ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠠᠮᠵᠢᠯᠲᠠ᠎ᠲᠠᠶ ᠲᠡᠭᠦᠰᠪᠡ
2021-12-01 07:56:18
ᠵᠣᠬᠢᠶᠠᠭ᠍ᠴᠢ᠄
​ᠳ᠋ᠠᠢ ᠬᠤᠩ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ᠎ᠶ᠋ᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠴᠤᠴᠠᠯᠲᠠ ᠦᠭᠡᠢ ᠤᠷᠤᠭ᠍ᠰᠢᠯᠠᠵᠥ ᠡᠴᠤᠰ ᠳᠤᠨᠢ ᠳᠤᠯᠳᠠᠯ᠎ᠠ ᠲᠦᠢᠯᠪᠦᠷᠢᠳᠠᠢ ᠬᠢᠵᠥ ᠦᠷᠭᠦᠯᠵᠢᠯᠡᠨ ᠲᠡᠮᠡᠴᠡᠬᠦ᠌ ᠶᠠᠪᠤᠴᠠ᠎ᠳᠠᠭᠠᠨ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠯ ᠵᠢᠡᠨ ᠢᠯᠡᠷᠡᠭᠦᠯᠵᠦ᠍  ᠥᠪᠥᠷ ᠮᠣᠩᠭᠣᠯ᠎ᠤᠨ ᠬᠦᠴᠦᠨ ᠴᠢᠳᠠᠯ ᠵᠢᠡᠨ ᠡᠷᠬᠦᠵᠥ ᠥᠪᠥᠷ ᠮᠣᠩᠭᠣᠯ᠎ᠤᠨ ᠴᠤᠭ ᠵᠢᠪᠬᠤᠭ᠎ᠠ  ᠪᠠᠨ ᠪᠠᠳᠠᠷᠠᠭᠤᠯᠤᠨ᠎ᠠ

 

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠠᠮᠵᠢᠯᠲᠠ᠎ᠲᠠᠶ ᠲᠡᠭᠦᠰᠪᠡ


 

ᠱᠢᠨ᠎ᠡ ᠨᠢᠭᠡ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶ᠋ᠢ ᠰᠣᠩᠭᠣᠨ ᠭᠠᠷᠭᠠᠪᠠ

ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠨᠠᠮ᠎ᠤᠨ ᠬᠣᠷᠢᠶ᠎ᠠ ᠵᠢᠨ ᠢᠯᠡᠳᠭᠡᠯ᠎ᠦᠨ ᠲᠤᠬᠠᠢ ᠱᠢᠢᠳᠪᠦᠷᠢ᠂ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠎ᠶ᠋ᠢ ᠪᠠᠲᠤᠯᠠᠪᠠ


ᠱ᠌ᠢ᠎ᠲᠠᠢ ᠹᠸᠩ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠠᠢ



1905038_wangxia_1638287313847_b.jpg


11 ᠰᠠᠷ᠎ᠠ᠎ᠶ᠋ᠢᠨ 30᠎ᠤ᠋ ᠦᠳᠡ᠎ᠶ᠋ᠢᠨ ᠡᠮᠦᠨ᠎ᠡ᠂ ᠱ᠌ᠢ᠎ᠲᠡᠶ ᠹᠧᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠡᠭᠦᠰᠭᠦ ᠶᠡᠬᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃

 ᠰᠤᠷᠪᠤᠯᠵᠢᠯᠠᠭ᠍ᠴᠢ   ᠶᠤᠸᠠᠨ ᠶᠦᠩ ᠬᠣᠩ   ᠰᠡᠭᠦᠳᠡᠷᠯᠡᠪᠡ


4198879_zt_1638291298069_m.jpg


11 ᠰᠠᠷ᠎ᠠ᠎ᠶ᠋ᠢᠨ 30 ᠎ᠤ᠋ ᠦᠳᠡ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠡᠯ᠎ᠡ ᠵᠥᠪᠯᠡᠬᠦ᠌ ᠵᠦᠢᠯ᠎ᠢᠶᠡᠨ᠎ᠲᠡᠭᠦᠰ᠎ᠠᠮᠵᠢᠯᠲᠠ᠎ᠲᠠᠶ᠎ᠪᠡᠶᠡᠯᠡᠬᠦᠯᠵᠤ᠂ ᠬᠥᠬᠡᠬᠣᠲᠠ᠎ᠳᠤ ᠠᠮᠵᠢᠯᠲᠠ᠎ᠲᠠᠶ ᠲᠡᠭᠦᠰᠪᠡ᠃

ᠰᠤᠷᠪᠤᠯᠵᠢᠯᠠᠭ᠍ᠴᠢ  ᠬᠠᠨ ᠴᠢᠩ ᠯᠢ   ᠰᠡᠭᠦᠳᠡᠷᠯᠡᠪᠡ


11 ᠰᠠᠷ᠎ᠠ᠎ᠶ᠋ᠢᠨ 30 ᠎ᠤ᠋ ᠦᠳᠡ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠱᠢᠨ᠎ᠡ ᠨᠢᠭᠡ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶ᠋ᠢ ᠰᠣᠩᠭᠣᠨ ᠭᠠᠷᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠨᠠᠮ᠎ᠤᠨ ᠬᠣᠷᠢᠶ᠎ᠠ ᠵᠢᠨ ᠢᠯᠡᠳᠬᠡᠯ᠎ᠤᠨ ᠲᠤᠬᠠᠶ ᠱᠢᠶ᠋ᠳᠪᠦᠷᠢ᠂ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ᠎ᠬᠣᠷᠢᠶ᠎ᠠ᠎ᠵᠢᠨ᠎ᠠᠵᠢᠯ᠎ᠤᠨ᠎ᠮᠡᠳᠡᠭᠦᠯᠦᠯᠲᠡ᠎ᠶ᠋ᠢᠨ᠎ᠲᠤᠬᠠᠶ ᠱᠢᠶ᠋ᠳᠪᠦᠷᠢ᠎ᠶ᠋ᠢ ᠪᠠᠲᠤᠯᠠᠭ᠍ᠰᠠᠨ᠎ᠤ ᠳᠠᠷᠠᠭ᠎ᠠ᠂ ᠬᠥᠬᠡᠬᠣᠲᠠ᠎ᠳᠤ ᠠᠮᠵᠢᠯᠲᠠ᠎ᠲᠠᠶ ᠲᠡᠭᠦᠰᠪᠡ᠃

ᠱ᠌ᠢ ᠲᠠᠢ ᠹᠸᠩ ᠲᠡᠭᠦᠰᠭᠦ ᠶᠡᠬᠡ ᠬᠤᠷᠠᠯ᠎ᠢ ᠡᠷᠬᠢᠯᠡᠪᠡ᠃

ᠶᠡᠬᠡ ᠬᠤᠷᠠᠯ᠎ᠳᠤ ᠣᠷᠣᠯᠴᠠᠬᠤ ᠶᠣᠰᠣᠲᠠᠶ ᠲᠥᠯᠥᠭᠡᠯᠡᠭ᠌ᠴᠢ 668 ᠬᠥᠮᠦᠨ᠂ ᠣᠨᠴᠠ ᠤᠷᠢᠭ᠍ᠰᠠᠨ ᠲᠥᠯᠥᠭᠡᠯᠡᠭ᠌ᠴᠢ 2 ᠬᠥᠮᠦᠨ ᠪᠤᠢ᠂ ᠤᠴᠢᠷ ᠶᠠᠪᠤᠳᠠᠯ ᠪᠠ ᠡᠪᠡᠳᠴᠢᠨ᠎ᠡᠴᠡ ᠪᠣᠯᠵᠤ ᠴᠢᠯᠥᠭᠡ ᠭᠤᠶᠤᠭ᠍ᠰᠠᠨ ᠨᠢ 18 ᠬᠥᠮᠦᠨ᠂ ᠪᠣᠳᠠᠲᠠᠶ ᠤᠷᠤᠯᠴᠠᠭᠰᠠᠨ ᠨᠢ 652 ᠬᠥᠮᠦᠨ ᠪᠠᠢᠵᠤ᠂ ᠲᠣᠭ᠍ᠲᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠬᠣᠷᠢᠶ᠎ᠠ ᠵᠢᠨ ᠪᠦᠷᠢᠯᠳᠦᠬᠦᠨ ᠱ᠌ᠢ᠎ᠲᠡᠶ ᠹᠸᠩ᠂ ᠸᠠᠩ ᠯᠢ ᠱᠢᠶᠠ᠂ ᠯᠢᠨ ᠱᠤᠤ ᠴᠦᠨ᠂ ᠮᠸᠩ ᠹᠠᠨ ᠯᠢ᠂ ᠯᠢᠦ ᠱᠤᠸᠠᠩ᠂ ᠶᠠᠩ ᠸᠧᠢ ᠳ᠋ᠦᠩ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠪᠦᠦ ᠭᠠᠩ᠂ ᠵᠧᠩ ᠬᠣᠩ ᠹᠠᠨ᠂ ᠳ᠋ᠢᠩ ᠱᠢᠤ ᠹᠸᠩ᠂ ᠮᠠ ᠴᠢᠩ ᠯᠸᠢ᠂ ᠮᠸᠩ ᠱᠢᠶᠠᠨ ᠳ᠋ᠦᠩ᠂ ᠯᠢ ᠯᠢ᠂ ᠾᠧ ᠸᠧᠢ ᠬᠤᠸᠠ᠂ ᠲᠠᠩ ᠢ᠂ ᠳᠠᠢᠴᠢᠨ᠂ ᠪᠦᠦ ᠭᠦᠸᠧ ᠴᠢᠤᠸᠠᠨ ᠲᠡᠷᠢᠭᠦᠯᠡᠭ᠌ᠴᠢᠳ᠎ᠦᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠭ᠍ᠰᠠᠳ᠎ᠲᠤ ᠪᠠᠰᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠥᠮᠦᠨ ᠠᠮᠠ ᠡᠬᠢ ᠪᠠᠶᠠᠯᠢᠭ ᠣᠷᠴᠢᠨ ᠲᠣᠭᠣᠷᠢᠨ᠎ᠤ ᠵᠥᠪᠯᠡᠯ᠎ᠦᠨ ᠳᠡᠳ᠋ ᠡᠷᠬᠢᠯᠡᠭ᠌ᠴᠢ ᠷᠧᠨ ᠶᠠ ᠫᠢᠩ᠂ ᠠᠬᠠᠮᠠᠳ ᠨᠥᠬᠥᠷ ᠸᠠᠩ ᠵᠢᠶᠦ᠋ᠨ ᠪᠣᠯᠤᠨ ᠪᠤᠰᠤᠳ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ ᠰᠠᠭᠠᠳᠠᠪᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ᠎ᠶᠡᠬᠡ᠎ᠬᠤᠷᠠᠯ᠎ᠳᠤ ᠰᠤᠯᠠ ᠣᠷᠣᠯᠴᠠᠭ᠍ᠰᠠᠳ ᠸᠢᠳᠢᠣ᠋ ᠬᠡᠯᠪᠡᠷᠢ᠎ᠪᠡᠷ ᠬᠤᠷᠠᠯ᠎ᠳᠤ ᠣᠷᠣᠯᠴᠠᠵᠠᠢ᠃

ᠲᠡᠭᠦᠰᠭᠦ ᠶᠡᠬᠡ ᠬᠤᠷᠠᠯ᠎ᠡᠴᠡ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠬᠣᠶᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ ᠬᠢᠵᠦ᠍᠂ ᠬᠤᠷᠠᠯ᠎ᠡᠴᠡ ᠨᠡᠷ᠎ᠡ ᠲᠡᠮᠳᠡᠭᠯᠡᠬᠦ ᠦᠭᠡᠢ ᠪᠢᠯᠧᠲ ᠥᠭ᠌ᠬᠦ ᠠᠷᠭ᠎ᠠ᠎ᠪᠠᠷ ᠰᠣᠩᠭᠣᠭᠤᠯᠢ ᠶᠠᠪᠤᠭᠤᠯᠵᠤ᠂ 83 ᠨᠥᠬᠥᠷ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠣᠷᠢᠶ᠎ᠠ ᠵᠢᠨ  ᠭᠡᠱᠢᠭᠦᠨ᠎ᠢᠶᠡᠷ ᠰᠣᠩᠭᠣᠭ᠍ᠳᠠᠵᠤ᠂ 15 ᠨᠥᠬᠥᠷ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠣᠷᠢᠶ᠎ᠠ ᠵᠢᠨ ᠣᠷᠣᠯᠠᠭ᠍ᠴᠢ ᠭᠡᠱᠢᠭᠦᠨ᠎ᠢᠶᠡᠷ ᠰᠣᠩᠭᠣᠭ᠍ᠳᠠᠵᠤ᠂ 45 ᠨᠥᠬᠥᠷ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠭᠡᠱᠢᠭᠦᠨ᠎ᠢᠶᠡᠷ ᠰᠣᠩᠭᠣᠭ᠍ᠳᠠᠪᠠ᠃

ᠦᠳᠡ᠎ᠶ᠋ᠢᠨ ᠡᠮᠦᠨᠡᠬᠢ11ᠴᠠᠭ᠎ᠲᠤ ᠲᠡᠭᠦᠰᠭᠦ ᠶᠡᠬᠡ ᠬᠤᠷᠠᠯ ᠡᠬᠢᠯᠡᠪᠡ᠃ ᠬᠤᠷᠠᠯ᠎ᠡᠴᠡ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ  ᠢᠯᠡᠳᠭᠡᠯ᠎ᠤᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠱᠢᠶ᠋ᠳᠪᠦᠷᠢ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ᠎ᠠᠷᠪᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠱᠢᠶ᠋ᠳᠪᠦᠷᠢ》 ᠶ᠋ᠢ ᠪᠠᠲᠤᠯᠠᠪᠠ᠃

