ᠦᠪᠡᠷᠳᠡᠭᠡᠨ ᠵᠠᠰᠠᠬᠤ ᠤᠷᠤᠨ᠎ᠤ ᠠᠵᠤ ᠦᠢᠯᠡᠳᠪᠤᠷᠢ ᠪᠠ ᠮᠡᠳᠡᠭᠡ ᠵᠠᠩᠬᠢᠵᠢᠯᠳᠠ᠎ᠶᠢᠨ ᠲᠢᠩᠬᠢᠮ ᠠᠵᠤ ᠠᠬᠤᠢᠯᠠᠯ᠎ᠤᠨ ᠬᠦᠴᠢᠷᠳᠡᠯ᠎ᠢ ᠬᠦᠴᠦᠯᠡᠨ ᠰᠢᠢᠳᠪᠤᠷᠢᠯᠡᠵᠦ ᠪᠠᠢᠨ᠎ᠠ
2021-11-09 10:45:04
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ᠎ᠤ ᠠᠵᠤ ᠦᠢᠯᠡᠳᠪᠤᠷᠢ ᠪᠠ ᠮᠡᠳᠡᠭᠡ ᠵᠠᠩᠬᠢᠵᠢᠯᠳᠠ᠎ᠶᠢᠨ ᠲᠢᠩᠬᠢᠮ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠦᠮᠦᠵᠢᠯ ᠳ᠋ᠡᠬᠡᠨ ᠬᠠᠷᠠᠯᠳᠠ ᠪᠡᠷ ᠤᠳᠤᠷᠢᠳᠤᠮᠵᠢ ᠪᠤᠯᠭᠠᠬᠤ᠂ ᠦᠷ᠎ᠠ ᠳ᠋ᠦᠩ᠎ᠢᠶᠡᠷ ᠤᠳᠤᠷᠢᠳᠤᠮᠵᠢ ᠪᠤᠯᠭᠠᠬᠤ᠎ᠶᠢ ᠪᠠᠷᠢᠮᠳᠠᠯᠠᠨ᠂ ᠠᠵᠤ ᠠᠬᠤᠢᠯᠠᠯ᠎ᠤᠨ ᠬᠦᠴᠢᠷᠳᠡᠯ᠎ᠢ ᠰᠢᠢᠳᠪᠤᠷᠢᠯᠡᠬᠦ ᠵᠢ 《ᠤᠯᠠᠨ ᠲᠦᠮᠡᠨ᠎ᠳᠤ ᠪᠤᠳᠠᠳᠤ ᠶᠠᠪᠤᠳᠠᠯ ᠬᠢᠵᠦ ᠦᠭᠭᠦ》 ᠢ᠋ᠢᠨ ᠴᠢᠬᠤᠯᠠ ᠠᠭᠤᠯᠭ᠎ᠠ ᠪᠤᠯᠭᠠᠵᠤ᠂ ᠨᠠᠮ᠎ᠤᠨ ᠪᠠᠢᠭᠤᠯᠤᠯᠳᠠ ᠪᠡᠷ ᠬᠦᠲᠦᠯᠦᠨ ᠵᠢᠯᠤᠭᠤᠳᠴᠤ᠂ ᠠᠵᠤ ᠠᠬᠤᠢᠯᠠᠯ᠎ᠤᠨ ᠬᠢᠨ ᠡᠷᠢᠵᠦ ᠢᠷᠡᠬᠡᠳ ᠦᠢᠯᠡᠴᠢᠯᠡᠭᠡ ᠬᠦᠰᠡᠵᠤ ᠪᠠᠢᠭᠰᠠᠨ᠎ᠢ ᠺᠠᠳ᠋ᠷ ᠠᠵᠢᠯᠳᠠᠳ ᠲᠤᠷᠤᠭᠰᠢ ᠪᠠᠭᠤᠵᠤ ᠦᠢᠯᠡᠴᠢᠯᠡᠭᠡ ᠬᠠᠩᠭᠠᠬᠤ ᠪᠤᠯᠭᠠᠨ ᠬᠤᠪᠢᠷᠠᠭᠤᠯᠵᠤ᠂ ᠪᠤᠳᠠᠳᠤ ᠠᠵᠢᠯᠯᠠᠭ᠎ᠠ ᠪᠡᠷ ᠵᠢᠡᠨ ᠤᠭ ᠰᠠᠨᠠᠭ᠎ᠠ ᠪᠡᠨ ᠦᠢᠯᠡᠳᠦᠯᠭᠡᠵᠢᠭᠦᠯᠤᠨ᠂ ᠰᠤᠷᠤᠯᠴᠠᠯᠭ᠎ᠠ ᠬᠦᠮᠤᠵᠢᠯ᠎ᠤᠨ ᠦᠷ᠎ᠠ ᠪᠦᠲᠦᠮᠵᠢ᠎ᠶᠢ ᠭᠦᠨᠵᠡᠭᠡᠢᠷᠡᠭᠦᠯᠵᠤ᠂ ᠪᠦᠬᠦ ᠤᠷᠤᠨ᠎ᠤ ᠠᠵᠤ ᠦᠢᠯᠡᠳᠪᠤᠷᠢ᠎ᠶᠢᠨ ᠠᠵᠤ ᠠᠬᠤᠢ᠎ᠶᠢᠨ ᠴᠢᠨᠠᠷ ᠰᠠᠢᠳᠠᠢ ᠬᠦᠭᠵᠢᠯᠳᠡ ᠳ᠋ᠤ ᠬᠦᠴᠦᠨ ᠨᠡᠮᠡᠷᠢᠯᠡᠵᠤ ᠪᠠᠢᠨ᠎ᠠ᠃

ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠦᠮᠦᠵᠢᠯ᠎ᠤᠨ《ᠤᠯᠠᠨ ᠲᠦᠮᠡᠨ᠎ᠳᠤ ᠪᠤᠳᠠᠳᠤ ᠶᠠᠪᠤᠳᠠᠯ ᠬᠢᠵᠦ ᠦᠭᠭᠦ》 ᠭᠤᠤᠯ ᠰᠡᠳᠦᠪᠳᠤ ᠦᠢᠯᠡᠳᠦᠯᠭᠡ ᠵᠢᠨ ᠠᠵᠢᠯᠯᠠᠭ᠎ᠠ᠎ᠶᠢ ᠰᠠᠢᠳᠦᠷ ᠦᠷᠨᠢᠭᠦᠯᠤᠨ ᠠᠵᠤ ᠠᠬᠤᠢᠯᠠᠯ᠎ᠤᠨ ᠬᠦᠴᠢᠷᠳᠡᠯ᠎ᠢ ᠴᠠᠭ ᠲᠤᠬᠠᠢ᠎ᠳᠤᠨᠢ ᠰᠢᠢᠳᠪᠤᠷᠢᠯᠡᠵᠤ ᠦᠭᠬᠦ᠎ᠶᠢᠨ ᠲᠦᠯᠦᠭᠡ᠂ ᠤᠢᠷ᠎ᠠ᠎ᠳᠤ ᠦᠪᠡᠷᠳᠡᠭᠡᠨ ᠵᠠᠰᠠᠬᠤ ᠤᠷᠤᠨ᠎ᠤ ᠠᠵᠤ ᠦᠢᠯᠡᠳᠪᠤᠷᠢ ᠪᠠ ᠮᠡᠳᠡᠭᠡ ᠵᠠᠩᠬᠢᠵᠢᠯᠳᠠ᠎ᠶᠢᠨ ᠲᠢᠩᠬᠢᠮ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠡᠯᠧᠺᠲᠷᠤᠨ ᠦᠢᠯᠡᠳᠬᠦ ᠦᠢᠯᠡᠰ᠎ᠤᠨ ᠲᠤᠪᠴᠢᠶᠠᠨ᠎ᠤ ᠬᠢᠨ ᠠᠵᠤ ᠦᠢᠯᠡᠳᠪᠤᠷᠢ᠎ᠶᠢᠨ ᠶᠡᠬᠡ ᠰᠤᠷᠭᠠᠭᠤᠯᠢ᠎ᠶᠢᠨ 4 ᠲᠤᠰᠬᠠᠢ ᠮᠡᠷᠭᠡᠵᠢᠯᠳᠡᠨ ᠫᠷᠤᠹᠧᠰᠰᠤᠷ᠎ᠢ ᠵᠤᠬᠢᠶᠠᠨ ᠪᠠᠢᠭᠤᠯᠤᠨ ᠤᠷᠳᠤᠰ ᠲᠦ᠍ ᠬᠦᠷᠴᠤ ᠪᠠᠢᠴᠠᠭᠠᠨ ᠰᠤᠳᠤᠯᠤᠯᠳᠠ ᠬᠢᠪᠡ᠃ ᠪᠠᠢᠴᠠᠭᠠᠨ ᠰᠤᠳᠤᠯᠬᠤ ᠪᠦᠯᠬᠦᠮ᠎ᠤᠨ ᠬᠢᠨ ᠤᠷᠳᠤᠰ᠎ᠤᠨ ᠢᠮᠠᠭᠠᠨ ᠨᠤᠤᠯᠤᠭᠤᠷ᠎ᠤᠨ ᠪᠦᠯᠦᠭᠯᠡᠯ ᠺᠤᠮᠫᠠᠨᠢ ᠳ᠋ᠤ ᠬᠦᠷᠴᠤ᠂ ᠠᠵᠤ ᠠᠬᠤᠢᠯᠠᠯ᠎ᠤᠨ ᠮᠡᠷᠭᠡᠵᠢᠯ᠎ᠤᠨ ᠰᠢᠨᠡᠴᠢᠯᠡᠯᠳᠡ ᠪᠠ ᠡᠷᠬᠢᠯᠳᠡ ᠳ᠋ᠤ ᠤᠷᠤᠰᠢᠵᠤ ᠪᠠᠢᠭ᠎ᠠ ᠬᠦᠴᠢᠷᠳᠡᠯ ᠵᠢᠴᠢ ᠠᠰᠠᠭᠤᠳᠠᠯ᠎ᠢ ᠤᠢᠯᠠᠭᠠᠵᠠᠢ᠃ ᠠᠵᠤ ᠠᠬᠤᠢᠯᠠᠯ᠎ᠤᠨ ᠳᠤᠷᠠᠳᠤᠭᠰᠠᠨ ᠢᠮᠠᠭᠠᠨ ᠨᠤᠤᠯᠤᠭᠤᠷ᠎ᠤᠨ ᠬᠠᠨᠳᠠᠭᠠᠰᠤ᠎ᠶᠢᠨ ᠤᠶᠤᠳᠠᠯ᠎ᠤᠨ ᠲᠤᠨᠤᠭ ᠲᠦᠬᠦᠭᠡᠷᠦᠮᠵᠢ᠎ᠶᠢᠨ ᠠᠰᠠᠭᠤᠳᠠᠯ᠎ᠳᠤ ᠲᠤᠬᠠᠢ᠎ᠶᠢᠨ ᠲᠠᠯᠠᠪᠠᠢ᠎ᠳᠤᠨᠢ ᠬᠠᠷᠢᠭᠤᠯᠳᠠ ᠦᠭᠭᠦᠭᠰᠡᠨ ᠪᠦᠭᠡᠳ ᠪᠤᠭᠤᠮᠳᠠ ᠰᠢᠪᠳᠤᠯᠬᠤ ᠠᠵᠢᠯ᠎ᠢ ᠵᠤᠬᠢᠶᠠᠨ ᠪᠠᠢᠭᠤᠯᠵᠤ᠂ ᠰᠢᠭᠤᠳ ᠬᠠᠷᠢᠴᠠᠬᠤ᠂ ᠲᠤᠬᠠᠢ᠎ᠶᠢᠨ ᠲᠠᠯᠠᠪᠠᠢ᠎ᠳᠤ ᠠᠯᠪᠠᠯᠠᠬᠤ᠂ ᠦᠨᠳᠦᠷ ᠪᠦᠲᠦᠮᠵᠢᠳᠠᠢ ᠪᠡᠷ ᠠᠰᠠᠭᠤᠳᠠᠯ᠎ᠢ ᠰᠢᠢᠳᠪᠤᠷᠢᠯᠡᠬᠦ ᠰᠢᠨ᠎ᠠ ᠵᠠᠭᠪᠤᠷ᠎ᠢ ᠪᠠᠢᠭᠤᠯᠪᠠ᠃

ᠲᠦᠪ᠎ᠤᠨ ᠪᠠ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠦᠮᠦᠵᠢᠯ᠎ᠤᠨ ᠪᠠᠢᠷᠢᠯᠠᠭᠤᠯᠤᠯᠳᠠ᠎ᠶᠢᠨ ᠱᠠᠭᠠᠷᠳᠠᠯᠭ᠎ᠠ ᠪᠡᠷ᠂ ᠦᠪᠡᠷᠳᠡᠭᠡᠨ ᠵᠠᠰᠠᠬᠤ ᠤᠷᠤᠨ᠎ᠤ ᠠᠵᠤ ᠦᠢᠯᠡᠳᠪᠤᠷᠢ ᠪᠠ ᠮᠡᠳᠡᠭᠡ ᠵᠠᠩᠬᠢᠵᠢᠯᠳᠠ᠎ᠶᠢᠨ ᠲᠢᠩᠬᠢᠮ ᠪᠠᠰᠠ《ᠠᠷᠭ᠎ᠠ ᠪᠤᠳᠤᠯᠭ᠎ᠠ᠎ᠶᠢ ᠠᠷᠠᠳ ᠡᠴᠡ ᠠᠰᠠᠭᠤᠬᠤ᠂ ᠬᠡᠷᠡᠭᠴᠡᠭᠡ᠎ᠶᠢ ᠠᠷᠠᠳ ᠡᠴᠡ ᠠᠰᠠᠭᠤᠬᠤ᠂ ᠵᠠᠰᠠᠭ᠎ᠤᠨ ᠶᠠᠪᠤᠳᠠᠯ᠎ᠢ ᠠᠷᠠᠳ ᠡᠴᠡ ᠠᠰᠠᠭᠤᠬᠤ》ᠠᠵᠢᠯᠯᠠᠭ᠎ᠠ ᠵᠢ ᠭᠦᠨᠵᠡᠭᠡᠢ ᠦᠷᠨᠢᠭᠦᠯᠵᠤ᠂ ᠳᠠᠭᠠᠭᠤᠯᠤᠭᠴᠢ ᠠᠵᠤ ᠠᠬᠤᠢᠯᠠᠯ᠎ᠳᠤ ᠦᠢᠯᠡᠴᠢᠯᠡᠬᠦ ᠳᠤᠭᠳᠠᠴᠠ ᠵᠢ ᠪᠠᠢᠭᠤᠯᠬᠤ᠂ ᠠᠵᠤ ᠠᠬᠤᠢᠯᠠᠯ᠎ᠤᠨ ᠪᠡᠯᠡ ᠬᠤᠷᠠᠮᠳᠤᠭᠤᠯᠬᠤ ᠠᠷᠭ᠎ᠠ ᠵᠠᠮ᠎ᠢ ᠦᠷᠭᠡᠳᠭᠡᠵᠤ ᠦᠭᠬᠦ᠂ ᠡᠯ᠎ᠠ ᠱᠠᠳᠤᠨ᠎ᠤ ᠵᠠᠰᠠᠭ᠎ᠤᠨ ᠤᠷᠳᠤᠨ᠎ᠤ ᠠᠵᠤ ᠠᠬᠤᠢᠯᠠᠯ᠎ᠳᠤ ᠵᠤᠭᠤᠰ ᠦᠷᠢᠳᠦᠵᠦ ᠪᠠᠢᠭ᠎ᠠ ᠠᠰᠠᠭᠤᠳᠠᠯ᠎ᠢ ᠵᠤᠬᠢᠴᠠᠭᠤᠯᠤᠨ ᠰᠢᠢᠳᠪᠤᠷᠢᠯᠡᠬᠦ᠂ ᠠᠵᠤ ᠠᠬᠤᠢᠯᠠᠯ᠎ᠤᠨ ᠠᠵᠢᠯᠴᠢᠨ ᠤᠯᠬᠤ᠎ᠳᠤ ᠬᠦᠴᠢᠷ ᠠᠰᠠᠭᠤᠳᠠᠯ᠎ᠢ ᠬᠠᠪᠰᠤᠷᠤᠨ ᠰᠢᠢᠳᠪᠤᠷᠢᠯᠡᠵᠦ ᠦᠭᠬᠦ᠂ ᠠᠵᠤ ᠠᠬᠤᠢᠯᠠᠯ᠎ᠳᠤ ᠬᠠᠪᠰᠤᠷᠤᠨ ᠮᠡᠷᠭᠡᠵᠢᠯ᠎ᠤᠨ ᠪᠤᠯᠪᠠᠰᠤᠷᠠᠯ᠎ᠤᠨ ᠲᠦᠷᠦ᠎ᠶᠢᠨ ᠪᠤᠳᠤᠯᠭ᠎ᠠ᠎ᠶᠢᠨ ᠨᠦᠬᠦᠪᠤᠷᠢ ᠤᠯᠭᠤᠬᠤ᠂ ᠠᠵᠤ ᠠᠬᠤᠢᠯᠠᠯ᠎ᠳᠤ ᠦᠨ᠎ᠠ ᠲᠦᠯᠦᠪᠤᠷᠢ ᠦᠭᠡᠢ ᠪᠡᠷ ᠡᠨᠧᠷᠬᠢ ᠠᠷᠪᠢᠯᠠᠬᠤ ᠤᠰᠤ ᠠᠷᠪᠢᠯᠠᠬᠤ ᠤᠨᠤᠰᠢᠯᠠᠯᠳᠠ᠎ᠶᠢᠨ ᠦᠢᠯᠡᠴᠢᠯᠡᠭᠡ ᠬᠠᠩᠭᠠᠬᠤ ᠵᠡᠷᠭᠡ《ᠤᠯᠠᠨ ᠲᠦᠮᠡᠨ᠎ᠳᠤ ᠪᠤᠳᠠᠳᠤ ᠶᠠᠪᠤᠳᠠᠯ ᠬᠢᠵᠦ ᠦᠭᠭᠦ》ᠵᠢᠷᠭᠤᠭᠠᠨ ᠲᠠᠯ᠎ᠠ᠎ᠶᠢᠨ ᠨᠠᠷᠢᠨ ᠳᠠᠩᠰᠠ ᠭᠠᠷᠭᠠᠵᠤ᠂ ᠠᠵᠤ ᠠᠬᠤᠢᠯᠠᠯ᠎ᠤᠨ ᠬᠢᠨ᠎ᠤ ᠬᠠᠮᠤᠭ᠎ᠤᠨ ᠪᠠᠴᠢᠮ ᠱᠠᠭᠠᠷᠳᠠᠭᠳᠠᠵᠤ ᠪᠠᠢᠭ᠎ᠠ᠂ ᠬᠠᠮᠤᠭ ᠡᠴᠡ ᠬᠦᠰᠡᠨ ᠡᠷᠡᠮᠡᠯᠵᠡᠯᠡᠵᠦ ᠪᠠᠢᠭ᠎ᠠ ᠶᠠᠪᠤᠳᠠᠯ᠎ᠢ ᠠᠩᠬᠠᠷᠤᠯ ᠳ᠋ᠠᠭᠠᠨ ᠠᠪᠴᠦ ᠲᠦᠪᠯᠡᠷᠡᠭᠦᠯᠤᠨ ᠰᠢᠢᠳᠪᠤᠷᠢᠯᠡᠵᠦ ᠦᠭᠬᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号