬᠤᠢᠯᠠᠯ᠎ᠤᠨ ᠰᠠᠭᠤᠭᠠᠯᠢ ᠠᠷᠠᠳ᠎ᠤᠨ ᠰᠢᠳᠠᠮᠠᠬᠠᠢ ᠬᠡᠢ ᠬᠡᠷᠡᠭ᠌ᠯᠡᠬᠦ᠌ ᠡᠭᠦᠳᠡᠡ ᠥᠷᠲᠡᠭᠡ᠎ᠶ᠋ᠢᠨ ᠦᠨ᠎ᠡ ᠬᠠᠩᠰᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠴᠢᠩᠭ᠎ᠠ ᠬᠡᠷᠡᠭ᠌ᠵᠢᠭᠦᠯᠬᠦ᠌᠎ᠶ᠋ᠢ ᠱᠠᠯᠠᠪᠳᠠᠭᠤᠯᠵᠤ᠂ ᠳᠤᠯᠠᠭᠠᠯᠠᠭ᠎ᠠ ᠵᠡᠷᠭᠡ ᠠᠷᠠᠳ᠎ᠤᠨ ᠠᠮᠢᠳᠤᠷᠠᠯ᠎ᠳᠤ ᠬᠡᠷᠡᠭ᠌ᠯᠡᠬᠦ᠌ ᠬᠡᠢ᠎ᠶ᠋ᠢᠨ ᠦᠨ᠎ᠡ ᠬᠠᠩᠰᠢ᠎ᠶ᠋ᠢ ᠦᠨᠳᠦᠰᠦᠨ᠎ᠳᠡᠭᠡᠨ ᠲᠣᠭ᠍ᠲᠠᠭᠤᠨ ᠪᠠᠢᠯᠭᠠᠬᠤ᠎ᠶ᠋ᠢ ᠪᠠᠲᠤᠯᠠᠵᠤ᠂ ᠣᠯᠠᠨ ᠤᠯᠤᠰ᠎ᠤᠨ ᠰᠢᠳᠠᠮᠠᠬᠠᠢ ᠬᠡᠢ᠎ᠶ᠋ᠢᠨ ᠦᠨ᠎ᠡ᠎ᠶ᠋ᠢᠨ ᠥᠰᠥᠯᠲᠡ᠎ᠶ᠋ᠢᠨ ᠨᠥᠯᠥᠭᠡ᠎ᠶ᠋ᠢ ᠡᠵᠡᠮᠳᠡᠵᠦ᠍ ᠪᠣᠯᠬᠤ ᠬᠡᠪᠴᠢᠶᠡᠨ᠎ᠳᠦ ᠬᠦᠷᠲᠡᠯ᠎ᠡ ᠪᠠᠭᠤᠷᠠᠭᠤᠯᠤᠨ᠎ᠠ ᠭᠡᠵᠦ ᠢᠯᠡᠳᠭᠡᠪᠡ᠃
ᠡᠪᠦᠯ᠎ᠦᠨ ᠤᠯᠠᠷᠢᠯ᠎ᠤᠨ ᠤᠷᠬᠢᠯ᠎ᠳᠤ ᠲᠤᠬᠢᠷᠠᠭᠤᠯᠤᠨ ᠬᠠᠩᠭᠠᠯᠭ᠎ᠠ᠎ᠶ᠋ᠢ ᠪᠠᠲᠤᠯᠠᠬᠤ ᠪᠡᠯᠡᠳᠭᠡᠯ᠎ᠢ ᠰᠠᠢᠳᠤᠷ ᠬᠢᠪᠠ
ᠵᠢᠱ᠌ᠢᠯᠲᠡ᠎ᠶ᠋ᠢ ᠦᠨᠳᠦᠰᠦᠯᠡᠪᠡᠯ᠂ ᠡᠨᠡ ᠡᠪᠦᠯ ᠤᠮᠠᠷᠠᠲᠤ ᠣᠷᠣᠨ᠎ᠤ ᠠᠭᠠᠷ᠎ᠤᠨ ᠳᠤᠯᠠᠭᠠᠨ ᠡᠩ᠎ᠦᠨ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ ᠲᠤᠷᠤᠭᠰᠢᠯᠠᠵᠤ᠂ ᠴᠢᠨᠠᠭ᠍ᠰᠢᠯᠠᠪᠠᠯ ᠬᠠᠴᠢᠨ ᠴᠠᠭ ᠠᠭᠤᠷ ᠢᠯᠡᠷᠡᠵᠦ᠍ ᠮᠡᠳᠡᠨ᠎ᠡ᠃ ᠲᠡᠭᠡᠪᠡᠯ ᠠᠷᠠᠳ᠎ᠤᠨ ᠬᠡᠷᠡᠭᠯᠡᠭᠡᠨ᠎ᠤ ᠴᠠᠬᠢᠯᠭᠠᠨ ᠂ ᠪᠠᠢᠭᠠᠯᠢ ᠵᠢᠨ ᠰᠢᠳᠠᠮᠠᠬᠠᠢ ᠬᠡᠢ ᠨᠢ ᠪᠠᠲᠤᠯᠠᠭ᠎ᠠ᠎ᠲᠠᠶ ᠦᠦ?
