ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍ ᠡᠷᠡᠮᠡᠬᠡᠢᠯᠡᠨ ᠳᠠᠪᠱᠢᠬᠤ ᠬᠦᠴᠦᠨ᠎ᠢ ᠨᠢᠭ᠍ᠲᠠᠷᠠᠭᠤᠯᠤᠶ᠎ᠠ
2021-12-01 08:57:55
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠴᠧᠨ ᠱᠠᠩ ᠺᠠᠢ᠄ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭᠠᠨ᠎ᠤ᠎ᠰᠠᠢᠨ《᠎ᠳᠠᠮᠵᠢᠭᠤᠯᠤᠭᠴᠢ》᠎ᠪᠤᠯᠵᠦ᠂ ᠡᠨᠡ ᠤᠳᠠᠭ᠎ᠠ ᠎ᠶ᠋ᠢᠨ ᠎ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠦᠳᠲᠡᠷ ᠲᠦᠷᠭᠡᠨ ᠤᠯᠠᠮᠵᠢᠯᠠᠨ ᠳᠠᠮᠵᠢᠭᠤᠯᠤᠨ᠎ᠠ᠃ ᠮᠡᠳᠡᠭᠡ ᠵᠠᠩᠭᠢ᠎ᠪᠠᠷ ᠬᠠᠷᠢᠯᠴᠠᠨ᠎ᠰᠣᠯᠢᠯᠴᠠᠬᠤ᠎ᠮᠡᠷᠭᠡᠵᠢᠯ᠂᠎ᠲᠣᠮᠣ᠎ᠳ᠋ᠠᠢᠲ᠋ᠠ᠎ᠪᠠᠷ᠎ᠵᠠᠳᠠᠯᠤᠨ᠎ᠱᠢᠶ᠋ᠳᠪᠦᠷᠢᠯᠡᠬᠦ᠌ ᠮᠡᠷᠭᠡᠵᠢᠯ᠎ᠢᠶᠡᠷ ᠳᠠᠮᠵᠢᠭᠤᠯᠤᠨ᠎ᠠᠵᠤ ᠠᠬᠤᠢᠯᠠᠯ᠎ᠤᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠳᠦ ᠬᠥᠳᠡᠯᠭᠡᠬᠦ᠌ ᠬᠦᠴᠦᠨ ᠨᠡᠮᠡᠷᠢᠯᠡᠨ᠎ᠡ᠃ ᠱᠢᠯᠢᠳᠡᠭ ᠵᠠᠯᠠᠭᠤ ᠠᠵᠢᠯᠲᠠᠨ ᠠᠵᠢᠯᠴᠢᠨ᠎ᠢ ᠬᠥᠲᠥᠯᠥᠨ ᠵᠢᠯᠣᠭᠣᠳᠭᠤ ᠪᠠ ᠬᠠᠪᠰᠤᠷᠴᠤ᠌ ᠮᠡᠷᠭᠡᠵᠢᠯ ᠴᠢᠳᠠᠪᠤᠷᠢ᠎ᠪᠠᠷ ᠴᠢᠳᠠᠪᠤᠷᠢᠲᠠᠨ ᠪᠣᠯᠬᠤ᠂ ᠮᠡᠷᠭᠡᠵᠢᠯ ᠴᠢᠳᠠᠪᠤᠷᠢ᠎ᠪᠠᠷ ᠤᠯᠤᠰ᠎ᠲᠠᠭᠠᠨ ᠵᠢᠳᠬᠦᠬᠦ᠌ ᠵᠠᠮ᠎ᠢᠶᠠᠷ ᠰᠠᠢᠲᠤᠷ ᠵᠠᠮᠨᠠᠭᠤᠯᠤᠨ᠎ᠠ᠃

