ᠱᠢᠲᠡᠢ ᠹᠧᠩ ᠢ᠋ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠱᠦᠵᠢ ᠪᠡᠷ ᠰᠣᠩᠭᠣᠵᠤ᠂ ᠸᠠᠩ ᠯᠢ ᠱᠢᠶᠠ᠂ ᠮᠧᠩ ᠹᠠᠨ ᠯᠢ ᠵᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠳᠡᠳ᠋ ᠱᠦᠵᠢ ᠪᠡᠷ ᠰᠣᠩᠭᠣᠵᠤ᠂ ᠱᠢᠲᠡᠢ ᠹᠧᠩ᠂ ᠸᠠᠩ ᠯᠢ ᠱᠢᠶᠠ᠂ ᠮᠧᠩ ᠹᠠᠨ ᠯᠢ ᠂ ᠯᠢᠦ ᠱᠤᠸᠠᠩ᠂ ᠶᠠᠩ ᠸᠧᠢ ᠳ᠋ᠦᠩ᠂ ᠪᠦᠦ ᠭᠠᠩ᠂ ᠵᠧᠩ ᠬᠣᠩ ᠹᠠᠨ᠂ ᠳ᠋ᠢᠩ ᠱᠢᠦ ᠹᠧᠩ᠂ ᠮᠧᠩ ᠱᠢᠶᠠᠨ ᠳ᠋ᠦᠩ᠂ ᠶᠠᠩ ᠰᠢᠶᠤᠤ ᠺᠠᠩ᠂ ᠬᠤᠸᠠᠩ ᡁᠢ ᠴᠢᠶᠠᠩ᠂ ᠬᠦᠤᠳᠠᠭᠤᠯᠠ᠂ ᠢᠦᠢ ᠯᠢ ᠱᠢᠨ ᠢ᠋ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠪᠠᠢᠩᠭᠤ ᠵᠢᠨ ᠭᠡᠱᠢᠭᠦᠨ ᠵᠢᠡᠷ ᠰᠤᠩᠭᠤᠪᠠ
ᠱᠢᠲᠡᠢ ᠹᠧᠩ ᠬᠤᠷᠠᠯᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ

11 ᠰᠠᠷ᠎ᠠ ᠵᠢᠨ 30 ᠤ᠋ ᠦᠳᠡᠶ᠋ᠢᠨ ᠬᠣᠢᠨ᠎ᠠ᠂ ᠳᠤᠮᠳᠠᠳᠤ ᠤᠯᠤᠰᠤᠨ ᠡᠪ ᠬᠠᠮᠲᠤ ᠨᠠᠮᠤᠨ ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠠᠷᠪᠠᠨ ᠨᠢᠭᠡᠳᠦᠭᠡᠷ ᠬᠤᠭᠤᠴᠠᠭᠠᠨ ᠤ᠋ ᠬᠤᠷᠢᠶ᠎ᠠ ᠠᠩᠬᠠᠳᠤᠭᠠᠷ ᠪᠦᠬᠦᠳᠡ ᠬᠤᠷᠠᠯ ᠬᠤᠷᠠᠯᠳᠤᠭᠤᠯᠪᠠ᠃ ᠬᠤᠷᠡᠯ ᠡᠴᠠ ᠦᠪᠡᠷᠳᠡᠭᠡᠨ ᠵᠠᠰᠠᠬᠤ ᠤᠷᠤᠨᠤ ᠠᠷᠪᠡᠨ ᠨᠢᠭᠡᠳᠦᠭᠡᠷ ᠬᠤᠭᠤᠴᠠᠭᠠᠨ ᠤ᠋ ᠨᠠᠮ ᠤ᠋ᠨ ᠬᠣᠷᠢᠶ᠎ᠠ ᠵᠢᠨ ᠪᠠᠢᠩᠭᠤ ᠵᠢᠨ ᠭᠡᠱᠢᠭᠦᠨ᠂ ᠱᠦᠵᠢ᠂ ᠳᠡᠳ᠋ ᠱᠦᠵᠢᠵᠢ ᠰᠤᠡᠭᠭᠤᠪᠠ᠃ ᠱᠢᠲᠡᠢ ᠹᠧᠩ (ᠵᠡᠭᠦᠨ ᠡᠴᠡ ᠲᠤᠯᠤᠳᠤᠭᠠᠷ) ᠢ᠋ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠱᠦᠵᠢ ᠪᠡᠷ ᠰᠣᠩᠭᠣᠵᠤ᠂ ᠸᠠᠩ ᠯᠢ ᠱᠢᠶᠠ (ᠪᠠᠷᠠᠭᠤᠨ ᠡᠴᠡ ᠵᠢᠷᠭᠤᠳᠤᠭᠠᠷ) ᠂ ᠮᠧᠩ ᠹᠠᠨ ᠯᠢ (ᠵᠡᠭᠦᠨ ᠡᠴᠡ ᠵᠢᠷᠭᠤᠳᠤᠭᠠᠷ) ᠵᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠳᠡᠳ᠋ ᠱᠦᠵᠢ ᠪᠡᠷ ᠰᠣᠩᠭᠣᠵᠤ᠂ ᠯᠢᠦ ᠱᠤᠸᠠᠩ(ᠪᠠᠷᠠᠭᠤᠨ ᠡᠴᠡ ᠲᠠᠪᠤᠳᠤᠭᠠᠷ)᠂ ᠶᠠᠩ ᠸᠧᠢ ᠳ᠋ᠦᠩ(ᠵᠡᠭᠦᠨ ᠡᠴᠡ ᠲᠠᠪᠤᠳᠤᠭᠠᠷ) ᠂ ᠪᠦᠦ ᠭᠠᠩ(ᠪᠠᠷᠠᠭᠤᠨ ᠡᠴᠡ ᠲᠦᠷᠪᠡᠳᠦᠭᠡᠷ) ᠂ ᠵᠧᠩ ᠬᠣᠩ ᠹᠠᠨ(ᠵᠡᠭᠦᠨ ᠡᠴᠡ ᠲᠦᠷᠪᠡᠳᠦᠭᠡᠷ) ᠂ ᠳ᠋ᠢᠩ ᠱᠢᠦ ᠹᠧᠩ (ᠪᠠᠷᠠᠭᠤᠨ ᠡᠴᠡ ᠭᠤᠷᠪᠠᠳᠤᠭᠠᠷ)᠂ ᠮᠧᠩ ᠱᠢᠶᠠᠨ ᠳ᠋ᠦᠩ (ᠵᠡᠭᠦᠨ ᠡᠴᠡ ᠭᠤᠷᠪᠠᠳᠤᠭᠠᠷ)᠂ ᠶᠠᠩ ᠰᠢᠶᠤᠤ ᠺᠠᠩ (ᠪᠠᠷᠠᠭᠤᠨ ᠡᠴᠡ ᠬᠤᠶᠠᠳᠤᠭᠠᠷ)᠂ ᠬᠤᠸᠠᠩ ᡁᠢ ᠴᠢᠶᠠᠩ (ᠵᠡᠭᠦᠨ ᠡᠴᠡ ᠬᠤᠶᠠᠳᠤᠭᠠᠷ)᠂ ᠬᠦᠤᠳᠠᠭᠤᠯᠠ (ᠪᠠᠷᠠᠭᠤᠨ ᠡᠴᠡ ᠨᠢᠭᠡᠳᠦᠭᠡᠷ) ᠂ ᠢᠦᠢ ᠯᠢ ᠱᠢᠨ(ᠵᠡᠭᠦᠨ ᠡᠴᠡ ᠨᠢᠭᠡᠳᠦᠭᠡᠷ) ᠢ᠋ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠪᠠᠢᠩᠭᠤ ᠵᠢᠨ ᠭᠡᠱᠢᠭᠦᠨ ᠵᠢᠡᠷ ᠰᠤᠩᠭᠤᠪᠠ᠃
ᠰᠤᠷᠪᠤᠯᠵᠢᠯᠠᠭ᠍ᠴᠢ ᠶᠤᠸᠠᠨ ᠶᠦᠩ ᠬᠣᠩ ᠰᠡᠭᠦᠳᠡᠷᠯᠡᠪᠡ
11 ᠰᠠᠷ᠎ᠠ ᠵᠢᠨ 30 ᠤ᠋ ᠦᠳᠡ ᠵᠢᠨ ᠬᠣᠢᠨ᠎ᠠ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠬᠤᠭᠤᠴᠠᠭᠠᠨᠤ᠋ᠬᠣᠷᠢᠢᠠ ᠵᠢᠨ ᠠᠩᠬᠠᠳᠤᠭᠠᠷ ᠪᠦᠭᠦᠳᠡ ᠬᠤᠷᠠᠯ ᠬᠥᠬᠡᠬᠣᠲᠠ ᠳ᠋ᠤ ᠬᠤᠷᠠᠯᠳᠤᠪᠠ᠃
ᠱᠢᠲᠡᠢ ᠹᠧᠩ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮᠤ᠋ᠨᠲᠥᠯᠥᠭᠡᠯᠡᠭᠴᠢᠳᠦ᠋ᠨᠶᠡᠬᠡᠬᠤᠷᠠᠯᠤ᠋ᠨ ᠲᠡᠷᠢᠭᠦᠯᠡᠭᠴᠢᠳᠦ᠋ᠨ ᠪᠦᠯᠬᠦᠮᠦ᠋ᠨ ᠨᠠᠢᠳᠠᠯᠭ᠎ᠠ ᠪᠡᠷᠬᠤᠷᠠᠯᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠨᠠᠮ ᠤ᠋ᠨ ᠬᠣᠷᠢᠶ᠎ᠠ ᠵᠢᠨ ᠭᠡᠱᠢᠭᠦᠨ᠂ ᠣᠷᠣᠯᠠᠭᠴᠢ ᠭᠡᠱᠢᠭᠦᠨ ᠬᠤᠷᠠᠯ ᠳ᠋ᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠭᠡᠱᠢᠭᠦᠨ ᠬᠤᠷᠠᠯ ᠳ᠋ᠤ ᠰᠤᠯᠠ ᠣᠷᠣᠯᠴᠠᠪᠠ᠃
ᠪᠦᠭᠦᠳᠡ ᠬᠤᠷᠠᠯ ᠡᠴᠡ᠂ 《ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠬᠣᠷᠢᠢ᠎ᠠ ᠵᠢᠨ ᠠᠩᠬᠠᠳᠤᠭᠠᠷ ᠪᠦᠭᠦᠳᠡ ᠬᠤᠷᠠᠯ ᠤ᠋ᠨ ᠰᠣᠩᠭᠣᠭᠤᠯᠢ ᠵᠢᠨ ᠠᠷᠭ᠎ᠠ》 ᠪᠣᠯᠤᠨ ᠪᠢᠯᠧᠲ ᠬᠢᠨᠠᠭᠴᠢ ᠵᠢᠨ ᠨᠡᠷᠡᠰ ᠢ᠋ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠨᠠᠮ ᠤ᠋ᠨ ᠬᠣᠷᠢᠢ᠎ᠠ ᠵᠢᠨ ᠪᠠᠢᠩᠭᠤ ᠵᠢᠨ ᠬᠣᠷᠢᠢ᠎ᠠ ᠵᠢᠨ ᠭᠡᠱᠢᠭᠦᠨ ᠪᠣᠯᠤᠨ ᠱᠦᠵᠢ᠂ ᠳᠡᠳ᠋ ᠱᠦᠵᠢ ᠵᠢ ᠰᠣᠩᠭᠣᠨ ᠭᠠᠷᠭᠠᠪᠠ ᠃
