ᠱᠢᠨ᠎ᠡ ᠵᠠᠮ᠎ᠢᠶᠠᠷ ᠵᠠᠮᠨᠠᠵᠤ ᠱᠢᠨ᠎ᠡ ᠪᠠᠢᠳᠠᠯ᠎ᠢ ᠡᠭᠦᠳᠴᠦ᠍ ᠱᠢᠨ᠎ᠡ ᠠᠶᠠᠨ᠎ᠳᠠᠭᠠᠨ ᠡᠷᠡᠮᠡᠭᠡᠢᠯᠡᠨ ᠤᠷᠤᠭ᠍ᠰᠢᠯᠠᠨ᠎ᠠ — ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠢ ᠬᠠᠯᠠᠭᠤᠨ ᠵᠢᠨᠷ ᠶᠠᠷᠢᠯᠴᠠᠪᠠ
2021-12-01 09:20:19
ᠵᠣᠬᠢᠶᠠᠭ᠍ᠴᠢ᠄
ᠾᠦᠸᠸ ᠱᠢᠶᠤᠤ ᠴᠢᠩ ᠹᠸᠩ ᠱᠢᠤᠸᠠᠢ ᠢᠦᠢ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 30᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠠᠮᠵᠢᠯᠲᠠ᠎ᠲᠠᠶ ᠲᠡᠭᠦᠰᠪᠡ᠃ ᠬᠤᠷᠠᠯ᠎ᠤᠨ ᠲᠠᠯᠠᠪᠠᠢ᠎ᠡᠴᠡ ᠭᠠᠷᠴᠤ᠌ ᠢᠷᠡᠬᠦ᠌᠎ᠳᠦ᠂ ᠪᠦᠬᠦ᠌ ᠣᠷᠣᠨ᠎ᠤ ᠡᠯ᠎ᠡ ᠭᠠᠵᠠᠷ᠂ ᠡᠯ᠎ᠡ ᠹᠷᠣᠨᠲ ᠎ᠡᠴᠡ ᠢᠷᠡᠭ᠌ᠰᠡᠨ ᠨᠠᠮ᠎ᠤᠨ ᠲᠥᠯᠥᠭᠡᠯᠡᠭ᠌ᠴᠢᠳ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠪᠢᠯᠬᠠᠵᠤ᠂ ᠲᠡᠮᠡᠴᠡᠯ᠎ᠦᠨ ᠵᠣᠷᠢᠭ ᠪᠠᠳᠠᠷᠠᠩᠭᠤᠢ ᠪᠠᠢᠯ᠎ᠠ᠃ ᠤᠯᠠᠨ᠎ᠢᠶᠠᠷ᠎ᠢᠶᠠᠨ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠰᠠᠢᠲᠤᠷ ᠵᠠᠮᠨᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠨᠡᠩ ᠶᠡᠬᠡ ᠱᠢᠨ᠎ᠡ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃

ᠬᠥᠯᠥᠨ ᠪᠤᠢ᠌ᠷ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠵᠢᠨ ᠢ ᠮᠢᠨ ᠲᠥᠯᠥᠭᠡᠯᠡᠭ᠌ᠴᠢ᠂ 《ᠢᠷᠡᠭᠡᠳᠦᠶ᠎ᠳᠦ᠂ ᠪᠢᠳᠡ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠎ᠪᠠᠷ ᠵᠢᠯᠣᠭᠣᠳᠣᠯᠭ᠎ᠠ ᠪᠣᠯᠭᠠᠵᠤ᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ  ᠴᠢᠨᠠᠭ᠍ᠰᠢᠳᠠ ᠪᠡᠬᠢᠵᠢᠭᠦᠯᠵᠦ᠍᠂ ᠪᠡᠯᠴᠢᠭᠡᠷᠯᠡᠭᠦᠯᠬᠦ᠌᠎ᠶ᠋ᠢ ᠵᠣᠭ᠍ᠰᠣᠭᠠᠵᠤ ᠪᠡᠯᠴᠢᠭᠡᠷ᠎ᠢ ᠰᠡᠷᠭᠦᠭᠡᠬᠦ᠌ ᠪᠠ ᠮᠠᠯ ᠪᠡᠯᠴᠢᠭᠡᠷ᠎ᠢ ᠲᠡᠩᠴᠡᠭᠦᠷᠢ᠎ᠲᠡᠶ ᠪᠠᠢᠯᠭᠠᠬᠤ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠶ᠎ᠶ᠋ᠢ ᠬᠠᠮᠠᠭᠠᠯᠠᠬᠤ ᠡᠷᠴᠢᠮ᠎ᠢᠶᠡᠨ ᠲᠠᠰᠤᠷᠠᠯᠲᠠ ᠥᠬᠡᠶ ᠴᠢᠩᠭᠠᠷᠠᠭᠤᠯᠵᠤ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠣᠷᠴᠢᠨ ᠲᠣᠭᠣᠷᠢᠨ᠎ᠢ ᠦᠷᠭᠦᠯᠵᠢᠯᠡᠨ ᠰᠠᠢᠵᠢᠷᠠᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ! 》 ᠭᠡᠵᠤ ᠢᠳᠡᠭᠡᠯ ᠲᠡᠬᠦᠯᠳᠡᠷ ᠪᠠᠢᠯ᠎ᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠲᠣᠭᠠᠴᠢᠯᠠᠭ᠍ᠰᠠᠨ ᠠᠵᠤ ᠦᠢᠯᠡᠰᠵᠢᠯᠲᠡ ᠪᠠ᠎ᠠᠵᠤ ᠦᠢᠯᠡᠰ᠎ᠦᠨ ᠲᠣᠭᠠᠴᠢᠯᠠᠯᠲᠠ᠎ᠶ᠋ᠢᠨ ᠠᠯᠬᠤᠭ᠎ᠠ᠎ᠶ᠋ᠢ ᠲᠦᠷᠭᠡᠳᠭᠡᠨ᠎ᠡ ᠭᠡᠵᠦ᠍ ᠳᠤᠷᠠᠳᠤᠬᠰᠡᠨ ᠨᠢ᠎ᠤᠯᠠᠭᠠᠨᠴᠠᠪ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠴᠢ᠊ ᠊ ᠲᠠᠯᠠᠨᠳᠠᠢ ᠲᠥᠯᠥᠭᠡᠯᠡᠭ᠌ᠴᠢ᠎ᠶ᠋ᠢ ᠲᠤᠢᠯ᠎ᠢᠶᠠᠷ ᠤᠷᠮᠠᠱᠢᠭᠤᠯᠪᠠ᠃ ᠲᠡᠷᠡ᠂ 《ᠤᠯᠠᠭᠠᠨᠴᠠᠪ ᠬᠤᠳᠠ ᠲᠣᠮᠣ ᠳ᠋ᠠᠢᠲ᠋ᠠ᠎ᠶ᠋ᠢᠨ ᠠᠵᠤ ᠦᠶ᠋ᠯᠡᠰ᠎ᠢ ᠬᠥᠭ᠌ᠵᠢᠭᠦᠯᠬᠦ᠌᠎ᠳᠦ ᠥᠪᠡᠷᠮᠢᠴᠡ ᠳᠠᠪᠠᠭᠤᠯᠢᠭ᠎ᠲᠠᠶ ᠶᠤᠮ᠃ ᠲᠠᠷᠠᠭᠠᠴᠢ᠎ᠶ᠋ᠢᠨ ᠠᠯᠬᠤᠮ᠎ᠳᠤ᠂ ᠣᠲᠣ᠎ᠶ᠋ᠢᠨ ᠪᠠᠢᠭ᠎ᠠ ᠳ᠋ᠠᠢᠲ᠋ᠠ᠎ᠶ᠋ᠢᠨ ᠲᠥᠪ᠎ᠦᠨ ᠴᠤᠭ᠍ᠯᠠᠷᠠᠯ᠎ᠤᠨ ᠳᠠᠪᠠᠭᠤᠯᠢᠭ᠎ᠲᠤ ᠲᠦᠱᠢᠭ᠌ᠯᠡᠨ᠂ ᠦᠶ᠋ᠯᠡᠳᠬᠦ᠌ ᠦᠶ᠋ᠯᠡᠰ᠎ᠦᠨ ᠲᠣᠭᠠᠴᠢᠯᠠᠭ᠍ᠰᠠᠨ ᠬᠡᠯᠪᠡᠷᠢ᠎ᠶ᠋ᠢ ᠬᠤᠪᠢᠷᠠᠭᠤᠯᠬᠤ᠂ 5G ᠮᠡᠷᠭᠡᠵᠢᠯ᠎ᠦᠨ ᠬᠡᠷᠡᠭ᠌ᠯᠡᠬᠡᠨ ᠎ᠢ ᠥᠷᠭᠡᠳᠭᠡᠬᠦ᠌᠂ ᠤᠶᠤᠨᠲᠤ ᠬᠣᠲᠠ᠎ᠶ᠋ᠢᠨ ᠪᠥᠲᠥᠭᠡᠨ ᠪᠠᠢᠭᠤᠯᠤᠯᠲᠠ᠎ᠵᠡᠷᠭᠡ〈ᠭᠤᠷᠪᠠᠨ ᠶᠡᠬᠡ ᠠᠵᠢᠯᠯᠠᠭ᠎ᠠ〉 ᠶ᠋ᠢ ᠭᠤᠤᠯᠳᠠᠯᠭ᠎ᠠ᠎ᠲᠠᠶ ᠥᠷᠨᠢᠭᠦᠯᠵᠦ᠍᠂ ᠲᠣᠭᠠᠴᠢᠯᠠᠭ᠍ᠰᠠᠨ ᠠᠵᠤ ᠠᠬᠤᠶ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠲᠤᠷᠱᠢᠯᠲᠠ᠎ᠶ᠋ᠢᠨ ᠣᠷᠣᠨ᠎ᠢ ᠬᠦᠴᠦᠯᠡᠨ ᠪᠠᠢᠭᠤᠯᠤᠨ᠎ᠠ 》 ᠭᠡᠵᠦ ᠬᠡᠯᠡᠪᠡ᠃

《ᠡᠨᠡ ᠪᠣᠯ ᠬᠥᠮᠦᠰ᠎ᠢ ᠵᠣᠷᠢᠭ᠍ᠵᠢᠭᠤᠯᠵᠤ᠂ ᠡᠷᠡᠮᠡᠬᠡᠢᠯᠡᠨ ᠤᠷᠤᠭ᠍ᠰᠢᠯᠠᠭᠤᠯᠬᠤ ᠶᠡᠬᠡ ᠬᠤᠷᠠᠯ ᠮᠥᠨ! ᠠᠵᠢᠯ᠎ᠤᠨ ᠪᠠᠢᠷᠢᠨ᠎ᠳᠠᠭᠠᠨ ᠪᠤᠴᠠᠭ᠍ᠰᠠᠨ᠎ᠤ ᠳᠠᠷᠠᠭ᠎ᠠ᠂ ᠪᠢ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠤᠬᠠᠭᠤᠯᠤᠭ᠍ᠴᠢ ᠪᠠ ᠦᠢᠯᠡᠳᠦᠯᠭᠡᠵᠢᠭᠦᠯᠦᠭ᠌ᠴᠢ ᠪᠤᠯᠵᠤ᠂ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠰᠠᠢᠲᠤᠷ ᠪᠠᠳᠠᠷᠠᠭᠤᠯᠵᠤ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠰᠠᠢᠲᠤᠷ ᠤᠯᠠᠮᠵᠢᠯᠠᠵᠤ᠂ ᠵᠠᠯᠠᠭᠤ ᠨᠢᠭᠡ ᠦᠶ᠎ᠡ᠎ᠶ᠋ᠢᠨ ᠬᠢᠨ᠎ᠢ ᠨᠥᠯᠥᠭᠡᠯᠡᠨ ᠳᠠᠢ᠌ᠴᠢᠯᠠᠵᠤ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠲᠥᠯᠥᠭᠡ ᠬᠠᠷᠢᠭᠤᠴᠠᠯᠭ᠎ᠠ᠎ᠪᠠ ᠡᠭᠦᠷᠭᠡᠯᠡᠯ ᠡᠭᠦᠷᠭᠡᠯᠡᠭᠦᠯᠦᠨ᠎ᠡ》ᠭᠡᠵᠦ᠍ ᠬᠢᠩᠭᠠᠨ ᠠᠢᠮᠠᠭ᠎ᠤᠨ ᠲᠥᠯᠥᠭᠡᠯᠡᠭ᠌ᠴᠢᠳ᠎ᠦᠨ ᠪᠦᠯᠬᠦᠮ᠎ᠤ᠋ᠨ ᠴᠢᠨ ᠯᠢ ᠬᠤᠢ ᠲᠥᠯᠥᠭᠡᠯᠡᠭ᠌ᠴᠢ ᠬᠤᠷᠠᠯ᠎ᠤᠨ ᠲᠠᠯᠠᠪᠠᠢ ᠡᠴᠡ ᠭᠠᠷᠬᠤ ᠳ᠋ᠠᠭᠠᠨ ᠬᠡᠯᠡᠪᠡ᠃