ᠱ᠌ᠢ ᠲᠠᠢ ᠹᠸᠩ ᠶᠡᠬᠡ ᠬᠤᠷᠠᠯ ᠲᠡᠭᠦᠰᠭᠦ ᠦᠶ᠎ᠡ᠎ᠳᠦ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ  ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠨᠢ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠪᠣᠯᠤᠨ᠎ᠳᠣᠲᠣᠨᠣ᠎ᠬᠠᠯᠠᠮᠵᠢᠯᠠᠯ᠎ᠳᠣᠣᠷ᠎ᠠ᠂᠎ᠪᠦᠬᠦ᠌ ᠲᠥᠯᠥᠭᠡᠯᠡᠭ᠌ᠴᠢᠳ᠎ᠦᠨ ᠬᠠᠮᠲᠤ᠎ᠶ᠋ᠢᠨ ᠴᠢᠷᠮᠠᠢᠯᠭ᠎ᠠ᠎ᠪᠠᠷ ᠡᠯ᠎ᠡ ᠵᠦᠢᠯ᠎ᠦᠨ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠤᠳᠠᠯ ᠦᠭᠡᠢ ᠠᠮᠵᠢᠯᠲᠠ᠎ᠲᠠᠶ ᠲᠡᠭᠦᠰᠭᠦ ᠪᠣᠯᠤᠨ᠎ᠠ᠃ ᠡᠨᠡ ᠤᠳᠠᠭ᠎ᠠ᠎ᠶ᠋ᠢᠨ ᠶᠡᠬᠡ ᠬᠤᠷᠠᠯ ᠨᠢ ᠦᠨᠡᠨᠴᠢ ᠱᠢᠳᠤᠷᠭᠤ᠎ᠶ᠋ᠢ ᠡᠷᠬᠢᠮᠯᠡᠬᠦ᠌᠂ ᠶᠡᠬᠡ ᠲᠠᠯ᠎ᠠ᠎ᠶ᠋ᠢ ᠡᠷᠬᠢᠮᠯᠡᠬᠦ᠌ ᠤᠯᠤᠰ ᠲᠦᠷᠦ᠍᠎ᠶ᠋ᠢᠨ ᠱᠠᠭᠠᠷᠳᠠᠯᠭ᠎ᠠ᠎ᠶ᠋ᠢ ᠢᠮᠠᠭ᠍ᠲᠠ ᠲᠤᠭᠤᠰᠢᠯᠠᠭᠤᠯᠵᠤ᠂ ᠬᠦᠨᠳᠦ ᠡᠭᠦᠷᠭᠡ᠎ᠶ᠋ᠢ ᠡᠭᠦᠷᠭᠡᠯᠡᠬᠦ᠌᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠂ ᠬᠠᠷᠢᠭᠤᠴᠠᠯᠭ᠎ᠠ ᠡᠭᠦᠷᠭᠡᠯᠡᠬᠦ᠌ ᠵᠣᠷᠢᠭ ᠰᠠᠨᠠᠭ᠎ᠠ᠎ᠶ᠋ᠢ ᠢᠮᠠᠭ᠍ᠲᠠ ᠲᠤᠭᠤᠰᠢᠯᠠᠭᠤᠯᠵᠤ᠂ ᠱᠢᠨ᠎ᠡ ᠵᠠᠮ᠎ᠢᠶᠠᠷ ᠵᠠᠮᠨᠠᠬᠤ᠂ ᠱᠢᠨ᠎ᠡ ᠪᠠᠢᠳᠠᠯ᠎ᠢ ᠡᠭᠦᠳᠬᠦ᠌ ᠪᠠᠲᠤ ᠴᠢᠩᠭ᠎ᠠ ᠢᠲᠡᠭᠡᠯ ᠵᠣᠷᠢᠭ᠎ᠢᠶᠠᠷ ᠢᠮᠠᠭ᠍ᠲᠠ ᠪᠢᠯᠬᠠᠵᠤ᠂ ᠰᠢᠨ᠎ᠠ ᠠᠶᠠᠨ᠎ᠳᠠᠭᠠᠨ ᠲᠠᠬᠢᠨ ᠮᠣᠷᠳᠠᠬᠤ᠂ ᠵᠣᠷᠢᠭ᠍ᠲᠠᠢ᠎ᠪᠠᠷ ᠵᠠᠮ ᠨᠡᠭᠡᠭᠡᠬᠦ᠌ ᠣᠮᠣᠭ ᠵᠣᠷᠢᠭ ᠵᠢᠡᠷ ᠢᠮᠠᠭ᠍ᠲᠠ ᠲᠡᠭᠦᠯᠳᠡᠷ ᠪᠠᠢᠵᠤ᠂ ᠨᠢᠭᠡ ᠤᠳᠠᠭ᠎ᠠ᠎ᠶ᠋ᠢᠨ ᠲᠤᠭ᠎ᠢ ᠥᠨᠳᠥᠷ ᠮᠠᠨᠳᠤᠭᠤᠯᠤᠭ᠍ᠰᠠᠨ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠭ᠌ᠰᠡᠨ᠂ ᠪᠠᠷᠢᠮᠵᠢᠶ᠎ᠠ᠎ᠲᠠᠶ ᠬᠠᠷᠭᠤᠭᠤᠯᠤᠨ ᠨᠢᠭᠡᠳᠦᠯᠲᠡᠢ ᠪᠠᠢᠬᠤ ᠵᠢ ᠪᠠᠷᠢᠮᠳᠠᠯᠠᠬᠰᠠᠨ ᠶᠡᠬᠡ ᠬᠤᠷᠠᠯ᠂ ᠨᠢᠭᠡ ᠤᠳᠠᠭ᠎ᠠ᠎ᠶ᠋ᠢᠨ ᠦᠵᠡᠯ ᠰᠠᠨᠠᠭ᠎ᠠ᠎ᠪᠠᠨ ᠨᠢᠭᠡᠳᠭᠡᠭ᠌ᠰᠡᠨ᠂ ᠬᠦᠴᠦᠨ ᠴᠢᠳᠠᠯ᠎ᠢᠶᠠᠨ ᠨᠢᠭ᠍ᠲᠠᠷᠠᠭᠤᠯᠤᠭ᠍ᠰᠠᠨ᠂ ᠵᠠᠮ ᠨᠡᠭᠡᠭᠡᠨ ᠱᠢᠨ᠎ᠡ᠎ᠶ᠋ᠢ ᠡᠭᠦᠳᠦᠭ᠌ᠰᠡᠨ ᠶᠡᠬᠡ ᠬᠤᠷᠠᠯ᠂ ᠨᠢᠭᠡ ᠤᠳᠠᠭ᠎ᠠ᠎ᠶ᠋ᠢᠨ᠎ᠦᠨᠡᠨ᠎ᠢ᠎ᠪᠠᠷᠢᠮᠲᠠᠯᠠᠵᠦ᠎ᠪᠣᠳᠠᠲᠠᠢ᠎ᠶ᠋ᠢ᠎ᠡᠷᠬᠢᠮᠯᠡᠭ᠌ᠰᠡᠨ᠂᠎ᠪᠦᠯᠬᠦᠮᠳᠡᠯ ᠠᠷᠠᠳᠴᠢᠯᠠᠯ᠎ᠲᠠᠶ᠂ ᠰᠤᠷᠲᠠᠯ ᠴᠢᠬᠡᠴᠢ ᠣᠪᠣᠷ ᠲᠥᠪ ᠶᠡᠬᠡ ᠬᠤᠷᠠᠯ ᠪᠣᠯᠵᠠᠢ ᠭᠡᠵᠤ ᠬᠡᠯᠡᠪᠡ᠃

