ᠠᠵᠢᠯᠯᠠᠭᠠᠨ᠎ᠤ ᠬᠦᠲᠦᠯᠪᠦᠷᠢ ᠣᠷᠣᠬᠰᠢᠯᠠᠯᠲᠠ᠎ᠶᠢᠨ ᠴᠢᠭᠯᠡᠯ ᠢ᠋ ᠬᠦᠳᠦᠯᠦᠨ ᠲᠠᠭᠠᠭᠤᠯᠵᠦ ᠠᠤᠭ᠎ᠠ ᠰᠡᠳᠬᠢᠯᠬᠡ ᠤᠮᠤᠬ ᠵᠤᠷᠢᠬ ᠡᠷᠡᠮᠡᠬᠡᠢᠯᠡᠨ ᠲᠡᠮᠡᠴᠡᠬᠥ ᠰᠢᠨ᠎ᠠ ᠬᠠᠭᠤᠲᠠᠰᠤ ᠎ᠶᠢ ᠪᠢᠴᠢᠭᠯᠡᠨ᠎ᠠ
2021-12-01 08:47:00
ᠵᠣᠬᠢᠶᠠᠭ᠍ᠴᠢ᠄
ᠬᠠᠨ ᠰᠢᠣᠸᠠᠢ ᠷᠦ᠋
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ᠎ᠡᠳᠦᠷ᠂ ᠱᠠᠨᠰᠢ᠎ᠶ᠋ᠢᠨ ᠮᠠᠱᠢᠨ ᠲᠡᠷᠭᠡᠨ᠎ᠦ ᠪᠦᠯᠦᠭ᠌ᠯᠡᠯ ᠡᠴᠡ ᠦᠶ᠋ᠯᠡᠳᠪᠦᠷᠢᠯᠡᠭ᠌ᠰᠡᠨ ᠨᠢᠭᠡ ᠪᠦᠯᠦᠭ ᠮᠠᠯᠲᠠᠭᠤᠷ ᠮᠠᠱᠢᠨ ᠮᠠᠨᠵᠤᠤᠷ᠎ᠤᠨ ᠵᠠᠰᠠᠮᠠᠯ ᠵᠠᠮ᠎ᠤᠨ ᠬᠢᠯᠢ᠎ᠶᠢᠨ ᠪᠣᠭᠣᠮᠲᠠ᠎ᠶ᠋ᠢᠨ ᠪᠠᠷᠠᠭᠠᠨ᠎ᠤ ᠲᠡᠭᠡᠭᠡᠪᠦᠷᠢ᠎ᠶ᠋ᠢᠨ ᠲᠠᠯᠠᠪᠤᠷ᠎ᠢᠶᠠᠷ ᠦᠩᠭᠡᠷᠡᠵᠦ᠂ ᠳᠤᠮᠳᠠᠳᠤ ᠣᠷᠣᠰ ᠬᠣᠶᠠᠷ ᠲᠠᠯ᠎ᠠ᠎ᠶ᠋ᠢᠨ ᠵᠢᠯᠣᠭᠣᠴᠢ ᠬᠠᠷᠢᠯᠴᠠᠨ ᠰᠣᠯᠢᠯᠴᠠᠬᠣ ᠪᠡᠷ ᠳᠡᠮᠵᠢᠨ᠂ ᠰᠢᠭᠣᠳ ᠣᠷᠣᠰ ᠵᠡᠷᠭᠡ 《ᠨᠢᠭᠡ ᠪᠦᠰᠡ ᠨᠢᠭᠡ ᠵᠠᠮ 》 ᠳᠠᠭᠠᠤ᠎ᠶ᠋ᠢᠨ ᠤᠯᠤᠰ᠎ᠲᠤ ᠬᠦᠷᠴᠡᠶ᠃

ᠥᠪᠡᠰᠦᠪᠡᠨ ᠪᠠᠭᠤᠯᠭᠠᠬᠤ ᠲᠡᠷᠭᠡ᠂ ᠡᠷᠭᠦᠭᠦᠯ ᠮᠠᠱᠢᠨ᠂ ᠠᠴᠢᠶᠠᠯᠠᠬᠤ ᠮᠠᠱᠢᠨ ᠁ ᠭᠡᠬᠦᠴᠢᠯᠡᠨ ᠡᠨᠡ ᠵᠢᠯ᠎ᠦᠨ ᠲᠦᠷᠦᠭᠦᠦ 10 ᠰᠠᠷ᠎ᠠ᠎ᠳᠤ ᠮᠠᠨᠵᠤᠤᠷ ᠬᠢᠯᠢ᠎ᠶᠢᠨ ᠪᠣᠭᠣᠮᠲᠠ᠎ᠪᠠᠷ ᠭᠠᠲᠠᠬᠰᠢ ᠭᠠᠷᠭᠠᠬᠰᠠᠨ ᠲᠡᠷᠭᠡ 5932 ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 22 ᠳᠠᠬᠢᠨ ᠨᠡᠮᠡᠭ᠌ᠳᠡᠵᠡᠶ᠃ ᠠᠽᠢᠶ᠎ᠠ ᠧᠦ᠋ᠷᠣᠫᠠ᠎ᠶ᠋ᠢᠨ ᠶᠡᠬᠡ ᠵᠠᠮ ᠶ᠋ᠢᠡᠷ ᠬᠦᠴᠦ ᠨᠡᠮᠡᠨ ᠲᠠᠪᠬᠢᠬᠣ ᠡᠳᠡᠭᠡᠷ ᠲᠡᠷᠭᠡ ᠨᠢ ᠶᠠᠬ ᠯᠡ ᠢᠷᠠᠭᠤ ᠠᠯᠳᠠᠷᠳᠤ ᠨᠡᠷ᠎ᠡ᠎ᠶ᠋ᠢᠨ ᠬᠠᠭᠤᠳᠠᠰᠤ ᠱᠢᠭ᠋ ᠶ᠋ᠢᠡᠷ 《ᠳᠤᠮᠳᠠᠳᠤ ᠤᠯᠤᠰ᠎ᠤᠨ ᠦᠢᠯᠡᠳᠪᠦᠷᠢᠯᠡᠭᠰᠡᠨ》 ᠭᠡᠬᠦ ᠦᠵᠡᠰᠭᠦᠯᠡᠩᠲᠦ ᠰᠠᠢᠬᠠᠨ ᠲᠤᠤᠯᠢᠰ ᠢ᠋ ᠪᠢᠴᠢᠭ᠌ᠯᠡᠭᠰᠡᠭᠡᠷ᠃

