ᠱ᠌ᠢ ᠲᠠᠢ ᠹᠸᠩ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠰᠣᠨᠢᠨ ᠮᠡᠳᠡᠭᠡᠨ᠎ᠦ ᠠᠵᠢᠯᠲᠠᠳ᠎ᠢ ᠳᠣᠲᠣᠨᠣ᠎ᠪᠠᠷ ᠡᠷᠬᠢᠨ ᠦᠵᠡᠵᠦ᠍ ᠲᠣᠬᠣᠨᠢᠭᠤᠯᠪᠠ
2021-12-01 08:47:45
ᠵᠣᠬᠢᠶᠠᠭ᠍ᠴᠢ᠄
​ᠵᠠᠩ ᠺᠦᠢ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 30᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠠᠮᠵᠢᠯᠲᠠ᠎ᠲᠠᠶ ᠲᠡᠭᠦᠰᠦᠭ᠌ᠰᠡᠨ᠎ᠦ ᠳᠠᠷᠠᠭ᠎ᠠ᠂ ᠱ᠌ᠢ᠎ᠲᠡᠶ ᠹᠸᠩ ᠰᠣᠨᠢᠨ ᠮᠡᠳᠡᠭᠡ ᠤᠬᠠᠭᠤᠯᠭ᠎ᠠ᠎ᠶ᠋ᠢᠨ ᠡᠮᠦᠨ᠎ᠡ ᠹᠷᠣᠨᠲ᠎ᠲᠤ᠎ᠠᠵᠢᠯᠯᠠᠵᠤ᠎ᠪᠠᠢᠭ᠎ᠠ᠎ᠠᠵᠢᠯᠲᠠᠳ᠎ᠢ᠎ᠳᠣᠲᠣᠨᠣ᠎ᠪᠠᠷ᠎ᠡᠷᠬᠢᠨ᠎ᠦᠵᠡᠵᠦ᠍ ᠲᠣᠬᠣᠨᠢᠭᠤᠯᠪᠠ᠃

ᠱ᠌ᠢ ᠲᠠᠢ ᠹᠸᠩ ᠤᠷᠢᠳ ᠬᠣᠵᠢᠳ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ᠂ ᠦᠶ᠋ᠯᠡᠳᠦᠯᠭᠡ ᠰᠡᠳᠬᠦᠯ᠎ᠦᠨ ᠬᠣᠷᠢᠶ᠎ᠠ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠵᠢᠨ᠎ᠨᠡᠪᠲᠡᠷᠡᠭᠦᠯᠭᠡ᠎ᠶ᠋ᠢᠨ᠎ᠲᠣᠭᠣᠷᠢᠭ᠎ᠲᠤ᠎ᠬᠦᠷᠴᠦ᠍᠂ ᠣᠯᠠᠨ᠎ᠤ ᠱᠢᠷᠭᠠᠭᠤ ᠬᠥᠳᠡᠯᠮᠦᠷᠢ᠎ᠳᠦ ᠲᠠᠯᠠᠷᠬᠠᠵᠤ ᠪᠠᠢᠬᠤ᠎ᠪᠠᠨ ᠢᠯᠡᠳᠭᠡᠵᠦ᠍᠂ ᠣᠯᠠᠨ᠎ᠤ ᠭᠠᠷᠮᠠᠭᠠᠢᠯᠠᠨ ᠠᠵᠢᠯᠯᠠᠵᠦ ᠪᠠᠢᠭ᠎ᠠ ᠵᠢ ᠭᠦᠶ᠋ᠴᠡᠳ ᠨᠤᠲᠠᠯᠠᠪᠠ᠃

