(2021 ᠣᠨ ᠤ᠋ 11 ᠰᠠᠷ᠎ᠠ
ᠵᠢᠨ 30 ᠤ᠋ ᠡᠳᠦᠷ ᠳᠤᠮᠳᠠᠳᠤ ᠤᠯᠤᠰᠤ᠋ᠨ ᠡᠪ ᠬᠠᠮᠲᠤ ᠨᠠᠮ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨᠤ᠋ ᠠᠷᠪᠠᠨ
ᠨᠢᠭᠡᠳᠦᠭᠡᠷ ᠤᠳᠠᠭ᠎ᠠ ᠵᠢᠨ ᠲᠦᠯᠦᠭᠡᠯᠡᠭᠴᠢᠳᠤᠨ ᠶᠡᠬᠡ ᠬᠤᠷᠠᠯ ᠡᠴᠡ ᠪᠠᠳᠤᠯᠠᠪᠠ)
ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠥᠪᠥᠷ ᠮᠣᠩᠭᠣᠯ ᠤ᠋ᠨ ᠥᠪᠡᠷᠲᠡᠭᠡᠨ
ᠵᠠᠰᠠᠬᠤᠣᠷᠣᠨᠤ᠋ᠠᠷᠪᠠᠨ ᠨᠢᠭᠡᠳᠦᠭᠡᠷ ᠤᠳᠠᠭᠠᠵᠢᠨ ᠲᠥᠯᠥᠭᠡᠯᠡᠭᠴᠢᠳᠦ᠋ᠨ ᠶᠡᠬᠡ ᠬᠤᠷᠠᠯᠠ᠋ᠴᠠ ᠳᠤᠮᠳᠠᠳᠤ
ᠤᠯᠤᠰ ᠤ᠋ᠨ ᠡᠪ ᠬᠠᠮᠲᠤ ᠨᠠᠮ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨᠤ᠋ ᠰᠠᠬᠢᠯᠭ᠎ᠠ ᠪᠠᠳᠤ
ᠪᠠᠢᠴᠠᠭᠠᠬᠤ ᠬᠤᠷᠢᠶ᠎ᠠ ᠵᠢᠨ ᠠᠵᠢᠯᠤᠨ ᠮᠡᠳᠡᠭᠦᠯᠦᠯᠳᠡ ᠵᠢ ᠬᠢᠨᠠᠨ ᠪᠠᠢᠴᠠᠭᠠᠵᠤᠵᠦᠪᠰᠢᠶᠡᠷᠡᠪᠡ᠃ᠶᠡᠬᠡᠬᠤᠷᠠᠯᠠ᠋ᠴᠠᠥᠪᠡᠷᠲᠡᠭᠡᠨ ᠵᠠᠰᠠᠬᠤ ᠣᠷᠣᠨᠤ᠋ ᠠᠷᠪᠠᠳᠤᠭᠠᠷ ᠬᠤᠭᠤᠴᠠᠭᠠᠨᠤ᠋ ᠰᠠᠬᠢᠯᠭ᠎ᠠ ᠪᠠᠲᠤ ᠪᠠᠢᠴᠠᠭᠠᠬᠤ
ᠬᠣᠷᠢᠢ᠎ᠠ ᠵᠢᠨ ᠠᠵᠢᠯᠢ ᠭᠦᠢᠴᠡᠳ ᠨᠤᠲᠠᠯᠠᠪᠠ᠃
ᠶᠡᠬᠡ ᠬᠤᠷᠠᠯᠠ᠋ᠴᠠ᠂ ᠥᠩᠭᠡᠷᠡᠭᠰᠡᠨ ᠲᠠᠪᠤᠨ ᠵᠢᠯᠳ᠋ᠦ᠍᠂ ᠱ᠋ᠢ ᠵᠢᠨ ᠫᠢᠩᠦ᠋ᠨ
ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭᠠᠨᠤ᠋
