ᠵᠠᠩ ᠱᠢᠤ ᠯᠢᠩ ᠲᠥᠯᠥᠭᠡᠯᠡᠭ᠌ᠴᠢ᠄ ᠠᠮᠢ ᠠᠬᠤᠢ ᠵᠢᠨ ᠪᠤᠯᠪᠠᠰᠤᠨ ᠎ᠤ ᠪᠠᠢᠭᠤᠯᠤᠯᠲᠠ ᠵᠢᠨ ᠱᠢᠨ᠎ᠡ ᠪᠠᠢᠳᠠᠯ᠎ᠢ ᠪᠣᠶ ᠪᠤᠯᠭᠠᠨ᠎ᠠ
2021-12-01 08:53:24
ᠵᠣᠬᠢᠶᠠᠭ᠍ᠴᠢ᠄
ᠯᠢ ᠵᠥᠸᠸ
ᠣᠩᠱᠢᠭ᠍ᠰᠠᠨ ᠣᠳᠠᠭ᠎ᠠ᠄
★★★☆☆

《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ᠂ ᠬᠠᠲᠤᠨ ᠭᠤᠤᠯ᠎ᠢ ᠬᠠᠮᠠᠭᠠᠯᠠᠬᠤ᠎ᠶ᠋ᠢ ᠲᠣᠪᠣᠢᠮ᠎ᠠ ᠪᠠᠢᠷᠢᠨ᠎ᠳᠤ ᠲᠠᠯᠪᠢᠬᠤ᠎ᠶ᠋ᠢ ᠪᠠᠷᠢᠮᠳᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠂ ᠪᠢ ᠳᠠᠯᠠᠳ ᠬᠣᠱᠢᠭᠤᠨ᠎ᠤ ᠬᠥᠭ᠌ᠵᠢᠯᠲᠡ᠎ᠶ᠋ᠢᠨ ᠰᠡᠳᠭᠢᠴᠡ᠎ᠶ᠋ᠢ ᠨᠠᠷᠢᠨ ᠬᠢᠨᠠᠮᠠᠭᠠᠶ ᠡᠮᠬᠢᠯᠡᠨ ᠲᠡᠭᠦᠯᠳᠡᠷᠵᠢᠭᠦᠯᠵᠤ ᠂ ᠠᠵᠢᠯ ᠎ᠤᠨ ᠡᠭᠦᠷᠭᠡ ᠎ᠶ᠋ᠢᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠨ᠎ᠠ》 ᠭᠡᠵᠦ᠍ ᠤᠷᠳᠤᠰ ᠬᠤᠲᠠ᠎ᠵᠢᠨ ᠲᠦᠯᠦᠭᠡᠯᠡᠭᠴᠢᠳ᠎ᠤᠨ ᠪᠦᠯᠬᠦᠮ᠎ᠤᠨ ᠵᠠᠩ ᠱᠢᠤ ᠯᠢᠩ ᠲᠥᠯᠥᠭᠡᠯᠡᠭ᠌ᠴᠢ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠬᠡᠯᠡᠯ᠎ᠠ᠃


1904772_wangxia_1638289039960_s.jpg