《ᠦᠨᠳᠦᠰᠦᠨ ᠱᠠᠲᠤᠨ᠎ᠤ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠪᠢ ᠯᠠᠪᠲᠠᠢ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠍᠎ᠶ᠋ᠢ ᠡᠷᠬᠢᠮᠯᠡᠵᠦ᠍᠂ ᠢᠯᠡᠳᠭᠡᠯ᠎ᠦᠨ ᠵᠣᠷᠢᠭ ᠰᠠᠨᠠᠭ᠎ᠠ᠎ᠶ᠋ᠢ ᠦᠨᠡᠨ ᠬᠦ᠌ ᠰᠠᠢᠲᠤᠷ ᠰᠤᠷᠤᠯᠴᠠᠨ ᠣᠢᠯᠠᠭᠠᠵᠤ᠂ ᠰᠠᠢᠲᠤᠷ ᠤᠯᠠᠮᠵᠢᠯᠠᠨ ᠲᠤᠭᠤᠱᠢᠯᠠᠭᠤᠯᠵᠤ᠂ ᠲᠡᠷᠡ ᠶᠣᠰᠣᠭᠠᠷ ᠨᠢ ᠰᠠᠢᠲᠤᠷ ᠨᠠᠢᠳᠠᠪᠤᠷᠢᠵᠢᠭᠤᠯᠤᠨ᠎ᠠ᠃ ᠠᠮᠢ ᠠᠬᠤᠢ᠎ᠶ᠋ᠢᠨ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠤᠯᠠᠨ᠎ᠤ ᠪᠠᠴᠢᠮᠳᠠᠵᠥ᠍ ᠳᠦᠪᠡᠭ᠌ᠳᠡᠵᠥ᠍ ᠵᠤᠪᠠᠨᠢᠵᠥ᠍ ᠬᠦᠰᠡᠵᠥ᠍ ᠪᠠᠢᠭ᠎ᠠ ᠠᠰᠠᠭᠤᠳᠠᠯ᠎ᠢ ᠰᠡᠳᠭᠢᠯ ᠲᠠᠯᠪᠢᠨ ᠬᠦᠴᠦᠯᠡᠨ ᠱᠢᠢᠳᠪᠦᠷᠢᠯᠡᠨ᠎ᠡ》 ᠭᠡᠵᠦ᠍ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢ ᠳ᠋ᠢ ᠬᠠᠶ ᠯᠦᠩ ᠬᠡᠯᠡᠪᠡ᠃

ᠱᠢᠨ᠎ᠡ ᠠᠯᠤᠰ ᠤ᠋ᠨ ᠲᠥᠰᠦᠪ᠎ᠢ ᠨᠢᠭᠡᠨᠲᠡ ᠵᠢᠷᠤᠭ᠍ᠯᠠᠵᠤ᠂ ᠤᠷᠤᠭ᠍ᠰᠢᠯᠠᠯᠲᠠ᠎ᠶ᠋ᠢᠨ ᠪᠦᠷᠢᠶ᠎ᠡ ᠎ᠨᠢᠭᠡᠨᠲᠡ ᠎ᠬᠠᠩᠭᠢᠨᠠᠪᠡ᠂ ᠲᠥᠯᠥᠭᠡᠯᠡᠭ᠌ᠴᠢᠳ᠂ ᠬᠠᠷᠠᠯᠲᠠ ᠎ᠪᠠᠨ ᠲᠣᠭ᠍ᠲᠠᠭᠠᠵᠤ᠂ ᠦᠷᠭᠦᠯᠵᠢᠯᠡᠨ ᠡᠷᠡᠮᠡᠬᠡᠢᠯᠡᠨ ᠤᠷᠤᠭ᠍ᠰᠢᠯᠠᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠡᠭᠦᠳᠦᠨ᠎ᠡ ᠭᠡᠵᠦ᠍ ᠰᠠᠨᠠᠯ ᠨᠢᠭᠡᠲᠡᠶ ᠢᠯᠡᠳᠭᠡᠵᠡᠭᠡᠪᠡ᠃

 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号