ᠱᠢᠨᠵᠢᠯᠡᠬᠦ ᠤᠬᠠᠭᠠᠨᠴᠢ ᠵᠢᠯᠣᠭᠣᠳᠤᠯᠭ᠎ᠠ ᠳᠣᠣᠷ᠎ᠠ᠂ ᠪᠦᠬᠦ ᠣᠷᠣᠨᠤ᠋ ᠡᠯ᠎ᠡ ᠱᠠᠲᠤᠨᠤ᠋ ᠰᠠᠬᠢᠯᠭ᠎ᠠ ᠪᠠᠲᠤ
ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠨᠠᠮ ᠤ᠋ᠨ ᠲᠥᠪ ᠬᠣᠷᠢᠶ᠎ᠠ ᠵᠢᠨ ᠱᠢᠢᠳᠪᠦᠷᠢᠲᠦ ᠪᠣᠳᠣᠯᠭ᠎ᠠ
ᠪᠠᠢᠷᠢᠯᠠᠭᠤᠯᠤᠯᠲᠠ ᠵᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠥᠪᠦ᠋ᠨ ᠰᠠᠬᠢᠯᠭ᠎ᠠ
ᠪᠠᠲᠤ ᠪᠠᠢᠴᠠᠭᠠᠬᠤ ᠬᠣᠷᠢᠢ᠎ᠠ ᠤᠯᠤᠰ ᠤ᠋ᠨ ᠬᠢᠨᠠᠨ ᠪᠠᠢᠴᠠᠭᠠᠬᠤ ᠵᠦᠪᠯᠡᠯ ᠪᠠ ᠥᠪᠡᠷᠲᠡᠭᠡᠨ ᠵᠠᠰᠠᠬᠤ ᠣᠷᠣᠨᠤ᠋
ᠨᠠᠮ ᠤ᠋ᠨ ᠬᠣᠷᠢᠢ᠎ᠠ ᠵᠢᠨ ᠠᠵᠢᠯ ᠤ᠋ᠨ ᠱᠠᠭᠠᠷᠳᠠᠯᠭ᠎ᠠ ᠶᠣᠰᠣᠭᠠᠷ᠂ ᠭᠣᠣᠯ ᠬᠠᠷᠢᠭᠤᠴᠠᠯᠭ᠎ᠠ ᠭᠣᠣᠯ ᠠᠵᠢᠯᠳ᠋ᠦ
ᠠᠩᠬᠠᠷᠤᠯ ᠢ᠋ᠶ᠋ᠠᠨ ᠲᠥᠪᠯᠡᠷᠡᠭᠦᠯᠵᠦ᠂ ᠪᠦᠬᠦ ᠲᠠᠯ᠎ᠠ ᠪᠡᠷ ᠨᠠᠮ ᠢ᠋ ᠴᠢᠩᠭ᠎ᠠ ᠵᠠᠰᠠᠬᠤᠳ᠋ᠦ ᠬᠢᠨᠠᠯᠲᠠ ᠲᠠᠯᠪᠢᠵᠤ
ᠰᠠᠬᠢᠯᠭ᠎ᠠ ᠪᠠᠲᠤ ᠵᠢ ᠬᠡᠷᠡᠭᠵᠢᠭᠦᠯᠦᠨ ᠬᠠᠷᠢᠭᠤᠴᠠᠯᠭ᠎ᠠ ᠲᠤᠯᠭᠠᠬᠤ ᠡᠭᠦᠷᠭᠡ ᠬᠠᠷᠢᠭᠤᠴᠠᠯᠭ᠎ᠠᠪᠠᠨ ᠦᠨᠡᠨ
ᠬᠦ᠌ ᠭᠦᠢᠴᠡᠳᠭᠡᠵᠦ᠂ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠠ ᠢᠯᠵᠡᠷᠡᠯᠢ ᠡᠰᠡᠷᠭᠦᠴᠡᠬᠦ
ᠲᠡᠮᠡᠴᠡᠯ ᠢ᠋ ᠭᠤᠢᠪᠢᠱᠢ ᠦᠭᠡᠢ ᠭᠦᠨᠵᠡᠭᠡᠢᠷᠡᠭᠦᠯᠵᠦ᠂ ᠡᠯ᠎ᠡ ᠵᠦᠢᠯᠦ᠋ᠨ ᠠᠵᠢᠯ ᠮᠡᠳᠡᠭᠳᠡᠮ᠎ᠡ ᠦᠷ᠎ᠡ ᠪᠦᠲᠦᠮᠵᠢ ᠣᠯᠵᠠᠢ ᠭᠡᠪᠠ᠃