ᠤᠢ᠍ᠢᠷ᠎ᠠ᠎ᠶ᠋ᠢᠨ ᠵᠢᠯ ᠡᠴᠡ ᠨᠠᠭᠠᠰᠢ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠤᠨ ᠲᠤᠬᠠᠢ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠪᠠ ᠠᠵᠢᠯᠯᠠᠭᠠᠨ᠎ᠤ ᠬᠥᠲᠥᠯᠪᠦᠷᠢ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》 ᠪᠣᠯᠤᠨ 《ᠨᠢᠭᠡ ᠪᠡᠬᠢᠯᠡᠯᠲᠡ》 ᠵᠢ ᠲᠦᠷᠭᠡᠳᠭᠡᠨ ᠪᠠᠢᠭᠤᠯᠵᠤ᠂ ᠦᠯᠡᠮᠵᠢ ᠦᠷ᠎ᠡ ᠪᠦᠲᠦᠭᠡᠯ ᠣᠯᠵᠠᠢ᠃

ᠡᠷᠡᠮᠡᠬᠡᠢᠯᠡᠨ ᠤᠷᠤᠭ᠍ᠰᠢᠯᠠᠵᠤ᠂ ᠬᠦᠰᠡᠯ ᠨᠠᠢᠳᠠᠯᠭ᠎ᠠ᠎ᠶ᠋ᠢ ᠨᠢ ᠠᠵᠢᠯᠯᠠᠭ᠎ᠠ ᠪᠣᠯᠭᠠᠨ ᠬᠤᠪᠢᠷᠠᠭᠤᠯᠣᠨ᠎ᠠ — ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠬᠥᠬᠡᠮᠲᠥᠭ ᠨᠤᠭᠤᠭᠠᠨ ᠠᠭᠤᠯᠠ ᠤᠰᠤ ᠎ᠶᠢ ᠬᠠᠮᠠᠭᠠᠯᠠᠵᠦ᠂ 《ᠨᠣᠮᠢᠨ ᠨᠣᠭᠣᠭᠠᠨ ᠬᠠᠷᠢᠭᠤᠯᠲᠠ᠎ᠶ᠋ᠢᠨ ᠬᠠᠭᠤᠳᠠᠰᠤ》 ᠵᠢ ᠬᠠᠷᠠᠭᠠᠨ ᠳ᠋ᠦ ᠳᠡᠯᠭᠡᠪᠡ; ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠣᠬᠲᠠᠭᠣᠨ᠎ᠤ ᠬᠠᠯᠬᠠᠪᠴᠢ ᠡᠳᠦᠷ ᠢᠷᠡᠬᠦᠶ᠎ᠡ ᠪᠡᠬᠢᠵᠢᠪᠡ᠃

ᠲᠦᠷᠭᠡᠨ ᠪᠥᠭᠡᠳ ᠯᠠᠪᠳᠠᠭᠤᠨ᠎ᠢᠶᠠᠷ ᠤᠷᠤᠭ᠍ᠰᠢᠯᠠᠵᠤ᠂ ᠬᠥᠭ᠌ᠵᠢᠯᠲᠡ᠎ᠪᠡᠷ ᠬᠦᠰᠡᠯ ᠡᠷᠡᠮᠡᠯᠵᠡᠯ᠎ᠳᠦ᠎ᠬᠠᠷᠢᠭᠤᠯᠲᠠ᠎ᠦᠭᠬᠦᠨ᠎ᠡ — ᠤᠯᠤᠰ᠎ᠤᠨ᠎ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌᠎ᠶ᠋ᠢ ᠬᠦᠴᠦᠯᠡᠨ ᠠᠬᠢᠭᠤᠯᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠠᠬᠤᠢ ᠪᠠᠢᠳᠠᠯ᠎ᠢ ᠨᠡᠭᠡᠭᠡᠬᠦ᠌᠎ᠳᠦ ᠦᠷᠭᠦᠯᠵᠢᠯᠡᠨ ᠬᠦᠴᠦ ᠨᠡᠮᠡᠷᠢᠯᠡᠨ᠎ᠡ; 《ᠠᠮᠤ᠎ᠶᠢᠨ ᠰᠠᠩ》 ᠳ᠋ᠦ ᠡᠯᠪᠡᠭ ᠬᠣᠷᠢᠶᠠᠯᠲᠠ᠎ᠶᠢᠨ ᠲᠠᠭᠣᠣ ᠬᠠᠩᠬᠢᠨᠠᠵᠦ᠂ 《ᠮᠢᠬᠠᠨ᠎ᠤ ᠬᠥᠮᠥᠷᠭᠡ》 ᠳ᠋ᠦ ᠮᠢᠬ᠎ᠠ ᠲᠦᠭᠦᠷᠡᠩ᠂ ᠤᠯᠤᠰ᠎ᠤᠨ ᠴᠢᠬᠤᠯᠠ ᠪᠣᠯᠬᠣ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ᠎ᠰᠠᠭᠤᠷᠢᠨ᠎ᠢ᠎ᠲᠦᠷᠭᠡᠨ᠎ᠪᠥᠭᠡᠳ᠎ᠯᠠᠪᠳᠠᠭᠤᠨ᠎ᠢᠶᠠᠷ ᠪᠦᠳᠦᠭᠡᠨ ᠪᠠᠢᠭᠤᠯᠪᠠ᠃

ᠠᠱᠢᠭ᠍ᠲᠠᠢ ᠪᠠᠢᠳᠠᠯ᠎ᠢ ᠠᠮᠵᠢᠨ ᠤᠷᠤᠭ᠍ᠰᠢᠯᠠᠵᠤ᠂ ᠬᠦᠰᠡᠯ ᠵᠡᠭᠦᠳᠦ᠍᠎ᠪᠡᠨ ᠪᠣᠳᠠᠲᠤ ᠠᠬᠤᠢ᠎ᠲᠠᠶ ᠵᠣᠯᠭᠠᠭᠤᠯᠣᠨ᠎ᠠ — ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠢᠭᠤᠯᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠨᠠᠢᠳᠠᠪᠤᠷᠢᠵᠢᠭᠤᠯᠬᠤ᠎ᠲᠠᠶ᠎ᠨᠢᠭ᠍ᠲᠠ᠎ᠤᠶᠠᠯᠳᠤᠭᠤᠯᠵᠤ᠂ ᠳᠣᠲᠣᠭᠠᠳᠤ ᠭᠠᠳᠠᠭᠠᠳᠤ᠎ᠶ᠋ᠢ ᠬᠣᠯᠪᠣᠭ᠍ᠰᠠᠨ᠂ ᠡᠷᠬᠢᠨ ᠲᠣᠭᠣᠷᠢᠨ᠎ᠤ ᠤᠯᠤᠰ᠎ᠢ ᠨᠥᠯᠥᠭᠡᠯᠡᠭ᠌ᠰᠡᠨ᠂ ᠡᠬᠢ ᠪᠠᠶᠠᠯᠢᠭ᠎ᠢ ᠲᠥᠪᠯᠡᠷᠡᠭᠦᠯᠵᠦ᠍ ᠲᠠᠷᠬᠠᠭᠠᠭ᠍ᠰᠠᠨ᠂ ᠴᠢᠬᠤᠯᠠ ᠡᠯᠧᠮᠧᠨ᠋ᠲ᠎ᠢ ᠠᠭᠤᠰᠤᠯᠴᠠᠭᠤᠯᠤᠨ ᠨᠡᠪᠲᠡᠷᠡᠭᠦᠯᠦᠭ᠌ᠰᠡᠨ ᠪᠦᠬᠦ᠌ ᠣᠷᠣᠨ ᠪᠦᠰᠡ᠎ᠶ᠋ᠢᠨ ᠨᠡᠬᠡᠬᠡᠯᠳᠡ᠎ᠶ᠋ᠢᠨ ᠲᠠᠪᠴᠠᠩ᠎ᠢ ᠴᠢᠷᠮᠠᠢᠨ ᠪᠦᠷᠢᠯᠳᠦᠭᠦᠯᠵᠦ᠍᠂ ᠪᠦᠬᠦ᠌ ᠲᠠᠯ᠎ᠠ᠎ᠪᠠᠷ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠲᠦ ᠠᠭᠤᠰᠤᠯᠴᠠᠬᠤ ᠳᠤᠮᠳᠠ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠡᠭᠦᠳᠦᠨ᠎ᠡ᠃

