ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ ᠎ᠤᠨ ᠲᠤᠪᠴᠢᠶ᠎ᠠ ᠤᠬᠠᠭᠤᠯᠭ᠎ᠠ᠎ᠵᠢ ᠴᠢᠩᠭᠠᠳᠬᠠᠨ ᠪᠡᠶ᠎ᠡ ᠵᠢᠨ ᠲᠠᠮᠢᠷ᠎ᠤᠨ ᠦᠢᠯᠡᠰ᠎ᠤᠨ ᠬᠦᠭᠵᠢᠯᠳᠡ ᠵᠢ ᠲᠠᠢᠴᠢᠯᠠᠨ᠎ᠠ
2021-11-09 09:21:35
ᠵᠣᠬᠢᠶᠠᠭ᠍ᠴᠢ᠄
ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ  ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠥᠪᠥᠷ  ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠎ᠲᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠂ ᠤᠷᠤᠯᠳᠤᠭᠠᠨ᠎ᠤ  ᠪᠡᠶ᠎ᠡ᠎ᠶ᠋ᠢᠨ ᠲᠠᠮᠢᠷ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠂ ᠪᠡᠶ᠎ᠡ᠎ᠶ᠋ᠢᠨ ᠲᠠᠮᠢᠷ᠎ᠤᠨ ᠠᠵᠤ ᠦᠢᠯᠡᠰ ᠵᠡᠷᠭᠡ ᠲᠠᠯ᠎ᠠ᠎ᠶ᠋ᠢᠨ ᠤᠬᠠᠭᠤᠯᠭ᠎ᠠ᠎ᠶ᠋ᠢᠨ ᠠᠵᠢᠯ᠎ᠢ ᠴᠢᠩᠭᠠᠳᠬᠠᠵᠤ᠂ ᠮᠠᠨ᠎ᠤ  ᠤᠷᠤᠨ᠎ᠤ ᠪᠡᠶ᠎ᠡ ᠵᠢᠨ ᠲᠠᠮᠢᠷ᠎ᠤᠨ ᠦᠢᠯᠡᠰ ᠪᠠ ᠪᠡᠶ᠎ᠡ ᠵᠢᠨ ᠲᠠᠮᠢᠷ ᠎ᠤᠨ ᠠᠵᠤ ᠦᠢᠯᠡᠰ᠎ᠤᠨ ᠬᠦᠭᠵᠢᠯᠳᠡ ᠵᠢ ᠲᠠᠢᠴᠢᠯᠠᠬᠤ  ᠲᠤᠬᠠᠶ ᠰᠤᠳᠤᠯᠤᠨ ᠶᠠᠷᠢᠯᠴᠠᠪᠠ᠃

ᠬᠤᠷᠠᠯ ᠡᠴᠡ᠂ ᠶᠡᠷᠦᠩᠬᠡᠢ ᠱᠦᠵᠢ ᠰᠢ᠎ᠶ᠋ᠢᠨ ᠫᠢᠩ ᠎ᠤᠨ ᠪᠡᠶ᠎ᠡ᠎ᠶ᠋ᠢᠨ ᠲᠠᠮᠢᠷ᠎ᠤᠨ  ᠠᠵᠢᠯ᠎ᠤᠨ ᠲᠤᠬᠠᠢ ᠴᠢᠬᠤᠯᠠ ᠥᠭᠦᠯᠡᠯᠲᠡ ᠵᠢᠴᠢ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠡᠴᠡ ᠳᠠᠷᠤᠮᠠᠯᠯᠠᠨ ᠲᠠᠷᠬᠠᠭᠠᠭ᠍ᠰᠠᠨ《ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠥᠯᠥᠪᠯᠡᠭᠡ (2021— 2025)》 ᠵᠡᠷᠭᠡ ᠪᠢᠴᠢᠭ ᠮᠠᠲ᠋ᠧᠷᠢᠶᠡᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠭᠰᠠᠨ ᠪᠦᠭᠡᠳ ᠮᠠᠨ᠎ᠤ ᠣᠷᠣᠨ᠎ᠤ ᠪᠡᠶ᠎ᠡ᠎ᠶ᠋ᠢᠨ ᠲᠠᠮᠢᠷ᠎ᠤᠨ ᠬᠦᠭᠵᠢᠯᠳᠡ ᠵᠢ ᠡᠷᠬᠢᠴᠡᠬᠦᠯᠵᠡᠢ ᠃

ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ  ᠶᠡᠷᠦᠩᠬᠡᠶ  ᠱᠦᠵᠢ ᠰᠢ᠎ᠶ᠋ᠢᠨ ᠫᠢᠩ ᠎ᠤᠨ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠳᠤᠭᠤᠰᠢᠯᠠᠭᠤᠯᠤᠨ ᠨᠠᠢᠳᠠᠪᠤᠷᠢᠵᠢᠭᠤᠯᠵᠦ᠍᠂ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠤᠯᠲᠠ ᠪᠣᠯᠤᠨ ᠪᠦᠬᠦ᠌ ᠠᠷᠠᠳ᠎ᠤᠨ ᠡᠷᠡᠭᠦᠯ ᠮᠡᠨᠳᠦ᠍᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠂ ᠤᠯᠠᠨ ᠲᠦᠮᠡᠨᠴᠢ ᠪᠡᠶ᠎ᠡ᠎ᠶ᠋ᠢᠨ ᠲᠠᠮᠢᠷ ᠪᠣᠯᠤᠨ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠪᠡᠯᠡᠳᠭᠡᠯ ᠴᠢᠳᠠᠪᠤᠷᠢᠲᠠᠨ᠎ᠢ ᠬᠦᠮᠦᠵᠢᠬᠦᠯᠬᠦ᠌᠎ᠶ᠋ᠢ ᠴᠢᠬᠤᠯᠠᠴᠢᠯᠠᠵᠦ᠂ ᠬᠥᠮᠦᠨ ᠳᠤᠮᠳᠠᠴᠢ ᠪᠡᠷ  2.6  ᠲᠡᠭ᠌ᠰᠢ ᠳᠥᠷᠪᠡᠯᠵᠢᠨ ᠮᠧᠲᠷ ᠪᠦᠬᠦᠢ ᠪᠡᠶ᠎ᠡ᠎ᠶ᠋ᠢᠨ ᠲᠠᠮᠢᠷ᠎ᠤᠨ ᠲᠠᠯᠠᠪᠠᠶ ᠲᠠᠢ᠂ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠳᠤ ᠪᠠᠢᠩᠭᠤ ᠣᠷᠣᠯᠴᠠᠬᠤ ᠬᠥᠮᠦᠨ᠎ᠤ ᠲᠤᠭ᠎ᠠ᠎ᠶ᠋ᠢᠨ ᠬᠠᠷᠢᠴᠠᠯ 38.5% ᠳ᠋ᠤ ᠬᠦᠷᠴᠦ᠂ ᠮᠢᠩᠭᠠᠨ ᠬᠥᠮᠦᠨ ᠪᠦᠷᠢ᠎ᠳᠤ ᠨᠣᠭ᠍ᠳᠠᠬᠤ  ᠨᠡᠢᠭᠡᠮ᠎ᠤᠨ ᠪᠡᠶ᠎ᠡ᠎ᠶ᠋ᠢᠨ ᠲᠠᠮᠢᠷ᠎ᠤᠨ ᠵᠢᠭᠠᠨ ᠵᠢᠯᠣᠭᠤᠳᠣᠭ᠍ᠴᠢ 2.16᠂ 《ᠠᠷᠠᠳ ᠢᠷᠭᠡᠨ᠎ᠤ  ᠪᠡᠶ᠎ᠡ ᠮᠠᠬᠠᠪᠣᠳ᠎ᠤᠨ ᠬᠡᠪ ᠴᠢᠨᠠᠷ᠎ᠢ ᠱᠢᠯᠭᠠᠨ ᠲᠣᠭ᠍ᠲᠠᠭᠠᠬᠤ ᠪᠠᠷᠢᠮᠵᠢᠶ᠎ᠠ》 ᠡᠴᠨ ᠲᠠᠪᠠᠭᠰᠠᠨ ᠬᠥᠮᠦᠨ᠎ᠤ ᠬᠠᠷᠢᠴᠠᠯ 90% ᠪᠤᠯᠬᠤ ᠵᠡᠷᠭᠡ《ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠦᠪᠵᠢᠬᠦᠯᠭᠡ》 ᠵᠢᠨ ᠬᠤᠭᠤᠴᠠᠭᠠᠨ᠎ᠳᠠᠬᠢ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠭᠤᠤᠯᠳᠠᠯᠭ᠎ᠠ ᠎ᠲᠠᠢ ᠵᠢᠭᠠᠯᠳᠠ ᠲᠤᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠣᠨᠢᠨ ᠮᠡᠳᠡᠭᠡᠨ᠎ᠤ ᠮᠡᠳᠡᠭᠡᠯᠡᠯ᠎ᠤᠨ ᠭᠦᠨᠴᠠ ᠴᠢᠨᠠᠷ᠂ ᠦᠯᠢᠭᠡᠷᠲᠦ ᠴᠢᠨᠠᠷ ᠪᠣᠯᠤᠨ ᠨᠥᠯᠥᠭᠡᠯᠡᠬᠦ᠌  ᠬᠦᠴᠦᠨ᠎ᠢ ᠴᠢᠩᠭᠠᠳᠭᠠᠵᠤ᠂ ᠥᠪᠥᠷ ᠮᠣᠩᠭᠤᠯ᠎ᠤᠨ ᠪᠡᠶ᠎ᠡ᠎ᠶ᠋ᠢᠨ ᠲᠠᠮᠢᠷ᠎ᠤᠨ ᠦᠯᠢᠭᠡᠷ᠎ᠢ ᠬᠥᠮᠦᠰ᠎ᠤᠨ ᠰᠡᠳᠭᠢᠯ᠎ᠳᠤ  ᠨᠡᠩ ᠭᠦᠨ ᠬᠠᠳᠠᠩᠱᠢᠭᠤᠯᠤᠨ᠎ᠠ ᠭᠡᠵᠦ᠍ ᠢᠯᠡᠷᠬᠡᠢᠯᠡᠪᠡ᠃

ᠵᠠᠭᠤᠴᠢᠯᠠᠭᠤᠷ᠎ᠤᠨ ᠬᠢᠨ᠎ᠥᠪᠥᠷ ᠮᠣᠩᠭᠤᠯ᠎ᠤᠨ ᠪᠡᠶ᠎ᠡ᠎ᠶ᠋ᠢᠨ ᠲᠠᠮᠢᠷ᠎ᠤᠨ ᠦᠢᠯᠡᠰ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠠᠴᠠ ᠡᠭᠦᠰᠴᠦ᠍᠂ ᠪᠡᠶ᠎ᠡ᠎ᠶ᠋ᠢᠨ ᠲᠠᠮᠢᠷ᠎ᠤᠨ ᠠᠵᠢᠯ ᠲᠦᠷᠦᠯ ᠪᠣᠯᠤᠨ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠬᠦᠴᠦᠨ᠎ᠢ ᠴᠢᠨᠠᠭ᠍ᠰᠢᠳᠠ ᠨᠡᠢᠳᠭᠡᠵᠦ᠍᠂ ᠳᠠᠪᠠᠭᠤᠯᠢᠭ᠎ᠢᠶᠠᠨ ᠪᠠᠳᠠᠷᠠᠭᠤᠯᠵᠤ᠂ ᠬᠠᠷᠠᠭ᠎ᠠ᠎ᠪᠠᠨ ᠥᠷᠭᠡᠳᠭᠡᠵᠦ᠍᠂ ᠮᠠᠨ᠎ᠤ ᠣᠷᠣᠨ᠎ᠤ ᠪᠡᠶ᠎ᠡ᠎ᠶ᠋ᠢᠨ ᠲᠠᠮᠢᠷ᠎ᠤᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠳᠤ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠤ ᠣᠷᠴᠢᠨ ᠲᠣᠭᠤᠷᠢᠨ᠎ᠢ ᠪᠤᠢ ᠪᠣᠯᠭᠠᠵᠤ ᠥᠭ᠌ᠭᠦᠨ᠎ᠡ ᠭᠡᠵᠦ᠍ ᠢᠯᠡᠷᠭᠡᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号