7 ᠤ᠋ ᠡᠳᠦᠷ ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠶ ᠰᠠᠢᠲᠤᠷ ᠬᠢᠬᠦ᠌ ᠲᠤᠬᠠᠶ ᠰᠠᠨᠠᠯ》ᠨᠡᠢᠲᠡᠯᠡᠵᠦ᠍᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠲᠦᠷᠭᠡᠨ ᠠᠬᠢᠭᠤᠯᠬᠤ᠂ ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠭᠦᠨᠵᠡᠭᠡᠶ ᠰᠠᠢᠲᠤᠷ ᠬᠢᠬᠦ᠌ ᠵᠡᠷᠭᠡ ᠲᠠᠯ᠎ᠠ᠎ᠪᠠᠷ ᠪᠣᠳᠠᠲᠠᠶ ᠪᠠᠢᠷᠢᠯᠠᠭᠤᠯᠤᠯᠲᠠ ᠬᠢᠪᠠ᠃
ᠰᠠᠨᠠᠯ᠎ᠳᠤ 2025 ᠤᠨ ᠪᠣᠯᠬᠤ᠎ᠳᠤ ᠠᠮᠢ ᠠᠬᠤᠢ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠵᠤ᠂ ᠬᠦᠨᠳᠦ ᠪᠣᠬᠢᠷᠲᠤᠯ᠎ᠲᠠᠶ ᠴᠠᠭ ᠠᠭᠤᠷ ᠂ ᠬᠤᠳᠠ᠎ᠶ᠋ᠢᠨ ᠪᠣᠬᠢᠷ ᠦᠮᠡᠬᠡᠢ ᠤᠰᠤ ᠵᠢ ᠦᠨᠳᠦᠰᠦᠨ᠎ᠳᠡᠭᠡᠨ ᠠᠷᠢᠯᠭᠠᠵᠤ ᠂ ᠬᠥᠷᠥᠰᠥ᠍ ᠱᠢᠷᠣᠢ᠎ᠶ᠋ᠢᠨ ᠪᠣᠬᠢᠷᠲᠤᠯ᠎ᠤᠨ ᠲᠦᠭ᠌ᠰᠢᠭᠦᠷᠢ᠎ᠶ᠋ᠢ ᠪᠦᠲᠦᠮᠵᠢᠲᠡᠢ ᠬᠠᠮᠢᠶᠠᠷᠤᠨ ᠡᠵᠡᠮᠳᠡᠨ᠎ᠡ ᠁ 2035 ᠤᠨ ᠪᠣᠯᠬᠤ᠎ᠳᠤ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠥᠷᠭᠡᠨ᠎ᠢᠶᠡᠷ ᠪᠦᠷᠢᠯᠳᠦᠭᠦᠯᠵᠦ᠍᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ ᠤᠷᠬᠢᠯ ᠬᠡᠮᠵᠢᠭᠲᠡᠯ᠎ᠳᠤ ᠬᠦᠷᠦᠭ᠌ᠰᠡᠨ᠎ᠦ ᠳᠠᠷᠠᠭ᠎ᠠ ᠲᠣᠭ᠍ᠲᠠᠭᠤᠨ᠎ᠤ ᠳᠤᠮᠳᠠ ᠪᠠᠭᠤᠷᠠᠵᠤ ᠂ ᠠᠮᠢ ᠠᠬᠤᠢ ᠣᠷᠴᠢᠨ ᠲᠣᠭᠣᠷᠢᠨ ᠦᠨᠳᠦᠰᠦᠨ᠎ᠡᠴᠡ᠎ᠪᠡᠨ ᠰᠠᠢᠵᠢᠷᠠᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠳᠦᠭᠡᠨ ᠪᠠᠢᠭᠤᠯᠬᠤ ᠬᠠᠷᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠵᠡᠷᠭᠡ ᠭᠣᠣᠯ ᠬᠠᠷᠠᠯᠲᠠ᠎ᠶ᠋ᠢ ᠲᠣᠳᠣᠷᠬᠠᠢ ᠳᠤᠷᠠᠳᠴᠠᠢ᠃
2018 ᠣᠨ᠎ᠳᠤ᠂ ᠨᠠᠮ᠎ᠤᠨ ᠲᠥᠪ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ 《ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠬᠦ᠌ ᠲᠤᠬᠠᠢ ᠰᠠᠨᠠᠯ》 ᠢ᠋ ᠳᠠᠷᠤᠮᠠᠯᠯᠠᠨ ᠲᠠᠷᠬᠠᠭᠠᠵᠤ ᠂ ᠬᠦᠬᠡ ᠣᠭ᠍ᠲᠠᠷᠭᠤᠢ᠎ᠶ᠋ᠢ ᠬᠠᠮᠠᠭᠠᠯᠠᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠣᠯᠵᠤ᠂ ᠬᠥᠬᠡᠮᠳᠦᠭ ᠤᠰᠤ᠎ᠶ᠋ᠢ ᠬᠠᠮᠠᠭᠠᠯᠠᠬᠤ ᠳᠠᠢᠯᠠᠯᠳᠤᠭᠠᠨ᠎ᠢ ᠬᠦᠴᠦᠯᠡᠨ ᠰᠠᠢᠲᠤᠷ ᠬᠢᠵᠦ᠍᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ ᠭᠡᠵᠦ᠍ ᠳᠤᠷᠠᠳᠤᠭ᠍ᠰᠠᠨ ᠪᠥᠭᠡᠳ 2020 ᠤᠨ ᠪᠣᠯᠲᠠᠯᠠᠬᠢ ᠭᠤᠷᠪᠠᠨ ᠶᠡᠬᠡ ᠬᠠᠮᠠᠭᠠᠯᠠᠯᠲᠠ᠎ᠶ᠋ᠢᠨ ᠳᠠᠢᠯᠠᠯᠳᠤᠭᠠᠨ᠎ᠤ ᠪᠣᠳᠠᠲᠠᠢ ᠭᠦᠢᠴᠡᠳᠭᠡᠯ ᠲᠣᠭ᠎ᠠ᠎ᠶ᠋ᠢ ᠲᠣᠭ᠍ᠲᠠᠭᠠᠭᠰᠠᠠ ᠪᠠᠢᠨ᠎ᠠ᠃
2020 ᠤᠨ ᠪᠣᠯᠬᠤ᠎ᠳᠤ᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ ᠲᠣᠭ᠍ᠲᠠᠭᠠᠭ᠍ᠰᠠᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠡᠬᠢ 9 ᠵᠦᠢᠯ᠎ᠦᠨ ᠬᠢᠵᠠᠭᠠᠷᠯᠠᠬᠤ ᠴᠢᠨᠠᠷᠲᠠᠢ ᠭᠦᠢᠴᠡᠳᠭᠡᠯ ᠲᠣᠭ᠎ᠠ ᠪᠣᠯᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠱᠠᠳᠤᠴᠢ ᠴᠢᠨᠠᠷᠲᠠᠢ ᠬᠠᠷᠠᠯᠲᠠ ᠡᠭᠦᠷᠭᠡ᠎ᠶ᠋ᠢ ᠳᠠᠪᠠᠭᠤᠯᠤᠨ ᠪᠡᠶᠡᠯᠡᠭᠦᠯᠵᠠᠢ᠃
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ᠂ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠬᠦ᠌᠎ᠡᠴᠡ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠬᠦ᠌ ᠬᠦᠷᠲᠡᠯ᠎ᠡ ᠂ 《 ᠡᠷᠡᠰ ᠱᠢᠭᠤᠷᠬᠠᠢ 》 ᠬᠢᠬᠦ ᠡᠴᠡ 《ᠭᠦᠨᠵᠡᠭᠡᠢ ᠬᠢᠬᠦ᠌》 ᠬᠦᠷᠲᠡᠯ᠎ᠡ᠂ ᠪᠣᠬᠢᠷᠲᠤᠯ᠎ᠢ ᠰᠡᠷᠭᠡᠢᠯᠡᠨ ᠵᠠᠰᠠᠬᠤ᠎ᠳᠤ ᠬᠤᠯᠪᠤᠭᠲᠠᠬᠤ ᠵᠥᠷᠢᠴᠡᠯ ᠠᠰᠠᠭᠤᠳᠠᠯ᠎ᠤᠨ ᠳᠡᠰ ᠳᠠᠪᠬᠤᠷᠭ᠎ᠠ ᠨᠡᠩ ᠭᠦᠨ ᠂ ᠬᠦᠷᠢᠶ᠎ᠡ ᠬᠡᠪᠴᠢᠶ᠎ᠡ ᠨᠡᠩ ᠥᠷᠭᠡᠨ᠂ ᠱᠠᠭᠠᠷᠳᠠᠯᠭ᠎ᠠ ᠨᠡᠩ ᠥᠨᠳᠥᠷ ᠪᠣᠯᠤᠭ᠍ᠰᠠᠨ᠎ᠢ ᠬᠠᠷᠠᠭᠤᠯᠵᠤ ᠪᠠᠢᠨ᠎ᠠ ᠭᠡᠵᠦ ᠢᠯᠡᠳᠭᠡᠪᠡ᠃
ᠡᠨᠡ ᠬᠦ᠌ ᠬᠠᠷᠢᠭᠤᠴᠠᠯᠭᠠᠲᠠᠨ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠣᠷᠣᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠬᠦ᠌᠎ᠳᠦ ᠪᠠᠰᠠ ᠮᠠᠰᠢ ᠶᠡᠬᠡ ᠣᠷᠣᠨ ᠵᠠᠢ ᠪᠠᠢᠨ᠎ᠠ ᠂ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠳᠤ ᠣᠷᠣᠱᠢᠵᠤ ᠪᠠᠢᠭ᠎ᠠ ᠦᠵᠡᠯ ᠰᠠᠨᠠᠭ᠎ᠠ ᠲᠠᠨᠢᠯᠲᠠ ᠭᠦᠨᠵᠡᠭᠡᠢ ᠪᠢᠰᠢ᠂ ᠵᠠᠰᠠᠯᠲᠠ᠎ᠶ᠋ᠢᠨ ᠴᠢᠳᠠᠪᠤᠷᠢ ᠴᠢᠩᠭ᠎ᠠ ᠪᠢᠰᠢ᠂ ᠰᠠᠢᠵᠢᠷᠠᠯᠲᠠ᠎ᠶ᠋ᠢᠨ ᠲᠦᠪᠱᠢᠨ ᠥᠨᠳᠥᠷ ᠪᠢᠰᠢ᠂ ᠠᠵᠢᠯ᠎ᠤᠨ ᠦᠷ᠎ᠡ ᠪᠦᠲᠦᠮᠵᠢ ᠲᠣᠭ᠍ᠲᠠᠭᠤᠨ ᠪᠢᠰᠢ᠂ ᠵᠠᠰᠠᠯᠲᠠ᠎ᠶ᠋ᠢᠨ ᠬᠡᠪᠴᠢᠶ᠎ᠡ ᠥᠷᠭᠡᠨ ᠪᠢᠰᠢ ᠵᠡᠷᠭᠡ ᠬᠦᠷᠦᠯᠴᠡᠬᠦ ᠦᠭᠡᠢ ᠲᠠᠯ᠎ᠠ ᠪᠠ ᠳᠤᠲᠠᠭᠤᠳᠠᠯ᠎ᠢᠶᠠᠨ ᠬᠦᠴᠦᠯᠡᠨ ᠱᠢᠢᠳᠪᠦᠷᠢᠯᠡᠵᠦ᠍᠂ ᠭᠣᠣᠯᠳᠠᠯᠭ᠎ᠠ᠎ᠲᠠᠶ ᠣᠷᠣᠨ ᠪᠦᠰᠡ᠂ ᠭᠣᠣᠯᠳᠠᠯᠭ᠎ᠠ᠎ᠲᠠᠶ ᠬᠦᠷᠢᠶ᠎ᠡ᠂ ᠵᠠᠩᠭᠢᠯᠠᠭ᠎ᠠ᠎ᠶ᠋ᠢᠨ ᠭᠦᠢᠴᠡᠳᠭᠡᠯ ᠲᠣᠭ᠎ᠠ᠎ᠶ᠋ᠢᠨ ᠲᠠᠯ᠎ᠠ᠎ᠪᠠᠷ ᠱᠢᠨ᠎ᠡ ᠱᠢᠪᠲᠤᠯᠤᠯᠲᠠ ᠲᠠᠢ ᠪᠤᠯᠬᠤ᠎ᠶ᠋ᠢ ᠠᠬᠢᠭᠤᠯᠬᠤ ᠴᠢᠬᠤᠯᠠᠲᠠᠢ ᠪᠠᠢᠨ᠎ᠠ ᠭᠡᠵᠦ᠍ ᠢᠯᠡᠳᠭᠡᠪᠡ᠃
ᠮᠠᠨ᠎ᠤ ᠤᠯᠤᠰ ᠨᠢᠭᠡᠨᠲᠡ ᠨᠡᠭᠦᠷᠡᠰᠦᠲᠦ᠋ᠷᠦᠭᠴᠢ ᠵᠢᠨ ᠭᠠᠲᠠᠭᠰᠢᠯᠠᠭᠤᠯᠤᠯᠲᠠ ᠣᠷᠭᠢᠯ ᠬᠡᠮᠵᠢᠭᠲᠡᠯ ᠳ᠋ᠤ ᠬᠦᠷᠬᠦ ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠬᠠᠷᠠᠯᠲᠠ᠎ᠶ᠋ᠢᠨ ᠠᠯᠤᠰ᠎ᠤᠨ ᠲᠥᠰᠦᠪ᠎ᠢ ᠲᠣᠳᠣᠷᠬᠠᠶ ᠲᠣᠭ᠍ᠲᠠᠭᠠᠭᠰᠠᠠ ᠪᠠᠢᠨ᠎ᠠ ᠃ ᠣᠳᠣᠬᠠᠨ᠎ᠳᠤ ᠂ ᠮᠠᠨ᠎ᠤ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠎ᠪᠠᠷ ᠭᠣᠣᠯ ᠪᠠᠢᠯᠳᠤᠬᠤ ᠪᠤᠳᠤᠯᠭᠠᠶ᠋ᠢᠨᠴᠢᠭ᠌ᠯᠡᠯᠵᠢᠨᠨ ᠪᠣᠯᠭᠠᠵᠤ᠂ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ ᠵᠢᠨ ᠭᠠᠲᠠᠭᠰᠢᠯᠠᠭᠤᠯᠤᠯᠲᠠ᠎ᠶ᠋ᠢ ᠪᠠᠭᠠᠰᠭᠠᠬᠤ᠎ᠶ᠋ᠢ ᠬᠠᠮᠵᠢᠯᠴᠠᠭᠤᠯᠵᠦ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠪᠠᠷ ᠪᠣᠬᠢᠷᠲᠤᠯ ᠦᠭᠡᠢ᠎ᠪᠡᠷ ᠠᠷᠭ᠎ᠠ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠰᠠᠢᠵᠢᠷᠠᠯᠲᠠ ᠲᠣᠭᠠᠨ᠎ᠤ ᠬᠤᠪᠢᠷᠠᠯᠲᠠ᠎ᠠᠴᠠ ᠴᠢᠨᠠᠷ᠎ᠤᠨ ᠬᠤᠪᠢᠷᠠᠯᠲᠠ᠎ᠳᠤ ᠬᠦᠷᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠪᠠ᠃
ᠡᠨᠡ ᠬᠦ᠌ ᠬᠠᠷᠢᠭᠤᠴᠠᠯᠭᠠᠲᠠᠨ ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ ᠨᠢ ᠪᠣᠬᠢᠷᠲᠤᠯ᠎ᠤᠨ ᠠᠰᠠᠭᠤᠳᠠᠯ᠎ᠢ ᠱᠢᠢᠳᠪᠦᠷᠢᠯᠡᠬᠦ᠌ ᠦᠨᠳᠦᠰᠦᠨ ᠠᠷᠭ᠎ᠠ ᠪᠤᠳᠤᠯᠭ᠎ᠠ ᠪᠣᠯᠬᠤ ᠵᠢᠨ ᠬᠠᠮᠲᠤ ᠪᠠᠰᠠ ᠴᠢᠨᠠᠷ ᠰᠠᠢᠲᠠᠢ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲᠸᠮ᠎ᠢ ᠪᠠᠢᠭᠤᠯᠬᠤ ᠵᠠᠢᠯᠠᠰᠢ ᠦᠭᠡᠢ ᠱᠠᠭᠠᠷᠳᠠᠯᠭ᠎ᠠ ᠪᠣᠯᠤᠨ᠎ᠠ ᠭᠡᠵᠦ ᠬᠡᠯᠡᠪᠡ᠃
ᠰᠠᠨᠠᠯ᠎ᠳᠤ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢᠶ᠋ᠢᠠ ᠭᠠᠲᠠᠭᠰᠢᠯᠠᠭᠤᠯᠤᠯᠲᠠ ᠵᠢ ᠪᠠᠭᠠᠰᠭᠠᠬᠤ ᠬᠠᠮᠵᠢᠯᠴᠠᠭᠠᠨ᠎ᠤ ᠦᠷ᠎ᠡ ᠠᠱᠢᠭ ᠢᠯᠡᠷᠬᠡᠢ ᠭᠣᠣᠯᠳᠠᠯᠭ᠎ᠠ᠎ᠲᠠᠶ ᠠᠵᠢᠯ ᠲᠦᠷᠦᠯ ᠪᠣᠯᠤᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 7 ᠲᠠᠯ᠎ᠠ᠎ᠠᠴᠠ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠠᠬᠢᠭᠤᠯᠬᠤ ᠭᠣᠣᠯᠳᠠᠯᠭ᠎ᠠ᠎ᠲᠠᠶ ᠡᠭᠦᠷᠭᠡ᠎ᠶ᠋ᠢ ᠲᠣᠳᠣᠷᠬᠠᠢᠯᠠᠪᠠ᠂ ᠡᠭᠦᠨ᠎ᠳᠦ ᠨᠥᠬᠥᠴᠡᠯ᠎ᠲᠡᠶ ᠭᠠᠵᠠᠷ ᠣᠷᠣᠨ ᠪᠣᠯᠤᠨ ᠭᠣᠣᠯᠳᠠᠯᠭ᠎ᠠ᠎ᠲᠠᠶ ᠠᠵᠢᠯ ᠲᠦᠷᠦᠯ᠂ ᠭᠣᠣᠯᠳᠠᠯᠭ᠎ᠠ᠎ᠲᠠᠶ ᠠᠵᠤ ᠠᠬᠤᠢᠯᠠᠯ᠎ᠢ ᠳᠡᠮᠵᠢᠬᠦ᠌᠂ ᠭᠤᠤᠯᠲᠠᠯᠭ᠎ᠠ ᠲᠠᠢ ᠠᠵᠦ ᠠᠬᠤᠢᠯᠠᠯ ᠲᠦᠷᠦᠭᠦᠯᠡᠡ ᠨᠡᠭᠦᠷᠡᠰᠦᠲᠦ᠋ᠷᠦᠭᠴᠢ ᠵᠢᠨ ᠭᠠᠲᠠᠭᠰᠢᠯᠠᠭᠤᠯᠤᠯᠲᠠ ᠵᠢ ᠤᠷᠬᠢᠯ ᠬᠡᠮᠵᠢᠭᠲᠡᠯ ᠳ᠋ᠤ ᠬᠦᠷᠭᠡᠵᠤ᠂ ᠡᠨᠧᠷᠭᠢ᠎ᠶ᠋ᠢᠨ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠦ ᠬᠦᠭᠵᠢᠯᠲᠡ ᠲᠡᠢᠰᠢ ᠬᠤᠪᠢᠷᠠᠭᠤᠯᠬᠤ᠎ᠶ᠋ᠢ ᠠᠬᠢᠭᠤᠯᠵᠦ᠂ ᠡᠨᠧᠷᠭᠢ᠎ᠶ᠋ᠢᠨ ᠬᠣᠷᠣᠭ᠍ᠳᠠᠯ ᠶᠡᠬᠡᠲᠡᠢ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠲᠠ ᠶᠡᠬᠡᠲᠡᠢ ᠲᠦᠷᠦᠯ ᠵᠦᠢᠯ᠎ᠢ ᠰᠣᠬᠣᠷ ᠪᠠᠯᠠᠢ᠎ᠪᠠᠷ ᠬᠥᠭ᠌ᠵᠢᠭᠦᠯᠬᠦ᠌᠎ᠶ᠋ᠢ ᠡᠷᠡᠰ ᠬᠣᠷᠢᠭ᠍ᠯᠠᠨ᠎ᠠ᠃
ᠡᠨᠡ ᠬᠦ᠌ ᠬᠠᠷᠢᠭᠤᠴᠠᠯᠭᠠᠲᠠᠨ ᠂ ᠤᠢ᠍ᠢᠷ᠎ᠠ᠎ᠶ᠋ᠢᠨ ᠵᠢᠯ᠎ᠳᠦ ᠮᠠᠨ᠎ᠤ ᠤᠯᠤᠰ᠎ᠤᠨ ᠠᠮᠢ ᠠᠬᠤᠢ ᠣᠷᠴᠢᠨ ᠲᠣᠭᠣᠷᠢᠨ ᠢᠯᠡᠳᠲᠡ ᠰᠠᠢᠵᠢᠷᠠᠵᠤ ᠂ 《 ᠠᠷᠪᠠᠨ ᠭᠤᠷᠪᠠᠳᠤᠭᠠᠷ ᠲᠠᠪᠤᠨ ᠵᠢᠯ 》 ᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠲᠤᠷᠱᠢᠯᠭ᠎ᠠ ᠠᠷᠭ᠎ᠠ ᠬᠢᠳᠡᠯ᠎ᠢ ᠳ᠋ᠦᠩᠨᠡᠨ ᠥᠷᠭᠡᠳᠭᠡᠭ᠌ᠰᠡᠨ ᠰᠠᠭᠤᠷᠢᠨ ᠳᠡᠭᠡᠷ᠎ᠡ ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠱᠢᠨ᠎ᠡ ᠡᠭᠦᠷᠭᠡ ᠱᠢᠨ᠎ᠡ ᠱᠠᠭᠠᠷᠳᠠᠯᠭ᠎ᠠ᠎ᠶ᠋ᠢ ᠦᠨᠳᠦᠰᠦᠯᠡᠨ᠂ ᠰᠠᠨᠠᠯ᠎ᠳᠤ ᠨᠡᠩ ᠥᠨᠳᠥᠷ ᠪᠠᠷᠢᠮᠵᠢᠶ᠎ᠠ᠎ᠪᠠᠷ ᠬᠦᠭᠡ ᠣᠭ᠍ᠲᠠᠷᠭᠤᠢ ᠂ ᠬᠥᠬᠡᠮᠳᠦᠭ ᠤᠰᠤ ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠨ᠎ᠠ ᠭᠡᠵᠦ᠍ ᠳᠤᠷᠠᠳᠴᠠᠢ᠃
