ᠪᠤᠳᠠᠰ ᠎ᠤᠨ ᠠᠮᠢᠳᠤᠷᠠᠯ᠎ᠢ ᠬᠠᠮᠢᠶᠠᠷᠬᠤ ᠮᠦᠷᠳᠡᠬᠡᠨ ᠦᠵᠡᠯ ᠰᠠᠨᠠᠭ᠎ᠠ ᠵᠢ ᠨᠡᠡᠭ ᠬᠠᠮᠢᠶᠠᠷᠬᠤ ᠬᠡᠷᠡᠭᠳᠡᠢ
2021-11-09 09:46:20
ᠵᠣᠬᠢᠶᠠᠭ᠍ᠴᠢ᠄
ᠳ᠋ᠠᠢ ᠬᠣᠩ ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠦᠨᠳᠦᠰᠦᠲᠡᠨ ᠎ᠦ ᠠᠵᠢᠯ ᠎ᠢ ᠠᠬᠢᠭᠤᠯᠬᠤ᠎ᠳᠤ ᠬᠣᠶᠠᠷ ᠵᠦᠢᠯ ᠎ᠦᠨ ᠬᠦᠴᠦᠨ᠎ᠳᠦ ᠲᠦᠱᠢᠭ᠌ᠯᠡᠬᠦ ᠬᠡᠷᠡᠭᠳᠡᠢ᠂ ᠨᠢᠭᠡ ᠨᠢ ᠪᠣᠳᠠᠰ᠎ᠤᠨ ᠬᠦᠴᠦᠨ᠂ ᠨᠦᠬᠦᠭᠡ ᠨᠢ ᠤᠶᠤᠨ ᠰᠠᠨᠠᠭᠠᠨ ᠎ᠤ ᠬᠦᠴᠦᠨ ᠪᠣᠯᠤᠨ᠎ᠠ᠂ ᠡᠨᠡ ᠬᠣᠶᠠᠷ ᠎ᠤᠨ ᠠᠯᠢ ᠨᠢ ᠴᠦ᠍ ᠳᠤᠲᠠᠭ᠍ᠳᠠᠵᠤ ᠪᠣᠯᠬᠤ ᠦᠭᠡᠢ ᠪᠠᠢᠳᠠᠭ᠃ ᠦᠨᠳᠦᠰᠦᠲᠡᠨ᠎ᠦ᠎ᠠᠰᠠᠭᠤᠳᠠᠯ᠎ᠢ ᠰᠠᠢᠲᠤᠷ ᠱᠢᠢᠳᠪᠦᠷᠢᠯᠡᠬᠦ᠌ ᠎ᠳᠦ ᠪᠣᠳᠠᠰ᠎ᠤᠨ ᠲᠠᠯ᠎ᠠ᠎ᠶ᠋ᠢᠨ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌ ᠵᠢᠨ ᠬᠠᠮᠳᠤ᠂ ᠤᠶᠤᠨ ᠰᠠᠨᠠᠭᠠᠨ᠎ᠤ ᠲᠠᠯ᠎ᠠ ᠎ᠶ᠋ᠢᠨ ᠠᠰᠠᠭᠤᠳᠠᠯ ᠎ᠢ ᠴᠤ᠌ ᠰᠠᠢᠲᠤᠷ ᠱᠢᠢᠳᠪᠦᠷᠢᠯᠡᠬᠦ᠌ ᠬᠡᠷᠡᠭ᠌ᠲᠡᠢ᠂ ᠠᠯᠢ ᠨᠢᠭᠡ ᠲᠠᠯ᠎ᠠ ᠶ᠋ᠢᠨ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌ ᠦᠭᠡᠢ ᠪᠣᠯ ᠴᠥᠮ ᠠᠰᠠᠭᠤᠳᠠᠯ ᠭᠠᠷᠳᠠᠭ᠎ᠢ ᠲᠡᠥᠬᠡ ᠪᠠ ᠪᠤᠳᠠᠳᠤ ᠠᠬᠤᠢ ᠪᠦᠷ ᠪᠢᠳᠡᠨ ᠎ᠳᠤ ᠬᠡᠷᠡᠴᠢᠯᠡᠭᠰᠡᠨ ᠪᠠᠢᠳᠠᠭ᠃

ᠠᠵᠤ ᠠᠬᠤᠢ ᠎ᠶ᠋ᠢ ᠬᠥᠭ᠌ᠵᠢᠭᠦᠯᠬᠦ᠌᠂ ᠠᠷᠠᠳ ᠎ᠤᠨ ᠠᠮᠢᠳᠤᠷᠠᠯ ᠎ᠢ ᠰᠠᠢᠵᠢᠷᠠᠭᠤᠯᠬᠤ ᠪᠣᠯ ᠬᠥᠮᠦᠰ ᠎ᠦᠨ ᠰᠡᠳᠭᠢᠯ ᠎ᠢ ᠨᠢᠭ᠍ᠲᠠᠷᠠᠭᠤᠯᠬᠤ  ᠵᠢᠨ ᠰᠠᠭᠤᠷᠢ ᠮᠥᠨ᠃ ᠭᠠᠭ᠍ᠴᠠ ᠬᠦ᠌ ᠦᠨᠳᠦᠰᠦᠲᠡᠨ᠎ᠨᠦᠭᠦᠳ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ ᠎ᠪᠠᠷ ᠴᠡᠴᠡᠭ᠌ᠯᠡᠨ ᠬᠥᠭ᠌ᠵᠢᠵᠦ᠍᠂ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠪᠠᠯ ᠰᠠᠶᠢ ᠪᠠᠲᠤ ᠪᠡᠬᠢ ᠪᠣᠳᠠᠰ᠎ᠤᠨ ᠰᠠᠭᠤᠷᠢ᠎ᠲᠠᠶ ᠪᠤᠯᠵᠤ ᠴᠢᠳᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ᠌ ᠤᠯᠤᠰ ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠎ᠢ ᠳᠠᠭᠠᠭᠤᠯᠤᠨ ᠬᠥᠭ᠌ᠵᠢᠯᠲᠡ᠎ᠶ᠋ᠢ ᠡᠷᠢᠯᠬᠢᠯᠡᠵᠦ᠍᠂ ᠴᠢᠨᠡᠭᠡᠯᠢᠭ ᠨᠡᠢᠭᠡᠮ᠎ᠢ ᠵᠣᠷᠢᠵᠤ᠂ ᠥᠭᠡᠷᠡᠴᠢᠯᠡᠯᠲᠡ ᠬᠥᠭ᠌ᠵᠢᠯᠲᠡ ᠎ᠶ᠋ᠢᠨ ᠳᠤᠮᠳᠠ ᠪᠠᠲᠤ ᠪᠡᠬᠢ ᠪᠣᠳᠠᠰ᠎ᠤᠨ ᠰᠠᠭᠤᠷᠢ᠎ᠶ᠋ᠢ ᠲᠠᠯᠪᠢᠵᠤ᠂ ᠤᠯᠠᠨ ᠲᠦᠮᠡᠨ᠎ᠦ ᠠᠩᠬᠠᠷᠴᠤ᠌ ᠪᠠᠢᠭ᠎ᠠ ᠪᠣᠳᠠᠲᠤ ᠠᠱᠢᠭ ᠲᠤᠰᠠ᠎ᠶ᠋ᠢᠨ ᠠᠰᠠᠭᠤᠳᠠᠯ ᠎ᠢ ᠱᠢᠢᠳᠪᠦᠷᠢᠯᠡᠵᠦ᠍᠂ ᠦᠨᠳᠦᠰᠦᠲᠡᠨ᠎ᠨᠦᠭᠦᠳ ᠎ᠦᠨ ᠠᠷᠠᠳ ᠲᠦᠮᠡᠨ ᠎ᠦ ᠠᠵᠠ ᠵᠢᠷᠭᠠᠯ᠎ᠢ ᠨᠡᠮᠡᠭ᠌ᠳᠡᠭᠦᠯᠪᠡ᠃ ᠭᠡᠪᠡᠴᠦ᠍ ᠬᠦᠷᠲᠡᠮᠵᠢ᠎ᠶ᠋ᠢᠨ ᠲᠦᠷᠦᠭ᠌ᠳᠡᠯ ᠨᠢ ᠬᠠᠮᠳᠦ᠎ᠶᠢᠨ ᠲᠠᠨᠢᠯᠲᠠ᠎ᠶᠢᠨ ᠲᠦᠷᠦᠭ᠌ᠳᠡᠯ᠎ᠲᠡᠶ ᠱᠢᠭᠤᠳ ᠠᠳᠠᠯᠢ ᠪᠢᠰᠢ᠂ ᠠᠵᠤ ᠠᠬᠤᠢ ᠨᠡᠢᠭᠡᠮ᠎ᠦᠨ ᠬᠥᠭ᠌ᠵᠢᠯᠲᠡ ᠨᠢ ᠠᠶᠠᠨᠳᠠᠭᠠᠨ ᠦᠨᠳᠦᠰᠦᠲᠡᠨ᠎ᠦ ᠪᠦᠯᠬᠦᠮᠳᠡᠯ ᠎ᠢ ᠠᠪᠴᠢᠷᠠᠵᠤ ᠴᠢᠳᠠᠬᠤ ᠦᠭᠡᠢ᠂ ᠪᠤᠳᠠᠰ᠎ᠤᠨ ᠠᠮᠢᠳᠤᠷᠠᠯ᠎ᠢ ᠬᠠᠮᠢᠶᠠᠷᠬᠤ ᠮᠦᠷᠳᠡᠬᠡᠨ ᠦᠵᠠᠯ ᠰᠠᠨᠠᠭ᠎ᠠ  ᠵᠢ ᠨᠡᠡᠭ ᠬᠠᠮᠢᠶᠠᠷᠬᠤ ᠬᠡᠷᠡᠭᠳᠡᠢ᠃ ᠡᠰᠡ ᠲᠡᠭᠡᠪᠡᠯ ᠪᠢᠳᠡ ᠪᠤᠳᠠᠰ᠎ᠤᠨ ᠠᠮᠢᠳᠤᠷᠠᠯ᠎ᠢ ᠬᠠᠮᠢᠶᠠᠷᠬᠤ ᠎ᠳ᠋ᠤ᠂ ᠪᠤᠰᠤᠳ ᠬᠥᠮᠦᠨ  ᠦᠵᠡᠯ ᠰᠠᠨᠠᠭ᠎ᠠ ᠵᠢ  ᠬᠠᠮᠢᠶᠠᠷᠬᠤ ᠪᠠᠢᠳᠠᠯ ᠢᠯᠡᠷᠡᠵᠦ᠍᠂ ᠪᠤᠳᠠᠰ ᠎ᠤᠨ ᠠᠮᠢᠳᠤᠷᠠᠯ  ᠬᠡᠳᠦᠢ ᠪᠠᠶᠠᠯᠢᠭ  ᠪᠤᠯᠬᠤ ᠳᠤᠳᠤᠮ ᠵᠢᠭᠤᠳᠠᠩᠭᠤᠢ ᠬᠡᠯᠪᠡᠷᠢᠯ ᠲᠡᠳᠦᠢ ᠴᠢᠩᠭ᠎ᠠ ᠪᠣᠯᠬᠤ ᠠᠰᠠᠭᠤᠳᠠᠯ ᠭᠠᠷᠴᠤ᠌ ᠮᠡᠳᠡᠨ᠎ᠠ ᠭᠡᠳᠡᠭ᠎ᠢ ᠪᠢᠳᠡ ᠪᠠᠰᠠ ᠭᠦᠨᠵᠡᠭᠡᠢ ᠲᠠᠨᠢᠬᠤ ᠬᠡᠷᠡᠭ᠌ᠲᠡᠢ᠃

1947 ᠣᠨ᠎ᠤ 5 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ᠎ᠢ ᠲᠤᠩᠬᠠᠭ᠍ᠯᠠᠵᠤ᠂ ᠮᠠᠨ᠎ᠤ ᠨᠠᠮ᠎ᠤᠨ ᠮᠠᠷᠺᠰ ᠎ᠤᠨ ᠦᠵᠡᠯ ᠎ᠢᠶᠡᠷ ᠤᠯᠤᠰ ᠎ᠤᠨ ᠳᠣᠲᠣᠭᠠᠳᠤ ᠎ᠶ᠋ᠢᠨ ᠦᠨᠳᠦᠰᠦᠲᠡᠨ ᠎ᠦ ᠠᠰᠠᠭᠤᠳᠠᠯ ᠎ᠢ ᠱᠢᠢᠳᠪᠦᠷᠢᠯᠡᠭ᠌ᠰᠡᠨ ᠠᠮᠵᠢᠯᠲᠠ ᠲᠠᠢ ᠦᠢᠯᠡᠳᠦᠯᠭᠡ ᠪᠣᠯᠵᠠᠢ᠃ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠴᠣᠭ᠍ᠴᠠ ᠎ᠶ᠋ᠢᠨ ᠤᠬᠠᠮᠰᠠᠷ ᠪᠣᠯ ᠤᠯᠤᠰ ᠣᠷᠣᠨ᠎ᠤ ᠨᠢᠭᠡᠳᠦᠯ᠎ᠦᠨ ᠰᠠᠭᠤᠷᠢ᠂ ᠦᠨᠳᠦᠰᠦᠲᠡᠨ᠎ᠦ ᠪᠦᠯᠬᠦᠮᠳᠡᠯ᠎ᠤᠨ ᠦᠨᠳᠦᠰᠦ᠂ ᠤᠶᠤᠨ ᠰᠠᠨᠠᠭᠠᠨ᠎ᠤ ᠬᠦᠴᠦᠨ᠎ᠦ ᠰᠦᠭ ᠰᠦᠨᠡᠰᠦ ᠮᠥᠨ᠂ ᠪᠤᠢ ᠪᠦᠬᠦᠢ ᠥᠭᠡᠷᠡᠴᠢᠯᠡᠯᠲᠡ ᠬᠥᠭ᠌ᠵᠢᠯᠲᠡ ᠎ᠳᠦ ᠎ᠳᠤᠮᠳᠠᠳᠤ ᠎ᠶ᠋ᠢᠨ ᠎ᠦᠨᠳᠦᠰᠦᠲᠡᠨ ᠎ᠦ ᠎ᠬᠠᠮᠲᠤ ᠴᠣᠭ᠍ᠴᠠ᠎ᠶ᠋ᠢᠨ ᠤᠬᠠᠮᠰᠠᠷ᠎ᠢ ᠢᠯᠡᠷᠡᠭᠦᠯᠬᠦ᠌᠎ᠶ᠋ᠢᠨ ᠠᠴᠢ ᠬᠣᠯᠪᠣᠭ᠍ᠳᠠᠯ᠂ ᠨᠢᠭᠡᠳᠦᠯ ᠎ᠢ ᠬᠠᠮᠠᠭᠠᠯᠠᠬᠤ᠂ ᠬᠠᠭᠠᠴᠠᠭᠤᠯᠬᠤ᠎ᠶ᠋ᠢ ᠡᠰᠡᠷᠭᠦᠴᠡᠬᠦ᠌ ᠎ᠶ᠋ᠢᠨ ᠠᠴᠢ ᠬᠣᠯᠪᠣᠭ᠍ᠳᠠᠯ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠂ ᠬᠥᠮᠦᠰ ᠎ᠦᠨ ᠰᠡᠳᠭᠢᠯ᠎ᠢ ᠨᠢᠭ᠍ᠲᠠᠷᠠᠭᠤᠯᠬᠤ ᠎ᠶ᠋ᠢᠨ ᠠᠴᠢ ᠬᠣᠯᠪᠣᠭ᠍ᠳᠠᠯ᠎ᠢ ᠣᠯᠭᠣᠵᠤ᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ ᠴᠣᠭ᠍ᠴᠠ ᠎ᠶ᠋ᠢ ᠡᠪᠳᠡᠷᠡᠰᠢ ᠦᠭᠡᠢ  ᠪᠠᠲᠤ ᠪᠡᠬᠢ ᠪᠣᠯᠭᠠᠬᠤ ᠬᠡᠷᠡᠭ᠌ᠲᠡᠢ᠃ ᠤᠯᠤᠰ ᠣᠷᠣᠨ ᠎ᠤ ᠨᠢᠭᠡᠳᠦᠯ ᠪᠠ ᠦᠨᠳᠦᠰᠦᠲᠡᠨ ᠎ᠦ ᠪᠦᠯᠬᠦᠮᠳᠡᠯ ᠎ᠢ ᠬᠠᠮᠠᠭᠠᠯᠠᠬᠤ ᠪᠠᠲᠤ ᠪᠡᠬᠢ ᠦᠵᠡᠯ ᠰᠠᠨᠠᠭᠠᠨ ᠎ᠤ ᠣᠷᠳᠣ ᠴᠠᠭᠠᠨ ᠬᠡᠷᠡᠮ᠎ᠢ ᠴᠣᠭ᠍ᠴᠠᠯᠠᠵᠤ᠂ ᠡᠯ᠎ᠡ ᠵᠦᠶ᠋ᠯ ᠎ᠦᠨ ᠪᠤᠷᠤᠭᠤ ᠦᠵᠡᠯ ᠰᠠᠨᠠᠭ᠎ᠠ ᠦᠵᠡᠯᠲᠡ ᠎ᠶ᠋ᠢ ᠲᠣᠭ ᠲᠡᠮᠳᠡᠭ ᠲᠣᠳᠣᠷᠬᠠᠶ᠎ᠪᠠᠷ ᠡᠰᠡᠷᠭᠦᠴᠡᠵᠦ᠍᠂ ᠡᠯ᠎ᠡ ᠵᠦᠶ᠋ᠯ ᠎ᠦᠨ ᠬᠡᠲᠦᠷᠡᠮᠡᠬᠡᠶ᠂ ᠬᠠᠭᠠᠴᠠᠭᠤᠯᠬᠤ ᠦᠵᠡᠯ ᠰᠠᠨᠠᠭᠠᠨ ᠎ᠤ ᠨᠡᠪᠴᠢᠯᠲᠡ ᠨᠤᠷᠠᠭᠠᠯᠲᠠ ᠎ᠶ᠋ᠢ ᠪᠦᠲᠦᠮᠵᠢᠲᠡᠶ ᠬᠣᠷᠢᠭ᠍ᠯᠠᠵᠤ᠂ ᠦᠨᠳᠦᠰᠦᠲᠡᠨ᠎ᠨᠦᠭᠦᠳ ᠎ᠦᠨ ᠠᠷᠠᠳ ᠲᠦᠮᠡᠨ ᠎ᠦ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠶ ᠪᠡᠶᠡᠯᠡᠭᠦᠯᠬᠦ᠌ ᠬᠡᠷᠡᠭ᠌ᠲᠡᠶ ᠃ ᠨᠡᠢᠭᠡᠮ ᠵᠢᠷᠤᠮ ᠎ᠤᠨ ᠭᠣᠣᠯᠯᠠᠭ᠍ᠴᠢ ᠦᠷᠳᠡᠭ ᠎ᠦᠨ ᠦᠵᠡᠯᠲᠡ ᠪᠡᠷ ᠬᠦᠳᠦᠯᠦᠨ ᠳᠠᠭᠠᠭᠤᠯᠵᠤ ᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠤᠶᠤᠨ ᠰᠠᠨᠠᠭᠠᠨ ᠎ᠤ ᠭᠡᠷ ᠣᠷᠣᠨ᠎ᠤ ᠪᠠᠢᠭᠤᠯᠤᠯᠲᠠ ᠎ᠶ᠋ᠢ ᠪᠦᠬᠦ᠌ ᠲᠠᠯ᠎ᠠ ᠎ᠪᠠᠷ ᠠᠬᠢᠭᠤᠯᠵᠤ᠂ ᠳᠤᠮᠳᠠᠳᠤ ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠎ᠢ ᠤᠯᠤᠰ ᠠᠷᠠᠳ ᠎ᠤᠨ ᠰᠤᠷᠭᠠᠨ ᠬᠥᠮᠦᠵᠢᠯ᠂ ᠶᠣᠰᠣ ᠎ᠰᠤᠷᠲᠠᠬᠤᠨ ᠎ᠤ ᠪᠠᠢᠭᠤᠯᠤᠯᠲᠠ᠂ ᠦᠢᠯᠡᠳᠪᠦᠷᠢᠯᠡᠯ ᠠᠮᠢᠳᠤᠷᠠᠯ᠎ᠳᠤ ᠠᠭᠤᠰᠤᠯᠴᠠᠭᠤᠯᠬᠤ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠳᠤᠮᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ ᠎ᠶ᠋ᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠢᠯᠠᠩᠭᠤᠶ᠎ᠠ ᠵᠠᠯᠠᠭᠤᠴᠤᠳ ᠪᠠᠭᠠᠴᠤᠳ᠎ᠠᠴᠠ ᠡᠬᠢᠯᠡᠨ ᠠᠳᠭᠤᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠤᠯᠤᠨ ᠵᠢᠯᠣᠭᠣᠳᠴᠤ᠌ ᠵᠥᠪ ᠣᠨᠣᠪᠴᠢᠲᠠᠢ ᠤᠯᠤᠰ ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠲᠡᠶ ᠪᠣᠯᠭᠠᠵᠤ᠂ ᠦᠨᠳᠦᠰᠦᠲᠡᠨ᠎ᠨᠦᠭᠦᠳ᠎ᠤᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠬᠤ ᠬᠡᠷᠡᠭ᠌ᠲᠡᠢ᠃

