ᠬᠥᠬᠡᠬᠣᠲᠠ ᠵᠢᠨ ᠬᠢᠨ 10 ᠰᠠᠷ᠎ᠠ᠎ᠶ᠋ᠢᠨ 23 ᠤ ᠡᠳᠦᠷ ᠬᠡᠦᠬᠡᠳ᠎ᠦᠨ ᠡᠩ ᠦᠨ ᠡᠭᠡᠯᠢᠯᠡᠭᠡ᠎ᠶ᠋ᠢᠨ ᠲᠠᠷᠢᠯᠭ᠎ᠠ᠎ᠶ᠋ᠢ ᠲᠦᠷ ᠵᠣᠭ᠍ᠰᠣᠭᠠᠵᠤ᠂ ᠭᠤᠤᠯᠳᠠᠯᠭ᠎ᠠ᠎ᠲᠠᠶ ᠬᠥᠮᠦᠰ ᠦᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠦᠨ ᠸᠠᠺᠼᠢᠨ ᠤ ᠭᠤᠷᠪᠠᠳᠤᠭᠠᠷ ᠴᠢᠩᠭᠠᠳᠬᠠᠬᠤ ᠲᠠᠷᠢᠯᠭ᠎ᠠ ᠬᠢᠬᠦ᠌ ᠠᠵᠢᠯ᠎ᠢ ᠲᠦᠷ ᠬᠣᠢᠱᠢᠯᠠᠭᠤᠯᠪᠠ᠃ ᠬᠥᠬᠡᠬᠣᠲᠠ ᠶ᠋ᠢᠨ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠪᠠᠢᠳᠠᠯ ᠠᠯᠬᠤᠮ ᠠᠯᠬᠤᠮ᠎ᠢᠶᠠᠷ ᠰᠠᠢᠵᠢᠷᠠᠬᠤ ᠶ᠋ᠢ ᠳᠠᠭᠠᠯᠳᠤᠨ᠂ 11 ᠰᠠᠷ᠎ᠠ ᠶ᠋ᠢᠨ 7 ᠤ ᠡᠳᠦᠷ ᠡᠴᠡ ᠂ ᠬᠡᠦᠬᠡᠳ ᠦᠨ ᠡᠩ ᠦᠨ ᠡᠭᠡᠯᠢᠯᠡᠭᠡ ᠶ᠋ᠢᠨ ᠠᠵᠢᠯ ᠢ ᠰᠡᠷᠭᠦᠭᠡᠬᠦ᠌ ᠶ᠋ᠢᠨ ᠬᠠᠮᠲᠤ ᠭᠤᠤᠯᠳᠠᠯᠭ᠎ᠠ᠎ᠲᠠᠶ ᠬᠥᠮᠦᠰ ᠲᠦ ᠱᠢᠨ᠎ᠡ ᠲᠢᠲᠢᠮᠯᠢᠭ ᠸᠢᠷᠦ᠋ᠰ ᠦᠨ ᠸᠠᠺᠼᠢᠨ ᠤ ᠭᠤᠷᠪᠠᠳᠤᠭᠠᠷ ᠴᠢᠩᠭᠠᠳᠬᠠᠬᠤ ᠲᠠᠷᠢᠯᠭ᠎ᠠ ᠲᠠᠷᠢᠬᠤ ᠠᠵᠢᠯ᠎ᠢ ᠡᠬᠢᠯᠡᠭᠦᠯᠪᠡ᠃ ᠲᠣᠰ ᠤᠳᠠᠭᠠᠨ᠎ᠤ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠤ ᠴᠢᠩᠭᠠᠳᠬᠠᠬᠤ ᠲᠠᠷᠢᠯᠭ᠎ᠠ᠎ᠶ᠋ᠢ ᠬᠣᠱᠢᠭᠤ ᠱᠢᠶᠠᠨ ᠲᠣᠭᠣᠷᠢᠭ᠎ᠠᠴᠠ ᠨᠢᠭᠡᠳᠦᠯᠲᠡᠶ ᠵᠣᠬᠢᠶᠠᠨ ᠪᠠᠢᠭᠤᠯᠵᠤ᠂ ᠬᠤᠭᠤᠴᠠᠭ᠎ᠠ ᠪᠦᠯᠦᠭ ᠬᠤᠪᠢᠶᠠᠨ ᠲᠣᠭ᠍ᠲᠠᠭ᠍ᠰᠠᠨ ᠲᠠᠷᠢᠯᠭ᠎ᠠ᠎ᠶ᠋ᠢᠨ ᠴᠡᠭ᠎ᠲᠦ ᠬᠦᠷᠴᠦ᠍ ᠡᠮᠬᠢ ᠵᠢᠷᠤᠮ᠎ᠲᠠᠶ ᠬᠡᠷᠡᠭ᠌ᠵᠢᠭᠦᠯᠦᠨ᠎ᠡ᠃
ᠭᠤᠤᠯᠳᠠᠯᠭ᠎ᠠ᠎ᠲᠠᠶ ᠲᠠᠷᠢᠯᠭ᠎ᠠ ᠬᠢᠬᠦ᠌ ᠬᠥᠮᠦᠰ᠎ᠨᠢ 18 - 59 ᠨᠠᠰᠤᠨ᠎ᠤ ᠬᠣᠭᠣᠷᠣᠨᠳᠣ ᠪᠠᠢᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠤ ᠬᠣᠶᠠᠷ ᠲᠠᠷᠢᠯᠭ᠎ᠠ᠎ᠶ᠋ᠢ ᠨᠢᠭᠡᠨᠲᠡ ᠲᠠᠷᠢᠭᠰᠠᠨ ᠪᠥᠭᠡᠳ ᠬᠤᠶᠠᠳᠤᠭᠠᠷ ᠲᠠᠷᠢᠯᠭ᠎ᠠ ᠪᠡᠨ ᠬᠢᠭᠰᠡᠨ᠎ᠤ ᠰᠡᠬᠦᠯᠡᠷ 6 ᠰᠠᠷ᠎ᠠ ᠡᠴᠡ ᠳᠡᠭᠡᠭ᠌ᠰᠢ ᠪᠣᠯᠤᠭ᠍ᠰᠠᠨ ᠬᠥᠮᠦᠰ᠎ᠲᠦ ᠲᠠᠷᠢᠯᠭ᠎ᠠ ᠲᠠᠷᠢᠨ᠎ᠠ᠂ ᠳᠤᠬᠠᠢᠢᠯᠠᠪᠠᠯ ᠄
1. ᠣᠯᠠᠨ ᠤᠯᠤᠰ᠎ᠤᠨ ᠪᠠ ᠤᠯᠤᠰ᠎ᠤᠨ ᠳᠣᠲᠣᠭᠠᠳᠤ ᠵᠢᠨ ᠵᠠᠮ ᠲᠡᠭᠡᠭᠡᠪᠦᠷᠢ᠎ᠶ᠋ᠢᠨ ᠠᠵᠢᠯ ᠡᠷᠬᠢᠯᠡᠭ᠌ᠰᠡᠳ᠂ ᠠᠯᠪᠠᠨ ᠶᠠᠪᠤᠳᠠᠯ᠂ ᠬᠤᠪᠢ᠎ᠶ᠋ᠢᠨ ᠶᠠᠪᠤᠳᠠᠯ᠎ᠢᠶᠠᠷ ᠭᠠᠳᠠᠭᠠᠳᠤ᠎ᠳᠤ ᠭᠠᠷᠴᠤ᠌ ᠠᠵᠢᠯᠯᠠᠭ᠍ᠰᠠᠨ᠂ ᠰᠤᠷᠤᠯᠴᠠᠭ᠍ᠰᠠᠨ ᠬᠥᠮᠦᠰ;
2 . ᠡᠮᠴᠢᠯᠡᠭᠡ ᠡᠷᠡᠭᠦᠯ ᠬᠠᠮᠠᠭᠠᠯᠠᠯ᠎ᠤᠨ ᠠᠵᠢᠯᠲᠠᠨ;
3. ᠵᠠᠰᠠᠭ᠎ᠤᠨ ᠣᠷᠳᠣᠨ᠎ᠤ ᠪᠠᠢᠭᠤᠯᠭ᠎ᠠ ᠨᠢᠬᠡᠴᠢ ᠂ ᠳᠣᠲᠣᠭᠠᠳᠤ᠎ᠶ᠋ᠢ ᠬᠠᠮᠠᠭᠠᠯᠠᠬᠤ᠂ ᠵᠡᠪᠰᠡᠭ᠌ᠲᠦ ᠴᠠᠭ᠍ᠳᠠᠭ᠎ᠠ᠂ ᠭᠠᠯ ᠤᠨᠲᠠᠷᠠᠭᠠᠬᠤ ᠠᠵᠢᠯ᠎ᠤᠨ ᠪᠠᠢᠷᠢ᠎ᠵᠢᠨ ᠬᠦᠮᠦᠰ ᠪᠠ ᠨᠡᠢᠭᠡᠮ ᠲᠣᠭᠣᠷᠢᠭ᠎ᠤᠨ ᠠᠵᠢᠯᠲᠠᠨ ;
4. ᠡᠳ᠋ ᠪᠣᠳᠠᠰ ᠂ ᠤᠰᠤ ᠂ ᠴᠠᠬᠢᠯᠭᠠᠨ ᠂ ᠳᠤᠯᠠᠭᠠᠯᠠᠭ᠎ᠠ᠂ ᠨᠡᠭᠦᠷᠡᠰᠦ ᠂ ᠱᠢᠲᠠᠮᠠᠬᠠᠶ ᠬᠡᠶ᠎ᠶ᠋ᠢᠨ ᠦᠢᠯᠡᠴᠢᠯᠡᠬᠡᠨ᠎ᠤ ᠬᠠᠮᠢᠶ᠎ᠠ ᠪᠦᠬᠦᠢ ᠠᠵᠢᠯᠳᠠᠨ;
5. ᠵᠠᠮ ᠬᠠᠷᠢᠯᠴᠠᠭ᠎ᠠ᠂ ᠪᠠᠷᠠᠭᠠᠨ᠎ᠤ ᠭᠦᠢᠯᠭᠡᠭᠡᠨ᠂ ᠨᠠᠰᠤᠵᠢᠯ᠂ ᠣᠷᠴᠢᠨ ᠲᠣᠭᠣᠷᠢᠨ᠎ᠤ ᠠᠷᠢᠭᠤᠨ ᠴᠡᠪᠡᠷ ᠂ ᠣᠷᠣᠱᠢᠭᠤᠯᠭ᠎ᠠ ᠂ ᠴᠢᠮᠡᠭᠡ ᠬᠣᠯᠪᠣᠭ᠎ᠠ᠎ᠶ᠋ᠢᠨ ᠠᠵᠢᠯᠲᠠᠨ᠃