ᠱ᠌ᠢ᠎ᠲᠡᠶ ᠹᠸᠩ᠂᠎ᠡᠨᠡ᠎ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠴᠠᠭ ᠣᠬᠣᠷ᠂ ᠡᠭᠦᠷᠭᠡ ᠬᠦᠨᠳᠦ ᠪᠠᠢᠵᠥ᠂ ᠶᠡᠬᠡ ᠬᠤᠷᠠᠯ᠎ᠤᠨ ᠠᠮᠵᠢᠯᠲᠠ᠎ᠲᠠᠶ ᠲᠡᠭᠦᠰᠦᠭᠰᠡᠨ ᠳ᠋ᠦ ᠵᠠᠭᠤᠴᠢᠯᠠᠭᠤᠷ᠎ᠤᠨ ᠰᠤᠷᠪᠤᠯᠵᠢᠯᠠᠭ᠍ᠴᠢᠳ᠎ᠤᠨ ᠬᠦᠴᠦ᠍ ᠬᠥᠯᠥᠰᠥ᠍ ᠱᠢᠩᠭᠡᠵᠦ᠍ ᠪᠠᠢᠨ᠎ᠠ᠃ ᠬᠡᠳᠦᠨ ᠡᠳᠦᠷ᠎ᠦᠨ᠎ᠲᠤᠷᠰᠢ᠂᠎ᠰᠣᠨᠢᠨ᠎ᠮᠡᠳᠡᠭᠡᠨ᠎ᠦ᠎ᠠᠵᠢᠯᠲᠠᠳ᠎ᠡᠳᠦᠷᠵᠢᠨ᠎ᠰᠥᠨᠢᠵᠢᠨ᠎ᠨᠣᠢᠷ ᠬᠣᠭᠣᠯᠠ᠎ᠪᠠᠨ ᠤᠮᠠᠷᠲᠠᠨ ᠠᠵᠢᠯᠯᠠᠵᠤ᠂ ᠭᠣᠢᠳᠠ ᠰᠠᠢᠬᠠᠨ ᠤᠯᠠᠨ ᠮᠡᠳᠡᠭᠡᠯᠡᠯ ᠭᠠᠷᠭᠠᠪᠠ᠂ ᠢᠯᠠᠩᠭᠤᠶ᠎ᠠ ᠱᠢᠨ᠎ᠡ ᠵᠠᠭᠤᠴᠢᠯᠠᠭᠤᠷ᠎ᠤᠨ ᠮᠡᠳᠡᠭᠡᠯᠡᠯ᠎ᠦᠨ ᠭᠣᠣᠯ ᠰᠡᠳᠦᠪ ᠨᠢ ᠢᠯᠡ ᠲᠣᠳᠣ᠂ ᠬᠡᠯᠪᠡᠷᠢ ᠨᠢ ᠠᠮᠢᠳᠤᠯᠢᠭ᠂ ᠨᠡᠢᠲᠡᠯᠡᠭᠰᠡᠨ ᠨᠢ ᠲᠦᠷᠭᠡᠨ ᠪᠠᠢᠵᠥ᠂ ᠬᠥᠮᠦᠰ᠎ᠲᠦ ᠭᠦᠨ ᠰᠠᠭᠤᠭ᠍ᠳᠠᠯ ᠥᠭ᠌ᠴᠦ᠂ ᠮᠠᠰᠢ ᠰᠠᠢ᠌ᠨ ᠤᠬᠠᠭᠤᠯᠭ᠎ᠠ᠎ᠶ᠋ᠢᠨ ᠦᠷ᠎ᠡ ᠪᠦᠲᠦᠮᠵᠢ ᠣᠯᠵᠤ᠂ ᠬᠦᠨ ᠵᠤᠵᠠᠭᠠᠨ ᠠᠭᠤᠷ ᠠᠮᠢᠰᠭᠤᠯ᠎ᠢ᠎ᠪᠤᠢ᠎ᠪᠣᠯᠭᠠᠪᠠ᠃᠎ᠡᠨᠡ᠎ᠤᠳᠠᠭ᠎ᠠ᠎ᠶ᠋ᠢᠨ᠎ᠤᠬᠠᠭᠤᠯᠭ᠎ᠠ᠎ᠮᠡᠳᠡᠭᠡᠯᠡᠯ᠎ᠳᠦ᠂ ᠤᠯᠠᠨ᠎ᠢᠶᠠᠷ᠎ᠢᠶᠠᠨ ᠬᠤᠷᠠᠯ᠎ᠤᠨ ᠲᠠᠯᠠᠪᠠᠢ᠎ᠶ᠋ᠢᠨ ᠳᠣᠲᠣᠨ᠎ᠠ ᠭᠠᠳᠠᠨ᠎ᠠ  ᠴᠦᠮ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠬᠠᠯᠠᠮᠵᠢᠯᠠᠨ ᠠᠩᠬᠠᠷᠬᠤ ᠴᠢᠩᠭ᠎ᠠ ᠲᠤᠯᠭᠠᠮ ᠬᠠᠷᠢᠭᠤᠴᠠᠯᠭ᠎ᠠ ᠡᠭᠦᠷᠭᠡᠯᠡᠯ ᠪᠠ ᠴᠠᠭᠠᠷᠠᠭ᠍ᠰᠠᠨ ᠲᠤᠰᠭᠠᠢ ᠮᠡᠷᠭᠡᠵᠢᠯ᠎ᠦᠨ ᠬᠡᠪ ᠪᠣᠯᠪᠠᠰᠤᠷᠠᠯ᠎ᠢ ᠢᠯᠡᠷᠡᠭᠦᠯᠪᠡ᠃ ᠥᠷᠭᠡᠨ ᠤᠯᠠᠨ ᠰᠣᠨᠢᠨ ᠮᠡᠳᠡᠭᠡᠨ᠎ᠦ ᠠᠵᠢᠯᠳᠠᠨ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ ᠰᠠᠢᠲᠤᠷ ᠤᠬᠠᠭᠤᠯᠤᠨ ᠲᠤᠭᠤᠰᠢᠯᠠᠭᠤᠯᠵᠤ᠂᠎ᠨᠡᠩ ᠬᠦᠴᠦᠯᠡᠨ ᠴᠢᠷᠮᠠᠢᠵᠤ ᠪᠠᠢᠭᠠᠳ ᠰᠣᠨᠢᠨ ᠮᠡᠳᠡᠭᠡ ᠤᠬᠠᠭᠤᠯᠭ᠎ᠠ᠎ᠶ᠋ᠢᠨ ᠠᠵᠢᠯ᠎ᠢ ᠰᠠᠢᠲᠤᠷ ᠬᠢᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠣᠯ ᠵᠢᠡᠨ ᠪᠦᠳᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ ᠬᠡᠪᠡ᠃

ᠵᠧᠩ ᠬᠣᠩ ᠹᠠᠨ᠂ ᠳ᠋ᠢᠩ ᠱᠢᠤ ᠹᠸᠩ ᠬᠠᠮᠲᠤ ᠪᠣᠯᠭᠣᠭᠠᠨ ᠦᠵᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号