ᠪᠦᠭᠦᠳᠡ ᠬᠤᠷᠠᠯ ᠡᠴᠡ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠠᠩᠬᠠᠳᠤᠭᠠᠷ ᠪᠦᠭᠦᠳᠡ ᠬᠤᠷᠠᠯ ᠤ᠋ᠨ ᠰᠣᠩᠭᠣᠭᠤᠯᠢ ᠵᠢᠨ ᠦᠷ᠎ᠡ ᠳ᠋ᠦᠩᠦ᠋ᠨ ᠮᠡᠳᠡᠭᠦᠯᠦᠯᠳᠡ ᠵᠢ ᠪᠠᠳᠤᠯᠠᠪᠠ᠃
ᠱᠢᠨ᠎ᠡ ᠪᠡᠷ ᠰᠣᠩᠭᠣᠭᠳᠠᠭᠰᠠᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠢ᠎ᠠ ᠵᠢᠨ ᠱᠦᠵᠢ ᠱᠢᠲᠡᠢ ᠹᠧᠩ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳᠦ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠢ᠎ᠠ ᠵᠢᠨ ᠤᠳᠤᠷᠢᠳᠬᠤ ᠪᠠᠭ ᠤ᠋ᠨ ᠪᠠᠢᠭᠤᠯᠤᠯᠲᠠ ᠵᠢ ᠪᠦᠬᠦ ᠲᠠᠯ᠎ᠠ ᠪᠡᠷ ᠴᠢᠩᠭᠠᠳᠭᠠᠬᠤ ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳᠦ᠋ᠨ ᠶᠡᠬᠡ ᠬᠤᠷᠠᠯ ᠡᠴᠡ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠱᠢᠨ᠎ᠡ ᠠᠶᠠᠨ ᠳ᠋ᠤ ᠥᠪᠥᠷ ᠮᠣᠩᠭᠣᠯ ᠤ᠋ᠨ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠵᠢ ᠭᠦᠨᠵᠡᠭᠡᠢ ᠲᠣᠳᠣᠷᠬᠠᠢᠯᠠᠨ ᠥᠭᠦᠯᠡᠵᠦ᠂ 《ᠬᠣᠶᠠᠳᠤᠭᠠᠷ ᠵᠠᠭᠤᠨ ᠵᠢᠯ》 ᠲᠠᠢᠰᠢ ᠤᠷᠤᠭᠰᠢᠯᠠᠬᠤ ᠡᠬᠢᠯᠡᠯᠲᠡ ᠵᠢᠨ ᠱᠠᠲᠤᠨ ᠤ᠋ ᠬᠠᠷᠠᠯᠲᠠ ᠡᠭᠦᠷᠭᠡ ᠵᠢ ᠲᠣᠳᠣᠷᠬᠠᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ᠋ ᠬᠣᠢᠱᠢᠳᠠ ᠵᠢᠨ ᠲᠠᠪᠤᠨ ᠵᠢᠯᠦ᠋ᠨ ᠬᠥᠭᠵᠢᠯᠲᠡ ᠵᠢᠨ ᠵᠢᠷᠤᠭ ᠲᠥᠯᠥᠪᠯᠡᠭᠡ ᠵᠢ ᠵᠢᠷᠤᠭᠯᠠᠵᠠᠢ᠃ ᠱᠢᠨ᠎ᠡ ᠨᠢᠭᠡ ᠬᠤᠭᠤᠴᠠᠭᠠᠨ ᠤ᠋ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠢ᠎ᠠ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠤᠯᠤᠰᠲᠥᠷᠥᠵᠢᠨᠬᠠᠷᠢᠭᠤᠴᠠᠯᠭᠠᠪᠠᠨᠦᠨᠡᠨ ᠬᠦ᠌ ᠭᠦᠢᠴᠡᠳᠭᠡᠵᠦ᠂ ᠡᠭᠦᠷᠢᠳᠡ ᠬᠣᠢᠷᠭᠣᠱᠢᠬᠤ ᠦᠭᠡᠢ ᠣᠶᠤᠨ ᠰᠠᠨᠠᠭᠠᠨ ᠤ᠋ ᠳᠦᠷᠰᠦ ᠪᠠᠢᠳᠠᠯ ᠪᠣᠯᠤᠨ ᠴᠤᠴᠠᠯᠲᠠ ᠦᠭᠡᠢ ᠲᠡᠮᠡᠴᠡᠬᠦ ᠣᠪᠣᠷ ᠪᠠᠢᠳᠠᠯ ᠢ᠋ᠶ᠋ᠠᠷ ᠶᠡᠬᠡ ᠬᠤᠷᠠᠯ ᠡᠴᠡ ᠲᠣᠭᠲᠠᠭᠠᠭᠰᠠᠨ ᠡᠯ᠎ᠡ ᠵᠦᠢᠯᠦ᠋ᠨ ᠬᠠᠷᠠᠯᠲᠠ ᠡᠭᠦᠷᠭᠡ ᠵᠢ ᠪᠦᠬᠦ ᠬᠦᠴᠦᠨ ᠢ᠋ᠶ᠋ᠡᠷ ᠢ᠋ᠶ᠋ᠡᠨ ᠪᠡᠶᠡᠯᠡᠭᠦᠯᠵᠦ᠂ ᠨᠠᠮ ᠪᠣᠯᠤᠨ ᠠᠷᠠᠳ ᠲᠦᠮᠡᠨ ᠳ᠋ᠤ ᠬᠠᠨᠤᠮᠵᠢᠳᠠᠢ ᠪᠦᠭᠡᠳ ᠬᠢᠷᠢ ᠲᠡᠩᠴᠡᠭᠰᠡᠨ ᠬᠠᠷᠢᠭᠤᠯᠲᠠ ᠵᠢᠨ ᠬᠠᠭᠤᠳᠠᠰᠤ ᠵᠢ ᠲᠤᠱᠢᠶᠠᠬᠤ ᠪᠡᠷ ᠴᠢᠷᠮᠠᠢᠬᠤ ᠬᠡᠷᠡᠭᠲᠡᠢ ᠭᠡᠵᠦ ᠬᠡᠯᠡᠪᠡ ᠃
ᠱᠢᠲᠡᠢ ᠹᠧᠩ᠂ ᠬᠠᠷᠢᠴᠠᠯᠠᠱᠢᠭᠦᠢ ᠦᠨᠡᠨᠴᠢ ᠱᠢᠳᠤᠷᠭᠤ ᠤᠯᠤᠰ ᠲᠥᠷᠥ ᠵᠢᠨ ᠬᠡᠪ ᠰᠤᠷᠲᠠᠯ ᠢ᠋ ᠢᠮᠠᠭᠲᠠ ᠪᠠᠷᠢᠮᠲᠠᠯᠠᠵᠤ᠂ 《ᠬᠣᠶᠠᠷ ᠢ᠋ ᠲᠣᠭᠲᠠᠭᠠᠬᠤ》 ᠵᠢ ᠦᠨᠡᠨᠴᠢ ᠪᠡᠷ ᠬᠦᠷᠢᠶᠡᠯᠡᠵᠦ᠂ 《 ᠬᠣᠶᠠᠷ ᠢ᠋ ᠬᠠᠮᠠᠭᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ᠃ 《 ᠬᠣᠶᠠᠷ ᠢ᠋ ᠲᠣᠭᠲᠠᠭᠠᠬᠤ》 ᠵᠢᠨ ᠱᠢᠢᠳᠪᠦᠷᠢᠯᠡᠭᠴᠢ ᠠᠴᠢ ᠬᠣᠯᠪᠣᠭᠳᠠᠯ ᠪᠣᠯᠤᠨ ᠦᠢᠯᠡᠳᠦᠯᠭᠡᠲᠦ ᠴᠢᠨᠠᠷ ᠤ᠋ᠨ ᠱᠠᠭᠠᠷᠳᠠᠯᠭ᠎ᠠ ᠵᠢ ᠰᠡᠳᠭᠢᠯ ᠵᠢᠷᠦᠬᠡᠨᠳ᠋ᠡᠭᠡᠨ ᠠᠭᠤᠰᠬᠠᠵᠤ᠂ ᠦᠢᠯᠡ ᠠᠵᠢᠯᠯᠠᠭᠠᠳ᠋ᠠᠭᠠᠨ ᠱᠢᠩᠭᠡᠭᠡᠨ᠂ 《ᠬᠣᠶᠠᠷ ᠢ᠋ ᠬᠠᠮᠠᠭᠠᠯᠠᠬᠤ》 ᠵᠢ ᠡᠷᠡᠰ ᠪᠡᠶᠡᠯᠡᠭᠦᠯᠬᠦ ᠪᠡᠷ ᠬᠠᠮᠤᠭ ᠤ᠋ᠨ ᠳᠡᠭᠡᠳᠦ ᠤᠯᠤᠰ ᠲᠥᠷᠥ ᠵᠢᠨ ᠱᠠᠭᠠᠷᠳᠠᠯᠭ᠎ᠠ᠂ ᠬᠠᠮᠤᠭ ᠤ᠋ᠨ ᠳᠡᠭᠡᠳᠦ ᠤᠯᠤᠰ ᠲᠥᠷᠥ ᠵᠢᠨ ᠰᠠᠬᠢᠯᠭ᠎ᠠ ᠪᠠᠲᠤ ᠪᠣᠯᠭᠠᠵᠤ᠂ ᠶᠡᠷᠦᠩᠬᠡᠢ ᠱᠦᠵᠢ ᠱ᠋ᠢ ᠵᠢᠨ ᠫᠢᠩ ᠤ᠋ᠨ ᠥᠪᠥᠷ ᠮᠣᠩᠭᠣᠯᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠡᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠱ᠋ᠢ ᠵᠢᠨ ᠫᠢᠩᠦ᠋ᠨ ᠵᠢᠭᠠᠭᠰᠠᠨ ᠴᠢᠭᠯᠡᠯ ᠵᠢᠡᠷ ᠴᠤᠴᠠᠯᠳᠠ ᠥᠬᠡᠢ ᠤᠷᠤᠭᠱᠢᠯᠠᠵᠤ᠂ ᠡᠴᠦᠰ ᠲᠤᠨᠢ ᠲᠤᠯᠲᠠᠯ᠎ᠠ ᠬᠢᠬᠦ ᠵᠢ ᠭᠤᠢᠪᠢᠰᠢ ᠦᠭᠡᠢ ᠪᠠᠷᠢᠮᠳᠠᠯᠠᠨ᠂ ᠨᠠᠮ ᠤ᠋ᠨ ᠲᠥᠪ ᠬᠣᠷᠢᠶ᠎ᠠ ᠵᠢᠨ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠵᠢ ᠥᠪᠥᠷ ᠮᠣᠩᠭᠣᠯ ᠳ᠋ᠤ ᠬᠦᠴᠦᠲᠡᠢ ᠪᠥᠭᠡᠳ ᠪᠦᠲᠦᠮᠵᠢᠲᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃
ᠱᠢᠲᠡᠢ ᠹᠧᠩ᠂ ᠠᠷᠠᠳ ᠤ᠋ᠨ ᠲᠥᠯᠥᠭᠡ ᠵᠢᠳᠭᠦᠬᠦ ᠦᠨᠡᠨᠴᠢ ᠪᠣᠷᠣᠭᠵᠢᠭᠤᠨ ᠬᠠᠢᠷ᠎ᠠ ᠰᠡᠳᠭᠢᠯᠭᠡ ᠵᠢ ᠢᠮᠠᠭᠲᠠ ᠪᠠᠷᠢᠮᠲᠠᠯᠠᠵᠤ᠂ ᠨᠠᠮ ᠤ᠋ᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠤᠨ ᠦᠨᠳᠦᠰᠦᠨ ᠵᠣᠷᠢᠯᠲᠠ ᠵᠢ ᠭᠤᠢᠪᠢᠱᠢ ᠦᠭᠡᠢ ᠦᠢᠯᠡᠳᠦᠯᠭᠡᠵᠢᠭᠦᠯᠬᠦ ᠬᠡᠷᠡᠭᠲᠡᠢ᠃ ᠠᠷᠠᠳ ᠲᠦᠮᠡᠨ ᠢ᠋ ᠳᠡᠭᠡᠳᠦᠯᠡᠬᠦ ᠵᠢ ᠪᠠᠷᠢᠮᠲᠠᠯᠠᠵᠤ᠂ ᠠᠷᠠᠳ ᠲᠦᠮᠡᠨᠳ᠋ᠦ᠍ ᠪᠤᠶᠠᠨ ᠦᠢᠯᠡᠳᠬᠦ ᠵᠢ ᠬᠠᠮᠤᠭ ᠤ᠋ᠨ ᠴᠢᠬᠤᠯᠠ ᠠᠯᠪᠠᠨ ᠠᠮᠵᠢᠯᠳᠠ᠂ ᠬᠠᠮᠤᠭ ᠤ᠋ᠨ ᠦᠨᠳᠦᠰᠦᠨ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠠᠷᠠᠳ ᠤ᠋ᠨ ᠠᠮᠢᠳᠤᠷᠠᠯ ᠤ᠋ᠨ ᠪᠠᠲᠤᠯᠠᠭ᠎ᠠ ᠵᠢ ᠣᠨᠢᠨ ᠳᠡᠭᠡᠷ᠎ᠡ ᠨᠢ ᠪᠠᠢᠯᠭᠠᠵᠤ᠂ ᠣᠯᠠᠨ ᠨᠡᠢᠲᠡ ᠵᠢᠨ ᠦᠢᠯᠡᠴᠢᠯᠡᠭᠡ ᠵᠢ ᠠᠳᠠᠯᠢ ᠲᠡᠭᠱᠢ ᠪᠣᠯᠭᠠᠵᠤ᠂ ᠨᠡᠢᠭᠡᠮᠦ᠋ᠨ ᠵᠠᠰᠠᠯᠲᠠ ᠵᠢᠨ ᠣᠳᠣᠬᠢᠴᠢᠯᠠᠯᠲᠠ ᠵᠢᠨ ᠲᠦᠪᠱᠢᠨ ᠢ᠋ ᠲᠠᠰᠤᠷᠠᠯᠲᠠ ᠦᠭᠡᠢ ᠳᠡᠭᠡᠭᠱᠢᠯᠡᠭᠦᠯᠬᠦ ᠬᠡᠷᠡᠭᠲᠡᠢ ᠃
ᠠᠷᠠᠳ ᠲᠦᠮᠡᠨᠯᠦᠭᠡ ᠵᠢᠨ ᠮᠢᠬ᠎ᠠ ᠴᠢᠰᠤᠨ ᠤ᠋ ᠪᠠᠷᠢᠯᠳᠤᠯᠭ᠎ᠠ ᠵᠢ ᠢᠮᠠᠭᠳᠠ ᠪᠠᠷᠢᠮᠲᠠᠯᠠᠵᠤ᠂ ᠣᠯᠠᠨ ᠲᠦᠮᠡᠨᠦ᠌ ᠪᠠᠴᠢᠮ ᠬᠦᠴᠢᠷ ᠵᠣᠪᠠᠨᠢᠯ ᠬᠦᠰᠡᠯᠦ᠋ᠨ ᠠᠰᠠᠭᠤᠳᠠᠯ ᠢ᠋ ᠱᠢᠢᠳᠪᠦᠷᠢᠯᠡᠬᠦ ᠵᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠠᠷᠠᠳ ᠤ᠋ᠨ ᠠᠮᠢᠳᠤᠷᠠᠯ ᠤ᠋ᠨ ᠬᠦᠴᠢᠷ ᠲᠦᠪᠡᠭ ᠲᠡᠢ ᠠᠰᠠᠭᠤᠳᠠᠯ ᠢ᠋ ᠱᠢᠢᠳᠪᠦᠷᠢᠯᠡᠬᠦ ᠵᠢ ᠴᠢᠬᠤᠯᠠ ᠡᠭᠦᠷᠭᠡᠪᠡᠨ ᠪᠣᠯᠭᠠᠵᠤ᠂ ᠦᠨᠡᠨᠰᠡᠳᠭᠢᠯᠡᠴᠡᠪᠡᠨ ᠣᠯᠠᠨ ᠲᠦᠮᠡᠨ ᠢ᠋ ᠬᠦᠨᠳᠦᠳᠭᠡᠵᠦ᠂ ᠣᠯᠠᠨ ᠲᠦᠮᠡᠨ ᠢ᠋ ᠬᠠᠢᠷᠠᠯᠠᠵᠤ᠂ ᠣᠯᠠᠨ ᠲᠦᠮᠡᠨᠳ᠋ᠦ᠍ ᠠᠴᠢ ᠬᠠᠷᠢᠭᠤᠯᠵᠤ᠂ ᠥᠨᠢ ᠡᠭᠦᠷᠢᠳᠡ ᠦᠨᠡᠨᠴᠢ ᠱᠢᠳᠤᠷᠭᠤ ᠠᠷᠠᠳ ᠲᠦᠮᠡᠨᠦ᠌ ᠦᠢᠯᠡᠴᠢᠯᠡᠭᠴᠢ ᠪᠣᠯᠬᠤ ᠬᠡᠷᠡᠭᠲᠡᠢ ᠭᠡᠵᠤ ᠴᠢᠬᠤᠯᠠᠴᠢᠯᠠᠵᠠᠢ ᠃