ᠨᠢᠭᠡ ᠲᠠᠯ᠎ᠠ᠎ᠪᠠᠷ᠂ ᠪᠣᠬᠢᠷᠲᠤᠯ ᠶᠡᠬᠡᠲᠡᠶ ᠴᠠᠭ ᠠᠭᠤᠷ᠎ᠢ ᠠᠷᠢᠯᠭᠠᠬᠤ ᠂ ᠣᠽᠣᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠪᠠ ᠴᠠᠢᠶᠢᠦ ᠲᠣᠰᠣ ᠱᠢᠲᠠᠭᠠᠬᠤ ᠠᠴᠢᠶᠠᠨ᠎ᠤ ᠮᠠᠱᠢᠨ ᠲᠡᠷᠭᠡᠨ᠎ᠦ ᠪᠣᠬᠢᠷᠲᠤᠯ᠎ᠢ ᠵᠠᠰᠠᠬᠤ ᠵᠡᠷᠭᠡ᠎ᠪᠡᠷ ᠳᠠᠮᠵᠢᠭᠤᠯᠤᠨ ᠬᠥᠬᠡ ᠣᠭ᠍ᠲᠠᠷᠭᠤᠶ᠎ᠶ᠋ᠢ ᠴᠡᠯᠮᠡᠭᠰᠢᠭᠦᠯᠪᠠ;ᠨᠥᠭᠥᠭᠡ ᠲᠠᠯ᠎ᠠ᠎ᠪᠠᠷ ᠪᠣᠬᠢᠷ ᠦᠮᠡᠬᠡᠶ ᠤᠰᠤ᠎ᠶ᠋ᠢ ᠦᠷᠭᠦᠯᠵᠢᠯᠡᠨ ᠵᠠᠰᠠᠬᠤ᠂ ᠤᠤᠭᠤᠬᠤ ᠤᠰᠤᠨ᠎ᠤ ᠠᠮᠤᠷ ᠲᠦᠪᠱᠢᠨ᠎ᠢ ᠪᠠᠲᠤᠯᠠᠬᠤ ᠬᠢᠷᠢ ᠲᠦᠪᠱᠢᠨ᠎ᠢ ᠪᠡᠬᠢᠵᠢᠭᠦᠯᠦᠨ ᠳᠡᠭᠡᠭ᠌ᠰᠢᠯᠡᠭᠦᠯᠬᠦ᠌ ᠂ ᠭᠤᠤᠯᠳᠠᠯᠭ᠎ᠠ᠎ᠲᠠᠶ ᠲᠡᠯᠡᠶ᠎ᠶ᠋ᠢᠨ ᠣᠷᠣᠨ᠎ᠢ ᠶᠡᠷᠦᠩᠬᠡᠢᠯᠡᠨ ᠵᠠᠰᠠᠬᠤ ᠵᠡᠷᠭᠡ᠎ᠪᠡᠷ ᠳᠠᠮᠵᠢᠭᠤᠯᠤᠨ ᠴᠡᠩᠭᠡᠭ ᠤᠰᠤ᠎ᠶ᠋ᠢ ᠰᠠᠢᠲᠤᠷ ᠬᠠᠮᠠᠭᠠᠯᠠᠨ᠎ᠠ;ᠡᠭᠦᠨ᠎ᠦ ᠬᠠᠮᠲᠤ ᠲᠠᠷᠢᠶᠠᠨ ᠭᠠᠵᠠᠷ᠎ᠤᠨ ᠬᠥᠷᠥᠰᠥ᠍ ᠱᠢᠷᠣᠶ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ ᠪᠠ ᠠᠮᠤᠷ ᠲᠦᠪᠱᠢᠨ᠎ᠢᠶᠡᠷ ᠠᠱᠢᠭ᠍ᠯᠠᠬᠤ᠎ᠶ᠋ᠢ ᠭᠦᠨᠵᠡᠭᠡᠶ ᠠᠬᠢᠭᠤᠯᠵᠤ ᠂ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠥᠷᠥᠰᠥ᠍ ᠱᠢᠷᠣᠶ᠎ᠶ᠋ᠢᠨ ᠪᠣᠬᠢᠷᠲᠤᠯ᠎ᠤᠨ ᠲᠦᠭ᠌ᠰᠢᠭᠦᠷᠢ᠎ᠶ᠋ᠢ ᠪᠦᠲᠦᠮᠵᠢᠲᠡᠶ ᠬᠠᠮᠢᠶᠠᠷᠤᠨ ᠡᠵᠡᠮᠳᠡᠵᠦ᠍᠂ ᠱᠢᠨ᠎ᠡ ᠪᠣᠬᠢᠷᠲᠤᠯ ᠪᠣᠳᠠᠰ᠎ᠢ ᠵᠠᠰᠠᠬᠤ ᠪᠠ ᠭᠠᠵᠠᠷ ᠳᠤᠤᠷᠠᠬᠢ ᠤᠰᠤᠨ᠎ᠤ ᠪᠣᠬᠢᠷᠲᠤᠯ᠎ᠢ ᠬᠠᠮᠵᠢᠯᠴᠠᠨ ᠰᠡᠷᠭᠡᠢᠯᠡᠨ ᠵᠠᠰᠠᠬᠤ ᠵᠡᠷᠭᠡ ᠬᠥᠷᠥᠰᠥ᠍ ᠱᠢᠷᠣᠶ᠎ᠶ᠋ᠢ ᠴᠡᠪᠡᠷᠱᠢᠭᠦᠯᠬᠦ᠌ ᠠᠵᠢᠯ ᠢ ᠴᠢᠩᠭᠠᠳᠬᠠᠨ᠎ᠠ᠃
