—
ᠥᠪᠡᠷᠲᠡᠭᠡᠨ
ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ
ᠤᠨᠴᠠ ᠮᠡᠳᠡᠭᠡᠯᠡᠯ (ᠭᠤᠷᠪᠠ)
ᠬᠦᠴᠢᠷ
ᠪᠡᠷᠭᠡᠰᠢᠶᠡᠯ᠎ᠢ ᠰᠦᠷᠴᠦ ᠰᠠᠯᠬᠢ ᠪᠣᠷᠣᠭᠠᠨ᠎ᠢ ᠬᠠᠮᠳᠤ ᠪᠡᠷ ᠲᠤᠭᠤᠯᠤᠨ᠎ᠠ;ᠠᠯᠤᠰ᠎ᠤᠨ ᠠᠶᠠᠨ ᠵᠠᠮ ᠳ᠋ᠠᠭᠠᠨ ᠤᠭ ᠰᠠᠨᠠᠭ᠎ᠠ᠎ᠪᠠᠨ ᠦᠯᠦ᠍ ᠮᠠᠷᠲᠠᠨ᠎ᠠ᠃
ᠲᠠᠪᠤᠨ ᠵᠢᠯ᠎ᠦᠨ ᠰᠦᠷ ᠳᠠᠯᠠᠢᠴᠠᠲᠠᠢ ᠠᠶᠠᠨ᠎ᠳᠤ᠂ ᠥᠪᠥᠷ ᠮᠣᠩᠭᠣᠯ ᠰᠢ᠎ᠶ᠋ᠢᠨ
ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ
ᠰᠤᠷᠤᠯᠴᠠᠨ ᠲᠤᠭᠤᠱᠢᠯᠠᠭᠤᠯᠬᠤ᠎ᠶ᠋ᠢ ᠲᠡᠷᠢᠭᠦᠨ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠬᠤ᠎ᠶ᠋ᠢ ᠪᠠᠷᠢᠮᠲᠠᠯᠠᠵᠤ᠂
ᠰᠠᠢᠲᠦᠷ ᠣᠢᠯᠠᠭᠠᠵᠤ ᠨᠡᠪᠳᠡᠷᠡᠳᠡᠯ᠎ᠡ ᠮᠡᠲᠡᠵᠦ ᠪᠤᠲᠠᠲᠠᠢ ᠬᠢᠬᠦ ᠳᠡᠭᠡᠷ᠎ᠡ ᠦᠷᠭᠦᠯᠵᠢᠯᠡᠨ ᠬᠦᠴᠦ᠍ ᠣᠷᠣᠭᠤᠯᠵᠤ᠂
《ᠬᠣᠶᠠᠷ᠎ᠢ ᠰᠤᠷᠤᠯᠴᠠᠵᠤ ᠨᠢᠭᠡ ᠳᠦ ᠲᠡᠩᠴᠡᠭᠦᠯᠬᠦ᠌》ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠤᠨ ᠳᠦᠷᠢᠮᠵᠢᠭᠦᠯᠬᠦ᠌ ᠶ᠋ᠢ ᠯᠠᠪᠳᠠᠭᠤᠨ ᠪᠠᠲᠤᠲᠠᠢ ᠠᠬᠢᠭᠤᠯᠵᠤ᠂《ᠤᠭ ᠰᠠᠨᠠᠭ᠎ᠠ ᠪᠠᠨ ᠦᠯᠦ᠍ ᠮᠠᠷᠲᠠᠵᠤ ᠡᠭᠦᠷᠭᠡ
ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌ 》 ᠭᠣᠣᠯ ᠰᠡᠳᠦᠪᠲᠦ ᠬᠥᠮᠦᠵᠢᠯ᠂
ᠨᠠᠮ ᠤᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ ᠨᠠᠷᠢᠨ ᠨᠢᠮᠪᠠᠢ ᠵᠣᠬᠢᠶᠠᠨ ᠪᠠᠢᠭᠤᠯᠤᠨ ᠥᠷᠨᠢᠭᠦᠯᠵᠦ᠍᠂
ᠨᠠᠮ ᠤᠨ ᠱᠢᠨ᠎ᠡ ᠶ᠋ᠢ ᠡᠭᠦᠳᠦᠭ᠌ᠰᠡᠨ ᠤᠨᠤᠯ᠎ᠤᠨ ᠬᠠᠮᠤᠭ᠎ᠤᠨ ᠱᠢᠨ᠎ᠡ ᠦᠷ᠎ᠡ ᠪᠦᠲᠦᠭᠡᠯ᠎ᠢᠶᠡᠷ ᠨᠠᠮ᠎ᠤᠨ ᠭᠡᠱᠢᠭᠦᠨ᠎ᠢ ᠵᠡᠪᠰᠡᠭ᠌ᠯᠡᠬᠦ᠌᠂ ᠠᠷᠠᠳᠲᠦᠮᠡᠨᠢ ᠬᠥᠮᠦᠵᠢᠭᠦᠯᠬᠦ᠌᠎ᠶ᠋ᠢ ᠴᠤᠴᠠᠯᠳᠠ ᠦᠭᠡᠢ ᠪᠠᠷᠢᠮᠲᠠᠯᠠᠵᠤ᠂ ᠥᠷᠭᠡᠨ ᠤᠯᠠᠨ ᠺᠠᠳ᠋ᠷ ᠤᠯᠠᠨ
ᠲᠦᠮᠡᠨ ᠨᠡᠩ ᠴᠢᠩ ᠰᠡᠳᠭᠢᠯ᠎ᠡᠴᠡ᠎ᠪᠡᠨ ᠨᠠᠮ᠎ᠤᠨ ᠠᠴᠢ᠎ᠳᠤ ᠲᠠᠯᠠᠷᠬᠠᠬᠤ ᠪᠤᠯᠵᠤ᠂ ᠤᠬᠠᠮᠰᠠᠷ ᠡᠴᠡ ᠪᠠᠨ ᠨᠠᠮ᠎ᠤᠨ
ᠦᠭᠡ᠎ᠶ᠋ᠢ ᠰᠣᠨᠣᠰᠴᠤ᠌᠂ ᠡᠷᠡᠰ ᠪᠠᠲᠤ᠎ᠪᠠᠷ ᠨᠠᠮ᠎ᠢᠶᠠᠨ ᠲᠠᠭᠠᠪᠠ᠃
ᠲᠠᠪᠤᠨ ᠵᠢᠯ᠎ᠦᠨ ᠬᠦᠴᠦᠳᠦ ᠠᠯᠬᠤᠭ᠎ᠠ ᠪᠡᠷ᠂ ᠥᠪᠥᠷ ᠮᠣᠩᠭᠣᠯ ᠪᠦᠬᠦ᠌ ᠲᠠᠯ᠎ᠠ᠎ᠪᠠᠷ
ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠵᠦ᠍᠂ ᠬᠤᠷᠴᠠ ᠴᠢᠩᠭ᠎ᠠ ᠬᠤᠪᠢᠰᠭᠠᠯ᠎ᠤᠨ ᠵᠣᠷᠢᠭ ᠰᠠᠨᠠᠭ᠎ᠠ
ᠪᠣᠯᠤᠨ ᠲᠡᠮᠡᠴᠡᠯ᠎ᠦᠨ ᠵᠣᠷᠢᠭ ᠰᠠᠨᠠᠭ᠎ᠠ᠎ᠪᠠᠷ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠦᠨ ᠰᠡᠷᠭᠦᠭᠡᠵᠦ᠍᠂