ᠡᠨᠡ ᠬᠦ᠌ ᠬᠠᠷᠢᠭᠤᠴᠠᠯᠭᠠᠲᠠᠨ ᠬᠡᠯᠡᠬᠦ᠌᠎ᠳᠡᠭᠡᠨ᠂ ᠰᠠᠭᠤᠭᠠᠯᠢ ᠠᠷᠠᠳ᠎ᠤᠨ ᠴᠠᠬᠢᠯᠭᠠᠨ ᠬᠡᠷᠡᠭ᠌ᠯᠡᠬᠦ᠌ ᠬᠡᠮᠵᠢᠶ᠎ᠡ ᠨᠢ ᠪᠥᠬᠥ᠌ ᠴᠠᠬᠢᠯᠭᠠᠨ ᠬᠡᠷᠡᠭ᠌ᠯᠡᠬᠦ᠌ ᠬᠡᠮᠵᠢᠶ᠎ᠡ᠎ᠶ᠋ᠢᠨ 15% ᠣᠷᠴᠢᠮ᠎ᠢ ᠡᠵᠡᠯᠡᠵᠦ᠍᠂ ᠠᠷᠠᠳ᠎ᠤᠨ ᠬᠡᠷᠡᠭᠯᠡᠭᠡᠨ᠎ᠤ ᠪᠠᠢᠭᠠᠯᠢ ᠵᠢᠨ ᠰᠢᠳᠠᠮᠠᠬᠠᠢ ᠬᠡᠶ᠎ᠨᠢ ᠪᠥᠬᠥ᠌ ᠰᠢᠳᠠᠮᠠᠬᠠᠢ ᠬᠡᠶ ᠬᠡᠷᠡᠭ᠌ᠯᠡᠬᠦ᠌ ᠬᠠᠷᠢᠴᠠᠯ᠎ᠤᠨ 50% ᠬᠥᠷᠬᠥ᠌ ᠥᠬᠡᠶ ᠪᠠᠢᠵᠤ᠂ ᠠᠷᠠᠳ᠎ᠤᠨ ᠬᠡᠷᠡᠭᠯᠡᠭᠡᠨ᠎ᠤ ᠴᠠᠬᠢᠯᠭᠠᠨ᠂ ᠪᠠᠢᠭᠠᠯᠢ ᠵᠢᠨ ᠰᠢᠳᠠᠮᠠᠬᠠᠢ ᠬᠡᠢ᠎ᠶ᠋ᠢ ᠪᠥᠬᠥ᠌ ᠲᠣᠭ᠎ᠠ᠎ᠪᠠᠷ ᠨᠢ ᠪᠠᠲᠤᠯᠠᠬᠤ᠎ᠳᠤ ᠠᠰᠠᠭᠤᠳᠠᠯ ᠥᠬᠡᠶ᠃ ᠣᠷᠣᠨ ᠨᠤᠲᠤᠭ ᠪᠠ ᠠᠵᠤ ᠠᠬᠤᠢᠯᠠᠯ᠎ᠢ ᠵᠢᠯᠣᠭᠣᠳᠴᠤ᠌ ᠠᠷᠠᠳ᠎ᠤᠨ ᠠᠮᠢᠳᠤᠷᠠᠯ᠎ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠵᠤ᠂ ᠡᠮᠬᠢ ᠵᠢᠷᠤᠮ᠎ᠲᠠᠶ᠎ᠪᠠᠷ ᠴᠠᠬᠢᠯᠭᠠᠨ ᠬᠡᠷᠡᠭ᠌ᠯᠡᠬᠦ᠌᠎ᠶ᠋ᠢ ᠴᠢᠩᠭ᠎ᠠ ᠨᠠᠢᠳᠠᠪᠤᠷᠢᠵᠢᠭᠤᠯᠤᠨ᠂ ᠴᠠᠬᠢᠯᠭᠠᠨ᠎ᠢ ᠬᠠᠱᠢᠵᠤ ᠬᠢᠵᠠᠭᠠᠷᠯᠠᠬᠤ᠎ᠶ᠋ᠢ ᠴᠢᠩᠭ᠎ᠠ ᠴᠠᠭᠠᠵᠠᠯᠠᠨ᠎ᠠ᠃ ᠡᠳᠦᠷ ᠪᠦᠷᠢ 3 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠪᠠᠢᠭᠠᠯᠢ᠎ᠶ᠋ᠢᠨ ᠱᠢᠲᠠᠮᠠᠬᠠᠶ ᠬᠡᠶᠬᠠᠩᠭᠠᠬᠤ ᠪᠡᠯᠡᠳᠭᠡᠯ ᠲᠥᠰᠦᠯ᠎ᠢ ᠲᠣᠭ᠍ᠲᠠᠭᠠᠵᠤ᠂ ᠪᠡᠯᠡᠳᠭᠡᠯ ᠲᠥᠰᠦᠯ᠎ᠦᠨ ᠪᠣᠳᠠᠲᠤ ᠲᠡᠢᠨ᠎ᠦ ᠰᠣᠷᠢᠯᠲᠠ᠎ᠶ᠋ᠢ ᠪᠥᠬᠥ᠌ ᠲᠠᠯ᠎ᠠ᠎ᠪᠠᠷ ᠵᠣᠬᠢᠶᠠᠨ ᠪᠠᠢᠭᠤᠯᠤᠨ ᠥᠷᠨᠢᠭᠦᠯᠵᠦ᠍ ᠂ ᠴᠢᠬᠤᠯᠠᠲᠠᠶ ᠦᠶ᠎ᠡ᠎ᠳᠦ ᠵᠣᠬᠢᠶᠠᠨ ᠪᠠᠢᠭᠤᠯᠤᠨ ᠡᠮᠬᠢ ᠵᠢᠷᠤᠮ᠎ᠲᠠᠶ ᠬᠡᠷᠡᠭ᠌ᠵᠢᠭᠦᠯᠵᠦ᠍ ᠂ ᠠᠷᠠᠳ᠎ᠤᠨ ᠬᠡᠷᠡᠭᠯᠡᠭᠡᠨ᠎ᠤ ᠪᠠᠢᠭᠠᠯᠢ ᠵᠢᠨ ᠰᠢᠳᠠᠮᠠᠬᠠᠢ ᠬᠡᠢ ᠬᠡᠷᠡᠭ᠌ᠯᠡᠬᠦ᠌ ᠬᠡᠷᠡᠭ᠌ᠴᠡᠭᠡ᠎ᠶ᠋ᠢ ᠦᠨᠡᠨ ᠬᠦ᠌ ᠪᠠᠲᠤᠯᠠᠨ᠎ᠠ᠃
ᠣᠢᠯᠠᠭᠠᠭ᠍ᠰᠠᠨ᠎ᠢᠶᠠᠷ᠂ ᠡᠨᠡ ᠵᠢᠯ᠎ᠦᠨ ᠡᠪᠦᠯ᠎ᠦᠨ ᠤᠯᠠᠷᠢᠯ᠎ᠳᠤ ᠪᠥᠬᠥ᠌ ᠤᠯᠤᠰ᠎ᠤᠨ ᠴᠠᠬᠢᠯᠭᠠᠨ ᠬᠦᠴᠦᠨ᠎ᠦ ᠶᠡᠷᠦᠩᠬᠡᠶ ᠮᠠᠱᠢᠨ ᠴᠣᠭ᠍ᠴᠠᠯᠠᠪᠤᠷᠢ 24 ᠳ᠋ᠦᠩᠱᠢᠭᠤᠷ ᠬᠢᠯᠦᠸᠠᠲ ᠣᠷᠴᠢᠮ ᠬᠦᠷᠴᠦ᠍ ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ ᠪᠠᠷᠤᠭ 2 ᠳ᠋ᠦᠩᠱᠢᠭᠤᠷ ᠬᠢᠯᠦᠸᠠᠲ ᠨᠡᠮᠡᠭ᠌ᠳᠡᠨ᠂ ᠪᠦᠲᠦᠮᠵᠢᠲᠡᠶ ᠬᠠᠮᠤᠭ ᠤᠨ ᠶᠡᠭᠡ ᠳᠠᠭᠠᠭᠠᠴᠠ᠎ᠨᠢ ᠳᠠᠬᠢᠨ 6000 ᠲᠦᠮᠡᠨ ᠬᠢᠯᠦᠸᠠᠲᠳᠡᠭᠡᠭ᠌ᠰᠢᠯᠡᠵᠦ᠍᠂ ᠴᠠᠬᠢᠯᠭᠠᠨ ᠭᠠᠷᠭᠠᠬᠤ ᠬᠠᠮᠤᠭ ᠤᠨ ᠶᠡᠭᠡ ᠴᠢᠳᠠᠪᠤᠷᠢ᠎ᠨᠢ 12 ᠳ᠋ᠦᠩᠱᠢᠭᠤᠷ ᠬᠢᠯᠦᠸᠠᠲᠢ ᠳᠠᠪᠠᠵᠤ᠂ ᠪᠥᠬᠥ᠌ ᠤᠯᠤᠰ᠎ᠤᠨ ᠬᠠᠮᠤᠭ᠎ᠤᠨ ᠶᠡᠬᠡ ᠴᠠᠬᠢᠯᠭᠠᠨ ᠭᠠᠷᠭᠠᠬᠤᠴᠢᠳᠠᠪᠤᠷᠢᠨᠢ ᠴᠠᠬᠢᠯᠭᠠᠨ ᠬᠡᠷᠡᠭ᠌ᠯᠡᠬᠦ᠌ ᠬᠠᠮᠤᠭ᠎ᠤᠨ ᠥᠨᠳᠥᠷ ᠳᠠᠭᠠᠭᠠᠴᠠ᠎ᠶ᠋ᠢᠨ ᠬᠡᠷᠡᠭ᠌ᠴᠡᠭᠡ᠎ᠶ᠋ᠢ ᠪᠠᠲᠤᠯᠠᠵᠤ ᠴᠢᠳᠠᠨ᠎ᠠ᠃
ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠵᠢᠱ᠌ᠢᠯᠲᠡ᠎ᠪᠡᠷ᠂ ᠳᠤᠯᠠᠭᠠᠯᠠᠭ᠎ᠠ᠎ᠶ᠋ᠢᠨ ᠤᠯᠠᠷᠢᠯ᠎ᠳᠤ ᠪᠥᠬᠥ᠌ ᠤᠯᠤᠰ᠎ᠤᠨ ᠪᠠᠢᠭᠠᠯᠢ᠎ᠶ᠋ᠢᠨ ᠱᠢᠲᠠᠮᠠᠬᠠᠶ ᠬᠡᠶ ᠶᠡᠷᠦᠩᠬᠡᠶ᠎ᠳᠡᠭᠡᠨ ᠪᠠᠴᠢᠮ ᠲᠡᠩᠴᠡᠭᠦᠷᠢᠲᠡᠶ ᠪᠠᠢᠨ᠎ᠠ᠃ ᠣᠲᠣ ᠪᠣᠯᠲᠠᠯ᠎ᠠ᠂ ᠳᠤᠯᠠᠭᠠᠯᠠᠭ᠎ᠠ᠎ᠶ᠋ᠢᠨ ᠤᠯᠠᠷᠢᠯ᠎ᠤᠨ ᠬᠠᠩᠭᠠᠯᠭ᠎ᠠ᠎ᠶ᠋ᠢ ᠪᠠᠲᠤᠯᠠᠬᠤ ᠡᠬᠢ ᠪᠠᠶᠠᠯᠢᠭ᠎ᠤᠨ ᠬᠡᠮᠵᠢᠶ᠎ᠡ᠎ᠶ᠋ᠢ 1744 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠨᠠᠢᠳᠠᠪᠤᠷᠢᠵᠢᠭᠤᠯᠵᠤ᠂ ᠪᠠᠰᠠ ᠠᠵᠤ ᠠᠬᠤᠢᠯᠠᠯ᠎ᠢ ᠵᠣᠬᠢᠶᠠᠨ ᠪᠠᠢᠭᠤᠯᠵᠤ ᠭᠠᠷᠤᠯᠲᠠ᠎ᠪᠠᠨ ᠨᠡᠮᠡᠭ᠌ᠳᠡᠭᠦᠯᠦᠨ ᠬᠠᠩᠭᠠᠯᠭ᠎ᠠ᠎ᠪᠠᠨ ᠨᠡᠮᠡᠭ᠌ᠳᠡᠭᠦᠯᠬᠦ᠌ ᠳᠠᠯᠳᠠ ᠬᠦᠴᠦᠨ᠎ᠢ ᠤᠯᠠᠮ ᠨᠢᠭᠡ ᠠᠯᠬᠤᠮ ᠠᠭᠤᠳᠠᠯᠵᠤ ᠪᠠᠢᠨ᠎ᠠ᠃ ᠪᠠᠢᠭᠠᠯᠢ᠎ᠶ᠋ᠢᠨ ᠱᠢᠲᠠᠮᠠᠬᠠᠶ ᠬᠡᠶ᠎ᠶ᠋ᠢᠨ ᠨᠥᠭᠡᠴᠡ᠎ᠶ᠋ᠢᠨ ᠪᠠᠢᠳᠠᠯ᠎ᠡᠴᠡ ᠦᠵᠡᠪᠡᠯ᠂ ᠳᠤᠯᠠᠭᠠᠯᠠᠭ᠎ᠠ ᠬᠠᠩᠭᠠᠬᠤ ᠤᠯᠠᠷᠢᠯ᠎ᠳᠤ ᠪᠥᠬᠥ᠌ ᠤᠯᠤᠰ᠎ᠲᠤ 270 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷᠰᠢᠳᠠᠮᠠᠬᠠᠢᠬᠡᠢ ᠨᠥᠭᠡᠴᠡᠯᠡᠵᠦ᠍᠂ ᠡᠪᠦᠯ᠎ᠦᠨ ᠤᠯᠠᠷᠢᠯᠤᠨᠣᠷᠭᠢᠯᠤᠨ ᠬᠤᠭᠤᠴᠠᠭ᠎ᠠ᠎ᠳᠤ ᠲᠣᠬᠢᠷᠠᠭᠤᠯᠵᠤ ᠬᠠᠩᠭᠠᠯᠭ᠎ᠠ᠎ᠶ᠋ᠢ ᠪᠠᠲᠤᠯᠠᠬᠤ᠎ᠳᠤ ᠰᠠᠢᠲᠤᠷ ᠪᠡᠯᠡᠳᠭᠡᠯ ᠬᠢᠵᠠᠢ ᠃
(ᠰᠢᠨᠬᠤᠸᠠ ᠬᠤᠷᠢᠶᠠᠨ᠎ᠤ ᠪᠡᠭᠡᠵᠢᠩ᠎ᠤᠨ 11 ᠰᠠᠷ᠎ᠠ ᠵᠢᠨ 6 ᠤ᠋ ᠴᠠᠬᠢᠯᠭᠠᠨ ᠮᠡᠳᠡᠭᠡ)