ᠵᠠᠩ ᠱᠢᠤ ᠯᠢᠩ᠄ 《ᠭᠤᠤᠯ ᠎ᠵᠢᠡᠨ ᠲᠠᠭᠠᠪᠠᠯ ᠬᠦᠭᠵᠢᠵᠤ᠂ ᠭᠤᠤᠯ᠎ᠵᠢᠡᠨ ᠲᠦᠰᠢᠪᠠᠯ ᠮᠠᠨᠳᠤᠨ᠎ᠠ᠎ᠭᠡᠳᠡᠭᠴᠢᠯᠡᠨ᠂᠎ᠮᠠᠨ᠎ᠤ᠎ᠲᠠᠯᠠᠳ᠎ᠬᠤᠰᠢᠭᠤ᠎ᠬᠠᠳᠤᠨ ᠭᠤᠤᠯ᠎ᠢ ᠬᠠᠢᠷᠠᠯᠠᠨ ᠬᠠᠮᠠᠭᠠᠯᠠᠬᠤ᠎ᠵᠢ ᠬᠠᠮᠤᠭ᠎ᠤᠨ ᠶᠡᠭᠡ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠪᠠᠨ ᠪᠤᠯᠭᠠᠭᠰᠠᠭᠠᠷ ᠢᠷᠠᠵᠠᠢ᠃ 〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠳᠠᠯᠠᠳ ᠬᠣᠱᠢᠭᠤ ᠎ᠵᠢᠨ ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠶᠡᠬᠡ᠎ᠪᠡᠷ ᠠᠬᠢᠭᠤᠯᠬᠤ ᠠᠷᠭ᠎ᠠ ᠪᠤᠳᠤᠯᠭ᠎ᠠ᠎ᠳᠦ ᠲᠦᠰᠢᠭᠯᠡᠨ᠂ ᠱᠢᠰᠲ᠋ᠧᠮ᠎ᠲᠡᠶ ᠲᠥᠯᠥᠪᠵᠢᠬᠥᠯᠥᠨ᠎ᠠ》ᠭᠡᠵᠤ ᠵᠤᠷᠢᠯᠳᠠ ᠪᠠᠨ ᠲᠠᠯᠭᠡᠨ᠎ᠠ᠃ ᠣᠢᠯᠠᠭᠠᠭ᠍ᠰᠠᠨ᠎ᠢᠶᠠᠷ᠂ ᠳᠠᠯᠠᠳ ᠬᠣᠱᠢᠭᠤ ᠤᠯᠤᠰ᠎ᠤᠨ 《ᠬᠥᠬᠡᠮᠳᠦᠭ ᠨᠣᠭᠣᠭᠠᠨ ᠠᠭᠤᠯᠠ ᠤᠰᠤ ᠪᠣᠯ  ᠲᠠᠷᠤᠢ ᠠᠯᠲᠠ ᠮᠥᠩᠭᠥᠨ ᠠᠭᠤᠯᠠ ᠮᠥᠨ》 ᠭᠡᠬᠦ ᠦᠶ᠋ᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ᠎ᠢ ᠡᠭᠦᠳᠦᠨ ᠪᠠᠢᠭᠤᠯᠬᠤ ᠵᠢᠨ ᠲᠣᠭᠣᠷᠢᠨ᠎ᠳᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠨ᠂ ᠠᠭᠤᠷᠬᠠᠶ᠎ᠶ᠋ᠢᠨ ᠲᠤᠭᠤᠷᠢᠭ᠎ᠤᠨ ᠣᠷᠴᠢᠨ ᠲᠣᠭᠣᠷᠢᠨ᠎ᠢ ᠶᠡᠷᠦᠩᠬᠡᠢᠯᠡᠨ ᠴᠡᠭ᠌ᠴᠡᠯᠡᠨ ᠵᠠᠰᠠᠬᠤ ᠵᠡᠷᠭᠡ ᠭᠤᠤᠯᠳᠠᠯᠭ᠎ᠠ᠎ᠲᠠᠶ ᠢᠨᠵᠧᠨᠧᠷᠢᠩ᠎ᠢ ᠬᠡᠷᠡᠭ᠌ᠵᠢᠭᠦᠯᠵᠦ᠍᠂ ᠪᠥᠬᠥ᠌ ᠬᠣᠱᠢᠭᠤᠨ᠎ᠤ 190 ᠺᠢᠯᠣᠮᠧᠲ᠋ᠷ ᠬᠠᠲᠤᠨ ᠭᠤᠤᠯ᠎ᠤᠨ  ᠬᠥᠪᠡᠬᠡ  ᠳᠠᠭᠠᠤ ᠤᠷᠤᠨ᠂ ᠠᠷᠪᠠᠨ ᠶᠡᠬᠡ ᠭᠤᠤ ᠭᠠᠡᠭᠭ᠎ᠠ᠎ᠵᠢᠨ ᠭᠠᠵᠠᠷ ᠵᠥᠢ ᠵᠢᠨ ᠲᠠᠪᠠᠭᠤᠯᠢᠬ ᠎ᠢ  ᠬᠥᠭ᠌ᠵᠢᠯᠲᠡ᠎ᠶ᠋ᠢᠨ ᠦᠨᠳᠦᠰᠦᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠬᠦᠴᠤᠯᠠᠨ ᠴᠢᠷᠮᠠᠢᠵᠤ ᠪᠤᠢ ᠃

ᠵᠠᠩ ᠱᠢᠤ ᠯᠢᠩ᠂ ᠲᠠᠷᠠᠭᠠᠴᠢ᠎ᠪᠡᠷ᠂ ᠳᠠᠯᠠᠳ ᠬᠣᠱᠢᠭᠤ᠎ᠵᠢᠨ ᠬᠢᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢᠨ ᠬᠠᠷᠠᠯᠲᠠ᠎ᠪᠠᠷ ᠪᠠᠷᠢᠮᠵᠢᠶᠠᠯᠠᠵᠤ᠂ ᠶᠡᠬᠡ ᠠᠮᠢ ᠠᠬᠤᠶ᠂ ᠲᠤᠮᠤ ᠬᠦᠷᠢᠶᠡᠯᠡᠩ ᠲᠣᠭᠣᠷᠢᠭ ᠂ ᠲᠤᠮᠤ ᠰᠠᠭᠤᠷᠢᠨ᠂ ᠬᠠᠮ ᠲᠠᠷᠢᠶᠠᠯᠠᠩ᠂ ᠶᠡᠬᠡ ᠵᠢᠭᠤᠯᠴᠢᠯᠠᠯ᠂᠎ᠶᠡᠬᠡ᠎ᠨᠠᠮ᠎ᠤᠨ᠎ᠪᠠᠢᠭᠤᠯᠤᠯᠲᠠ᠎ᠵᠡᠷᠭᠡ᠎ᠵᠢ᠎ᠴᠤᠭᠴᠠᠯᠠᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ ᠬᠥᠭ᠌ᠵᠢᠯᠲᠡ᠎ᠶ᠋ᠢ ᠡᠷᠢᠯᠬᠢᠯᠡᠨ᠂ ᠱᠢᠪᠲᠤᠯᠤᠯᠲᠠ ᠭᠠᠷᠭᠠᠵᠤ᠂ ᠨᠠᠢᠳᠠᠪᠤᠷᠢᠵᠢᠭᠤᠯᠤᠯᠲᠠ᠎ᠶ᠋ᠢ ᠴᠢᠡᠭᠭ᠎ᠠ ᠠᠳᠬᠤᠨ᠎ᠠ᠃ ᠨᠠᠮ᠎ᠤᠨ ᠲᠥᠯᠥᠭᠡᠯᠡᠭ᠌ᠴᠢᠳ᠎ᠦᠨ ᠶᠡᠬᠡ᠎ᠬᠤᠷᠠᠯ᠎ᠤᠨ᠎ᠵᠣᠷᠢᠭ᠎ᠰᠠᠨᠠᠭ᠎ᠠ᠎ᠶ᠋ᠢ᠎ᠪᠥᠬᠥ᠌ ᠬᠣᠱᠢᠭᠤᠨ ᠎ᠳᠠᠭᠠᠨ ᠪᠦᠳᠤᠮᠵᠢᠳᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠪᠤᠳᠠᠳᠤ ᠦᠷ᠎ᠠ ᠪᠦᠳᠤᠮᠵᠢ ᠭᠠᠷᠭᠠᠬᠤ᠎ᠵᠢ ᠰᠠᠢᠳᠤᠷ ᠪᠠᠲᠤᠯᠠᠨ᠎ᠠ ᠭᠡᠵᠤ ᠲᠠᠨᠢᠯᠴᠠᠭᠤᠯᠵᠤ ᠭᠠᠷᠤᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号