ᠦᠩᠭᠡᠷᠡᠭᠰᠡᠨ ᠲᠡᠦᠭᠡ ᠡᠴᠡ ᠦᠨᠦᠲᠦᠷ᠎ᠢ ᠲᠣᠯᠢᠲᠠᠵᠦ᠂ ᠦᠢᠯᠡᠳᠦᠯᠭᠡ ᠡᠴᠡ ᠢᠷᠡᠭᠡᠳᠦᠢ᠎ᠶ᠋ᠢ ᠪᠠᠷᠠᠯᠠᠨ᠎ᠠ᠃ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠢ ᠰᠡᠬᠦᠪᠡᠯ᠂《ᠣᠷᠣᠨ ᠳᠠᠶᠠᠭᠠᠷ ᠴᠥᠬᠥᠷᠡᠰᠢ ᠥᠬᠡᠶ ᠴᠢᠷᠮᠠᠢᠬᠣ᠎ᠪᠠᠷ ᠳᠡᠮᠵᠢᠨ᠂ 〈ᠬᠣᠶᠠᠷ ᠬᠠᠯᠬᠠᠪᠴᠢ〉 ᠨᠠᠩ ᠪᠠᠲᠤ ᠪᠠᠬᠢ ᠪᠣᠯᠵᠣ᠂ 〈ᠬᠣᠶᠠᠷ ᠰᠠᠭᠤᠷᠢᠨ〉 ᠎ᠤ᠋ ᠶᠠᠰᠤ ᠴᠢᠨᠠᠷ ᠵᠡᠷᠭᠡ᠎ᠪᠡᠷ ᠳᠡᠭᠡᠭ᠌ᠰᠢᠯᠡᠵᠦ᠍᠂ 〈ᠨᠢᠭᠡ  ᠪᠡᠬᠢᠯᠡᠯᠲᠡ〉 ᠎ᠶ᠋ᠢᠨ ᠦᠶ᠋ᠯᠡᠳᠦᠯ ᠲᠣᠪᠣᠢᠵᠦ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠴᠢᠬᠤᠯᠠ ᠶᠡᠬᠡ ᠠᠯᠬᠤᠮ᠎ᠠᠯᠬᠣᠬᠣ》 ᠲᠡᠮᠡᠴᠡᠯ᠎ᠦᠨ ᠬᠠᠷᠠᠯᠲᠠ ᠲᠣᠳᠣᠷᠠᠨ᠎ᠡ᠃᠎ᠡᠨᠡ ᠪᠣᠯ᠎ᠥᠪᠥᠷ ᠮᠣᠩᠭᠣᠯ᠎ᠤᠨ ᠪᠠᠢᠷᠢ ᠲᠣᠭ᠍ᠲᠠᠭᠠᠯᠲᠠ᠎ᠶ᠋ᠢᠨ ᠡᠵᠡᠮᠲᠡᠯ᠂ ᠡᠷᠡᠮᠡᠬᠡᠢᠯᠡᠨ ᠤᠷᠤᠭ᠍ᠰᠢᠯᠠᠬᠤ ᠴᠢᠭ᠌ᠯᠡᠯ ᠪᠣᠯᠬᠣ ᠪᠦᠭᠡᠳ ᠪᠠᠰᠠ ᠴᠤ᠌ ᠲᠥᠯᠥᠭᠡᠯᠡᠭ᠌ᠴᠢᠳ᠎ᠦᠨ ᠰᠡᠳᠭᠢᠯ᠎ᠦᠨ ᠳᠠᠭᠤᠨ ᠪᠣᠯᠬᠣ ᠶᠣᠮ᠃

ᠬᠠᠷᠢᠭᠤᠴᠠᠯᠭ᠎ᠠ ᠪᠣᠯ ᠳᠠᠷᠤᠢ ᠶᠡᠬᠡ ᠲᠠᠯ᠎ᠠ᠂ ᠡᠭᠦᠷᠭᠡ ᠪᠣᠯ ᠳᠠᠷᠤᠢ ᠬᠥᠳᠡᠯᠭᠡᠬᠦ᠌ ᠬᠦᠴᠦᠨ ᠮᠥᠨ᠃ ᠬᠠᠷᠠᠯᠲᠠ ᠡᠭᠦᠷᠭᠡ᠎ᠪᠡᠨ ᠬᠡᠷᠬᠢᠨ ᠪᠡᠶᠡᠯᠡᠭᠦᠯᠬᠦ᠌ ᠲᠤᠬᠠᠢ ᠲᠥᠯᠥᠭᠡᠯᠡᠭ᠌ᠴᠢᠳ᠎ᠬᠠᠯᠠᠭᠤᠨ ᠶᠠᠷᠢᠯᠴᠠᠭ᠎ᠠ ᠪᠣᠯᠵᠠᠭᠠᠪᠠ᠃

《ᠪᠢᠳᠡ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠪᠠᠢᠯᠳᠤᠬᠤ ᠪᠣᠳᠣᠯᠭ᠎ᠠ᠎ᠶ᠋ᠢ ᠠᠳᠭᠤᠬᠤ᠂ ᠎ᠥᠭᠡᠷᠡᠴᠢᠯᠡᠯᠲᠡ ᠎ᠶ᠋ᠢ ᠎ᠠᠳᠭᠤᠬᠤ ᠂ ᠎ᠲᠥᠯᠥᠪᠵᠢᠭᠦᠯᠭᠡ ᠎ᠶ᠋ᠢ ᠎ᠠᠳᠭᠤᠬᠤ᠂ ᠦᠶ᠋ᠯᠡᠴᠢᠯᠡᠭᠡ᠎ᠶ᠋ᠢ᠎ᠠᠳᠭᠤᠬᠤ᠎ᠶ᠋ᠢ᠎ᠨᠠᠩ ᠴᠢᠬᠤᠯᠠᠴᠢᠯᠠᠵᠤ᠂ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠱᠢᠨᠵᠢᠯᠡᠬᠦ᠌᠎ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠨ᠎ᠦ ᠪᠠᠢᠭᠤᠯᠤᠯᠲᠠ᠎ᠶ᠋ᠢ ᠤᠯᠠᠮ ᠴᠢᠨᠠᠭ᠍ᠰᠢᠳᠠ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ 〈ᠭᠤᠷᠪᠠᠨ ᠬᠡᠯᠬᠢᠶ᠎ᠡ〉 ᠎ᠶ᠋ᠢᠨ ᠠᠭᠤᠰᠤᠯᠴᠠᠯ᠎ᠢ ᠠᠬᠢᠭᠤᠯᠵᠤ᠂ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠪᠠᠢᠭᠤᠯᠵᠤ᠂ ᠰᠠᠢᠨ ᠰᠠᠢᠬᠠᠨ ᠱᠢᠨ᠎ᠡ᠎ᠶ᠋ᠢ ᠡᠭᠦᠳᠬᠦ᠌ ᠠᠮᠢ ᠠᠬᠤᠶ᠎ᠶ᠋ᠢ ᠪᠣᠶ ᠪᠣᠯᠭᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠬᠤ᠎ᠪᠠᠷ ᠴᠢᠷᠮᠠᠢᠨ᠎ᠠ》 ᠭᠡᠵᠦ᠍ ᠹᠸᠩ ᠵᠢᠶᠠ ᠵᠢᠤᠢ ᠲᠥᠯᠥᠭᠡᠯᠡᠭ᠌ᠴᠢ ᠬᠡᠯᠡᠨ᠎ᠡ᠃

ᠬᠥᠯᠥᠨ ᠪᠤᠢ᠌ᠷ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠳ᠋ᠤᠸᠠᠨ ᠷᠦᠢ ᠬᠤᠢ ᠲᠥᠯᠥᠭᠡᠯᠡᠭ᠌ᠴᠢ ᠢᠯᠡᠷᠭᠡᠢᠯᠡᠬᠦ ᠳ᠋ᠡᠭᠡᠨ᠂ ᠤᠰᠤᠨ ᠠᠱᠢᠭ᠍ᠯᠠᠯᠲᠠ᠎ᠶ᠋ᠢᠨ ᠱᠢᠰᠲ᠋ᠧᠮ᠎ᠦᠨ ᠨᠠᠮ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠣᠢᠯᠠᠭᠠᠬᠤ ᠲᠠᠯ᠎ᠠ᠎ᠪᠠᠷ ᠬᠦᠴᠦ᠍ ᠪᠠᠨ ᠰᠢᠪᠬᠠᠵᠦ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠣᠯᠵᠤ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠤᠨ ᠲᠦᠷᠢᠮ᠎ᠦᠨ ᠦᠷ᠎ᠡ ᠪᠦᠲᠦᠮᠵᠢ᠎ᠶ᠋ᠢ ᠭᠦᠢᠴᠡᠳ ᠪᠠᠳᠠᠷᠠᠭᠤᠯᠵᠤ᠂ ᠤᠰᠤᠨ᠎ᠤ ᠠᠮᠤᠷ ᠲᠦᠪᠱᠢᠨ᠂ ᠤᠰᠤᠨ᠎ᠤ ᠠᠮᠢ ᠠᠬᠤᠢ᠎ᠶ᠋ᠢᠨ ᠵᠠᠰᠠᠯᠲᠠ᠎ᠶ᠋ᠢᠨ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠲᠤᠰᠭᠠᠢᠵᠢᠭ᠍ᠰᠠᠨ ᠬᠠᠮᠢᠶᠠᠷᠤᠯᠲᠠ᠎ᠶ᠋ᠢᠨ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠦᠨ᠎ᠡ ᠭᠡᠪᠡ᠃