ᠲᠣᠰ ᠬᠠᠷᠢᠭᠤᠴᠠᠯᠭᠠᠲᠠᠨ ᠲᠠᠨᠢᠯᠴᠠᠭᠤᠯᠬᠤ᠎ᠳᠠᠭᠠᠨ ᠂ ᠠᠮᠢ ᠠᠬᠤᠶ᠎ᠶ᠋ᠢᠨ ᠬᠠᠮᠠᠭᠠᠯᠠᠯᠲᠠ ᠪᠠ ᠪᠣᠬᠢᠷᠲᠤᠯ᠎ᠢ ᠰᠡᠷᠭᠡᠢᠯᠡᠨ ᠵᠠᠰᠠᠬᠤ ᠪᠣᠯ ᠰᠠᠯᠵᠤ ᠪᠣᠯᠤᠰᠢ ᠥᠬᠡᠶ ᠨᠢᠭ᠍ᠲᠠ ᠬᠣᠯᠪᠣᠭ᠎ᠠ᠎ᠲᠠᠶ᠂ ᠬᠠᠷᠢᠯᠴᠠᠨ ᠦᠶ᠋ᠯᠡᠳᠦᠯᠴᠡᠬᠦ᠌ ᠪᠣᠯᠬᠣᠷ ᠨᠢᠭᠡᠳᠦᠯᠲᠡᠶ ᠲᠥᠯᠥᠪᠯᠡᠨ ᠪᠠᠢᠷᠢᠯᠠᠭᠤᠯᠵᠤ ᠂ ᠬᠠᠮᠵᠢᠯᠴᠠᠨ ᠬᠦᠴᠦᠯᠡᠵᠦ᠍᠂ ᠣᠷᠴᠢᠨ ᠠᠬᠤᠶ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠬᠦ᠌᠎ᠶ᠋ᠢᠨ ᠬᠠᠮᠲᠤ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠤᠷᠠᠭᠤᠯᠬᠤ ᠴᠢᠬᠤᠯᠠᠲᠠᠶ ᠶᠤᠮ ᠭᠡᠵᠡᠶ᠃ ᠡᠭᠦᠨ᠎ᠦ ᠲᠤᠬᠠᠶ᠂ ᠰᠠᠨᠠᠯ᠎ᠳᠤ ᠪᠠᠰᠠ ᠶᠡᠬᠡ ᠬᠡᠪᠴᠢᠶᠡᠨ᠎ᠦ ᠤᠯᠤᠰ᠎ᠤᠨ ᠨᠤᠲᠤᠭ ᠳᠡᠪᠢᠰᠭᠡᠷ᠎ᠢ ᠨᠣᠭᠣᠭᠠᠷᠠᠭᠤᠯᠬᠤ ᠠᠵᠢᠯᠯᠠᠭ᠎ᠠ ᠥᠷᠨᠢᠭᠦᠯᠬᠦ᠌ ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠴᠢᠬᠤᠯᠠ ᠶᠡᠬᠡ ᠢᠨᠵᠧᠨᠧᠷᠢᠩ᠎ᠢ ᠬᠡᠷᠡᠭ᠌ᠵᠢᠭᠦᠯᠬᠦ᠌᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠵᠡᠷᠭᠡ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠭᠤᠤᠯᠳᠠᠯᠭ᠎ᠠ᠎ᠲᠠᠶ ᠡᠭᠦᠷᠭᠡ᠎ᠶ᠋ᠢ ᠲᠣᠳᠣᠷᠬᠠᠢᠯᠠᠭᠰᠠᠠ ᠪᠠᠢᠨ᠎ᠠ᠃
(ᠰᠢᠨᠬᠤᠸᠠ ᠬᠤᠷᠢᠶᠠᠨ ᠤ ᠪᠡᠬᠡᠵᠢᠡᠭ ᠤᠨ 11 ᠰᠠᠷ᠎ᠠ ᠵᠢᠨ 7 ᠤ ᠴᠠᠬᠢᠯᠭᠠᠨ ᠮᠡᠳᠡᠬᠡ )