ᠮᠸᠡᠭ ᠵᠢᠨ ᠰᠢᠶᠠ 2021 ᠤᠨ ᠤ᠋ ᠪᠦᠬᠦ ᠤᠯᠤᠰ ᠤ᠋ᠨ 《ᠬᠠᠮᠤᠭ ᠤ᠋ᠨ ᠭᠤᠶᠤ ᠴᠡᠷᠢᠭ ᠤ᠋ᠨ ᠠᠯᠪᠠ ᠡᠴᠨ ᠬᠠᠯᠠᠬᠳᠠᠬᠰᠠᠳ》 ᠤ᠋ᠨ ᠴᠤᠯᠠ ᠬᠦᠷᠳᠡᠪᠡ
2021-11-09 09:55:50
ᠵᠣᠬᠢᠶᠠᠭ᠍ᠴᠢ᠄
​ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠦᠵᠡᠯ ᠰᠠᠨᠠᠭ᠎ᠠ ᠤᠯᠤᠰ ᠲᠦᠷᠦ ᠵᠢᠨ ᠬᠦᠳᠦᠯᠦᠨ ᠲᠠᠭᠠᠭᠤᠯᠭ᠎ᠠ ᠵᠢ ᠴᠢᠡᠭᠭᠠᠳᠬᠠᠵᠤ᠂ ᠰᠢᠯᠢᠳᠡᠭ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠦᠯᠢᠭᠡᠷ ᠢ᠋ ᠰᠠᠢᠳᠤᠷ ᠶᠠᠷᠢᠵᠤ᠂ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠢᠷᠠᠭᠤ ᠠᠯᠳᠠᠷᠳᠤ ᠰᠡᠳᠬᠢᠯᠭᠡ᠂ ᠬᠠᠷᠢᠭᠤᠴᠠᠯᠭᠠᠳᠤ ᠰᠡᠳᠬᠢᠯᠭᠡ᠂ ᠡᠭᠦᠷᠭᠡ ᠲᠤᠰᠢᠶᠠᠯᠳᠤ ᠰᠡᠳᠬᠢᠯᠭᠡ ᠵᠢ ᠨᠢ ᠴᠢᠡᠭᠭᠠᠳᠬᠠᠬᠤ ᠵᠢᠨ ᠲᠦᠯᠦᠭᠡ᠂ ᠤᠢᠷ᠎ᠠ ᠳ᠋ᠤ  2021 ᠤᠨ ᠤ᠋ ᠪᠦᠬᠦ ᠤᠯᠤᠰ ᠤ᠋ᠨ 《ᠬᠠᠮᠤᠭ ᠤ᠋ᠨ ᠭᠤᠶᠤ ᠴᠡᠷᠢᠭ ᠤ᠋ᠨ ᠠᠯᠪᠠ ᠡᠴᠨ ᠬᠠᠯᠠᠬᠳᠠᠬᠰᠠᠳ》ᠢ᠋ ᠨᠡᠢᠳᠡᠯᠡᠭᠰᠡᠨ ᠪᠠᠢᠨ᠎ᠠ᠃ ᠮᠠᠨ ᠤ᠋ ᠤᠷᠤᠨ ᠡᠴᠡ ᠮᠸᠡᠭ ᠵᠢᠨ ᠰᠢᠶᠠ ᠲᠤᠰ ᠢᠷᠠᠭᠤ ᠠᠯᠳᠠᠷ ᠢ᠋ ᠬᠦᠷᠳᠡᠭᠰᠡᠨ ᠪᠠᠢᠨ᠎ᠠ᠃

