ᠳᠤᠮᠳᠠᠳᠤ᠎ᠶ᠋ᠢᠨ ᠦᠨᠳᠦᠰᠦᠲᠡᠨ ᠎ᠤ᠋ ᠬᠠᠮᠲᠤ ᠴᠣᠭ᠍ᠴᠠ ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠱᠢᠨ᠎ᠡ ᠴᠠᠭ ᠦᠶ᠎ᠡ᠎ᠶ᠋ᠢᠨ ᠪᠠᠶᠠᠨᠨᠠᠭᠤᠷ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠤᠨ᠎ᠠ
2021-11-09 10:17:26
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠠᠶᠠᠨᠨᠠᠭᠤᠷ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ    ᠾᠧ ᠸᠧᠶ ᠬᠤᠸᠠ


ᠪᠣᠷᠣᠲᠣᠬᠣᠶ ᠣᠷᠣᠨ ᠪᠣᠯ ᠡᠷᠲᠡᠨ ᠡᠴᠡ ᠠᠪᠤᠭᠠᠳ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠬᠠᠯᠠᠭᠤᠨ ᠬᠥᠷᠥᠰᠥ᠍ ᠮᠥᠨ᠃ ᠱᠢᠨ᠎ᠡ ᠠᠶᠠᠨ᠎ᠳᠤ᠂ ᠪᠠᠶᠠᠨᠨᠠᠭᠤᠷ ᠬᠤᠳᠠ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ᠂ ᠡᠭᠡ ᠤᠯᠤᠰ᠎ᠤᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠎ᠳ᠋ᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠨ᠎ᠠ᠃ ᠪᠢᠳᠡ ᠡᠷᠬᠡᠪᠰᠢ ᠬᠡᠬᠦᠳᠡᠭ ᠴᠡᠭᠡᠵᠢᠨ᠎ᠳᠡᠭᠡᠨ《ᠬᠣᠶᠠᠷ ᠶᠡᠬᠡ ᠲᠠᠯ᠎ᠠ》 ᠵᠢ ᠪᠤᠳᠤᠵᠤ᠂ 《ᠤᠯᠤᠰ᠎ᠤᠨ ᠶᠡᠬᠡ ᠶᠠᠪᠤᠳᠠᠯ》᠎ᠢ᠋ ᠪᠠᠲᠤ ᠴᠡᠭᠡᠵᠢᠯᠡᠵᠦ᠍᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ ᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠦᠨ ᠲᠣᠭᠣᠷᠢᠨ᠎ᠳᠤ᠂ ᠪᠠᠲᠤ ᠴᠢᠩᠭ᠎ᠠ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠣᠯᠤᠨ ᠲᠡᠦᠬᠡᠨ ᠡᠭᠦᠷᠭᠡᠲᠦ ᠰᠡᠳᠬᠢᠯᠭᠡ ᠡᠪᠤᠷᠯᠡᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠃

ᠨᠢᠭᠡ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠣᠢᠯᠠᠭᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠦᠨᠳᠦᠰᠦᠲᠡᠨ᠎ᠦ ᠠᠵᠢᠯ᠎ᠤᠨ ᠱᠢᠨ᠎ᠡ ᠲᠡᠦᠬᠡᠨ ᠣᠷᠣᠨ ᠪᠠᠢᠷᠢ ᠪᠠ ᠱᠠᠳᠤ ᠦᠶᠡᠴᠢ ᠴᠢᠨᠠᠷᠲᠠᠢ ᠣᠨᠴᠠᠯᠢᠭ᠎ᠢ ᠦᠨᠳᠦᠰᠦᠯᠡᠨ᠂ ᠮᠠᠨ᠎ᠤ ᠨᠠᠮ᠎ᠤᠨ ᠦᠨᠳᠦᠰᠦᠲᠡᠨ᠎ᠦ ᠤᠨᠤᠯ ᠪᠠ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠵᠠᠯᠭᠠᠮᠵᠢᠯᠠᠭ᠍ᠰᠠᠨ ᠰᠠᠭᠤᠷᠢᠨ ᠳᠡᠭᠡᠷ᠎ᠡ᠂ ᠤᠤᠭᠠᠯ ᠡᠬᠦᠳᠤᠯᠳᠠ᠎ᠵᠢᠨ ᠴᠢᠨᠠᠷᠲᠠᠢ ᠂ ᠴᠠᠭ ᠦᠶᠡᠴᠢ ᠴᠢᠨᠠᠷᠲᠠᠢ᠂ ᠵᠢᠯᠣᠭᠣᠳᠭᠤ ᠴᠢᠨᠠᠷᠲᠠᠢ ᠠᠯᠢ ᠤᠯᠠᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠦᠵᠡᠯ ᠰᠠᠨᠠᠭ᠎ᠠ ᠪᠠ ᠴᠢᠬᠤᠯᠠ ᠶᠡᠬᠡ ᠤᠨᠤᠯ᠎ᠤᠨ ᠦᠵᠡᠯᠲᠡ ᠶ᠋ᠢ ᠪᠦᠲᠦᠭᠡᠯᠴᠢ ᠴᠢᠨᠠᠷᠲᠠᠢ ᠪᠠᠷ ᠳᠤᠷᠠᠳᠤᠨ ᠭᠠᠷᠭᠠᠵᠤ ᠂ ᠳᠤᠮᠳᠠᠳᠤ ᠤᠯᠤᠰ᠎ᠤᠨ ᠣᠨᠴᠠᠯᠢᠭ ᠲᠠᠢ ᠦᠨᠳᠦᠰᠦᠲᠡᠨ᠎ᠦ᠎ᠠᠰᠠᠭᠤᠳᠠᠯ᠎ᠢ᠎ᠱᠢᠢᠳᠪᠦᠷᠢᠯᠡᠬᠦ᠌᠎ᠶᠢᠨ᠎ᠱᠢᠨᠵᠢᠯᠡᠬᠦ᠌ ᠤᠬᠠᠭᠠᠨᠴᠢ ᠠᠭᠤᠯᠤᠭ᠍ᠳᠠᠬᠤᠨ᠎ᠢ ᠪᠠᠶᠠᠯᠢᠭ᠍ᠵᠢᠭᠤᠯᠤᠨ᠂ 《ᠠᠷᠪᠠᠨ ᠬᠣᠶᠠᠷ ᠡᠷᠬᠡᠪᠰᠢ》 ᠎ᠪᠡᠷ ᠭᠣᠣᠯ ᠠᠭᠤᠯᠭ᠎ᠠ ᠪᠣᠯᠭᠠᠭ᠍ᠰᠠᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠤᠢ ᠪᠣᠯᠭᠠᠪᠠ᠃ ᠡᠨᠡ ᠬᠦ᠌ ᠴᠢᠬᠤᠯᠠ ᠦᠵᠡᠯ ᠰᠠᠨᠠᠭ᠎ᠠ᠎ᠨᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠠᠯᠢ ᠣᠯᠠᠨ ᠴᠢᠬᠤᠯᠠ ᠶᠡᠬᠡ ᠣᠨᠣᠯ᠎ᠤᠨ ᠪᠠ ᠦᠶ᠋ᠯᠡᠳᠦᠯᠭᠡ᠎ᠶ᠋ᠢᠨ ᠠᠰᠠᠭᠤᠳᠠᠯ᠎ᠢ ᠱᠢᠨᠵᠢᠯᠡᠬᠦ᠌ ᠤᠬᠠᠭᠠᠨᠴᠢ᠎ᠪᠠᠷ ᠬᠠᠷᠢᠭᠤᠯᠵᠤ᠂ ᠮᠠᠷᠺᠰ᠎ᠤᠨ ᠦᠵᠡᠯ᠎ᠦᠨ ᠦᠨᠳᠦᠰᠦᠲᠡᠨ᠎ᠦ ᠣᠨᠣᠯ᠎ᠤᠨ ᠳᠤᠮᠳᠠᠳᠤ ᠤᠯᠤᠰᠴᠢᠯᠠᠭ᠍ᠰᠠᠨ ᠬᠠᠮᠤᠭ᠎ᠤᠨ ᠱᠢᠨ᠎ᠡ ᠦᠷ᠎ᠡ ᠪᠦᠲᠦᠭᠡᠯ ᠪᠠᠢᠵᠤ ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠪᠠ᠃ ᠪᠢᠳᠡ ᠪᠦᠷᠢᠨ ᠪᠦᠲᠦᠨ ᠵᠥᠪ ᠣᠨᠣᠪᠴᠢᠲᠠᠶ ᠣᠢᠯᠠᠭᠠᠵᠤ᠂ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠦᠨᠳᠦᠰᠦᠲᠡᠨ᠎ᠦ ᠠᠰᠠᠭᠤᠳᠠᠯ᠎ᠢ ᠱᠢᠶ᠋ᠳᠪᠦᠷᠢᠯᠡᠬᠦ᠌ ᠵᠥᠪ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠤᠭ᠍ᠰᠠᠨ ᠪᠣᠳᠠᠲᠤ ᠦᠷ᠎ᠡ ᠪᠦᠲᠦᠮᠵᠢ᠎ᠪᠡᠷ《ᠬᠣᠶᠠᠷ᠎ᠢ ᠬᠠᠮᠠᠭᠠᠯᠠᠬᠤ》᠎ᠶ᠋ᠢ ᠦᠶ᠋ᠯᠡᠳᠦᠯᠭᠡᠵᠢᠭᠦᠯᠬᠦ᠌ ᠬᠡᠷᠡᠭ᠌ᠲᠡᠶ᠃

ᠬᠣᠶᠠᠷ ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠭᠣᠣᠯ ᠴᠢᠮᠥᠭᠡ ᠴᠢᠬᠤᠯᠠ ᠠᠭᠤᠯᠭ᠎ᠠ᠎ᠶ᠋ᠢ ᠣᠨᠣᠪᠴᠢᠲᠠᠢ ᠡᠵᠡᠮᠳᠡᠵᠦ ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠷᠡᠰ ᠭᠤᠢᠪᠢᠰᠢ ᠦᠭᠡᠢ ᠠᠬᠢᠭᠤᠯᠤᠨ᠎ᠠ᠃ ᠶᠡᠷᠦᠩᠬᠡᠶ ᠱᠦᠵᠢ ᠰᠢ᠎ᠶ᠋ᠢᠨ ᠫᠢᠩ᠎ᠦᠨ《ᠳᠥᠷᠪᠡᠨ ᠬᠠᠮᠲᠤ》ᠶ᠋ᠢᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠣᠢᠯᠠᠭᠠᠵᠤ ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠵᠥᠪ ᠣᠨᠣᠪᠴᠢᠲᠠᠶ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠎ᠶ᠋ᠢ ᠪᠠᠲᠤ ᠪᠣᠶ ᠪᠣᠯᠭᠠᠨ᠎ᠠ᠃ ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠂ ᠳᠤᠮᠳᠠᠳᠤ ᠎ᠶ᠋ᠢᠨ ᠎ᠦᠨᠳᠦᠰᠦᠲᠡᠨ ᠎ᠦ ᠎ᠬᠠᠮᠲᠤ ᠴᠣᠭ᠍ᠴᠠ᠎ᠶ᠋ᠢᠨ᠎ᠤᠬᠠᠮᠰᠠᠷ᠎ᠪᠠ ᠦᠨᠳᠦᠰᠦᠲᠡᠨ᠎ᠨᠦᠭᠦᠳ᠎ᠦᠨ ᠤᠬᠠᠮᠰᠠᠷ ᠂ ᠳᠤᠮᠳᠠᠳᠤ᠎ᠶ᠋ᠢᠨ ᠰᠣᠶᠣᠯ ᠪᠠ ᠦᠨᠳᠦᠰᠦᠲᠡᠨ᠎ᠨᠦᠭᠦᠳ᠎ᠦᠨ ᠰᠣᠶᠣᠯ ᠂ ᠪᠣᠳᠠᠰ ᠪᠠ ᠤᠶᠤᠨ ᠰᠠᠨᠠᠭᠠᠨ᠎ᠤ 《ᠲᠦᠷᠪᠡᠨ ᠬᠠᠷᠢᠴᠠᠭ᠎ᠠ》 ᠎ᠶ᠋ᠢ ᠵᠥᠪ ᠡᠵᠡᠮᠳᠡᠨ ᠰᠠᠢᠲᠤᠷ ᠱᠢᠢᠳᠪᠦᠷᠢᠯᠡᠵᠦ᠍᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠬᠤᠳᠠ᠎ᠶ᠋ᠢ ᠴᠢᠷᠮᠠᠢᠨ ᠪᠠᠢᠭᠤᠯᠬᠤ᠎ᠪᠠᠷ ᠠᠴᠢᠶᠠᠯᠠᠪᠤᠷᠢ ᠪᠣᠯᠭᠠᠵᠤ ᠂ ᠡᠷᠡᠰ ᠴᠢᠩᠭ᠎ᠠ ᠪᠡᠷ ᠦᠨᠳᠦᠰᠦᠲᠡᠨ᠎ᠦ ᠠᠵᠢᠯ᠎ᠢ ᠠᠬᠢᠭᠤᠯᠤᠨ᠂ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠵᠦ᠂ 《ᠲᠠᠪᠤᠨ ᠬᠠᠮᠲᠤ᠎ᠶ᠋ᠢᠨ ᠲᠠᠨᠢᠯᠲᠠ》᠎ᠶ᠋ᠢ ᠲᠠᠰᠤᠷᠠᠯᠳᠠ ᠦᠭᠡᠢ ᠴᠢᠩᠭᠠᠳᠭᠠᠵᠤ᠂ ᠡᠭᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ ᠬᠠᠯᠬᠠᠪᠴᠢ᠎ᠶ᠋ᠢ ᠪᠠᠲᠤ ᠴᠣᠭ᠍ᠴᠠᠯᠠᠬᠤ ᠂ ᠣᠳᠣᠬᠢᠴᠢᠯᠠᠯᠲᠠ᠎ᠶᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠠᠤᠭ᠎ᠠ ᠬᠦᠴᠦᠨ᠎ᠢ ᠨᠢᠭ᠍ᠲᠠᠷᠠᠭᠤᠯᠬᠤ ᠭᠡᠷᠡᠭᠳᠡᠢ᠃

ᠭᠤᠷᠪᠠ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠤᠨ ᠦᠨᠳᠦᠰᠦᠨ ᠱᠠᠭᠠᠷᠳᠠᠯᠭ᠎ᠠ᠎ᠶ᠋ᠢ ᠡᠷᠡᠰ ᠲᠤᠭᠤᠰᠢᠯᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠨ᠎ᠠ᠃ ᠨᠢᠭᠡᠳᠦᠯ ᠪᠠ ᠥᠪᠡᠷᠲᠡᠭᠡᠨ ᠵᠠᠰᠠᠬᠤ ᠂ ᠦᠨᠳᠦᠰᠦᠲᠡᠨ᠎ᠦ ᠡᠯᠸᠮᠸᠨ᠋ᠲ ᠪᠠ ᠣᠷᠣᠨ ᠪᠦᠰᠡ᠎ᠶ᠋ᠢᠨ ᠡᠯᠸᠮᠸᠨ᠋ᠲ᠎ᠢ ᠤᠶᠠᠯᠳᠤᠭᠤᠯᠬᠤ᠎ᠶ᠋ᠢᠨ ᠭᠣᠣᠯ ᠴᠢᠬᠤᠯᠠ ᠠᠭᠤᠯᠭ᠎ᠠ᠎ᠶ᠋ᠢ ᠭᠦᠨᠵᠡᠭᠡᠢ ᠣᠢᠯᠠᠭᠠᠵᠤ ᠂ ᠪᠦᠯᠬᠦᠮᠳᠡᠯ ᠨᠢᠭᠡᠳᠦᠯ ᠪᠣᠯ ᠤᠯᠤᠰ ᠣᠷᠣᠨ᠎ᠤ ᠬᠠᠮᠤᠭ᠎ᠤᠨ ᠳᠡᠭᠡᠳᠦ ᠠᠱᠢᠭ ᠲᠤᠰᠠ ᠮᠥᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠠᠱᠢᠭ ᠲᠤᠰᠠ ᠮᠥᠨ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ᠎ᠶ᠋ᠢ ᠬᠡᠷᠡᠭ᠌ᠵᠢᠭᠦᠯᠬᠦ᠌᠎ᠶ᠋ᠢᠨ ᠤᠷᠢᠲᠠᠯ ᠪᠠ ᠰᠠᠭᠤᠷᠢ ᠮᠥᠨ ᠭᠡᠳᠡᠭ᠎ᠢ ᠭᠦᠢᠴᠡᠳ ᠲᠠᠨᠢᠬᠤ ᠬᠡᠷᠡᠭ᠌ᠲᠡᠢ᠃ ᠤᠯᠤᠰ᠎ᠤᠨ ᠬᠠᠤᠯᠢ ᠴᠠᠭᠠᠵᠠ ᠪᠣᠯᠤᠨ ᠵᠠᠰᠠᠭ᠎ᠤᠨ ᠵᠠᠷᠯᠢᠭ᠎ᠤᠨ ᠬᠡᠷᠡᠭ᠌ᠵᠢᠭᠦᠯᠦᠭ᠌ᠳᠡᠬᠦ᠌᠎ᠶ᠋ᠢ ᠦᠨᠡᠨ ᠬᠦ᠌ ᠪᠠᠲᠤᠯᠠᠭ᠍ᠰᠠᠨ ᠰᠠᠭᠤᠷᠢᠨ ᠳᠡᠭᠡᠷ᠎ᠡ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠬᠠᠤᠯᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠳᠦᠷᠢᠮ᠎ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠬᠠᠤᠯᠢ ᠴᠠᠭᠠᠵᠠ᠎ᠪᠠᠷ ᠦᠨᠳᠦᠰᠦᠲᠡᠨ᠎ᠦ ᠬᠠᠷᠢᠴᠠᠭ᠎ᠠ᠎ᠶ᠋ᠢ ᠵᠢᠷᠤᠮᠵᠢᠭᠤᠯᠤᠨ᠂ ᠦᠨᠳᠦᠰᠦᠲᠡᠨ᠎ᠦ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠪᠠᠷᠢᠮᠲᠠᠯᠠᠵᠤ᠂ ᠦᠨᠳᠦᠰᠦᠲᠡᠨ᠎ᠦ ᠠᠰᠠᠭᠤᠳᠠᠯ᠎ᠢ ᠱᠢᠶ᠋ᠳᠪᠦᠷᠢᠯᠡᠬᠦ᠌᠎ᠳᠦ ᠠᠯᠳᠠᠭ᠎ᠠ ᠭᠠᠷᠭᠠᠬᠤ ᠦᠭᠡᠶ᠂ ᠦᠨᠳᠦᠰᠦᠲᠡᠨ᠎ᠦ ᠬᠠᠷᠢᠴᠠᠭ᠎ᠠ᠎ᠶ᠋ᠢ ᠵᠣᠬᠢᠴᠠᠭᠤᠯᠬᠤ᠎ᠳᠤ ᠴᠢᠭᠯᠡᠯᠲᠡ ᠵᠢ ᠬᠤᠪᠢᠷᠠᠭᠤᠯᠬᠤ ᠦᠭᠡᠶ ᠂ ᠦᠨᠳᠦᠰᠦᠲᠡᠨ᠎ᠦ ᠠᠵᠢᠯ᠎ᠢ ᠠᠬᠢᠭᠤᠯᠬᠤ᠎ᠳᠤ ᠬᠡᠯᠪᠡᠢᠬᠦ᠌ ᠦᠭᠡᠶ ᠪᠠᠢᠬᠤ᠎ᠶ᠋ᠢ ᠪᠡᠶᠡᠯᠡᠭᠦᠯᠵᠦ᠂ᠡᠷᠬᠡ ᠲᠡᠭ᠌ᠰᠢ᠂ ᠪᠦᠯᠬᠦᠮᠳᠡᠯ᠎ᠲᠡᠶ᠂ ᠬᠠᠷᠢᠯᠴᠠᠨ ᠬᠠᠪᠰᠤᠷᠤᠯᠴᠠᠭ᠍ᠰᠠᠨ᠂ ᠡᠶ᠎ᠡ ᠵᠣᠬᠢᠴᠠᠨᠭᠭᠤᠢ ᠨᠡᠢᠭᠡᠮ ᠵᠢᠷᠤᠮ᠎ᠤᠨ ᠦᠨᠳᠦᠰᠦᠲᠡᠨ᠎ᠦ ᠬᠠᠷᠢᠴᠠᠭ᠎ᠠ᠎ᠶ᠋ᠢ ᠲᠠᠰᠤᠷᠠᠯᠲᠠ ᠤᠢ᠍ᠭᠡᠢ ᠪᠡᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠶ᠃

ᠳᠥᠷᠪᠡ᠂ ᠦᠨᠳᠦᠰᠦᠲᠡᠨ᠎ᠦ ᠠᠵᠢᠯ᠎ᠳᠠᠬᠢ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠦᠨᠡᠨ ᠬᠦ᠌ ᠴᠢᠩᠭᠠᠳᠭᠠᠵᠤ ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠠᠯ᠎ᠠ᠎ᠪᠠᠷ ᠪᠠᠶᠠᠨᠨᠠᠭᠤᠷ᠎ᠤᠨ ᠬᠦᠴᠦᠨ ᠴᠢᠳᠠᠯ᠎ᠢ ᠨᠠᠮᠡᠷᠢᠯᠡᠨ᠎ᠠ᠃ ᠤᠯᠤᠰ ᠲᠦᠷᠦ᠍᠎ᠶ᠋ᠢᠨ ᠲᠠᠯ᠎ᠠ ᠡᠴᠡ ᠪᠤᠳᠤᠯᠬᠢᠯᠠᠬᠤ᠂ ᠤᠯᠤᠰ ᠲᠦᠷᠦ᠍᠎ᠶ᠋ᠢᠨ ᠲᠠᠯ᠎ᠠ ᠡᠴᠡ ᠭᠠᠷᠳᠠᠨ ᠬᠢᠬᠦ᠎ᠶ᠋ᠢ ᠪᠠᠷᠢᠮᠲᠠᠯᠠᠵᠤ ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠦᠨᠳᠦᠰᠦᠲᠡᠨ᠎ᠦ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠤᠨ᠎ᠠ᠃ ᠨᠢᠭᠡ᠎ᠳᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠲᠠᠯ᠎ᠠ ᠪᠡᠷ ᠬᠦᠴᠦ᠍ᠯᠡᠵᠦ᠂ ᠮᠤᠨᠢ ᠠᠭᠤᠯᠠ᠎ᠶ᠋ᠢᠨ ᠬᠠᠳᠠᠨ ᠰᠡᠢᠯᠦᠮᠡᠯ ᠂ ᠴᠢᠨ ᠤᠯᠤᠰ ᠬᠠᠨ ᠤᠯᠤᠰ᠎ᠤᠨ ᠦᠶ᠎ᠡ᠎ᠶᠢᠨ ᠤᠷᠲᠤ ᠴᠠᠭᠠᠨ ᠬᠡᠷᠡᠮ ᠵᠡᠷᠭᠡ ᠲᠡᠦᠬᠡ᠎ᠶ᠋ᠢᠨ ᠦᠯᠡᠳᠡᠭ᠌ᠳᠡᠯ ᠪᠠ ᠪᠣᠷᠣᠲᠣᠬᠣᠢ᠎ᠶ᠋ᠢᠨ ᠤᠰᠤᠯᠠᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ ᠵᠡᠷᠭᠡ ᠰᠣᠶᠣᠯ ᠢᠷᠭᠡᠨᠱᠢᠯ᠎ᠦᠨ ᠲᠤᠤᠯᠢᠰ᠎ᠲᠤ ᠲᠤᠰᠭᠠᠭ᠍ᠳᠠᠭ᠍ᠰᠠᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ᠎ᠲᠡᠦᠬᠡ᠎ᠶᠢᠨ ᠠᠭᠤᠯᠤᠬᠳᠠᠬᠤᠨ᠎ᠢ ᠭᠦᠨᠵᠡᠭᠡᠢ ᠠᠭᠤᠳᠠᠯᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ ᠵᠢ ᠠᠷᠠᠳ ᠢᠷᠭᠡᠨ᠎ᠦ ᠦᠵᠡᠯ ᠰᠠᠨᠠᠭ᠎ᠠ ᠶᠣᠰᠣ ᠰᠤᠷᠲᠠᠬᠤᠨ᠎ᠤ ᠪᠠᠢᠭᠤᠯᠤᠯᠲᠠ ᠂ ᠰᠣᠶᠣᠯ᠎ᠤᠨ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ ᠪᠠ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠪᠦᠬᠦ᠌ ᠶᠠᠪᠤᠴᠠ᠎ᠳᠤ ᠠᠭᠤᠰᠤᠯᠴᠠᠭᠤᠯᠵᠤ᠂ 《ᠭᠤᠷᠪᠠᠨ ᠰᠠᠯᠵᠤ ᠴᠢᠳᠠᠬᠤ ᠦᠭᠡᠢ 》 ᠂ 《ᠳᠥᠷᠪᠡᠨ ᠬᠠᠮᠲᠤ》 ᠂ 《ᠲᠠᠪᠤᠨ ᠬᠠᠮᠲᠤ᠎ᠶ᠋ᠢᠨ ᠲᠠᠨᠢᠯᠲᠠ》᠎ᠶ᠋ᠢᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠡᠳᠭᠢᠯ᠎ᠳᠦ ᠭᠦᠨ ᠬᠠᠳᠠᠩᠱᠢᠬᠤ᠎ᠶ᠋ᠢ ᠠᠬᠢᠭᠤᠯᠤᠨ᠎ᠠ᠃ ᠬᠣᠶᠠᠷ᠎ᠲᠤ᠂ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮᠳᠤ ᠣᠳᠣᠬᠢᠴᠢᠯᠠᠯᠲᠠ ᠲᠡᠢᠰᠢ ᠬᠠᠮᠲᠤ᠎ᠪᠠᠷ ᠤᠷᠤᠭ᠍ᠰᠢᠯᠠᠬᠤ᠎ᠶ᠋ᠢ ᠠᠬᠢᠭᠤᠯᠬᠤ ᠲᠠᠯ᠎ᠠ ᠪᠡᠷ ᠬᠦᠴᠦᠯᠡᠵᠦ ᠂ 《ᠬᠣᠶᠠᠷ ᠬᠠᠯᠬᠠᠪᠴᠢ》 ᠂ 《ᠬᠣᠶᠠᠷ ᠰᠠᠭᠤᠷᠢᠨ》 ᠪᠠ 《ᠨᠢᠭᠡ ᠪᠡᠬᠢᠯᠡᠯᠲᠡ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ᠎ᠶ᠋ᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠥᠨᠳᠥᠷ ᠲᠦᠪᠱᠢᠨ ᠪᠦᠬᠦᠢ ᠠᠮᠢ ᠠᠬᠤᠢ᠎ᠶ᠋ᠢᠨ ᠬᠠᠮᠠᠭᠠᠯᠠᠯᠲᠠ᠂ ᠴᠢᠨᠠᠷ ᠰᠠᠢᠲᠠᠢ ᠠᠵᠤ ᠠᠬᠤᠢ᠎ᠶ᠋ᠢᠨ ᠬᠥᠭ᠌ᠵᠢᠯᠲᠡ᠂ ᠶᠠᠰᠤ ᠴᠢᠨᠠᠷ ᠰᠠᠢᠲᠠᠢ ᠠᠷᠠᠳ᠎ᠤᠨ ᠠᠮᠢᠳᠤᠷᠠᠯ᠂ ᠥᠨᠳᠥᠷ ᠪᠦᠲᠦᠮᠵᠢᠲᠡᠢ ᠨᠡᠢᠭᠡᠮ᠎ᠦᠨ ᠵᠠᠰᠠᠯᠲᠠ᠂ ᠥᠨᠳᠥᠷ ᠪᠠᠷᠢᠮᠵᠢᠶᠠᠲᠤ ᠨᠠᠮ᠎ᠤᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠬᠥᠭ᠌ᠵᠢᠬᠦ᠌᠂ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠠᠬᠢᠭᠤᠯᠤᠨ᠎ᠠ᠃ ᠭᠤᠷᠪᠠ᠎ᠳᠤ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠠᠯ᠎ᠠ ᠪᠡᠷ ᠬᠦᠴᠦ᠍ᠯᠡᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠠᠢᠨ ᠰᠠᠢᠬᠠᠨ ᠬᠥᠳᠡᠭᠡ ᠲᠣᠰᠭᠣᠨ(ᠨᠡᠢᠭᠡᠮ ᠲᠣᠭᠣᠷᠢᠭ) ᠢ᠋ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠵᠡᠷᠭᠡ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍ ᠂ ᠡᠶ᠎ᠡ ᠵᠣᠬᠢᠴᠠᠩᠭᠤᠶ ᠬᠠᠮᠲᠤ᠎ᠪᠠᠷ ᠠᠭᠤᠰᠤᠯᠴᠠᠭ᠍ᠰᠠᠨ ᠨᠡᠢᠭᠡᠮ᠎ᠦᠨ ᠤᠷᠴᠢᠨ ᠠᠬᠤᠢ᠎ᠵᠢ ᠪᠠᠢᠭᠤᠯᠤᠨ᠎ᠠ᠃ ᠳᠥᠷᠪᠡ᠎ᠳᠦ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶᠢᠨ ᠱᠢᠰᠲ᠋ᠧᠮ ᠪᠠ ᠵᠠᠰᠠᠯᠲᠠ᠎ᠶᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠰᠢᠨ᠎ᠢ ᠳᠡᠭᠡᠭ᠌ᠰᠢᠯᠡᠭᠦᠯᠬᠦ᠌ ᠲᠠᠯ᠎ᠠ ᠪᠡᠷ ᠬᠦᠴᠦᠯᠡᠵᠦ᠂ ᠦᠨᠳᠦᠰᠦᠲᠡᠨ᠎ᠦ ᠡᠯᠸᠮᠸᠨ᠋ᠲ᠎ᠲᠠᠢ ᠬᠤᠯᠪᠤᠬᠳᠠᠬᠰᠠᠨ ᠬᠢᠨᠠᠨ ᠪᠠᠢᠴᠠᠭᠠᠵᠤ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠦᠨᠳᠦᠰᠦᠲᠡᠨ᠎ᠦ ᠠᠰᠠᠭᠤᠳᠠᠯ᠎ᠢ ᠬᠠᠤᠯᠢ ᠶᠣᠰᠣᠭᠠᠷ ᠱᠢᠶ᠋ᠳᠪᠦᠷᠢᠯᠡᠨ᠂ ᠦᠨᠳᠦᠰᠦᠲᠡᠨ᠎ᠦ ᠪᠦᠯᠬᠦᠮᠳᠡᠯ ᠎ᠢ ᠡᠪᠳᠡᠬᠦ᠌ ᠪᠠ ᠦᠨᠳᠦᠰᠦᠲᠡᠨ᠎ᠢ ᠬᠠᠭᠠᠴᠠᠭᠤᠯᠬᠤ ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠡᠷᠡᠰ ᠴᠣᠬᠢᠯᠲᠠ ᠥᠭ᠌ᠴᠦ ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠦᠨᠡᠨ ᠬᠦ᠌ ᠪᠡᠬᠢᠵᠢᠭᠦᠯᠦᠨ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠢᠮᠠᠭ᠍ᠲᠠ ᠰᠠᠢᠲᠤᠷ ᠬᠠᠮᠠᠭᠠᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号