ᠬᠠᠷᠠᠯᠲᠠ᠎ᠶ᠋ᠢ ᠨᠢᠭᠡᠨᠲᠡ ᠲᠣᠭ᠍ᠲᠠᠭᠠᠵᠤ᠂ ᠵᠢᠷᠤᠭ ᠲᠥᠰᠦᠪ᠎ᠢ ᠵᠢᠷᠤᠭ᠍ᠯᠠᠵᠤ᠂ ᠪᠠᠷᠠᠯᠠᠯᠳᠤ ᠴᠢᠨᠠᠷ᠂ ᠪᠠᠢᠯᠳᠤᠬᠤ ᠪᠤᠳᠤᠯᠭ᠎ᠠ᠎ᠶ᠋ᠢᠨ ᠴᠢᠨᠠᠷ᠂ ᠪᠦᠬᠦ᠌ ᠲᠠᠯ᠎ᠠ᠎ᠶ᠋ᠢᠨ ᠴᠢᠨᠠᠷᠲᠠᠢ ᠴᠢᠭ᠌ᠯᠡᠯ ᠣᠯᠠᠮ ᠲᠣᠳᠣᠷᠬᠠᠢ ᠎ᠪᠣᠯᠪᠠ᠃ ᠬᠥᠭ᠌ᠵᠢᠯᠲᠡ᠎ᠶ᠋ᠢᠨ ᠴᠢᠭ᠌ᠯᠡᠯ᠎ᠢ ᠵᠥᠪ ᠲᠠᠨᠢᠪᠠᠯ ᠰᠠᠶᠢ ᠪᠣᠳᠠᠲᠤ ᠦᠢᠯᠡᠳᠦᠯᠭᠡ᠎ᠶ᠋ᠢᠨ ᠳᠤᠮᠳᠠ ᠬᠠᠷᠠᠯᠲᠠ᠎ᠲᠠᠶ᠎ᠪᠠᠷ ᠰᠤᠮᠤ ᠬᠠᠷᠪᠤᠵᠤ ᠴᠢᠳᠠᠨ᠎ᠠ ᠭᠡᠳᠡᠭ᠎ᠢ ᠲᠥᠯᠥᠭᠡᠯᠡᠭ᠌ᠴᠢᠳ ᠰᠡᠷᠭᠡᠭ᠎ᠢᠶᠡᠷ ᠲᠠᠨᠢᠬᠰᠠᠨ ᠪᠠᠢᠨ᠎ᠠ᠃

《ᠴᠠᠬᠢᠯᠭᠠᠨ ᠬᠦᠴᠦᠨ᠎ᠦ ᠠᠵᠢᠯ ᠲᠦᠷᠦᠯ᠎ᠡᠴᠡ ᠢᠷᠡᠭ᠌ᠰᠡᠨ ᠨᠠᠮ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠪᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠡᠷᠭᠡ ᠲᠠᠯ᠎ᠠ᠎ᠶ᠋ᠢᠨ ᠠᠭᠤᠯᠭ᠎ᠠ᠎ᠶ᠋ᠢ ᠨᠡᠩ ᠢᠯᠡᠭᠦᠦ ᠠᠩᠬᠠᠷᠴᠤ᠌ ᠪᠣᠢ᠃ 2015 ᠣᠨ᠎ᠳᠤ ᠪᠢᠳᠡ ᠯᠢ᠎ᠬᠤᠢ᠎ᠬᠥᠳᠡᠯᠮᠦᠷᠢ᠎ᠶ᠋ᠢᠨ᠎ᠵᠢᠱ᠌ᠢᠶᠡᠴᠢ᠎ᠶ᠋ᠢᠨ᠎ᠱᠢᠨ᠎ᠡ᠎ᠶ᠋ᠢ᠎ᠡᠭᠦᠳᠬᠦ᠌᠎ᠠᠵᠢᠯᠯᠠᠬᠣ᠎ᠦᠷᠦᠭᠡ ᠪᠠᠢᠭᠤᠯᠪᠠ᠃ ᠣᠳᠣᠬᠠᠨ᠎ᠳᠤ᠎ᠠᠵᠢᠯᠯᠠᠬᠤ ᠦᠷᠦᠭᠡ᠎ᠨᠢ ᠨᠢᠭᠡᠨᠲᠡ 〈ᠴᠠᠬᠢᠯᠭᠠᠨ᠎ᠲᠠᠶ ᠠᠵᠢᠯᠯᠠᠬᠤ ᠭᠠᠵᠠᠷ᠎ᠤᠨ ᠤᠲᠠᠰᠤ ᠲᠠᠰᠣᠷᠠᠬᠰᠠᠨ ᠬᠢᠵᠠᠭᠠᠷᠯᠠᠭᠤᠷ᠂ ᠣᠯᠠᠨ ᠴᠢᠳᠠᠮᠵᠢᠲᠤ ᠬᠥᠨᠳᠡᠢᠷᠡᠭᠦᠯᠦᠭ᠌ᠴᠢ ᠬᠠᠪᠴᠢᠭᠤᠷ〉 ᠵᠡᠷᠭᠡ 13 ᠲᠦᠷᠦᠯ᠎ᠦᠨ ᠮᠡᠷᠭᠡᠵᠢᠯ᠎ᠦᠨ ᠱᠢᠨᠡᠴᠢᠯᠡᠯᠲᠡ᠎ᠶ᠋ᠢ ᠵᠠᠯᠭᠠᠭ᠎ᠠ᠎ᠪᠠᠷ ᠪᠡᠶᠡᠯᠡᠭᠦᠯᠵᠦ᠍᠂ ᠪᠠᠰᠠ ᠤᠯᠤᠰ᠎ᠤᠨ ᠱᠢᠨ᠎ᠡ ᠬᠡᠯᠪᠡᠷᠢ᠎ᠶ᠋ᠢᠨ ᠲᠤᠰᠭᠠᠶ ᠠᠱᠢᠭ ᠤ᠋ᠨ ᠡᠷᠬᠡ ᠎ᠶᠢ ᠣᠯᠤᠭ᠍ᠰᠠᠨ ᠪᠠᠢᠨ᠎ᠠ᠃ ᠡᠳᠡᠭᠡᠷ ᠵᠦᠢᠯᠡᠰ᠎ᠢ ᠦᠢᠯᠡᠳᠪᠦᠷᠢᠯᠡᠬᠦ᠌ ᠶᠠᠪᠤᠴᠠ᠎ᠳᠤ ᠬᠥᠳᠡᠯᠮᠦᠷᠢ᠎ᠶ᠋ᠢᠨ ᠡᠷᠴᠢᠮ᠎ᠢ ᠪᠠᠭᠤᠷᠠᠭᠤᠯᠵᠤ᠂ ᠠᠵᠢᠯᠯᠠᠬᠤ ᠴᠠᠭ᠎ᠢ ᠪᠠᠭᠠᠰᠭᠠᠵᠤ᠂ ᠠᠵᠢᠯ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠭ᠌ᠰᠡᠨ ᠪᠥᠭᠡᠳ ᠨᠡᠯᠢᠶᠡᠳ ᠰᠠᠢ᠌ᠨ ᠠᠵᠤ ᠠᠬᠤᠢ᠎ᠶ᠋ᠢᠨ ᠦᠷ᠎ᠡ ᠠᠱᠢᠭ ᠣᠯᠤᠭ᠍ᠰᠠᠨ ᠪᠠᠢᠨ᠎ᠠ 》 ᠭᠡᠵᠦ᠍ ᠬᠢᠩᠭᠠᠨ ᠠᠢᠮᠠᠭ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠴᠢᠨ ᠯᠢ ᠬᠣᠶ ᠲᠥᠯᠥᠭᠡᠯᠡᠭ᠌ᠴᠢ ᠬᠡᠯᠡᠨ᠎ᠡ᠃

ᠪᠠᠶᠠᠨᠨᠠᠭᠤᠷ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ ᠡᠴᠡ ᠢᠷᠡᠭᠰᠡᠨ ᠰᠦ᠍ ᠡᠯ ᠷᠦᠢ ᠲᠥᠯᠥᠭᠡᠯᠡᠭ᠌ᠴᠢ ᠢᠯᠡᠳᠬᠡᠯ᠎ᠳᠦ ᠳᠤᠷᠠᠳᠤᠭ᠍ᠰᠠᠨ 《ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ᠎ᠦᠢᠯᠡᠳᠪᠦᠷᠢᠯᠡᠯ᠎ᠦᠨ᠎ᠰᠠᠭᠤᠷᠢᠨ᠎ᠤ᠎ᠴᠢᠨᠠᠷ᠎ᠰᠠᠢᠲᠠᠢ ᠥᠨᠳᠥᠷ ᠪᠦᠲᠦᠮᠵᠢᠲᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ》 ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠦᠵᠡᠭᠡᠳ ᠬᠠᠷᠢᠭᠤᠴᠠᠯᠭ᠎ᠠ ᠬᠦᠨᠳᠦ ᠭᠡᠭᠴᠢ ᠪᠠᠨ ᠭᠦᠨ ᠣᠢᠯᠠᠭᠠᠪᠠ᠃ ᠲᠡᠷᠡ᠄ 《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠭᠠᠷᠤᠯᠲᠠ᠎ᠶ᠋ᠢᠨ ᠴᠢᠳᠠᠪᠤᠷᠢ᠎ᠶ᠋ᠢᠨ ᠲᠠᠯ᠎ᠠ᠎ᠪᠠᠷ 〈ᠬᠣᠶᠠᠷ ᠳᠠᠬᠢᠨ ᠪᠣᠯᠲᠠᠯ᠎ᠠ ᠨᠡᠮᠡᠭ᠌ᠳᠡᠭᠦᠯᠬᠦ᠌〉᠎ᠶ᠋ᠢ ᠴᠢᠷᠮᠠᠢᠨ᠎ᠪᠡᠶᠡᠯᠡᠭᠦᠯᠵᠦ᠍᠂᠎ᠪᠠᠰᠠ ᠲᠦᠬᠦᠭᠡᠷᠤᠮᠵᠢᠳᠤ ᠲᠠᠷᠢᠶᠠᠯᠠᠩ᠎ᠤᠨ ᠪᠥᠲᠥᠭᠡᠨ ᠪᠠᠢᠭᠤᠯᠤᠯᠲᠠ᠎ᠶ᠋ᠢ ᠶᠡᠬᠡ᠎ᠪᠡᠷ ᠬᠡᠷᠡᠭ᠌ᠵᠢᠭᠦᠯᠵᠦ᠍᠂ ᠭᠠᠷᠤᠯᠲᠠ᠎ᠶ᠋ᠢᠨ ᠦᠷ᠎ᠡ ᠠᠱᠢᠭ᠎ᠤᠨ ᠲᠠᠯ᠎ᠠ᠎ᠪᠠᠷ 〈ᠬᠣᠶᠠᠷ ᠳᠠᠬᠢᠨ ᠪᠣᠯᠲᠠᠯ᠎ᠠ ᠨᠡᠮᠡᠭ᠌ᠳᠡᠭᠦᠯᠬᠦ᠌〉᠎ᠶ᠋ᠢ ᠴᠢᠷᠮᠠᠢᠨ ᠪᠡᠶᠡᠯᠡᠭᠦᠯᠬᠦ᠌᠎ᠶ᠋ᠢᠨ ᠬᠠᠮᠲᠤ ᠲᠥᠷᠥᠯ ᠲᠡᠮᠳᠡᠭ᠌ᠲᠦ ᠲᠠᠷᠢᠶᠠᠯᠠᠩ᠎ᠢ ᠶᠡᠬᠡ᠎ᠪᠡᠷ ᠬᠥᠭ᠌ᠵᠢᠭᠦᠯᠵᠦ᠍᠂ ᠪᠣᠬᠢᠷᠲᠤᠯ ᠥᠬᠡᠶ᠎ᠪᠡᠷ ᠲᠠᠷᠢᠶᠠᠯᠠᠩ᠎ᠢ ᠬᠥᠭ᠌ᠵᠢᠭᠦᠯᠬᠦ᠌᠂ ᠱᠢᠨᠵᠢᠯᠡᠬᠦ᠌ ᠤᠬᠠᠭᠠᠨ ᠲᠸᠭᠨᠢᠭ  ᠮᠡᠷᠭᠡᠵᠢᠯ᠎ᠢᠶᠡᠷ ᠲᠠᠷᠢᠶᠠᠯᠠᠩ᠎ᠢ ᠬᠥᠭ᠌ᠵᠢᠭᠦᠯᠬᠦ᠌᠂ ᠶᠠᠰᠤ ᠴᠢᠨᠠᠷ᠎ᠢᠶᠠᠷ ᠲᠠᠷᠢᠶᠠᠯᠠᠩ ᠎ᠢ ᠎ᠬᠥᠭ᠌ᠵᠢᠭᠦᠯᠬᠦ᠌ ᠲᠥᠷᠥᠯ ᠎ᠲᠡᠮᠲᠡᠭ᠎ᠤᠨ ᠦᠨ᠎ᠠ ᠎ᠥᠰᠭᠡᠬᠦ᠌᠎ᠦᠶ᠋ᠯᠡᠳᠦᠯ᠎ᠢ ᠪᠠᠳᠠᠷᠠᠭᠤᠯᠤᠨ᠎ᠠ》 ᠭᠡᠪᠡ᠃

ᠠᠵᠢᠯᠯᠠᠭᠠᠨ᠎ᠤ ᠬᠥᠲᠥᠯᠪᠦᠷᠢ᠎ᠨᠢ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠬᠥᠲᠥᠯᠥᠨ ᠳᠠᠭᠠᠭᠤᠯᠵᠤ᠂ ᠣᠮᠣᠭ ᠲᠡᠭᠦᠯᠳᠡᠷ᠎ᠢᠶᠡᠷ ᠡᠷᠡᠯᠬᠡᠭ᠌ᠯᠡᠨ ᠤᠷᠤᠭ᠍ᠰᠢᠯᠠᠬᠤ ᠱᠢᠨ᠎ᠡ ᠬᠠᠭᠤᠳᠠᠰᠤ᠎ᠶ᠋ᠢ ᠪᠢᠴᠢᠭᠯᠡᠨᠡᠮ᠃ ᠶᠡᠬᠡ ᠬᠠᠨᠳᠤᠰᠢ᠎ᠳᠤ ᠤᠳᠠᠭ᠎ᠠ ᠳᠠᠷᠠᠭᠠᠯᠠᠨ ᠵᠣᠬᠢᠴᠠᠵᠤ᠂ ᠵᠠᠮ ᠨᠡᠭᠡᠭᠡᠨ ᠤᠷᠤᠭ᠍ᠰᠢᠯᠠᠵᠤ᠂ ᠡᠨᠡ ᠬᠦ᠌ ᠴᠠᠭ ᠦᠶ᠎ᠡ᠎ᠶ᠋ᠢᠨ ᠠᠮᠢᠳᠤᠯᠢᠭ ᠲᠣᠢᠮᠣ ᠵᠢᠷᠤᠭ᠂ ᠬᠠᠮᠤᠭ᠎ᠤᠨ ᠭᠤᠶᠤ ᠳᠦᠷᠰᠦ ᠪᠠᠢᠳᠠᠯ᠎ᠢ ᠬᠠᠷᠠᠭᠣᠯᠪᠠ᠃ ᠴᠢᠨᠠᠷ ᠰᠠᠢᠲᠠᠢ ᠬᠥᠭ᠌ᠵᠢᠯᠲᠡ᠎ᠳᠦ ᠬᠦᠴᠦ᠍᠎ᠪᠡᠨ ᠲᠥᠪᠯᠡᠷᠡᠭᠦᠯᠦᠭ᠌ᠰᠡᠨ ᠥᠪᠥᠷ ᠮᠣᠩᠭᠣᠯ ᠯᠠᠪᠲᠠᠢ ᠨᠡᠩ ᠭᠡᠷᠡᠯ ᠰᠠᠴᠤᠷᠠᠩᠭᠤᠢ ᠢᠷᠡᠭᠡᠳᠦᠢ᠎ᠪᠡᠨ ᠤᠭ᠍ᠲᠤᠬᠤ ᠭᠡᠲᠡᠭ ᠨᠢ ᠡᠷᠡᠭᠡᠯᠵᠡᠭᠡ ᠦᠭᠡᠢ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号