ᠮᠸᠡᠭ ᠵᠢᠨ ᠰᠢᠶᠠ ᠪᠤᠯ ᠬᠦᠯᠦᠨ ᠪᠤᠢᠷ ᠬᠤᠳᠠ ᠵᠢᠨ ᠬᠦᠮᠦᠨ᠂ 1990 ᠤᠨ᠎ᠳᠤ ᠴᠡᠷᠢᠭ ᠤ᠋ᠨ ᠠᠯᠪᠠ ᠬᠦᠢᠴᠡᠳᠭᠡᠵᠦ᠂ 1993 ᠤᠨ ᠳ᠋ᠤ ᠴᠡᠷᠢᠭ ᠤ᠋ᠨ ᠠᠯᠪᠠ ᠡᠴᠨ ᠬᠠᠯᠠᠬᠳᠠᠪᠠ᠃ ᠤᠳᠤ ᠬᠦᠯᠦᠨ ᠪᠤᠢᠷ ᠤ᠋ᠨ ᠡᠮᠡᠭᠳᠡᠢᠴᠤᠳ ᠤ᠋ᠨ ᠭᠡᠷ ᠠᠬᠤᠢ ᠵᠢᠨ ᠦᠢᠯᠡᠴᠢᠯᠡᠭᠡᠨ ᠤ᠋ ᠺᠤᠮᠫᠠᠨᠢ ᠵᠢᠨ ᠶᠡᠷᠦᠡᠭᠭᠡᠢ ᠲᠠᠭᠠᠭᠠᠮᠠᠯ ᠪᠤᠯᠤᠨ᠎ᠠ᠃ ᠴᠡᠷᠢᠭ ᠤ᠋ᠨ ᠠᠯᠪᠠ ᠡᠴᠨ ᠬᠠᠯᠠᠬᠳᠠᠬᠰᠠᠨ ᠤ᠋ ᠲᠠᠷᠠᠭ᠎ᠠ᠂ ᠮᠸᠡᠭ ᠵᠢᠨ ᠰᠢᠶᠠ ᠬᠠᠳᠠᠭᠤᠵᠢᠯᠳᠠᠢ ᠪᠡᠷ ᠦᠢᠯᠡᠰ ᠪᠤᠰᠬᠠᠵᠤ᠂ ᠬᠡᠳᠦᠭᠡᠨ ᠬᠦᠮᠦᠨ ᠲᠠᠢ ᠠᠳᠠᠯ ᠠᠬᠤᠢ ᠵᠢᠨ ᠦᠢᠯᠡᠴᠢᠯᠡᠭᠡᠨ ᠤ᠋ ᠺᠤᠮᠫᠠᠨᠢ ᠵᠢ 3000 ᠭᠠᠷᠤᠢ ᠠᠵᠢᠯᠳᠠᠨ ᠲᠠᠢ ᠬᠦᠯᠦᠨ ᠪᠤᠢᠷ ᠬᠤᠳᠠ ᠵᠢᠨ ᠬᠠᠮᠤᠭ ᠤ᠋ᠨ ᠶᠡᠬᠡ ᠠᠳᠠᠯ ᠠᠬᠤᠢ ᠵᠢᠨ ᠦᠢᠯᠡᠴᠢᠯᠡᠭᠡᠨ ᠤ᠋ ᠺᠤᠮᠫᠠᠨᠢ ᠪᠤᠯᠭᠠᠨ ᠭᠦᠭᠵᠢᠬᠦᠯᠪᠠ᠃ ᠲᠡᠷᠡ ᠤᠯᠠᠨ ᠲᠦᠮᠡᠨ ᠢ᠋ ᠲᠠᠢᠴᠢᠯᠠᠨ ᠶᠠᠳᠠᠭᠤ ᠡᠴᠨ ᠠᠡᠭᠭᠢᠵᠢᠷᠠᠭᠤᠯᠵᠤ᠂ ᠵᠡᠮᠳᠡᠭ ᠬᠦᠮᠦᠨ᠂ ᠶᠠᠳᠠᠭᠤ ᠬᠦᠴᠢᠷᠳᠡᠯ ᠲᠠᠢ ᠡᠮᠡᠭᠳᠡᠢᠴᠤᠳ ᠢ᠋ ᠬᠠᠪᠰᠤᠷᠤᠨ ᠲᠡᠳᠬᠦᠵᠦ᠂ 4600 ᠭᠠᠷᠤᠢ ᠬᠦᠮᠦᠨ ᠳ᠋ᠤ ᠠᠳᠠᠯ ᠠᠬᠤᠢ ᠵᠢᠨ ᠦᠢᠯᠡᠴᠢᠯᠡᠭᠡᠨ ᠤ᠋ ᠪᠤᠯᠪᠠᠰᠤᠷᠠᠯ ᠬᠦᠷᠳᠡᠭᠡᠵᠦ᠂ ᠬᠦᠯᠦᠨ ᠪᠤᠢᠷ ᠬᠤᠳᠠ ᠵᠢᠨ 3800 ᠭᠠᠷᠤᠢ ᠬᠦᠮᠦᠨ᠎ᠤ ᠠᠵᠢᠯ ᠤᠯᠭᠤᠯᠳᠠ ᠵᠢ ᠲᠠᠢᠴᠢᠯᠠᠵᠤ᠂ 1.2 ᠲᠦᠮᠡᠨ ᠭᠡᠷ ᠪᠦᠯᠢ᠎ᠳᠤ ᠠᠳᠠᠯ ᠠᠬᠤᠢ ᠵᠢᠨ ᠦᠢᠯᠡᠴᠢᠯᠡᠭᠡ ᠬᠠᠩᠭᠠᠵᠠᠢ᠃ ᠬᠦᠯᠦᠨ ᠪᠤᠢᠷ ᠬᠤᠳᠠ ᠵᠢᠨ ᠠᠳᠠᠯ ᠠᠬᠤᠢ ᠵᠢᠨ ᠦᠢᠯᠡᠴᠢᠯᠡᠭᠡᠨ ᠤ᠋ ᠨᠡᠢᠭᠡᠮᠯᠢᠭ᠎ᠢ ᠲᠦᠷᠦᠬᠦᠯᠡᠨ ᠪᠠᠢᠭᠤᠯᠵᠤ᠂ ᠠᠳᠠᠯ ᠠᠬᠤᠢ ᠵᠢᠨ ᠦᠢᠯᠡᠴᠢᠯᠡᠭᠡᠨ ᠤ᠋ ᠤᠷᠤᠯᠳᠤᠭᠠᠨ ᠢ᠋ ᠵᠤᠬᠢᠶᠠᠨ ᠪᠠᠢᠭᠤᠯᠤᠨ ᠦᠷᠨᠢᠬᠦᠯᠵᠦ᠂ ᠲᠤᠬᠠᠢᠯᠠᠬᠰᠠᠨ ᠠᠵᠢᠯ ᠲᠦᠷᠦᠯ ᠤ᠋ᠨ᠎ᠠᠵᠢᠯᠳᠠᠨ᠎ᠤ᠋ ᠶᠡᠷᠦᠩᠭᠡᠢᠯᠡᠭᠰᠡᠨ ᠬᠡᠪ ᠪᠤᠯᠪᠠᠰᠤᠷᠠᠯ᠎ᠢ᠎ᠨᠢ ᠲᠡᠭᠡᠭᠰᠢᠯᠡᠬᠦᠯᠪᠡ᠃ ᠡᠭᠦᠨ ᠡᠴᠨ ᠭᠠᠳᠠᠨ᠎ᠠ᠂ ᠪᠠᠰᠠ ᠤᠶᠤᠨᠴᠢ ᠠᠳᠠᠯ ᠠᠬᠤᠢ ᠵᠢᠨ ᠰᠦᠯᠵᠢᠶᠠᠨ ᠤ᠋ ᠮᠡᠳᠡᠭᠡ ᠵᠠᠡᠭᠭᠢ ᠵᠢᠨ ᠦᠢᠯᠡᠴᠢᠯᠡᠭᠡᠨ ᠤ᠋ ᠲᠠᠪᠴᠠᠡᠭ ᠢ᠋ ᠪᠠᠢᠭᠤᠯᠵᠤ᠂ ᠲᠤᠬᠠᠢ ᠵᠢᠨ ᠭᠠᠵᠠᠷ ᠤ᠋ᠨ ᠠᠳᠠᠯ ᠠᠬᠤᠢ ᠵᠢᠨ ᠦᠢᠯᠡᠴᠢᠯᠡᠭᠡᠨ ᠤ᠋ ᠠᠵᠢᠯ ᠲᠦᠷᠦᠯ ᠤ᠋ᠨ ᠡᠷᠡᠬᠦᠯ ᠵᠢᠡᠷ ᠵᠢᠷᠤᠮᠵᠢᠭᠤᠯᠤᠨ ᠭᠦᠭᠵᠢᠬᠦ ᠵᠢ ᠠᠬᠢᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号