ᠵᠢᠶᠤᠤ ᠶᠠᠨ᠄ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠦᠷᠢᠶᠡᠨ᠎ᠳᠡᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠳᠠᠨ ᠪᠠ ᠪᠠᠭ᠍ᠰᠢ ᠪᠣᠯᠤᠭ᠍ᠰᠠᠨ᠎ᠤ ᠬᠤᠪᠢ᠎ᠳᠤ᠂ ᠵᠢᠭᠠᠨ ᠰᠤᠷᠭᠠᠯᠲᠠ᠎ᠵᠢᠨ ᠳᠤᠮᠳᠠ᠎ᠪᠠᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠤᠬᠠᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠳᠤᠮᠳᠠ᠎ᠪᠠᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠦᠳᠦᠭᠡᠨ ᠪᠠᠢᠭᠤᠯᠤᠯᠲᠠ᠎ᠳᠤ ᠦᠢᠯᠡᠴᠢᠯᠡᠬᠦ᠌ ᠬᠦᠴᠦᠯᠡᠬᠦ᠌ ᠴᠡᠭ᠎ᠢ ᠣᠨᠣᠪᠴᠢᠲᠠᠢ ᠣᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ  ᠪᠣᠬᠢᠷᠲᠤᠯ ᠦᠭᠡᠢ ᠬᠦᠭᠵᠢᠬᠦᠯᠬᠦ ᠢ᠋ᠢ ᠠᠬᠢᠭᠤᠯᠬᠤ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠨ ᠴᠢᠳᠠᠯ᠎ᠢᠶᠠᠨ ᠡᠷᠭᠦᠨ᠎ᠡ᠃

ᠳ᠋ᠠᠶ ᠬᠣᠩ᠄ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠶ ᠣᠯᠵᠤ᠂ ᠬᠦᠴᠦ᠍᠎ᠪᠡᠨ ᠲᠥᠪᠯᠡᠷᠡᠭᠦᠯᠦᠨ᠂ ᠲᠦᠷᠭᠡᠨ ᠪᠥᠭᠡᠳ ᠳᠥᠭᠥᠮ ᠳᠥᠲᠡ ᠲᠡᠮᠦᠷ ᠵᠠᠮ᠎ᠤᠨ ᠲᠤᠤᠷᠵᠢᠯ᠎ᠤᠨ ᠪᠥᠲᠥᠭᠡᠨ ᠪᠠᠢᠭᠤᠯᠤᠯᠲᠠ᠎ᠶ᠋ᠢ ᠬᠦᠴᠦᠯᠡᠨ ᠠᠬᠢᠭᠤᠯᠵᠤ᠂ ᠲᠡᠮᠦᠷ ᠵᠠᠮ᠎ᠤᠨ ᠪᠠᠷᠠᠭᠠᠨ᠎ᠤ ᠲᠡᠭᠡᠭᠡᠪᠦᠷᠢ᠎ᠶ᠋ᠢᠨ ᠦᠶ᠋ᠯᠡᠴᠢᠯᠡᠭᠡ᠎ᠶ᠋ᠢ ᠲᠠᠰᠤᠷᠠᠯᠲᠠ ᠥᠬᠡᠶ ᠴᠢᠩᠭᠠᠳᠭᠠᠨ ᠰᠠᠢᠵᠢᠷᠠᠭᠤᠯᠵᠤ᠂ ᠠᠮᠤᠷ ᠠᠮᠤᠭᠤᠯᠠᠩ ᠲᠡᠮᠦᠷ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠲᠦᠪᠱᠢᠨ᠎ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠬᠤ ᠎ᠳᠤ ᠲᠡᠮᠦᠷ ᠵᠠᠮ᠎ᠤᠨ ᠱᠢᠰᠲ᠋ᠧᠮ᠎ᠦᠨ ᠬᠤᠪᠢ ᠨᠡᠮᠡᠷᠢ᠎ᠪᠡᠨ ᠦᠵᠡᠬᠦᠯᠦᠨ᠎ᠡ᠃

ᠼᠦᠢ ᠯᠢ ᠹᠸᠨ᠄ ᠱᠢᠨ᠎ᠡ ᠴᠠᠭ ᠦᠶ᠎ᠡ᠎ᠶ᠋ᠢᠨ ᠡᠮᠡᠭ᠌ᠲᠡᠢᠴᠦᠳ᠎ᠦᠨ ᠠᠵᠢᠯ᠎ᠢ ᠰᠠᠢᠲᠤᠷ ᠬᠢᠬᠦ᠌᠎ᠳᠦ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠤᠭᠤᠳᠤᠯᠭ᠎ᠠ᠎ᠠᠴᠠ ᠰᠠᠯᠵᠤ ᠴᠢᠳᠠᠬᠤ ᠦᠭᠡᠢ᠂ ᠳᠣᠲᠣᠭᠠᠳᠤ ᠬᠥᠳᠡᠯᠭᠡᠬᠦ᠌ ᠬᠦᠴᠦᠨ᠎ᠦ ᠵᠣᠷᠢᠭ᠍ᠵᠢᠭᠤᠯᠤᠯ᠎ᠠᠴᠠ ᠰᠠᠯᠵᠤ ᠴᠢᠳᠠᠬᠤ ᠦᠭᠡᠢ᠂ ᠬᠠᠤᠯᠢ ᠶᠣᠰᠣᠨ᠎ᠤ ᠡᠷᠬᠡ ᠠᠱᠢᠭ᠎ᠤᠨ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ᠂ ᠭᠣᠣᠯᠯᠠᠬᠤ ᠦᠷᠳᠡᠭ᠎ᠦᠨ ᠦᠵᠡᠯᠲᠡ᠎ᠶ᠋ᠢ ᠪᠤᠢ ᠪᠤᠯᠭᠠᠬᠤ᠎ᠠᠴᠠ ᠰᠠᠯᠵᠤ ᠴᠢᠳᠠᠬᠤ ᠦᠭᠡᠢ ᠶᠤᠮ᠃ ᠡᠮᠡᠭ᠌ᠲᠡᠢᠴᠦᠳ ᠎ᠦᠨ ᠎ᠵᠣᠬᠢᠶᠠᠨ ᠎ᠪᠠᠢᠭᠤᠯᠤᠯᠲᠠ ᠎ᠶ᠋ᠢᠨ ᠎ᠰᠠᠭᠤᠷᠢ ᠎ᠶ᠋ᠢ ᠎ᠪᠡᠬᠢᠵᠢᠭᠦᠯᠵᠦ᠍ ᠡᠮᠡᠭ᠌ᠲᠡᠢᠴᠦᠳ᠎ᠦᠨ᠎ᠠᠵᠢᠯ᠎ᠢ᠎ᠴᠢᠩᠭᠠᠳᠭᠠᠨ᠎ᠰᠠᠢᠵᠢᠷᠠᠭᠤᠯᠵᠤ᠂ ᠭᠣᠣᠯᠳᠠᠯᠭ᠎ᠠ᠎ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ᠍᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃

ᠵᠠᠩ ᠹᠦ᠋ ᠴᠢᠶᠠᠩ ᠄ ᠤᠯᠠᠭᠠᠨᠴᠠᠪ ᠬᠣᠲᠠ᠎ᠶ᠋ᠢᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ᠎ᠶ᠋ᠢᠨ᠎ᠬᠢᠨ ᠴᠡᠪᠡᠷ ᠨᠣᠭᠣᠭ᠎ᠠ᠎ᠶ᠋ᠢ ᠪᠡᠭᠡᠵᠢᠩ᠎ᠳᠦ ᠣᠷᠣᠭᠤᠯᠵᠤ᠂ ᠮᠢᠬᠠᠨ᠎ᠤ ᠦᠬᠡᠷ᠎ᠦᠨ ᠰᠦᠷᠦᠭ᠎ᠢ ᠳᠠᠬᠢᠨ᠎ᠢᠶᠠᠷ ᠨᠡᠮᠡᠭ᠌ᠳᠡᠭᠦᠯᠵᠦ᠍᠂ ᠮᠢᠬᠠᠨ᠎ᠤ ᠦᠬᠡᠷ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭ᠎ᠠ ᠂ ᠲᠥᠷᠥᠯ ᠵᠦᠶ᠋ᠯ᠎ᠢ ᠣᠨᠣᠪᠴᠢᠲᠠᠶ ᠡᠷᠢᠵᠦ᠍᠂᠎ᠵᠠᠬ᠎ᠠ᠎ᠳᠡᠯᠭᠡᠭᠦᠷ᠎ᠢ᠎ᠥᠷᠭᠡᠳᠭᠡᠨ᠂᠎ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ᠃

ᠵᠢᠷᠠᠨᠬᠤᠶᠠᠷ᠄ ᠳᠠᠪᠠᠭᠤᠯᠢᠭ ᠤᠨᠴᠠᠯᠢᠬ᠍ᠳᠤ ᠠᠵᠤ ᠦᠶ᠋ᠯᠡᠰ᠎ᠢ ᠲᠦᠷᠭᠡᠳᠭᠡᠨ ᠪᠣᠢᠵᠢᠭᠤᠯᠤᠨ ᠪᠤᠵᠠᠭᠠᠢᠷᠠᠭᠤᠯᠵᠤ᠂ ᠣᠲᠣ᠎ᠶ᠋ᠢᠨ ᠪᠠᠢᠭ᠎ᠠ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠲᠤ ᠲᠦᠱᠢᠭ᠌ᠯᠡᠨ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠣᠷᠣᠨ ᠪᠠᠢᠷᠢ᠎ᠶ᠋ᠢᠨ ᠳᠠᠪᠠᠭᠤᠯᠢᠭ᠎ᠲᠤ ᠲᠦᠱᠢᠭ᠌ᠯᠡᠨ ᠣᠲᠣ ᠦᠶ᠎ᠡ᠎ᠶ᠋ᠢᠨ ᠪᠠᠷᠠᠭᠠᠨ᠎ᠤ ᠭᠦᠶ᠋ᠯᠭᠡᠭᠡ ᠵᠢᠨ ᠦᠶ᠋ᠯᠡᠰ᠎ᠢ ᠬᠥᠭ᠌ᠵᠢᠭᠦᠯᠵᠦ᠍᠂ ᠡᠯᠪᠡᠭ ᠪᠠᠶᠠᠯᠢᠭ ᠮᠠᠯ ᠠᠵᠤ ᠠᠬᠤᠶ᠎ᠲᠠᠷᠢᠶᠠᠯᠠᠩ ᠤ᠋ᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠱᠢᠭ᠌ᠯᠡᠨ ᠤᠨᠴᠠᠯᠢᠬ᠍ᠳᠤ ᠮᠠᠯ ᠠᠵᠤ ᠠᠬᠤᠶ᠎ᠲᠠᠷᠢᠶᠠᠯᠠᠩ ᠎ᠢ ᠬᠥᠭ᠌ᠵᠢᠭᠦᠯᠦᠨ᠎ᠡ᠃

ᠵᠢᠶᠠᠨ ᠰᠢᠶᠤᠤ ᠸᠸᠨ᠄ ᠪᠠᠢᠴᠠᠭᠠᠬᠤ ᠠᠵᠢᠯ᠎ᠤᠨ ᠪᠣᠳᠠᠲᠤ ᠪᠠᠢᠳᠠᠯ᠎ᠲᠠᠶ ᠪᠡᠨ ᠤᠶᠠᠯᠳᠤᠭᠤᠯᠤᠨ᠂ ᠪᠠᠢᠴᠠᠭᠠᠬᠤ ᠡᠭᠦᠷᠭᠡ ᠴᠢᠳᠠᠪᠤᠷᠢ᠎ᠪᠠᠨ ᠪᠠᠳᠠᠷᠠᠭᠤᠯᠵᠤ᠂ ᠨᠡᠩ ᠣᠷᠭᠢᠯᠤᠮ᠎ᠠ ᠬᠠᠯᠠᠭᠤᠨ ᠤᠯᠤᠰ ᠲᠦᠷᠦ᠍᠎ᠶ᠋ᠢᠨ ᠰᠡᠳᠭᠢᠯᠭᠡ᠎ᠪᠡᠷ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ᠎ᠵᠣᠷᠢᠭ᠎ᠰᠠᠨᠠᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠂ ᠠᠮᠤᠷ ᠠᠮᠤᠭᠤᠯᠠᠩ ᠥᠪᠥᠷ ᠮᠣᠩᠭᠣᠯ᠂ ᠬᠠᠤᠯᠢᠵᠢᠯ᠎ᠤᠨ ᠥᠪᠥᠷ ᠮᠣᠩᠭᠣᠯ᠎ᠢ ᠪᠦᠳᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ᠃

ᠰᠦᠨ ᠯᠢ ᠱᠢᠨ᠄ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠬᠰᠠᠨ ᠳᠠᠢᠯᠠᠯᠳᠤᠭᠠᠨ᠎ᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠵᠤ᠂ 《ᠠᠵᠤ ᠦᠢᠯᠡᠰ᠎ᠢᠶᠡᠷ ᠶᠠᠳᠠᠭᠤ᠎ᠶ᠋ᠢ ᠲᠡᠳᠬᠦᠬᠦ᠌ 》 ᠡᠴᠡ 《ᠠᠵᠤ ᠦᠢᠯᠡᠰ᠎ᠢᠶᠡᠷ ᠬᠥᠭ᠌ᠵᠢᠭᠦᠯᠦᠨ ᠮᠠᠨᠳᠤᠭᠤᠯᠬᠤ》 ᠲᠡᠢᠰᠢ ᠬᠤᠪᠢᠷᠠᠭᠤᠯᠤᠨ᠂ ᠭᠠᠴᠠᠭ᠎ᠠ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢ ᠲᠠᠰᠤᠷᠠᠯᠳᠠ ᠦᠭᠡᠢ ᠬᠥᠭ᠌ᠵᠢᠭᠦᠯᠦᠨ ᠪᠤᠵᠠᠭᠠᠢᠷᠠᠭᠤᠯᠵᠤ᠂ ᠠᠵᠤ ᠦᠢᠯᠡᠰ᠎ᠦᠨ ᠨᠡᠮᠡᠭ᠌ᠳᠡᠯ ᠦᠷᠳᠡᠭ ᠎ᠦᠨ ᠠᠱᠢᠭ ᠣᠷᠣᠯᠭ᠎ᠠ᠎ᠶ᠋ᠢ ᠨᠡᠩ ᠤᠯᠠᠨ ᠡᠳ᠋ᠯᠡᠭᠦᠯᠪᠡᠯ ᠵᠣᠬᠢᠨ᠎ᠠ᠃ ᠴᠢᠳᠠᠪᠤᠷᠢᠲᠠᠨ᠎ᠤ ᠤᠶᠤᠨ᠎ᠤ ᠳᠡᠮᠵᠢᠯᠭᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠵᠣᠯᠭᠠᠯᠴᠠᠭ᠎ᠠ᠎ᠶ᠋ᠢ ᠰᠠᠢᠲᠤᠷ ᠬᠢᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠡᠷᠡᠭ᠌ᠰᠡᠬᠦ᠌ ᠡᠯ᠎ᠡ ᠲᠦᠷᠦᠯ᠎ᠦᠨ ᠴᠢᠳᠠᠪᠤᠷᠢᠲᠠᠨ᠎ᠢ ᠴᠤᠭ᠍ᠯᠠᠷᠠᠭᠤᠯᠤᠨ᠎ᠠ᠃

ᠰᠤᠷᠪᠤᠯᠵᠢᠯᠠᠭ᠍ᠴᠢ ᠰᠦᠨ ᠯᠢ ᠶᠢᠩ  ᠡᠮᠬᠢᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号