ᠰᠠᠷᠠᠭᠤᠯ ᠲᠡᠷᠳᠡᠩ ᠰᠢᠨ᠎ᠡ ᠠᠶᠠᠨ ᠳ᠋ᠠᠭᠠᠨ ᠡᠷᠡᠮᠡᠬᠡᠢᠯᠡᠨ ᠤᠷᠤᠬᠰᠢᠯᠠᠰᠤᠭᠠᠢ
2021-12-01 08:57:04
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠳᠤᠮᠳᠠᠳᠤ᠎ᠤᠯᠤᠰ᠎ᠤᠨ᠎ᠡᠪ᠎ᠬᠠᠮᠲᠤ᠎ᠨᠠᠮ᠎ᠤᠨ ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠠᠮᠵᠢᠯᠲᠠ᠎ᠲᠠᠶ ᠲᠡᠭᠦᠰᠦᠭ᠌ᠰᠡᠨ᠎ᠢ ᠬᠠᠯᠠᠭᠤᠨ ᠵᠢᠡᠷ ᠪᠡᠯᠭᠡᠯᠡᠶ᠎ᠡ

 

ᠰᠠᠢ᠌ᠨ ᠰᠠᠢᠬᠠᠨ ᠵᠢᠷᠤᠭ ᠲᠥᠰᠦᠪ ᠲᠡᠮᠡᠴᠡᠯ᠎ᠦᠨ ᠵᠣᠷᠢᠭ᠎ᠢ ᠬᠥᠭ᠌ᠵᠢᠭᠡᠵᠦ᠍᠂ ᠢᠯᠡ ᠳᠤᠳᠤᠷᠬᠠᠢ ᠵᠠᠮ ᠱᠤᠭᠤᠮ ᠬᠥᠮᠦᠰ᠎ᠤᠨ ᠰᠡᠳᠬᠢᠯ᠎ᠢ ᠤᠷᠮᠠᠱᠢᠭᠤᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠡᠯ᠎ᠡ ᠵᠦᠢᠯ᠎ᠦᠨ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠦᠭᠡᠳ ᠠᠮᠵᠢᠯᠲᠠ᠎ᠲᠠᠶ ᠲᠡᠭᠦᠰᠪᠡ᠃ ᠳᠤᠰ ᠤᠳᠠᠭ᠎ᠠ᠎ᠶ᠋ᠢᠨ ᠶᠡᠬᠡ᠎ᠬᠤᠷᠠᠯ᠎ᠰᠢ᠎ᠶ᠋ᠢᠨ᠎ᠫᠢᠩ᠎ᠦᠨ᠎ᠱᠢᠨ᠎ᠡ᠎ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠵᠢᠷᠤᠭ ᠲᠥᠰᠦᠪ᠎ᠢ ᠵᠢᠷᠤᠭ᠍ᠯᠠᠵᠤ᠂ ᠡᠷᠡᠮᠡᠬᠡᠢᠯᠡᠨ ᠤᠷᠤᠭ᠍ᠰᠢᠯᠠᠵᠤ ᠬᠥᠭ᠌ᠵᠢᠯᠲᠡ᠎ᠶ᠋ᠢ ᠰᠦᠪᠡᠭᠴᠢᠯᠡᠭᠰᠡᠨ᠂ ᠨᠢᠬᠡ ᠤᠳᠠᠭ᠎ᠠ ᠵᠢᠨ ᠲᠤᠭ᠎ᠢ ᠥᠨᠳᠥᠷ ᠮᠠᠨᠳᠤᠭᠤᠯᠤᠭ᠍ᠰᠠᠨ᠂᠎ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠭ᠌ᠰᠡᠨ᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ᠎ᠡᠭᠦᠷᠭᠡᠯᠡᠭ᠌ᠰᠡᠨ ᠶᠡᠬᠡ ᠬᠤᠷᠠᠯ ᠪᠤᠯᠤᠨ᠎ᠠ᠂ ᠪᠦᠯᠬᠦᠮᠳᠡᠨ ᠤᠷᠤᠭ᠍ᠰᠢᠯᠠᠭ᠍ᠰᠠᠨ᠂ ᠪᠣᠳᠠᠲᠠᠢ᠎ᠶ᠋ᠢ ᠡᠷᠬᠢᠮᠯᠡᠨ ᠱᠢᠨ᠎ᠡ᠎ᠶ᠋ᠢ ᠡᠭᠦᠳᠦᠭ᠌ᠰᠡᠨ᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠭ᠍ᠰᠠᠨ ᠶᠡᠬᠡ ᠬᠤᠷᠠᠯ ᠪᠣᠯᠤᠨ᠎ᠠ᠃ ᠪᠢᠳᠡ ᠶᠡᠬᠡ ᠬᠤᠷᠠᠯ᠎ᠤᠨ ᠲᠡᠭᠦᠰ ᠠᠮᠵᠢᠯᠲᠠ ᠳᠠᠢ ᠬᠤᠷᠠᠯᠳᠤᠬᠰᠠᠨ ᠳ᠋ᠤ ᠬᠠᠯᠠᠭᠤᠨ ᠪᠠᠶᠠᠷ ᠬᠦᠷᠭᠡᠵᠦ᠍ ᠪᠠᠢᠨ᠎ᠠ!

ᠬᠤᠷᠠᠯ᠎ᠤᠨ ᠬᠤᠭᠤᠴᠠᠭᠠᠨ ᠳ᠋ᠤ᠂ ᠪᠦᠬᠦ᠌ ᠣᠷᠣᠨ᠎ᠤ ᠡᠯ᠎ᠡ ᠹᠷᠣᠨᠲ ᠡᠴᠡ ᠢᠷᠡᠭ᠌ᠰᠡᠨ ᠨᠠᠮ᠎ᠤᠨ ᠭᠡᠱᠢᠭᠦᠨ᠎ᠦ ᠲᠥᠯᠥᠭᠡᠯᠡᠭ᠌ᠴᠢ ᠣᠷᠭᠢᠯᠤᠮ᠎ᠠ ᠬᠠᠯᠠᠭᠤᠨ ᠤᠯᠤᠰ ᠲᠥᠷᠥ᠎ᠶ᠋ᠢᠨ ᠰᠡᠳᠭᠢᠯᠭᠡ ᠪᠡᠷ᠂ ᠨᠠᠮ᠂ ᠠᠷᠠᠳ ᠲᠦᠮᠡᠨ᠂ ᠥᠪᠥᠷ ᠮᠣᠩᠭᠣᠯ᠎ᠤᠨ ᠢᠷᠡᠭᠡᠳᠦᠶ᠎ᠶ᠋ᠢᠨ ᠬᠥᠭ᠌ᠵᠢᠯᠲᠡ᠎ᠳᠦ ᠳᠡᠭᠡᠳᠦ ᠬᠡᠮᠵᠢᠶ᠎ᠡ᠎ᠪᠡᠷ᠎ᠬᠠᠷᠢᠭᠤᠴᠠᠬᠤ᠎ᠣᠪᠣᠷ᠎ᠵᠢᠡᠷ᠂᠎ᠪᠠᠳᠤ ᠴᠢᠩᠭ᠎ᠠ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠲᠡᠦᠬᠡᠨ ᠡᠭᠦᠷᠭᠡᠲᠦ ᠰᠡᠳᠭᠢᠯᠭᠡ᠎ᠪᠡᠷ᠂ ᠤᠯᠡᠠ᠎ᠤ ᠤᠬᠠᠭᠠᠨ᠎ᠢ ᠲᠥᠪᠯᠡᠷᠡᠭᠦᠯᠵᠥ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠥ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠢᠯᠡᠳᠬᠡᠯ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠨ ᠪᠠᠲᠤᠯᠠᠵᠥ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶ᠋ᠢ ᠰᠣᠩᠭᠣᠨ ᠭᠠᠷᠭᠠᠪᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠢᠯᠡᠳᠭᠡᠯ ᠨᠢ 《ᠬᠣᠣᠰ ᠵᠠᠭᠤᠨ ᠵᠢᠯ》 ᠤ᠋ᠨ ᠲᠡᠮᠡᠴᠡᠬᠦ᠌ ᠬᠠᠷᠠᠯᠲᠠ᠎ᠶ᠋ᠢᠨ ᠲᠡᠦᠬᠡᠨ ᠠᠭᠤᠯᠵᠠᠷ᠎ᠲᠤ ᠰᠠᠭᠤᠷᠢᠯᠠᠵᠤ᠂ ᠰᠢ᠎ᠶ᠋ᠢᠨ ᠫᠢᠩ᠎ᠦᠨ᠎ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ᠎ᠥᠪᠥᠷ᠎ᠮᠣᠩᠭᠣᠯ᠎ᠤᠨ᠎ᠲᠤᠬᠠᠢ᠎ᠴᠢᠬᠤᠯᠠ᠎ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠬᠤ ᠲᠠᠶ ᠨᠢᠭ᠍ᠲᠠ ᠤᠶᠠᠯᠳᠤᠭᠤᠯᠵᠤ᠂ ᠬᠠᠷᠢᠭᠤᠴᠠᠯᠭ᠎ᠠ ᠡᠭᠦᠷᠭᠡ᠎ᠶ᠋ᠢ ᠲᠣᠳᠣᠷᠬᠠᠢᠯᠠᠵᠦ᠂ ᠬᠠᠷᠠᠯᠲᠠ ᠱᠠᠭᠠᠷᠳᠠᠯᠭ᠎ᠠ ᠳᠤᠷᠠᠳᠴᠤ᠂ ᠭᠣᠣᠯᠳᠠᠯᠭ᠎ᠠ᠎ᠲᠠᠶ ᠡᠭᠦᠷᠭᠡ᠎ᠶ᠋ᠢ ᠪᠠᠢᠷᠢᠯᠠᠭᠤᠯᠵᠤ᠂ ᠢᠷᠡᠭᠡᠳᠦᠢ᠎ᠶ᠋ᠢᠨ ᠲᠠᠪᠤᠨ ᠵᠢᠯ᠎ᠦᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠱᠢᠨᠵᠢᠯᠡᠬᠦ᠌ ᠤᠬᠠᠭᠠᠨᠴᠢ᠎ᠪᠠᠷ ᠵᠢᠷᠤᠭ᠍ᠯᠠᠪᠠ᠃

ᠢᠯᠡᠳᠭᠡᠯ ᠨᠢ ᠨᠠᠮ᠎ᠤᠨ ᠲᠥᠪ ᠬᠣᠷᠢᠶ᠎ᠠ ᠵᠢᠨ ᠵᠣᠷᠢᠭ ᠰᠠᠨᠠᠭ᠎ᠠ᠎ᠲᠠᠶ ᠨᠡᠢᠴᠡᠵᠦ᠍᠂ ᠥᠪᠥᠷ ᠮᠣᠩᠭᠣᠯ ᠎ᠤᠨ ᠪᠣᠳᠠᠲᠤ ᠪᠠᠢᠳᠠᠯ᠎ᠲᠠᠶ ᠨᠡᠢᠴᠡᠵᠦ᠍᠂ ᠴᠠᠭ ᠦᠶ᠎ᠡ᠎ᠶ᠋ᠢᠨ ᠱᠠᠭᠠᠷᠳᠠᠯᠭ᠎ᠠ᠎ᠶ᠋ᠢ ᠢᠯᠡᠷᠡᠭᠦᠯᠵᠦ᠍᠂ ᠠᠷᠠᠳ ᠲᠦᠮᠡᠨ᠎ᠦ ᠬᠦᠰᠡᠯ ᠡᠷᠡᠮᠡᠯᠵᠡᠯ᠎ᠲᠡᠶ ᠨᠡᠢᠴᠡᠵᠦ᠍᠂ ᠲᠤᠭ ᠎ᠢ ᠥᠨᠳᠥᠷ ᠮᠠᠨᠳᠤᠭᠤᠯᠵᠤ᠂ ᠦᠨᠡᠨ᠎ᠡᠴᠡ ᠵᠥᠪ᠎ᠢ ᠡᠷᠢᠵᠦ᠍᠂ ᠵᠠᠮ ᠨᠡᠭᠡᠭᠡᠨ ᠤᠷᠤᠭ᠍ᠰᠢᠯᠠᠵᠤ᠂ ᠬᠥᠮᠦᠰ᠎ᠦᠨ ᠰᠡᠳᠭᠢᠯ᠎ᠢ ᠵᠣᠷᠢᠭ᠍ᠵᠢᠭᠤᠯᠤᠮ᠎ᠠ ᠰᠠᠢ᠌ᠨ ᠢᠯᠡᠳᠭᠡᠯ ᠪᠠᠢᠵᠦ᠂ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠵᠢᠯᠣᠭᠣᠳᠤᠨ ᠳᠠᠭᠠᠭᠤᠯᠬᠤ ᠠᠵᠢᠯᠯᠠᠭᠠᠨ᠎ᠤ ᠵᠦᠭ᠌ᠯᠡᠭᠦᠷ ᠪᠣᠯᠤᠨ᠎ᠠ᠃

ᠰᠠᠷᠠᠭᠤᠯ ᠲᠡᠷᠳᠡᠩ ᠰᠢᠨ᠎ᠡ ᠠᠶᠠᠨ ᠳ᠋ᠠᠭᠠᠨ ᠡᠷᠡᠮᠡᠬᠡᠢᠯᠡᠨ ᠤᠷᠤᠬᠰᠢᠯᠠᠰᠤᠭᠠᠢ᠃ ᠣᠳᠣᠬᠠᠨ᠎ᠳᠤ᠂ ᠮᠠᠨ᠎ᠤ ᠡᠮᠦᠨ᠎ᠡ ᠲᠠᠯᠪᠢᠭ᠍ᠳᠠᠵᠤ ᠪᠠᠢᠭ᠎ᠠ ᠴᠢᠬᠤᠯᠠ ᠡᠭᠦᠷᠭᠡ ᠪᠣᠯ ᠳᠠᠷᠤᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ᠂ ᠰᠠᠢᠲᠤᠷ ᠤᠬᠠᠭᠤᠯᠵᠤ᠂ ᠰᠠᠢᠲᠤᠷ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠎ᠪᠠᠨ᠎ᠶᠡᠬᠡ ᠬᠤᠷᠠᠯ᠎ᠡᠴᠡ ᠲᠣᠭ᠍ᠲᠠᠭᠠᠭ᠍ᠰᠠᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠤᠶᠤᠨ ᠤᠬᠠᠭᠠᠨ ᠪᠣᠯᠤᠨ ᠬᠦᠴᠦᠨ ᠴᠢᠳᠠᠯ᠎ᠢᠶᠠᠨ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ ᠳᠡᠭᠡᠷ᠎ᠡ ᠨᠢᠭ᠍ᠲᠠᠷᠠᠭᠤᠯᠬᠤ ᠶᠠᠪᠤᠳᠠᠯ ᠪᠣᠯᠤᠨ᠎ᠠ᠃ ᠪᠥᠬᠥ᠌᠎ᠣᠷᠣᠨ᠎ᠳᠠᠶᠠᠭᠠᠷ᠎ᠢᠶᠠᠨ 《ᠬᠣᠶᠠᠷ᠎ᠢ ᠬᠠᠮᠠᠭᠠᠯᠠᠬᠤ》᠎ᠶ᠋ᠢ ᠡᠷᠡᠰ ᠦᠶ᠋ᠯᠡᠳᠦᠯᠭᠡᠵᠢᠭᠦᠯᠵᠦ᠍᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠬᠦᠢᠴᠡᠳᠭᠡᠬᠦ ᠴᠢᠳᠠᠪᠤᠷᠢ᠎ᠪᠠᠨ ᠲᠠᠰᠤᠷᠠᠯᠲᠠ ᠥᠬᠡᠶ᠎ᠳᠡᠭᠡᠭ᠌ᠰᠢᠯᠡᠭᠦᠯᠵᠦ᠍᠂᠎ᠤᠯᠤᠰ᠎ᠲᠥᠷᠥ᠎ᠶ᠋ᠢᠨ᠎ᠲᠠᠯ᠎ᠠ᠎ᠪᠠᠷ᠎ᠡᠷᠡᠰ᠎ᠪᠠᠲᠤ᠎ᠪᠠ ᠴᠠᠭᠠᠷᠠᠭ᠍ᠰᠠᠨ ᠪᠠᠢᠬᠤ ᠪᠠᠷ ᠡᠯ᠎ᠡ ᠵᠦᠶ᠋ᠯ᠎ᠦᠨ ᠠᠵᠢᠯ ᠦᠶ᠋ᠯᠡᠰ᠎ᠢ ᠤᠷᠤᠭ᠍ᠰᠢᠲᠠᠶ ᠠᠭᠢᠭᠤᠯᠵᠤ ᠡᠷᠡᠭᠦᠯ᠎ᠢᠶᠡᠷ ᠬᠥᠭ᠌ᠵᠢᠬᠦ᠌᠎ᠶ᠋ᠢ ᠪᠠᠲᠤᠯᠠᠬᠤ ᠬᠡᠷᠡᠭ᠌ᠲᠡᠶ ᠃ 《ᠤᠯᠤᠰ᠎ᠤᠨ ᠶᠡᠬᠡ ᠶᠠᠪᠤᠳᠠᠯ》 ᠢ᠋ ᠰᠡᠳᠬᠢᠯ ᠳ᠋ᠡᠭᠡᠨ ᠪᠤᠳᠤᠵᠤ᠂ ᠠᠷᠠᠳ᠎ᠤᠨ ᠰᠡᠳᠭᠢᠯ᠎ᠦᠨ ᠬᠠᠨᠳᠤᠰᠢ᠎ᠳᠤ ᠵᠣᠬᠢᠴᠠᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠵᠦ᠍᠂ ᠨᠡᠩ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠂ ᠨᠡᠩ ᠤᠷᠤᠭ᠍ᠰᠢᠯᠠᠨ ᠲᠠᠪᠱᠢᠬᠤ ᠵᠣᠷᠢᠭ ᠰᠠᠨᠠᠭ᠎ᠠ᠂ ᠨᠡᠩ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢᠶᠠᠷ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠯᠠᠪᠳᠠᠭᠤᠨ ᠪᠠᠲᠤᠲᠠᠢ ᠰᠠᠢᠲᠤᠷ ᠵᠠᠮᠨᠠᠬᠤ ᠬᠡᠷᠡᠭ᠌ᠲᠡᠢ᠃

ᠨᠡᠢᠭᠡᠮ ᠵᠢᠷᠤᠮᠲᠦ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠬᠤ᠎ᠳᠤ ᠡᠷᠬᠡᠪᠰᠢ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠌ ᠬᠡᠷᠡᠭ᠌ᠲᠡᠢ᠃ ᠬᠠᠷᠢᠭᠤᠴᠠᠯᠭ᠎ᠠ ᠪᠣᠯ ᠳᠠᠷᠤᠢ ᠶᠡᠬᠡ ᠲᠠᠯ᠎ᠠ ᠮᠥᠨ᠂ ᠡᠭᠦᠷᠭᠡ ᠪᠣᠯ ᠳᠠᠷᠤᠢ ᠬᠥᠳᠡᠯᠭᠡᠬᠦ᠌ ᠬᠦᠴᠦᠨ ᠮᠥᠨ᠃ ᠥᠪᠥᠷ ᠮᠣᠩᠭᠣᠯ᠎ᠤᠨ ᠱᠢᠨ᠎ᠡ ᠠᠶᠠᠨ ᠵᠠᠮ᠎ᠳᠤ ᠶᠠᠮᠠᠷ ᠬᠠᠷᠢᠭᠤᠴᠠᠯᠭ᠎ᠠ ᠪᠠ ᠡᠭᠦᠷᠭᠡ ᠡᠭᠦᠷᠭᠡᠯᠡᠬᠦ᠌᠎ᠶ᠋ᠢ ᠲᠣᠳᠣᠷᠬᠠᠢᠯᠠᠵᠦ᠂᠎ᠲᠣᠳᠣᠷᠬᠠᠶ ᠣᠢᠯᠠᠭᠠᠵᠤ᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠵᠦ᠂᠂ ᠤᠯᠤᠰ᠎ᠤᠨ ᠡᠷᠭᠢᠨ ᠲᠣᠭᠣᠷᠢᠨ᠎ᠤ ᠪᠠ ᠭᠠᠳᠠᠭᠠᠲᠦ ᠨᠡᠭᠡᠭᠡᠯᠲᠡ ᠵᠢᠨ ᠪᠠᠢᠯᠳᠤᠬᠤ ᠪᠣᠳᠣᠯᠭ᠎ᠠ᠎ᠶ᠋ᠢ ᠲᠦᠰᠦᠪᠯᠡᠡ᠎ᠰᠢᠢᠳᠪᠦᠷᠢᠯᠡᠬᠦ᠎ᠳᠤ᠎ᠦᠶ᠋ᠯᠡᠴᠢᠯᠡᠵᠦ᠂ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠵᠦ᠂ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ᠎ᠶᠡᠬᠡ᠎ᠤᠯᠤᠰ᠎ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠡᠷᠡᠭᠵᠢᠭᠦᠯᠵᠦ᠂ ᠶᠡᠷᠦᠩᠬᠡᠢ᠎ᠱᠦᠵᠢ᠎ᠰᠢ᠎ᠶ᠋ᠢᠨ᠎ᠫᠢᠩ᠎ᠦᠨ᠎ᠵᠢᠭᠠᠭ᠍ᠰᠠᠨ᠎ᠴᠢᠭ᠌ᠯᠡᠯ᠎ᠢᠶᠡᠷ᠎ᠴᠤᠴᠠᠯᠲᠠ᠎ᠦᠭᠡᠢ ᠤᠷᠤᠭ᠍ᠰᠢᠯᠠᠵᠦ᠂ ᠡᠴᠦᠰ᠎ᠲᠦᠨᠢ ᠲᠤᠯᠲᠠᠯ᠎ᠠ ᠬᠢᠵᠦ᠂ ᠭᠤᠢᠪᠢᠰᠢ ᠦᠭᠡᠢ᠂ ᠴᠠᠯᠠᠭᠠᠢᠲᠠᠬᠤ ᠦᠭᠡᠢ᠂ ᠳᠡᠩᠰᠡᠯᠭᠡᠬᠦ᠌ ᠥᠬᠡᠶ ᠪᠠᠢᠵᠦ ᠴᠢᠲᠠᠬᠤ ᠳ᠋ᠤ ᠬᠦᠷᠪᠡᠯ ᠦᠷᠭᠦᠯᠵᠢᠯᠡᠭ᠌ᠰᠡᠨ ᠲᠡᠮᠡᠴᠡᠯ᠎ᠦᠨ ᠳᠤᠮᠳᠠ ᠥᠪᠥᠷ ᠮᠣᠩᠭᠣᠯ᠎ᠤᠨ ᠡᠭᠦᠷᠭᠡᠯᠡᠯ᠎ᠢ ᠢᠯᠡᠷᠡᠭᠦᠯᠵᠦ᠍᠂ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠵᠦ᠂ ᠥᠪᠥᠷ ᠮᠣᠩᠭᠣᠯ᠎ᠤᠨ ᠴᠤᠭ ᠵᠢᠪᠬᠤᠭ᠎ᠠ᠎ᠶ᠋ᠢ ᠪᠠᠳᠠᠷᠠᠭᠤᠯᠵᠦ ᠴᠢᠲᠠᠨ᠎ᠠ᠃

ᠨᠡᠢᠭᠡᠮ ᠵᠢᠷᠤᠮᠲᠦ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠬᠤ᠎ᠳᠤ᠂ ᠡᠷᠬᠡᠪᠰᠢ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ᠃ ᠡᠨᠡ ᠬᠦ᠌ ᠱᠢᠨ᠎ᠡ ᠵᠠᠮ᠎ᠢᠶᠠᠷ ᠰᠠᠢᠲᠤᠷ ᠵᠠᠮᠨᠠᠬᠤ ᠪᠣᠯ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠂ ᠬᠥᠭ᠌ᠵᠢᠯᠲᠡ᠎ᠶ᠋ᠢᠨ ᠠᠷᠭ᠎ᠠ ᠵᠠᠮ᠂ ᠬᠥᠭ᠌ᠵᠢᠯᠲᠡ᠎ᠶ᠋ᠢᠨ ᠠᠷᠭ᠎ᠠ ᠮᠠᠶᠢᠭ᠂ ᠬᠥᠭ᠌ᠵᠢᠯᠲᠡ᠎ᠶ᠋ᠢᠨ ᠬᠠᠷᠠᠯᠲᠠ᠎ᠶ᠋ᠢᠨ ᠪᠦᠬᠦ᠌ ᠲᠠᠯ᠎ᠠ᠎ᠶ᠋ᠢᠨ ᠬᠤᠪᠢᠷᠠᠯᠲᠠ ᠮᠥᠨ᠂ ᠪᠦᠬᠦ᠌ ᠲᠠᠯ᠎ᠠ᠎ᠶ᠋ᠢᠨ ᠴᠢᠨᠠᠷᠲᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ᠂ ᠤᠷᠳᠤ ᠬᠤᠭᠤᠴᠠᠭᠠᠨ᠎ᠤ ᠴᠢᠨᠠᠷᠲᠠᠢ ᠱᠠᠭᠠᠷᠳᠠᠯᠭ᠎ᠠ ᠮᠥᠨ᠂ ᠪᠤᠢ ᠪᠦᠬᠦᠢ ᠬᠦᠷᠢᠶ᠎ᠡ᠂ ᠪᠤᠢ ᠪᠦᠬᠦᠢ ᠣᠷᠣᠨ ᠪᠦᠰᠡ᠂ ᠪᠤᠢ ᠪᠦᠬᠦᠢ ᠠᠵᠤ ᠦᠢᠯᠡᠰ᠂ ᠪᠤᠢ ᠪᠦᠬᠦᠢ ᠠᠵᠢᠯ ᠲᠦᠷᠦᠯ ᠴᠥᠮ ᠡᠭᠦᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠡᠯ᠎ᠡ ᠵᠦᠢᠯ᠎ᠦᠨ ᠴᠢᠬᠤᠯᠠ ᠶᠡᠬᠡ ᠬᠠᠷᠠᠯᠲᠠ ᠡᠭᠦᠷᠭᠡ᠂ ᠴᠢᠬᠤᠯᠠ ᠶᠡᠬᠡ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠂ ᠴᠢᠬᠤᠯᠠ ᠶᠡᠬᠡ ᠢᠨᠵᠧᠨᠧᠷᠢᠩ ᠲᠦᠷᠦᠯ ᠵᠦᠢᠯ᠎ᠢ᠎ᠴᠥᠮ ᠡᠨᠡ ᠬᠦ᠌ ᠪᠠᠢᠷᠢᠱᠢᠯ ᠶᠣᠰᠣᠭᠠᠷ ᠥᠷᠨᠢᠭᠦᠯᠬᠦ᠌ ᠬᠡᠷᠡᠭ᠌ᠲᠡᠢ ᠭᠡᠳᠡᠭ᠎ᠢ ᠪᠢᠳᠡ ᠭᠦᠨᠵᠡᠭᠡᠢ ᠲᠠᠨᠢᠵᠤ ᠤᠯᠬᠤ ᠬᠡᠷᠡᠭ᠌ᠲᠡᠢ᠃ ᠣᠷᠣᠨ ᠳᠠᠶᠠᠭᠠᠷ᠎ᠢᠶᠠᠨ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠱᠢᠨ᠎ᠡ ᠵᠠᠮ᠎ᠢᠶᠠᠷ ᠵᠠᠮᠨᠠᠬᠤ ᠤᠯᠤᠰ ᠲᠥᠷᠥ᠎ᠶ᠋ᠢᠨ ᠤᠬᠠᠮᠰᠠᠷ ᠪᠣᠯᠤᠨ ᠪᠣᠳᠠᠲᠤ ᠲᠤᠯᠭᠠᠮ ᠰᠡᠳᠭᠢᠯᠭᠡ᠎ᠪᠡᠨ ᠴᠢᠩᠭᠠᠳᠭᠠᠵᠤ᠂ ᠬᠤᠷᠳᠤᠴᠠ᠎ᠶ᠋ᠢᠨ ᠦᠶ᠋ᠯᠡ ᠪᠠᠢᠳᠠᠯ᠂ ᠠᠷᠭ᠎ᠠ ᠵᠠᠮ᠎ᠳᠤ ᠲᠦᠱᠢᠭ᠌ᠯᠡᠬᠦ᠌᠎ᠡᠴᠡ ᠲᠤᠢᠯᠪᠤᠷᠢᠲᠠᠶ ᠠᠩᠭᠢᠵᠢᠷᠠᠵᠤ᠂ ᠳᠠᠷᠤᠯᠲᠠ᠎ᠶ᠋ᠢ ᠳᠠᠭᠠᠭᠠᠵᠤ᠂ ᠡᠪᠡᠷᠱᠢᠶᠡᠯ᠎ᠢ ᠲᠡᠰᠪᠦᠷᠢᠯᠡᠵᠦ᠍᠂ ᠱᠢᠨ᠎ᠡ ᠵᠠᠮ᠎ᠢᠶᠠᠷ ᠯᠠᠪᠳᠠᠭᠤᠨ ᠪᠠᠲᠤᠲᠠᠶ ᠰᠠᠢᠲᠤᠷ ᠵᠠᠮᠨᠠᠪᠠᠯ ᠰᠠᠶᠢ ᠬᠥᠭ᠌ᠵᠢᠯᠲᠡ᠎ᠶ᠋ᠢᠨ ᠱᠢᠨ᠎ᠡ ᠣᠷᠣᠨ ᠵᠠᠶ᠎ᠶ᠋ᠢ ᠲᠠᠰᠤᠷᠠᠯᠲᠠ ᠥᠬᠡᠶ ᠥᠷᠭᠡᠳᠭᠡᠵᠦ᠍᠂ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠣᠶ ᠪᠣᠯᠭᠠᠵᠤ᠂ ᠬᠥᠭ᠌ᠵᠢᠯᠲᠡ᠎ᠶ᠋ᠢᠨ ᠱᠢᠨ᠎ᠡ ᠠᠬᠤᠶ ᠪᠠᠢᠳᠠᠯ᠎ᠢ ᠨᠡᠭᠡᠭᠡᠵᠦ᠍ ᠴᠢᠳᠠᠨ᠎ᠠ᠃

ᠬᠦᠰᠡᠯ ᠵᠡᠭᠦᠳᠦ ᠴᠥᠬᠥᠷᠡᠰᠢ ᠦᠭᠡᠢ ᠴᠢᠷᠮᠠᠢᠯᠭ᠎ᠠ᠎ᠶ᠋ᠢᠨ ᠲᠤᠮᠳᠠ ᠪᠠᠳᠠᠷᠠᠵᠤ᠂ ᠠᠵᠢᠯ ᠦᠢᠯᠡᠰ ᠦᠷᠭᠦᠯᠵᠢᠯᠡᠬᠦ᠌ ᠲᠡᠮᠡᠴᠡᠯ᠎ᠦᠨ ᠳᠤᠮᠳᠠ ᠬᠥᠭ᠌ᠵᠢᠨ᠎ᠡ᠃ ᠡᠢᠮᠦ᠍ ᠨᠢᠭᠡᠨ ᠠᠭᠤᠤ ᠶᠡᠬᠡ ᠴᠠᠭ ᠦᠶ᠎ᠡ᠎ᠳᠦ ᠣᠷᠣᠱᠢᠵᠤ᠂ ᠡᠢᠮᠦ᠍ ᠨᠢᠭᠡᠨ ᠠᠤᠭ᠎ᠠ ᠶᠡᠬᠡ ᠠᠶᠠᠨ ᠵᠠᠮ᠎ᠢ ᠵᠠᠮᠨᠠᠬᠤ᠎ᠳᠦ ᠪᠢᠳᠡ ᠥᠴᠦᠬᠡᠨ ᠴᠦ᠍ ᠴᠠᠯᠠᠭᠠᠢᠷᠠᠵᠤ ᠪᠣᠯᠬᠤ ᠦᠭᠡᠢ᠂ ᠥᠴᠦᠬᠡᠨ ᠴᠦ᠍ ᠰᠤᠯᠠᠷᠠᠵᠤ ᠪᠣᠯᠬᠤ ᠦᠭᠡᠢ᠂ ᠥᠴᠦᠬᠡᠨ ᠴᠦ᠍ ᠡᠷᠡᠭᠡᠯᠵᠡᠵᠦ᠍ ᠪᠣᠯᠬᠤ ᠦᠭᠡᠢ᠃ ᠱᠢᠨ᠎ᠡ ᠴᠠᠭ ᠦᠶ᠎ᠠ᠎ᠳᠤ ᠴᠢᠷᠮᠠᠢᠨ ᠲᠡᠮᠡᠴᠡᠵᠦ᠂ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠬᠤ ᠴᠤᠭ ᠰᠦᠯᠳᠡ ᠵᠢ ᠡᠷᠴᠢᠯᠡᠵᠦ᠂ 《ᠬᠣᠶᠠᠷ ᠬᠠᠯᠬᠠᠪᠴᠢ》᠎ᠶ᠋ᠢ ᠨᠡᠩ ᠪᠠᠲᠤ ᠪᠡᠬᠢ ᠪᠣᠯᠭᠠᠵᠤ᠂ 《ᠬᠣᠶᠠᠷ ᠰᠠᠭᠤᠷᠢᠨ》᠎ᠤ᠋ ᠶᠠᠰᠤ ᠴᠢᠨᠠᠷ ᠢ᠋ ᠵᠡᠷᠭᠡ᠎ᠪᠡᠷ ᠳᠡᠭᠡᠭ᠌ᠰᠢᠯᠡᠭᠦᠯᠵᠦ᠂ 《ᠨᠢᠭᠡ ᠪᠡᠬᠢᠯᠡᠯᠲᠡ》 ᠶ᠋ᠢᠨ ᠦᠢᠯᠡᠳᠦᠯ ᠢ᠋ ᠨᠡᠩ ᠢᠯᠡᠷᠬᠡᠶ ᠪᠣᠯᠭᠠᠵᠤ᠂ ᠠᠮᠢ ᠠᠬᠤᠢ᠎ᠶ᠋ᠢ ᠤᠷᠢᠳ᠎ᠵᠢᠡᠷ ᠪᠤᠳᠤᠯᠬᠢᠯᠠᠬᠤ᠂ ᠪᠤᠬᠢᠷᠳᠤᠯ ᠦᠭᠡᠢ ᠬᠦᠭ᠌ᠵᠢᠭᠦᠯᠬᠦ᠌ ᠪᠡᠷ ᠤᠳᠤᠷᠢᠳᠤᠮᠵᠢ ᠪᠤᠯᠭᠠᠬ᠍ᠰᠠᠨ ᠴᠢᠨᠠᠷ ᠰᠠᠢ᠌ᠳᠠᠢ ᠬᠦᠭ᠌ᠵᠢᠯᠳᠡ ᠵᠢᠨ ᠴᠢᠬᠤᠯᠠ ᠶᠡᠬᠡ ᠠᠯᠬᠤᠮ᠎ᠢ ᠠᠯᠬᠤᠬᠤ ᠪᠡᠷ ᠲᠡᠮᠡᠴᠡᠬᠦ᠌ ᠬᠠᠷᠠᠯᠲᠠ ᠪᠤᠯᠭᠠᠵᠤ᠂ ᠠᠮᠢ ᠠᠬᠤᠶ᠎ᠶ᠋ᠢ ᠤᠷᠢᠳ᠎ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ ᠵᠢ ᠴᠢᠩᠭ᠎ᠠ ᠪᠠᠷᠢᠮᠲᠠᠯᠠᠬᠤ᠂ ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠬᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠬᠦ᠂ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠂ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶ᠋ᠢ ᠶᠡᠬᠡ ᠪᠡᠷ ᠴᠢᠩᠭᠠᠳᠭᠠᠬᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠨᠠᠩ ᠥᠨᠳᠥᠷ ᠲᠦᠪᠱᠢᠨ ᠪᠥᠬᠥᠶ ᠠᠮᠤᠭᠤᠯᠠᠩᠳᠦ ᠥᠪᠥᠷ ᠮᠣᠩᠭᠣᠯ᠎ᠢ ᠪᠥᠲᠥᠭᠡᠨ ᠪᠠᠢᠭᠤᠯᠬᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠬᠦ᠌ ᠵᠡᠷᠭᠡ ᠲᠠᠯ᠎ᠠ᠎ᠪᠠᠷ ᠦᠨᠡᠨ ᠬᠦ᠌ ᠠᠳᠭᠤᠵᠤ ᠪᠣᠳᠠᠲᠠᠢ ᠠᠵᠢᠯᠯᠠᠨ ᠱᠢᠷᠭᠠᠭᠤ ᠠᠵᠢᠯᠯᠠᠬᠤ ᠬᠡᠷᠡᠭ᠌ᠲᠡᠢ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠤᠭ᠍ᠯᠠᠭ᠍ᠰᠠᠨ ᠠᠤᠭ᠎ᠠ ᠶᠡᠬᠡ ᠠᠯᠤᠰ ᠤ᠋ᠨ ᠲᠥᠰᠦᠪ᠎ᠢ᠎ᠠᠯᠬᠤᠮ ᠠᠯᠬᠤᠮ᠎ᠢᠶᠠᠷ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠨᠠᠮ᠎ᠳ᠋ᠠᠭᠠᠨ ᠣᠰᠣᠯᠳᠠᠬᠤ ᠦᠭᠡᠢ᠂ ᠠᠷᠠᠳ ᠲᠦᠮᠡᠨ᠎ᠳ᠋ᠡᠭᠡᠨ ᠣᠰᠣᠯᠳᠠᠬᠤ ᠦᠭᠡᠢ᠂ ᠴᠠᠭ ᠦᠶ᠎ᠡ᠎ᠳᠦ ᠣᠰᠣᠯᠳᠠᠬᠤ ᠦᠭᠡᠢ ᠠᠮᠵᠢᠯᠲᠠ ᠪᠦᠲᠦᠮᠵᠢ ᠵᠢ  ᠡᠭᠦᠳᠦᠨ ᠪᠦᠲᠦᠭᠡᠬᠦ ᠪᠠᠷ ᠬᠦᠴᠦᠯᠡᠨ ᠴᠢᠷᠮᠠᠢᠬᠤ ᠬᠡᠷᠡᠭᠳᠡᠢ᠃

《ᠨᠡᠷᠡᠨ ᠰᠠᠷᠠᠨ᠎ᠤ ᠮᠠᠨᠳᠤᠵᠤ ᠲᠠᠰᠢᠬᠤ ᠨᠢ ᠲᠠᠯᠠᠢ ᠲᠠᠩᠭᠢᠰ᠎ᠡᠴᠡ ᠡᠭᠦᠰᠦᠭᠰᠡᠨ ᠮᠡᠳᠤ᠃ ᠲᠡᠭᠷᠢ ᠵᠢᠨ ᠤᠶᠤᠳᠠᠯ ᠤ᠋ᠨ ᠣᠳᠣᠨ ᠮᠡᠴᠢᠳ ᠤ᠋ᠨ ᠭᠢᠯᠠᠯᠵᠠᠨ ᠰᠠᠴᠤᠷᠠᠬᠤ ᠨᠢ ᠴᠤ᠌ ᠲᠠᠯᠠᠢ᠎ᠲᠠᠩᠭᠢᠰ᠎ᠡᠴᠡ ᠪᠤᠯᠤᠬᠰᠠᠨ ᠮᠡᠳᠤ》᠃ ᠱᠢᠨ᠎ᠡ ᠴᠠᠭ ᠦᠶ᠎ᠡ᠎ᠶ᠋ᠢᠨ ᠪᠠᠢᠳᠠᠯ ᠨᠡᠩ ᠰᠦᠷ ᠵᠢᠪᠬᠤᠯᠠᠩᠲᠠᠢ᠂ ᠱᠢᠨ᠎ᠡ ᠭᠠᠷᠤᠭ᠎ᠠ᠎ᠶ᠋ᠢᠨ ᠠᠶᠠᠨ ᠨᠡᠩ ᠰᠦᠷ ᠳᠠᠯᠠᠢᠴᠠᠲᠠᠢ ᠪᠣᠯᠪᠠ᠃ ᠪᠢᠳᠡ ᠰᠢ᠎ᠶ᠋ᠢᠨ ᠫᠢᠩ᠎ᠨᠥᠬᠥᠷ᠎ᠢᠶᠡᠷ᠎ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ  ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ ᠎ᠪᠠᠨ ᠵᠣᠷᠢᠭ᠍ᠲᠠᠶ ᠎ᠪᠠᠷ ᠡᠭᠦᠷᠭᠡᠯᠡᠵᠦ᠍᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠵᠠᠮ᠎ᠨᠡᠭᠡᠭᠡᠨ᠎ᠲᠡᠮᠡᠴᠡᠵᠦ᠍᠂᠎ᠦᠵᠡᠰᠭᠦᠯᠡᠩᠲᠦ᠎ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠬᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠶ᠋ᠢᠨ ᠲᠥᠯᠥᠭᠡ ᠡᠷᠡᠰ ᠭᠤᠢᠪᠢᠰᠢ ᠥᠬᠡᠶ ᠲᠡᠮᠡᠴᠡᠵᠦ᠍᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠶ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号