ᠶᠡᠬᠡ ᠬᠤᠷᠠᠯᠠ᠋ᠴᠠ᠂ ᠪᠦᠬᠦ ᠣᠷᠣᠨᠤ᠋ ᠡᠯ᠎ᠡ ᠱᠠᠲᠤᠨᠤ᠋ ᠰᠠᠬᠢᠯᠭ᠎ᠠ ᠪᠠᠲᠤ
ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠵᠢᠨ ᠬᠢᠨ ᠱ᠋ᠢ ᠵᠢᠨ ᠫᠢᠩ ᠦ᠋ᠨ ᠱᠢᠨ᠎ᠡ ᠴᠠᠭ ᠦᠶ᠎ᠡ ᠵᠢᠨ ᠳᠤᠮᠳᠠᠳᠤᠤᠯᠤᠰᠤ᠋ᠨᠣᠨᠴᠠᠯᠢᠭᠲᠠᠢᠨᠡᠢᠭᠡᠮᠵᠢᠷᠤᠮᠤ᠋ᠨᠦᠵᠡᠯ ᠰᠠᠨᠠᠭᠠᠪᠠᠷ ᠵᠢᠯᠣᠭᠣᠳᠤᠯᠭ᠎ᠠ ᠪᠣᠯᠭᠠᠬᠤ ᠵᠢ ᠪᠠᠷᠢᠮᠲᠠᠯᠠᠵᠤ᠂
ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷᠬᠤᠭᠤᠴᠠᠭᠠᠨᠤ᠋ᠲᠥᠪᠬᠣᠷᠢᠶᠠᠵᠢᠨ
ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯᠤᠨ ᠵᠣᠷᠢᠭ ᠰᠠᠨᠠᠭ᠎ᠠ
ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠳᠥᠷᠪᠡᠨ ᠤᠬᠠᠮᠰᠠᠷ》 ᠢ᠋ᠶ᠋ᠠᠨ ᠴᠢᠩᠭᠠᠳᠭᠠᠵᠤ᠂ 《ᠳᠥᠷᠪᠡᠨ ᠢᠲᠡᠭᠡᠯ》 ᠢ᠋ ᠪᠠᠲᠤᠳᠭᠠᠨ᠂ 《ᠬᠣᠶᠠᠷᠢ ᠬᠠᠮᠠᠭᠠᠯᠠᠬᠤ》 ᠵᠢ ᠪᠡᠶᠡᠯᠡᠭᠦᠯᠵᠦ᠂
ᠡᠭᠦᠷᠭᠡ ᠬᠠᠷᠢᠭᠤᠴᠠᠯᠭ᠎ᠠᠪᠠᠨ ᠪᠠᠲᠤ ᠰᠠᠬᠢᠵᠤ᠂ ᠲᠣᠭᠲᠠᠭᠤᠨᠤ᠋ ᠳᠤᠮᠳᠠ ᠤᠷᠤᠭᠱᠢᠯᠠᠨ ᠲᠠᠪᠱᠢᠬᠤ᠂ ᠱᠢᠨ᠎ᠡ
ᠵᠢ ᠡᠭᠦᠳᠬᠦ ᠪᠠ ᠲᠦᠪ ᠴᠢᠩᠭ᠎ᠠ ᠭᠣᠣᠯ ᠬᠥᠭ ᠠᠶᠠᠰᠢ ᠪᠠᠷᠢᠮᠲᠠᠯᠠᠵᠤ᠂ ᠨᠠᠮ ᠤ᠋ᠨ ᠰᠤᠷᠲᠠᠯ ᠪᠠ ᠠᠷᠢᠭᠤᠨ ᠴᠢᠬᠡᠴᠢᠪᠡᠷ ᠵᠠᠰᠠᠭ ᠪᠠᠷᠢᠬᠤ ᠪᠠᠢᠭᠤᠯᠤᠯᠲᠠ ᠪᠣᠯᠤᠨ ᠢᠯᠵᠡᠷᠠᠯᠢ ᠡᠰᠡᠷᠭᠦᠴᠡᠬᠦ