 《ᠦᠢᠯᠡᠳᠦᠯᠭᠡ ᠬᠦᠨᠵᠡᠭᠡᠢᠷᠡᠬᠦ ᠳᠤᠳᠤᠮ ᠳᠠᠨᠢᠯᠳᠠ ᠤᠯᠠᠮ ᠡᠴᠡ ᠳᠡᠭᠡᠭᠰᠢᠯᠡᠵᠦ᠂ ᠲᠠᠨᠢᠯᠲᠠ ᠳᠡᠭᠡᠭᠰᠢᠯᠡᠬᠦ ᠳᠤᠳᠤᠮ ᠦᠢᠯᠡᠳᠦᠯᠭᠡ ᠤᠯᠠᠮ ᠳᠤᠳᠤᠷᠬᠠᠢ ᠴᠢᠭᠯᠡᠯᠳᠡ ᠳᠠᠢ ᠪᠤᠯᠳᠠᠭ 》᠃ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠴᠥᠬᠥᠷᠡᠰᠢ ᠦᠭᠡᠢ ᠴᠢᠷᠮᠠᠢᠬᠤ ᠠᠶᠠᠨ ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠡᠵᠡᠮᠳᠡᠵᠦ᠍᠂ 《ᠪᠤᠷᠤ ᠲᠦᠯᠦᠪ》 ᠎ᠢ 《ᠨᠠᠷᠢᠯᠢᠭ ᠵᠢᠷᠤᠭ》 ᠪᠣᠯᠭᠠᠨ ᠬᠤᠪᠢᠷᠠᠭᠤᠯᠬᠤ᠎ᠪᠠᠷ ᠬᠦᠴᠦᠯᠡᠨ ᠴᠢᠷᠮᠠᠢᠵᠤ᠂ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠡᠭᠦᠳᠦᠨ ᠪᠠᠢᠭᠤᠯᠤᠯᠲᠠ᠎ᠶ᠋ᠢ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠍᠂ ᠳᠤᠮᠳᠠᠳᠤ ᠪᠠᠨ ᠬᠠᠢᠷᠠᠯᠠᠬᠤ ᠦᠷ᠎ᠡ ᠵᠢᠮᠢᠰ᠎ᠢ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠰᠡᠳᠭᠢᠯ᠎ᠳᠦ ᠭᠦᠨ ᠬᠠᠳᠠᠩᠱᠢᠭᠤᠯᠪᠠᠯ ᠂ 《 ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌》 ᠬᠦᠴᠦᠷᠬᠡᠭ ᠶᠡᠬᠡ ᠨᠡᠢᠯᠡᠮᠡᠯ ᠬᠦᠴᠦᠨ᠎ᠢ ᠤᠯᠠᠮ ᠴᠢᠨᠠᠭ᠍ᠰᠢᠳᠠ ᠨᠢᠭ᠍ᠲᠠᠷᠠᠭᠤᠯᠬᠤ ᠨᠢ ᠯᠠᠪᠲᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号