ᠱ᠌ᠢ᠎ᠲᠡᠶ ᠹᠸᠩ᠂ ᠡᠨᠡ ᠤᠳᠠᠭ᠎ᠠ᠎ᠶ᠋ᠢᠨ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ᠎ᠨᠢ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ  ᠨᠠᠨᠳᠢᠨ ᠬᠦᠰᠡᠯ ᠨᠠᠢᠳᠠᠯᠭ᠎ᠠ᠎ᠶ᠋ᠢ ᠢᠯᠡᠷᠡᠭᠦᠯᠵᠤ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ᠎ᠢ ᠠᠭᠤᠯᠵᠤ ᠪᠠᠢᠨ᠎ᠠ᠃ ᠪᠢᠳᠡ ᠰᠢ᠎ᠶ᠋ᠢᠨ ᠫᠢᠩ ᠨᠥᠬᠥᠷ᠎ᠢᠶᠡᠷ᠎ᠭᠣᠣᠯ᠎ᠪᠣᠯᠭᠠᠭ᠍ᠰᠠᠨ᠎ᠨᠠᠮ᠎ᠤᠨ᠎ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠪᠣᠯᠤᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠶᠡᠬᠡ ᠬᠤᠷᠠᠯ᠎ᠡᠴᠡ ᠲᠣᠭ᠍ᠲᠠᠭᠠᠭ᠍ᠰᠠᠨ ᠠᠤᠭ᠎ᠠ ᠬᠠᠷᠠᠯᠲᠠ ᠲᠡᠢᠰᠢ ᠡᠷᠡᠮᠡᠬᠡᠢᠯᠡᠨ ᠤᠷᠤᠭ᠍ᠰᠢᠯᠠᠵᠤ᠂ ᠲᠤᠮᠤ ᠠᠯᠬᠤᠮ᠎ᠢᠶᠠᠷ ᠤᠷᠤᠭ᠍ᠰᠢᠯᠠᠵᠤ᠂ ᠵᠢᠷᠤᠭ ᠲᠥᠰᠦᠪ᠎ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠠᠯᠤᠰ᠎ᠤᠨ ᠲᠥᠰᠦᠪ᠎ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠢ᠃ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶ᠋ᠢ ᠡᠷᠬᠢᠮᠯᠡᠵᠦ᠍᠂ 《ᠬᠣᠶᠠᠷ᠎ᠢ ᠬᠠᠮᠠᠭᠠᠯᠠᠬᠤ 》 ᠎ᠶ᠋ᠢ ᠡᠷᠡᠰ ᠦᠶ᠋ᠯᠡᠳᠦᠯᠭᠡᠵᠢᠭᠦᠯᠵᠦ᠍᠂ ᠨᠠᠮ᠎ᠤᠨ ᠲᠥᠪ ᠬᠣᠷᠢᠶᠠᠨ᠎ᠤ ᠵᠠᠷᠯᠢᠭ᠎ᠢ ᠡᠷᠡᠰ ᠳᠠᠭᠠᠵᠤ᠂ ᠨᠠᠮ᠎ᠤᠨ ᠲᠥᠪ ᠬᠣᠷᠢᠶᠠᠨ᠎ᠤ ᠵᠢᠯᠣᠭᠣᠳᠣᠯᠭ᠎ᠠ᠎ᠶ᠋ᠢ ᠳᠠᠭᠠᠵᠤ᠂ ᠨᠠᠮ᠎ᠤᠨ ᠪᠦᠯᠬᠦᠮᠳᠡᠯ ᠨᠢᠭᠡᠳᠦᠯ᠎ᠢ ᠡᠷᠡᠰ ᠬᠠᠮᠠᠭᠠᠯᠠᠵᠤ᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠤᠯᠤᠰ ᠲᠥᠷᠥ᠎ᠶ᠋ᠢᠨ ᠲᠠᠯ᠎ᠠ᠎ᠪᠠᠷ ᠪᠠᠲᠤ ᠴᠢᠩᠭ᠎ᠠ ᠪᠠᠢᠬᠤ ᠪᠠ ᠴᠠᠭᠠᠷᠠᠭ᠍ᠰᠠᠨ ᠪᠠᠢᠬᠤ᠎ᠪᠠᠷ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠤᠷᠤᠭ᠍ᠰᠢᠲᠠᠶ ᠠᠭᠢᠵᠤ ᠡᠷᠡᠭᠦᠯ᠎ᠢᠶᠡᠷ ᠬᠥᠭ᠌ᠵᠢᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠡᠭᠦᠷᠭᠡ ᠬᠠᠷᠢᠭᠤᠴᠠᠯᠭ᠎ᠠ᠎ᠪᠠᠨ ᠤᠬᠠᠵᠤ ᠮᠡᠳᠡᠨ ᠡᠭᠦᠷᠭᠡᠯᠡᠵᠦ᠂ 《 ᠤᠯᠤᠰ᠎ᠤᠨ ᠶᠡᠬᠡ ᠶᠠᠪᠤᠳᠠᠯ 》 ᠎ᠢ᠋ ᠢᠮᠠᠭ᠍ᠲᠠ ᠪᠠᠲᠤ ᠴᠡᠭᠡᠵᠢᠯᠡᠵᠦ᠂ ᠶᠡᠬᠡ ᠲᠠᠯ᠎ᠠ᠎ᠡᠴᠡ ᠪᠣᠳᠣᠯᠬᠢᠯᠠᠨ ᠠᠵᠢᠯᠯᠠᠬᠤ᠎ᠶ᠋ᠢ ᠪᠠᠷᠢᠮᠲᠠᠯᠠᠵᠤ᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠨᠡᠩ ᠪᠠᠳᠤ ᠴᠢᠩᠭ᠎ᠠ ᠤᠬᠠᠮᠰᠠᠷ ᠵᠢᠡᠷ᠂ ᠨᠠᠩ ᠡᠷᠡᠰ ᠱᠢᠭᠤᠷᠬᠠᠶ ᠡᠭᠦᠷᠭᠡᠯᠡᠨ ᠭᠦᠶ᠋ᠴᠡᠳᠭᠡᠬᠦ᠌ ᠬᠡᠷᠡᠭ᠌ᠲᠡᠶ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ ᠪᠠ ᠠᠮᠤ ᠪᠤᠳᠠᠭᠠᠨ᠎ᠤ ᠠᠮᠤᠷ ᠲᠦᠪᠱᠢᠨ᠎ᠦ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠰᠠᠢᠲᠤᠷ ᠡᠭᠦᠷᠭᠡᠯᠡᠨ ᠭᠦᠢᠴᠡᠳᠭᠡᠬᠦ᠌ ᠬᠡᠷᠡᠭ᠌ᠲᠡᠢ᠂ ᠤᠯᠤᠰ᠎ᠡᠴᠡ ᠡᠷᠭᠢᠨ ᠲᠣᠭᠣᠷᠢᠨ ᠪᠠ ᠭᠠᠳᠠᠭᠠᠳᠤ ᠨᠡᠭᠡᠭᠡᠯᠲᠡ᠎ᠶ᠋ᠢ ᠪᠣᠳᠣᠯᠬᠢᠯᠠᠬᠤ ᠪᠠᠢᠯᠳᠤᠬᠤ ᠪᠣᠳᠣᠯᠭ᠎ᠠ ᠎ᠳᠤ ᠦᠶ᠋ᠯᠡᠴᠢᠯᠡᠬᠦ᠌ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠰᠠᠢᠲᠤᠷ ᠡᠭᠦᠷᠭᠡᠯᠡᠨ ᠭᠦᠶ᠋ᠴᠡᠳᠭᠡᠬᠦ᠌ ᠬᠡᠷᠡᠭ᠌ᠲᠡᠶ᠂ ᠤᠯᠤᠰ ᠣᠷᠣᠨ᠎ᠤ ᠨᠢᠭᠡᠳᠦᠯ ᠪᠠ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠰᠠᠢᠲᠤᠷ ᠡᠭᠦᠷᠭᠡᠯᠡᠨ ᠭᠦᠶ᠋ᠴᠡᠳᠭᠡᠬᠦ᠌ ᠬᠡᠷᠡᠭ᠌ᠲᠡᠶ᠂ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠰᠠᠢᠲᠤᠷ᠎ᠡᠭᠦᠷᠭᠡᠯᠡᠨ᠎ᠭᠦᠶ᠋ᠴᠡᠳᠭᠡᠬᠦ᠌᠎ᠬᠡᠷᠡᠭ᠌ᠲᠡᠶ᠃᠎ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ᠎ᠵᠠᠮᠨᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠤᠯᠤᠰ ᠲᠦᠷᠦ᠍᠎ᠶ᠋ᠢᠨ ᠤᠳᠤᠷᠢᠳᠤᠮᠵᠢ ᠪᠣᠯᠤᠨ ᠦᠷᠳᠡᠭ᠎ᠦᠨ ᠬᠥᠭᠡᠭᠡᠴᠡᠯᠳᠦᠯ᠎ᠢᠶᠡᠨ ᠪᠠᠲᠤᠳᠭᠠᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢ᠎ᠡᠬᠢ᠎ᠪᠠᠶᠠᠯᠢᠭ᠎ᠲᠤ᠎ᠲᠦᠱᠢᠭ᠌ᠯᠡᠬᠦ᠌᠎ᠬᠡᠯᠪᠡᠷᠢ᠎ᠡᠴᠡ᠎ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠡᠯᠪᠡᠷᠢ ᠲᠡᠢᠰᠢ ᠬᠤᠪᠢᠷᠠᠭᠤᠯᠬᠤ᠂ ᠪᠦᠳᠦᠭᠦᠯᠢᠭ ᠦᠨᠲᠦᠷ ᠨᠡᠭᠦᠷᠡᠰᠦᠲᠥ᠋ᠷᠥᠭ᠌ᠴᠢᠲᠦ ᠬᠡᠯᠪᠡᠷᠢ᠎ᠡᠴᠡ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ  ᠬᠡᠯᠪᠡᠷᠢ ᠲᠡᠢᠰᠢ ᠬᠤᠪᠢᠷᠠᠭᠤᠯᠬᠤ ᠂ ᠲᠠᠷᠠᠬᠠᠢ ᠪᠤᠲᠠᠷᠬᠠᠢ ᠦᠷ᠎ᠡ ᠠᠱᠢᠭ ᠳᠣᠣᠷ᠎ᠠ ᠬᠡᠯᠪᠡᠷᠢ᠎ᠡᠴᠡ ᠡᠷᠴᠢᠮᠯᠢᠭ ᠥᠨᠳᠥᠷ ᠪᠦᠲᠦᠮᠵᠢᠲᠡᠢ ᠬᠡᠯᠪᠡᠷᠢ ᠲᠡᠢᠰᠢ ᠬᠤᠪᠢᠷᠠᠭᠤᠯᠬᠤ᠎ᠶ᠋ᠢ ᠪᠠᠷᠢᠮᠳᠠᠯᠠᠨ ᠠᠬᠢᠭᠤᠯᠵᠤ᠂ ᠮᠡᠳᠡᠬᠦᠢ ᠬᠢᠬᠦᠢ᠎ᠶ᠋ᠢ ᠨᠢᠭᠡᠳᠭᠡᠬᠦ᠌᠂ ᠢᠮᠠᠭ᠍ᠲᠠ ᠠᠳᠠᠯᠢ ᠪᠠᠢᠬᠤ᠎ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠲᠡᠢ᠃ ᠱᠢᠷᠭᠠᠭᠤ ᠬᠠᠲᠠᠭᠤᠵᠢᠯᠲᠠᠶ ᠠᠵᠢᠯᠯᠠᠵᠤ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠶᠡᠬᠡ ᠬᠤᠷᠠᠯ᠎ᠠᠴᠠ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢᠨ ᠲᠣᠭᠣᠷᠢᠨ᠎ᠳᠤ᠂ ᠨᠢᠭᠡᠳ ᠨᠢᠭᠡ᠎ᠪᠡᠷ ᠱᠢᠪᠲᠤᠯᠤᠯᠲᠠ ᠭᠠᠷᠭᠠᠵᠤ ᠂ ᠨᠢᠭᠡᠳ ᠨᠢᠭᠡ᠎ᠪᠡᠷ ᠪᠣᠭᠣᠮᠲᠠ ᠱᠢᠪᠲᠤᠯᠵᠤ ᠂ ᠨᠢᠭᠡᠳ ᠨᠢᠭᠡ᠎ᠪᠡᠷ ᠨᠠᠢᠳᠠᠪᠤᠷᠢᠵᠢᠭᠤᠯᠵᠤ ᠂ 《 ᠬᠣᠶᠠᠷ ᠬᠠᠯᠬᠠᠪᠴᠢ 》 ᠎ᠶ᠋ᠢ ᠨᠠᠩ ᠪᠠᠲᠤ ᠪᠠᠬᠢ ᠪᠣᠯᠭᠠᠵᠤ᠂ 《ᠬᠣᠶᠠᠷ ᠰᠠᠭᠤᠷᠢᠨ》 ᠎ᠤ᠋ ᠶᠠᠰᠤ ᠴᠢᠨᠠᠷ᠎ᠢ ᠵᠡᠷᠭᠡ᠎ᠪᠡᠷ ᠳᠡᠭᠡᠭ᠌ᠰᠢᠯᠡᠭᠦᠯᠵᠦ᠍ ᠂ 《ᠨᠢᠭᠡ ᠪᠡᠬᠢᠯᠡᠯᠲᠡ》 ᠎ᠶ᠋ᠢᠨ ᠦᠶ᠋ᠯᠡᠳᠦᠯ᠎ᠢ ᠭᠦᠢᠴᠡᠳ ᠢᠯᠡᠷᠡᠭᠦᠯᠵᠦ᠍ ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠵᠢ ᠴᠢᠬᠤᠯᠠ ᠶᠡᠬᠡ ᠠᠯᠬᠤᠴᠠ ᠲᠠᠢ ᠪᠤᠯᠭᠠᠬᠤ ᠬᠡᠷᠡᠭ᠌ᠲᠡᠶ᠃ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠠᠭᠤᠤ ᠦᠢᠯᠡᠰ᠎ᠢ ᠴᠣᠭ᠍ᠴᠠᠯᠠᠨ ᠂ ᠢᠮᠠᠭ᠍ᠲᠠ ᠠᠷᠠᠳ ᠲᠦᠮᠡᠨ᠎ᠢ ᠳᠡᠭᠡᠳᠦᠯᠡᠬᠦ᠌ ᠂ ᠠᠷᠠᠳ ᠲᠦᠮᠡᠨ᠎ᠳᠦ ᠨᠢᠭ᠍ᠲᠠ ᠲᠦᠱᠢᠭ᠌ᠯᠡᠬᠦ᠌᠂ ᠠᠷᠠᠳ ᠲᠦᠮᠡᠨ᠎ᠳᠦ ᠲᠠᠰᠤᠷᠠᠯᠳᠠ ᠦᠭᠡᠢ ᠪᠤᠶᠠᠨ ᠦᠢᠯᠡᠳᠬᠦ᠌᠂ ᠠᠷᠠᠳ ᠲᠦᠮᠡᠨ᠎ᠦ ᠳᠤᠮᠳᠠ ᠪᠠᠲᠤ ᠦᠨᠳᠦᠰᠦᠯᠡᠬᠦ᠌᠎ᠶ᠋ᠢ ᠪᠠᠷᠢᠮᠲᠠᠯᠠᠵᠤ᠂᠎ᠦᠨᠳᠦᠰᠦᠲᠡᠨ᠎ᠨᠦᠭᠦᠳ᠎ᠦᠨ ᠠᠷᠠᠳ᠎ᠲᠦᠮᠡᠨ᠎ᠦ᠎ᠪᠦᠯᠬᠦᠮᠳᠡᠨ᠎ᠲᠡᠮᠡᠴᠡᠬᠦ᠌ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ᠎ᠢ ᠥᠷᠭᠡᠨ᠎ᠢᠶᠡᠷ ᠨᠢᠭ᠍ᠲᠠᠷᠠᠭᠤᠯᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠬᠥᠭ᠌ᠵᠢᠯᠲᠡ᠎ᠶ᠋ᠢ ᠡᠷᠢᠯᠬᠢᠯᠡᠵᠦ᠍᠂ ᠠᠯᠬᠤᠮ ᠨᠢᠭᠡᠲᠡᠢ᠎ᠪᠡᠷ ᠠᠵᠢᠯ ᠦᠢᠯᠡᠰ᠎ᠢᠶᠡᠨ ᠰᠠᠢᠳᠤᠷ ᠬᠢᠬᠦ᠌ ᠬᠡᠷᠡᠭ᠌ᠲᠡᠢ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠬᠠᠮᠢᠶᠠᠷᠴᠤ᠌᠂ ᠵᠤᠬ᠍ᠰᠤᠰᠢ ᠦᠭᠡᠢ ᠤᠷᠤᠭᠰᠢᠯᠠᠬᠤ ᠬᠤᠷᠴᠠ ᠰᠡᠷᠭᠡᠭ ᠲᠠᠷᠢᠬᠢ ᠲᠤᠯᠤᠭᠠᠢ ᠪᠠ ᠡᠷᠡᠰ ᠪᠠᠲᠤ ᠪᠠᠢᠬᠤ ᠵᠤᠷᠢᠭ ᠎ᠢ᠋ ᠢᠮᠠᠭ᠍ᠲᠠ ᠪᠠᠲᠤᠯᠠᠵᠤ᠂ 《ᠲᠦᠷᠪᠡᠨ ᠰᠤᠷᠲᠠᠯ》 ᠎ᠢ᠋ ᠎ᠥᠴᠦᠬᠡᠨ ᠴᠦ᠍ ᠰᠤᠯᠠᠷᠠᠭᠤᠯᠤᠯ ᠦᠭᠡᠢ ᠵᠠᠯᠠᠷᠠᠭᠤᠯᠤᠨ ᠵᠠᠰᠠᠵᠤ ᠂ ᠥᠴᠦᠬᠡᠨ ᠴᠦ᠍ ᠢᠯᠳᠠᠷ ᠬᠠᠶᠠᠬᠤ ᠦᠭᠡᠢ᠎ᠪᠡᠷ ᠢᠯᠵᠠᠷᠠᠯ᠎ᠢ ᠵᠠᠯᠬᠠᠭᠠᠨ ᠱᠢᠢᠳᠭᠡᠵᠦ᠍᠂ ᠬᠣᠣᠷᠲᠤ ᠬᠠᠪᠤᠳᠠᠷ᠎ᠢ ᠡᠷᠡᠰ ᠠᠷᠢᠯᠭᠠᠵᠤ ᠂ ᠬᠣᠣᠷᠲᠤ ᠡᠬᠢ ᠎ᠶ᠋ᠢ ᠠᠷᠢᠯᠭᠠᠨ᠂ ᠦᠯᠡᠳᠡᠭᠳᠡᠯ ᠬᠣᠣᠷ ᠨᠥᠯᠥᠭᠡ᠎ᠶ᠋ᠢ ᠠᠷᠢᠯᠭᠠᠵᠤ᠂ ᠠᠱᠢᠭ᠍ᠲᠠᠢ ᠪᠠᠢᠳᠠᠯ᠎ᠢ ᠠᠱᠢᠭ᠍ᠯᠠᠨ ᠤᠷᠤᠭ᠍ᠰᠢᠯᠠᠵᠤ᠂ ᠨᠢᠭᠡ ᠯᠡ ᠠᠮᠢᠰᠭᠤᠭ᠎ᠠ᠎ᠪᠠᠷ ᠥᠪᠥᠷ ᠮᠣᠩᠭᠣᠯ᠎ᠤᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠦᠬᠦ᠌ ᠲᠠᠯ᠎ᠠ᠎ᠪᠠᠷ ᠲᠠᠬᠢᠨ ᠴᠣᠭ᠍ᠴᠠᠯᠠᠵᠤ᠂ ᠦᠨᠳᠦᠰᠦᠨ᠎ᠡᠴᠡ ᠨᠢ ᠰᠠᠢᠵᠢᠷᠠᠭᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃

ᠱ᠌ᠢ᠎ᠲᠡᠶ ᠹᠸᠩ᠂ ᠬᠥᠭ᠌ᠵᠢᠯ ᠪᠠᠳᠠᠷᠠᠯ᠎ᠲᠠᠶ ᠴᠠᠭ ᠦᠶ᠎ᠡ ᠲᠤᠬᠢᠶᠠᠯᠲᠤᠭᠰᠠᠠ ᠳ᠋ᠤ ᠪᠠᠶᠠᠷᠯᠠᠵᠤ᠂ ᠬᠥᠭ᠌ᠵᠢᠯ ᠪᠠᠳᠠᠷᠠᠯ᠎ᠲᠠᠶ ᠴᠠᠭ ᠦᠶ᠎ᠡ᠎ᠳᠦ ᠣᠰᠣᠯᠳᠠᠵᠦ ᠦᠯᠦ ᠪᠤᠯᠤᠨ᠎ᠠ ; ᠡᠭᠦᠷᠭᠡ ᠬᠠᠷᠢᠭᠤᠴᠠᠯᠭ᠎ᠠ ᠮᠥᠷᠥᠨ ᠳᠡᠭᠡᠷ᠎ᠡ ᠪᠠᠢᠨ᠎ᠠ᠂ ᠡᠭᠦᠷᠭᠡ ᠬᠠᠷᠢᠭᠤᠴᠠᠯᠭ᠎ᠠ᠎ᠪᠠᠨ ᠭᠤᠲᠤᠭᠠᠵᠦ ᠦᠯᠦ ᠪᠤᠯᠤᠨ᠎ᠠ᠃ ᠪᠢᠳᠡ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠨᠠᠮ ᠪᠠᠢᠭᠤᠯᠤᠬᠰᠠᠨ ᠠᠭᠤᠤ ᠶᠡᠬᠡ᠎ᠵᠣᠷᠢᠭ᠎ᠰᠠᠨᠠᠭ᠎ᠠ᠎ᠶ᠋ᠢ᠎ᠶᠡᠬᠡ᠎ᠪᠡᠷ᠎ᠪᠠᠳᠠᠷᠠᠭᠤᠯᠵᠤ᠂᠎ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠷᠡᠮᠡᠬᠡᠢᠯᠡᠨ ᠤᠷᠤᠭ᠍ᠰᠢᠯᠠᠵᠤ᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍᠂ ᠲᠡᠮᠡᠴᠡᠯ᠎ᠢᠶᠡᠷ ᠵᠢᠡᠨ ᠭᠣᠢᠳᠠ ᠰᠠᠢᠬᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠵᠦ᠍᠂ ᠪᠣᠳᠠᠲᠠᠢ ᠠᠵᠢᠯᠯᠠᠭ᠎ᠠ᠎ᠪᠠᠷ᠎ᠢᠶᠠᠨ ᠰᠠᠢ᠌ᠨ ᠰᠠᠢᠬᠠᠨ ᠢᠷᠡᠭᠡᠳᠦᠢ᠎ᠶ᠋ᠢ ᠴᠣᠭ᠍ᠴᠠᠯᠠᠵᠤ᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠵᠤ᠂ ᠨᠡᠩ ᠢᠲᠡᠭᠡᠯ ᠲᠡᠭᠦᠯᠳᠡᠷ᠂ ᠨᠡᠩ ᠢᠳᠡᠷᠭᠡᠭ ᠠᠯᠬᠤᠭ᠎ᠠ ᠪᠡᠷ ᠵᠢᠡᠨ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠶ᠋ᠢᠨ ᠵᠠᠮ᠎ᠢᠶᠠᠷ ᠰᠠᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃

ᠶᠡᠬᠡ ᠬᠤᠷᠠᠯ ᠨᠢ ᠰᠦᠷ ᠵᠢᠪᠬᠤᠭᠠᠲᠠᠢ 《ᠢᠨᠲ᠋ᠧᠷᠨᠠᠼᠢᠣᠨᠠᠯ᠎ᠤᠨ ᠳᠠᠭᠤᠤ》 ᠵᠢᠨ  ᠳᠤᠮᠳᠠ ᠠᠮᠵᠢᠯᠲᠠ᠎ᠲᠠᠶ ᠲᠡᠭᠦᠰᠴᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号