ᠲᠡᠮᠡᠴᠡᠯᠢ ᠡᠷᠡᠰ ᠭᠤᠢᠪᠢᠱᠢ ᠥᠬᠡᠢᠪᠡᠷ ᠠᠬᠢᠭᠤᠯᠵᠤ᠂ ᠢᠯᠵᠠᠷᠠᠬᠤ ᠡᠴᠡ ᠵᠢᠷᠤᠭᠡᠰᠢᠶᠡᠬᠦ᠂ ᠢᠯᠵᠠᠷᠠᠵᠤ
ᠪᠤᠯᠬᠤ ᠦᠭᠡᠢ᠂ ᠢᠯᠵᠠᠷᠠᠬᠤ ᠵᠢ ᠪᠣᠳᠣᠬᠤ ᠦᠭᠡᠢ ᠪᠠᠢᠬᠤ ᠵᠢ ᠨᠢᠭᠡ ᠴᠤᠭᠴᠠᠵᠢᠭᠤᠯᠤᠨ ᠠᠬᠢᠭᠤᠯᠬᠤ ᠵᠢ ᠭᠦᠨᠵᠡᠭᠡᠢᠷᠡᠭᠦᠯᠵᠦ᠂
ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠵᠢᠨ ᠲᠦᠷᠢᠮᠵᠢᠯᠳᠠ᠂ ᠬᠠᠤᠯᠢᠵᠢᠯᠳᠠ᠂ ᠵᠢᠩᠬᠢᠨᠢᠵᠢᠯᠳᠠᠵᠢᠨ ᠪᠠᠢᠭᠤᠯᠤᠯᠲᠠ ᠵᠢ ᠴᠢᠩᠭᠠᠳᠭᠠᠵᠤ᠂ ᠤᠬᠠᠮᠰᠠᠷᠠ᠋ᠴᠠᠪᠠᠨ ᠭᠣᠣᠯ ᠠᠵᠢᠯᠤᠨ ᠲᠣᠭᠣᠷᠢᠨᠳ᠋ᠦ ᠶᠡᠬᠡ
ᠲᠠᠯᠠᠳ᠋ᠦ ᠦᠢᠯᠡᠴᠢᠯᠡᠵᠦ᠂ ᠬᠢᠨᠠᠯᠲᠠ ᠲᠠᠯᠪᠢᠬᠤ ᠪᠠᠳᠤᠯᠠᠬᠤ
ᠬᠡᠷᠡᠭᠵᠢᠭᠦᠯᠬᠦ᠂ ᠠᠬᠢᠭᠤᠯᠬᠤ ᠳᠡᠭᠦᠯᠳᠡᠷᠵᠢᠬᠦᠯᠬᠦ ᠬᠦᠭᠵᠢᠬᠦᠯᠬᠦ ᠦᠢᠯᠡᠳᠤᠯᠵᠢᠡᠨ ᠪᠠᠳᠠᠷᠠᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ ᠢ᠋ᠶ᠋ᠠᠨ ᠪᠦᠲᠦᠭᠡᠨ
ᠪᠠᠢᠭᠤᠯᠵᠤ᠂ ᠠᠭᠤᠤ ᠶᠡᠬᠡ ᠳᠤᠮᠳᠠᠳᠤ ᠵᠢᠨ ᠵᠡᠭᠦᠳᠦᠪᠡᠨ
ᠬᠠᠮᠲᠤ ᠪᠠᠷ ᠲᠡᠷᠭᠡᠯᠰᠢᠭᠦᠯᠬᠦᠳᠤ ᠪᠠᠲᠤ ᠴᠢᠩᠭ᠎ᠠ ᠤᠯᠤᠰ ᠲᠥᠷᠥᠵᠢᠨ ᠪᠠᠲᠤᠯᠠᠭ᠎ᠠ ᠬᠠᠩᠭᠠᠬᠤ ᠬᠡᠷᠡᠭᠲᠡᠢ
ᠭᠡᠵᠤ ᠴᠢᠬᠤᠯᠠᠴᠢᠯᠠᠪᠠ ᠃
ᠶᠡᠬᠡ ᠬᠤᠷᠠᠯᠠ᠋ᠴᠠ᠂ ᠪᠦᠬᠦ ᠣᠷᠣᠨᠤ᠋ ᠡᠯ᠎ᠡ ᠱᠠᠲᠤᠨᠤ᠋ ᠰᠠᠬᠢᠯᠭ᠎ᠠ ᠪᠠᠲᠤ
ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠵᠢᠨ ᠬᠢᠨ ᠱᠢᠨᠵᠢᠯᠡᠬᠦ ᠤᠬᠠᠭᠠᠨᠴᠢ ᠣᠨᠣᠯ ᠢ᠋ᠶ᠋ᠠᠷ ᠵᠡᠪᠰᠡᠭᠯᠡᠬᠦ
ᠵᠢ ᠪᠠᠷᠢᠮᠲᠠᠯᠠᠵᠤ᠂ ᠨᠠᠮ ᠤ᠋ᠨ ᠰᠤᠷᠲᠠᠯ ᠪᠠ ᠠᠷᠢᠭᠤᠨ ᠴᠢᠬᠡᠴᠢᠪᠡᠷ ᠵᠠᠰᠠᠭ ᠪᠠᠷᠢᠬᠤ ᠪᠠᠢᠭᠤᠯᠤᠯᠲᠠ ᠪᠣᠯᠤᠨ
ᠢᠯᠵᠡᠷᠡᠯᠢ ᠡᠰᠡᠷᠭᠦᠴᠡᠬᠦ ᠲᠡᠮᠡᠴᠡᠯᠢ ᠠᠬᠢᠭᠤᠯᠬᠤ ᠡᠷᠡᠰ ᠪᠠᠲᠤ ᠴᠢᠨᠠᠷ᠂ ᠤᠬᠠᠮᠰᠠᠷᠲᠤ ᠴᠢᠨᠠᠷ ᠢ᠋ᠶ᠋ᠠᠨ
ᠴᠢᠩᠭᠠᠳᠭᠠᠬᠤ ᠬᠡᠷᠡᠭᠲᠡᠢ ; ᠤᠯᠤᠰ ᠲᠥᠷᠥ ᠵᠢᠨ ᠬᠢᠨᠠᠯᠲᠠ ᠲᠠᠯᠪᠢᠯᠲᠠ ᠵᠢ ᠦᠨᠡᠨ ᠬᠦ᠌ ᠴᠢᠩᠭᠠᠳᠭᠠᠵᠤ᠂ ᠨᠠᠮ ᠤ᠋ᠨ ᠲᠥᠪ ᠬᠣᠷᠢᠶᠠᠵᠢᠨ ᠱᠢᠢᠳᠪᠦᠷᠢᠲᠦ ᠪᠣᠳᠣᠯᠭ᠎ᠠ
ᠪᠠᠢᠷᠢᠯᠠᠭᠤᠯᠤᠯᠲᠠ ᠵᠢ ᠥᠪᠥᠷ ᠮᠣᠩᠭᠣᠯᠳ᠋ᠦ ᠲᠡᠷᠡ ᠬᠡᠪ ᠵᠢᠡᠷ ᠨᠢ ᠲᠤᠭᠤᠰᠢᠯᠠᠭᠤᠯᠤᠨ ᠨᠠᠢᠳᠠᠪᠤᠷᠢᠵᠢᠭᠤᠯᠬᠤ
ᠵᠢ ᠡᠷᠡᠰ ᠠᠬᠢᠭᠤᠯᠬᠤ ᠬᠡᠷᠡᠭᠲᠡᠢ; ᠰᠤᠷᠲᠠᠯᠢ ᠲᠥᠪ ᠪᠣᠯᠭᠠᠨ
ᠰᠠᠬᠢᠯᠭ᠎ᠠ ᠪᠠᠲᠤᠵᠢᠴᠢᠩᠳᠠᠯᠠᠵᠤᠢᠯᠵᠡᠷᠡᠯᠢᠡᠰᠡᠷᠭᠦᠴᠡᠬᠦᠡᠷᠴᠢᠮᠢ ᠴᠢᠩᠭᠠᠷᠠᠭᠤᠯᠵᠤ᠂ ᠤᠯᠤᠰ ᠲᠥᠷᠥᠵᠢᠨ
ᠠᠮᠢ ᠠᠬᠤᠢ ᠵᠢ ᠡᠷᠡᠰ ᠱᠢᠭᠤᠷᠬᠠᠢᠪᠠᠷ ᠴᠡᠪᠡᠷᠱᠢᠭᠦᠯᠦᠨ ᠰᠡᠷᠭᠦᠭᠡᠬᠦ ᠬᠡᠷᠡᠭᠲᠡᠢ; ᠲᠤᠰ
ᠪᠡᠶᠡᠵᠢᠨ ᠪᠠᠢᠭᠤᠯᠤᠯᠲᠠᠪᠠᠨ ᠪᠦᠬᠦ ᠲᠠᠯᠠᠪᠠᠷ ᠴᠢᠩᠭᠠᠳᠭᠠᠵᠤ᠂ ᠥᠪᠥᠷ ᠮᠣᠩᠭᠣᠯ ᠤ᠋ᠨ ᠰᠠᠬᠢᠯᠭ᠎ᠠ ᠪᠠᠲᠤ
ᠪᠠᠢᠴᠠᠭᠠᠬᠤ ᠬᠢᠨᠠᠨ ᠪᠠᠢᠴᠠᠭᠠᠬᠤ ᠨᠢᠭᠡᠨ ᠰᠠᠯᠠᠭ᠎ᠠ ᠲᠡᠮᠦᠷ ᠴᠡᠷᠢᠭᠢ ᠬᠦᠴᠦᠯᠡᠨ ᠪᠠᠢᠭᠤᠯᠬᠤ ᠬᠡᠷᠡᠭᠳᠡᠢ
ᠭᠡᠵᠤ ᠱᠠᠭᠠᠷᠳᠠᠪᠠ᠃