ᠱ᠌ᠢ᠎ᠲᠡᠶ ᠹᠧᠩ ᠬᠤᠷᠠᠯ᠎ᠢ ᠡᠷᠬᠢᠯᠡᠵᠡᠢ
11 ᠰᠠᠷ᠎ᠠ ᠵᠢᠨ 30 ᠤ᠋ ᠦᠳᠡ ᠵᠢᠨ ᠡᠮᠦᠨ᠎ᠡ᠂ ᠲᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ ᠵᠢᠷᠭᠤᠳ᠋ᠦᠭᠠᠷ ᠤᠳᠠᠭ᠎ᠠ ᠵᠢᠨ ᠬᠤᠷᠠᠯ ᠬᠢᠪᠡ᠃
ᠱ᠌ᠢ᠎ᠲᠡᠶ ᠹᠸᠩ ᠬᠤᠷᠠᠯ᠎ᠢ ᠡᠷᠬᠢᠯᠡᠵᠠᠢ᠃
ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠨᠠᠮ ᠤ᠋ᠨ ᠬᠣᠷᠢᠶ᠎ᠠ ᠵᠢᠨ ᠭᠡᠱᠢᠭᠦᠨ᠂ ᠣᠷᠣᠯᠠᠭ᠍ᠴᠢ ᠭᠡᠱᠢᠭᠦᠨ ᠪᠣᠯᠤᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠭᠡᠱᠢᠭᠦᠨ᠎ᠦ ᠰᠣᠩᠭᠣᠭᠤᠯᠢ ᠵᠢᠨ ᠦᠷ᠎ᠡ ᠳ᠋ᠦᠩ᠎ᠦᠨ ᠲᠤᠬᠠᠢ ᠶᠡᠬᠡ ᠬᠤᠷᠠᠯ ᠤ᠋ᠨ ᠶᠡᠷᠦᠩᠬᠡᠢ ᠪᠢᠯᠧᠲ ᠬᠢᠨᠠᠭ᠍ᠴᠢ ᠵᠢᠨ ᠬᠢᠭ᠌ᠰᠡᠨ ᠮᠡᠳᠡᠭᠦᠯᠦᠯᠲᠡ ᠵᠢ ᠰᠣᠨᠣᠰᠴᠤ᠌᠂ ᠡᠳᠡᠭᠡᠷ ᠭᠤᠷᠪᠠᠨ ᠰᠣᠩᠭᠣᠭᠤᠯᠢ᠎ᠵᠢᠨ ᠦᠷ᠎ᠡ ᠳ᠋ᠦᠩ᠎ᠢ ᠶᠡᠬᠡ ᠬᠤᠷᠠᠯ ᠤ᠋ᠨ ᠪᠦᠬᠦ᠌ ᠲᠥᠯᠥᠭᠡᠯᠡᠭ᠌ᠴᠢ ᠳ᠋ᠦ ᠮᠡᠳᠡᠭᠦᠯᠬᠦ᠌ ᠵᠢᠨ ᠬᠠᠮᠲᠤ᠂ ᠰᠣᠩᠭᠣᠭ᠍ᠳᠠᠭ᠍ᠰᠠᠳ ᠤ᠋ᠨ ᠨᠡᠷᠡᠰ᠎ᠢ ᠨᠡᠢᠲᠡᠯᠡᠬᠦ᠌᠎ᠪᠡᠷ ᠲᠣᠭ᠍ᠲᠠᠪᠠ᠃
ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠩᠬᠠᠳ᠋ᠦᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ᠋ ᠠᠩᠬᠠᠳ᠋ᠦᠭᠠᠷ ᠪᠦᠬᠦᠳᠡᠬᠤᠷᠠᠯᠢ ᠬᠤᠷᠠᠯᠳ᠋ᠦᠭᠤᠯᠬᠤ ᠴᠠᠭ ᠪᠣᠯᠤᠨ ᠴᠤᠬᠯᠠᠭᠤᠯᠤᠬᠴᠢ ᠵᠢᠨ ᠨᠡᠷᠡᠰ᠎ᠢ ᠪᠠᠲᠤᠯᠠᠵᠠᠢ᠃
ᠬᠤᠷᠠᠯ᠎ᠠᠴᠠ᠂ 《ᠲᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠣᠷᠣᠨ ᠨᠤᠲᠤᠭ ᠤ᠋ᠨ ᠵᠣᠬᠢᠶᠠᠨ ᠪᠠᠢᠭᠤᠯᠤᠯᠲᠠ ᠵᠢᠨ ᠰᠣᠩᠭᠣᠭᠤᠯᠢ ᠵᠢᠨ ᠠᠵᠢᠯ ᠤ᠋ᠨ ᠲᠦᠷᠢᠮ》 ᠤ᠋ᠨ ᠲᠣᠭ᠍ᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠵᠢᠨ ᠠᠷᠪᠠᠨᠨᠢᠭᠡᠳᠦᠭᠡᠷ ᠬᠤᠭᠤᠴᠠᠭᠠᠨ ᠤ᠋ ᠠᠩᠬᠠᠳ᠋ᠦᠭᠠᠷ ᠪᠥᠬᠥᠳᠡ ᠬᠤᠷᠠᠯ ᠤ᠋ᠨ ᠰᠣᠩᠭᠣᠭᠤᠯᠢᠲᠠᠭᠤᠰᠤᠭᠰᠠᠨᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠩᠬᠠᠳ᠋ᠦᠭᠠᠷ ᠪᠥᠬᠥᠳᠡ ᠬᠤᠷᠠᠯᠳ᠋ᠦ ᠰᠣᠩᠭᠣᠭᠤᠯᠢ ᠵᠢᠨ ᠦᠷ᠎ᠡ ᠳ᠋ᠦᠩ᠎ᠢ ᠮᠡᠳᠡᠭᠦᠯᠬᠦ᠌ ᠬᠡᠷᠡᠭ᠌ᠲᠡᠶ ᠭᠡᠵᠤ ᠲᠤᠭᠳᠠᠵᠠᠢ᠃