ᠱᠢᠲᠡᠢ ᠹᠧᠩ᠂ ᠦᠨᠡᠨ ᠢ᠋ ᠪᠠᠷᠢᠮᠲᠠᠯᠠᠨ ᠪᠣᠳᠠᠲᠠᠢ ᠵᠢ ᠡᠷᠬᠢᠮᠯᠡᠬᠦ ᠠᠵᠢᠯ ᠤ᠋ᠨ ᠰᠤᠷᠲᠠᠯ ᠢ᠋ ᠢᠮᠠᠭᠲᠠ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ᠋ ᠣᠳᠣᠬᠢᠴᠢᠯᠠᠬᠤ ᠪᠦᠲᠦᠭᠡᠨ ᠪᠠᠢᠭᠤᠯᠤᠯᠲᠠ ᠵᠢᠨ ᠡᠯ᠎ᠡ ᠵᠦᠢᠯᠦ᠋ᠨ ᠦᠢᠯᠡᠰᠦ᠋ᠨ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠵᠢᠯ ᠬᠢᠵᠦ ᠦᠢᠯᠡᠰ ᠪᠣᠰᠭᠠᠬᠤ ᠬᠠᠷᠢᠭᠤᠴᠠᠯᠭᠠᠲᠤ ᠰᠡᠳᠭᠢᠯᠭᠡ᠂ ᠴᠠᠭ ᠪᠢᠳᠡᠨ ᠢ᠋ ᠬᠦᠯᠢᠶᠡᠬᠦ ᠦᠭᠡᠢ ᠲᠤᠯᠭᠠᠮ ᠰᠡᠳᠭᠢᠯᠭᠡ᠂ ᠤᠷᠤᠭᠱᠢᠯᠠᠬᠤ ᠦᠭᠡᠢ ᠪᠣᠯ ᠤᠬᠤᠷᠢᠬᠤ ᠳᠠᠷᠤᠯᠲᠠ ᠵᠢᠨ ᠲᠥᠷᠥᠭᠳᠡᠯ ᠢ᠋ᠶ᠋ᠡᠨ ᠴᠢᠩᠭᠠᠳᠭᠠᠵᠤ᠂ ᠲᠣᠭᠲᠠᠭᠰᠠᠨ ᠬᠠᠷᠠᠯᠲᠠ ᠳᠠᠢᠱᠢ ᠪᠠᠨ ᠯᠠᠪᠳᠠᠭᠤᠨ ᠪᠠᠲᠤᠲᠠᠢ ᠤᠷᠤᠭᠱᠢᠯᠠᠵᠤ᠂ ᠡᠯ᠎ᠡ ᠵᠦᠢᠯᠦ᠋ᠨ ᠬᠠᠷᠠᠯᠲᠠ ᠡᠭᠦᠷᠭᠡᠪᠡᠨ ᠲᠣᠭᠲᠠᠭᠰᠠᠨ ᠬᠤᠭᠤᠴᠠᠭᠠᠨ ᠳ᠋ᠤ ᠴᠢᠨᠠᠷ ᠰᠠᠢᠲᠠᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ᠃ ᠠᠰᠠᠭᠤᠳᠠᠯ ᠢ᠋ ᠢᠯᠡᠷᠡᠭᠦᠯᠬᠦ᠂ ᠠᠰᠠᠭᠤᠳᠠᠯ ᠢ᠋ ᠱᠢᠢᠳᠪᠦᠷᠢᠯᠡᠬᠦ ᠶᠠᠪᠤᠴᠠ ᠳ᠋ᠤ ᠠᠵᠢᠯ ᠤ᠋ᠨ ᠬᠠᠨᠳᠤᠯᠭᠠᠲᠤ ᠴᠢᠨᠠᠷ ᠪᠠ ᠦᠷ᠎ᠡ ᠪᠦᠲᠦᠮᠵᠢᠲᠦ ᠴᠢᠨᠠᠷ ᠢ᠋ ᠴᠢᠩᠭᠠᠳᠭᠠᠵᠤ᠂ ᠲᠣᠳᠣᠷᠬᠠᠢ ᠬᠠᠷᠠᠯᠲᠠ ᠡᠭᠦᠷᠭᠡ ᠵᠢ ᠲᠡᠷᠡ ᠳᠠᠷᠤᠢᠳ᠋ᠤᠨᠢ ᠬᠡᠷᠡᠭᠵᠢᠭᠦᠯᠵᠦ ᠂ ᠲᠣᠭᠲᠠᠭᠠᠭᠰᠠᠨ ᠬᠠᠲᠠᠭᠤ ᠶᠣᠰᠣ ᠳᠦᠷᠢᠮ ᠪᠤᠯᠤᠨ ᠶᠣᠰᠣ ᠵᠢᠷᠤᠮ ᠢ᠋ ᠦᠨᠡᠨ ᠬᠦ᠌ ᠵᠢᠷᠤᠮᠯᠠᠵᠤ᠂ ᠬᠠᠤᠯᠢ ᠰᠠᠬᠢᠯᠭ᠎ᠠ ᠵᠢ ᠵᠢᠷᠤᠮᠯᠠᠭᠰᠠᠨ ᠤᠷᠢᠳᠠᠯ ᠳᠣᠣᠷ᠎ᠠ ᠤᠴᠢᠷ ᠶᠠᠪᠤᠳᠠᠯ ᠢ᠋ ᠪᠦᠳᠦᠭᠡᠵᠤ ᠂ ᠰᠠᠢᠳᠤᠷ ᠬᠢᠵᠦ᠂ ᠰᠠᠢᠬᠠᠨ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃
ᠱᠢᠲᠡᠢ ᠹᠧᠩ᠂ ᠪᠦᠯᠬᠦᠮᠳᠡᠨ ᠲᠠᠪᠱᠢᠬᠤ ᠣᠶᠤᠨ ᠰᠠᠨᠠᠭᠠᠨ ᠤ᠋ ᠳᠦᠷᠰᠦ ᠪᠠᠢᠳᠠᠯ ᠢ᠋ ᠢᠮᠠᠭᠲᠠ ᠪᠠᠷᠢᠮᠲᠠᠯᠠᠵᠤ᠂ ᠡᠯ᠎ᠡ ᠬᠦᠷᠢᠢ᠎ᠡ ᠴᠠᠷᠠᠭ᠎ᠠ ᠵᠢᠨ ᠡᠯ᠎ᠡ ᠲᠠᠯ᠎ᠠ ᠵᠢᠨ ᠠᠵᠢᠯ ᠢ᠋ ᠱᠢᠨ᠎ᠡ ᠲᠦᠪᠱᠢᠨᠳ᠋ᠦ᠍ ᠬᠦᠷᠭᠡᠬᠦ ᠪᠡᠷ ᠴᠢᠷᠮᠠᠢᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠬᠠᠮᠲᠤ ᠪᠡᠷ ᠡᠭᠦᠷᠭᠡᠯᠡᠬᠦ᠂ ᠱᠢᠨ᠎ᠡ ᠬᠠᠭᠤᠳᠠᠰᠤ ᠵᠢ ᠬᠠᠮᠲᠤ ᠪᠡᠷ ᠪᠢᠴᠢᠭᠯᠡᠬᠦ ᠣᠯᠳᠠᠬᠤᠶ᠎ᠠ ᠪᠡᠷᠬᠡ ᠠᠵᠠ ᠲᠣᠬᠢᠶᠠᠯ ᠢ᠋ ᠬᠤᠪᠢ ᠳᠠᠬᠢᠨ ᠨᠠᠨᠳᠢᠩᠨᠠᠵᠤ᠂ ᠨᠠᠮᠴᠢ ᠴᠢᠨᠠᠷ ᠤ᠋ᠨ ᠵᠠᠷᠴᠢᠮ ᠢ᠋ ᠪᠠᠷᠢᠮᠲᠠᠯᠠᠭᠰᠠᠨ ᠰᠠᠭᠤᠷᠢᠨ ᠳᠡᠭᠡᠷ᠎ᠡ ᠪᠦᠯᠬᠦᠮᠳᠡᠯ ᠢ᠋ ᠨᠢᠮᠪᠠᠢ ᠬᠠᠮᠠᠭᠠᠯᠠᠵᠤ ᠂ ᠤᠬᠠᠮᠰᠠᠷ ᠡᠴᠡ ᠪᠠᠨ ᠪᠦᠯᠬᠦᠮᠳᠡᠯ ᠢ᠋ᠶ᠋ᠡᠨ ᠴᠢᠩᠭᠠᠳᠭᠠᠵᠤ᠂ ᠪᠦᠯᠬᠦᠮᠳᠡᠯ ᠢ᠋ᠶ᠋ᠡᠨ ᠠᠬᠢᠭᠤᠯᠬᠤ ᠵᠢ ᠳᠠᠢᠴᠢᠯᠠᠬᠤ ᠬᠡᠷᠡᠭᠲᠡᠢ᠃ ᠬᠤᠪᠢᠷᠠᠯᠲᠠ ᠵᠢ ᠲᠠᠨᠢᠵᠤ ᠬᠤᠪᠢᠷᠠᠭᠤᠯᠬᠤ ᠪᠠ ᠬᠤᠪᠢᠷᠠᠬᠤ ᠵᠢᠨ ᠳᠤᠮᠳᠠ ᠱᠢᠨ᠎ᠡ ᠵᠢ ᠡᠭᠦᠳᠬᠦ ᠵᠢ ᠪᠠᠷᠢᠮᠲᠠᠯᠠᠵᠤ᠂ ᠬᠠᠭᠤᠴᠢᠨ ᠢ᠋ ᠣᠷᠬᠢᠨ ᠱᠢᠨ᠎ᠡ ᠵᠢ ᠡᠭᠦᠳᠴᠦ ᠂ ᠪᠦᠬᠦ ᠨᠡᠢᠭᠡᠮᠦ᠋ᠨ ᠱᠢᠨ᠎ᠡ ᠵᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤ᠋ᠨ ᠬᠦᠴᠦᠨ ᠢ᠋ ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠢ᠃ ᠡᠷᠬᠡ ᠪᠣᠯ ᠬᠠᠷᠢᠭᠤᠴᠠᠯᠭ᠎ᠠ ᠮᠥᠨ᠂ ᠠᠵᠢᠯ ᠤ᠋ᠨ ᠪᠠᠢᠷᠢ ᠪᠣᠯ ᠡᠭᠦᠷᠭᠡ ᠮᠥᠨ ᠭᠡᠳᠡᠭ ᠢ᠋ ᠪᠠᠲᠤ ᠴᠡᠭᠡᠵᠢᠯᠡᠵᠦ ᠂ ᠵᠣᠷᠢᠭᠲᠠᠢ ᠪᠡᠷ ᠡᠭᠦᠷᠭᠡᠯᠡᠬᠦ ᠰᠠᠢᠨ ᠰᠠᠢᠬᠠᠨ ᠳᠦᠷᠰᠦ ᠪᠠᠢᠳᠠᠯ ᠂ ᠴᠢᠳᠠᠮᠠᠭᠠᠢ ᠪᠡᠷ ᠠᠵᠢᠯᠯᠠᠬᠤ ᠵᠢᠩᠬᠢᠨᠢ ᠴᠢᠳᠠᠪᠤᠷᠢ ᠪᠡᠷ ᠢ᠋ᠶ᠋ᠠᠨ ᠡᠯ᠎ᠡ ᠵᠦᠢᠯᠦ᠋ᠨ ᠠᠵᠢᠯ ᠤ᠋ᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠱᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃
ᠱᠢᠲᠡᠢ ᠹᠧᠩ᠂ ᠠᠷᠢᠭᠤᠨ ᠴᠢᠬᠡᠴᠢ ᠤᠯᠤᠰ ᠲᠥᠷᠥ ᠵᠢᠨ ᠣᠣᠷ ᠴᠢᠨᠠᠷ ᠵ᠋ ᠢᠮᠠᠭᠲᠠ ᠪᠠᠷᠢᠮᠲᠠᠯᠠᠵᠤ ᠂ ᠤᠬᠠᠮᠰᠠᠷ ᠡᠴᠡ ᠪᠠᠨ ᠲᠥᠪ ᠰᠤᠷᠲᠠᠯ ᠳᠠᠢ᠂ ᠠᠷᠢᠭᠤᠨ ᠴᠢᠬᠡᠴᠢ ᠵᠢᠨ ᠬᠡᠪ ᠳᠠᠭᠤᠷᠢᠶᠠᠯ ᠪᠣᠯᠬᠤ ᠬᠡᠷᠡᠭᠲᠡᠢ ᠃ 《ᠱᠢᠨ᠎ᠡ ᠪᠠᠢᠳᠠᠯ ᠳᠣᠣᠷᠠᠬᠢ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠲᠤᠬᠠᠢ ᠪᠠᠷᠢᠮᠵᠢᠶᠠᠨᠤᠭᠤᠳ》 ᠢ᠋ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ᠡᠯᠡᠵᠦᠢᠯᠦ᠋ᠨᠬᠢᠨᠠᠯᠲᠠᠲᠠᠯᠪᠢᠬᠤᠳᠦᠷᠢᠮᠢ᠋ ᠳᠠᠢᠴᠢᠯᠠᠨ ᠬᠡᠷᠡᠭᠵᠢᠭᠦᠯᠵᠦ᠂ ᠠᠷᠢᠭᠤᠨ ᠴᠢᠬᠡᠴᠢ ᠪᠡᠷ ᠪᠡᠶᠡᠪᠡᠨ ᠪᠠᠷᠢᠬᠤ ᠪᠠᠷᠢᠮᠵᠢᠶ᠎ᠠ ᠵᠢ ᠤᠬᠠᠮᠰᠠᠷ ᠡᠴᠡ ᠪᠠᠨ ᠲᠤᠭᠤᠱᠢᠯᠠᠭᠤᠯᠵᠤ᠂ ᠲᠥᠪ ᠬᠣᠷᠢᠶᠠᠨ ᠤ᠋ ᠨᠠᠢ᠍ᠮᠠᠨ ᠲᠣᠭᠲᠠᠭᠠᠯ ᠤ᠋ᠨ ᠵᠣᠷᠢᠭ ᠰᠠᠨᠠᠭ᠎ᠠ ᠵᠢ ᠴᠢᠩᠭ᠎ᠠ ᠰᠠᠬᠢᠵᠤ᠂ ᠡᠷᠬᠡᠪᠡᠨ ᠲᠥᠪ ᠭᠣᠣᠯᠴᠢ᠂ ᠬᠠᠤᠯᠢ ᠶᠣᠰᠣᠭᠠᠷ᠂ ᠠᠷᠢᠭᠤᠨ ᠴᠢᠬᠡᠴᠢ ᠪᠡᠷ ᠬᠡᠷᠡᠭᠯᠡᠬᠦ ᠵᠢ ᠪᠡᠶᠡᠯᠡᠭᠦᠯᠬᠦ ᠬᠡᠷᠡᠭᠲᠡᠢ᠃ ᠨᠠᠮ ᠢ᠋ ᠬᠠᠮᠢᠶᠠᠷᠴᠤ ᠨᠠᠮ ᠢ᠋ ᠵᠠᠰᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠢᠯᠵᠡᠷᠡᠯ ᠢ᠋ ᠴᠢᠩᠭ᠎ᠠ ᠱᠢᠢᠳᠭᠡᠬᠦ 《ᠱᠤᠷᠠᠭ》 ᠢ᠋ ᠨᠡᠩ ᠴᠢᠩᠭ᠎ᠠ ᠮᠤᠰᠭᠢᠵᠤ᠂ 《ᠭᠤᠷᠪᠠᠨ ᠦᠯᠦ》 ᠵᠢ ᠨᠢᠭᠡ ᠴᠤᠭᠴᠠ ᠪᠡᠷ ᠠᠬᠢᠭᠤᠯᠬᠤ ᠪᠦᠭᠡᠮᠨᠡᠷᠡᠯ ᠦᠢᠯᠡᠳᠦᠯ ᠢ᠋ ᠨᠡᠩ ᠭᠦᠢᠴᠡᠳ ᠪᠠᠳᠠᠷᠠᠭᠤᠯᠵᠤ᠂ ᠪᠦᠬᠦ ᠣᠷᠣᠨ ᠤ᠋ ᠤᠯᠤᠰ ᠲᠥᠷᠥ ᠵᠢᠨ ᠠᠮᠢ ᠠᠬᠤᠢ ᠵᠢ ᠪᠦᠬᠦ ᠲᠠᠯ᠎ᠠ ᠪᠡᠷ ᠳᠠᠬᠢᠨ ᠴᠣᠭᠴᠠᠯᠠᠵᠤ᠂ ᠦᠨᠳᠦᠰᠦᠨᠡᠴᠡ ᠨᠢ ᠰᠠᠢᠵᠢᠷᠠᠭᠤᠯᠬᠤ ᠵᠢ ᠲᠦᠷᠭᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠱᠢᠲᠡᠢ ᠹᠧᠩ ᠬᠠᠮᠤᠭ ᠤ᠋ᠨ ᠰᠡᠭᠦᠯᠳ᠋ᠦ᠍᠂ ᠱᠢᠨ᠎ᠡ ᠤᠳᠤᠷᠢᠳᠬᠤ ᠪᠠᠭ ᠱᠢᠨ᠎ᠡ ᠳᠦᠷᠰᠦ ᠪᠠᠢᠳᠠᠯ ᠳᠠᠢ ᠪᠠᠢᠬᠤ ᠬᠡᠷᠡᠭᠲᠡᠢ᠂ ᠱᠢᠨ᠎ᠡ ᠠᠶᠠᠨ ᠳ᠋ᠤ ᠱᠢᠨ᠎ᠡ ᠵᠢᠳᠭᠦᠯ ᠴᠢᠷᠮᠠᠢᠯᠭ᠎ᠠ ᠭᠠᠷᠭᠠᠬᠤ ᠵᠢ ᠤᠷᠢᠶᠠᠯᠠᠵᠤ ᠪᠠᠢᠨ᠎ᠠ᠃ ᠪᠢᠳᠡ ᠱ᠋ᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠶᠠᠨ ᠤ᠋ ᠲᠣᠭᠣᠷᠢᠨ ᠳ᠋ᠤ ᠨᠡᠩ ᠨᠢᠭᠲᠠᠷᠠᠨ ᠪᠦᠯᠬᠦᠮᠳᠡᠵᠦ᠂ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠮᠡᠭᠡᠢᠯᠡᠨ ᠤᠷᠤᠭᠱᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠱᠢᠨ᠎ᠡ ᠠᠶᠠᠨ ᠳ᠋ᠤ ᠥᠪᠥᠷ ᠮᠣᠩᠭᠣᠯ ᠤ᠋ᠨ ᠬᠥᠭᠵᠢᠯᠲᠡ ᠵᠢᠨ ᠱᠢᠨ᠎ᠡ ᠬᠠᠭᠤᠳᠠᠰᠤ ᠵᠢ ᠪᠢᠴᠢᠭᠯᠡᠵᠦ᠂ ᠱᠢᠯᠢᠳᠡᠭ ᠠᠮᠵᠢᠯᠲᠠ ᠪᠦᠳᠦᠮᠵᠢ ᠪᠡᠷᠵᠢᠡᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠳᠠᠢ ᠬᠤᠷᠠᠯᠳᠤᠬᠤ ᠵᠢ ᠤᠭᠲᠤᠬᠤ ᠭᠡᠷᠡᠭᠳᠡᠢ ᠭᠡᠵᠤ ᠴᠢᠬᠤᠯᠠᠴᠢᠯᠠᠵᠠᠢ᠃