ᠥᠴᠦᠬᠡᠨ ᠴᠦ᠍ ᠡᠷᠡᠭᠡᠯᠵᠡᠯ ᠦᠭᠡᠢ᠎ᠪᠡᠷ ᠭᠡᠮ ᠠᠷᠬᠠᠭ᠎ᠢ
ᠠᠷᠢᠯᠭᠠᠵᠦ᠂ ᠥᠴᠦᠬᠡᠨ ᠴᠦ᠍ ᠲᠠᠲᠠᠭᠠᠯᠵᠠᠯ ᠦᠭᠡᠢ᠎ᠪᠡᠷ ᠬᠣᠣᠷᠲᠤ ᠬᠠᠪᠤᠳᠠᠷ᠎ᠲᠤ ᠮᠡᠰᠡ ᠵᠠᠰᠠᠯ ᠬᠢᠵᠦ᠍᠂ ᠡᠷᠡᠰ
ᠱᠢᠭᠤᠷᠬᠠᠢ᠎ᠪᠠᠷ ᠢᠯᠡᠴᠢᠯᠡᠨ ᠮᠠᠯᠳᠠᠵᠤ᠂ ᠪᠦᠬᠦ᠌ ᠣᠷᠣᠨ᠎ᠤ ᠤᠯᠤᠰ ᠲᠦᠷᠦ᠍ ᠶ᠋ᠢᠨ ᠠᠮᠢ ᠠᠬᠤᠢ᠎ᠶ᠋ᠢ ᠦᠨᠳᠦᠰᠦᠨ᠎ᠡᠴᠡ
ᠨᠢ ᠴᠡᠭ᠌ᠴᠡᠯᠡᠨ ᠵᠠᠰᠠᠵᠤ᠂ ᠲᠠᠬᠢᠨ ᠴᠣᠭ᠍ᠴᠠᠯᠠᠨ ᠲᠠᠬᠢᠨ ᠪᠠᠢᠭᠤᠯᠬᠤ᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂
ᠡᠯ᠎ᠡ ᠵᠦᠢᠯ ᠦᠨ ᠠᠵᠢᠯ ᠦᠢᠯᠡᠰ ᠦᠨ ᠬᠥᠭ᠌ᠵᠢᠯᠲᠡ ᠲᠠᠪᠱᠢᠯᠳᠠ ᠳᠤ ᠬᠠᠷᠰᠢ ᠰᠠᠭᠠᠳ᠎ᠢ ᠠᠷᠢᠯᠭᠠᠵᠤ᠂ ᠭᠡᠮ
ᠰᠣᠭᠣᠭ᠎ᠢ ᠠᠷᠢᠯᠭᠠᠵᠤ᠂ ᠰᠠᠢ᠌ᠨ ᠰᠠᠢᠬᠠᠨ ᠣᠷᠴᠢᠨ ᠲᠣᠭᠣᠷᠢᠨ᠎ᠢ ᠡᠭᠦᠳᠴᠦ᠍ ᠥᠭ᠌ᠴᠡᠢ᠃
ᠣᠳᠤᠨ ᠮᠡᠴᠢᠳ ᠤᠭᠳᠠᠷᠭᠤᠢ ᠵᠢ ᠬᠡᠷᠡᠯᠳᠦᠬᠦᠯᠵᠦ᠂ ᠡᠷᠡᠮᠡᠭᠡᠢᠯᠡᠨ ᠲᠡᠮᠡᠴᠡᠭᠴᠢ
ᠲᠡᠦᠭᠡ ᠵᠢ ᠡᠬᠦᠳᠦᠨ᠎ᠡ ᠃
ᠦᠩᠭᠡᠷᠡᠭᠰᠡᠨᠢ᠋ ᠡᠷᠬᠢᠴᠡᠬᠦᠯᠬᠦᠶ᠎ᠡ᠂ ᠥᠪᠥᠷ ᠮᠣᠩᠭᠣᠯ ᠶᠠᠭᠤᠨ᠎ᠳᠤ ᠲᠦᠱᠢᠭ᠌ᠯᠡᠨ
ᠪᠦᠬᠦ᠌ ᠲᠠᠯ᠎ᠠ᠎ᠶ᠋ᠢᠨ ᠬᠥᠭ᠌ᠵᠢᠯᠲᠡ ᠲᠠᠪᠱᠢᠯᠳᠠ ᠶ᠋ᠢ ᠪᠡᠶᠡᠯᠡᠭᠦᠯᠦᠭ᠌ᠰᠡᠨ ᠪᠤᠢ ᠬᠡᠰᠡᠨ ᠠᠰᠠᠭᠤᠯᠳᠠ ᠵᠢᠨ ᠬᠠᠷᠢᠭᠤᠯᠲᠠ ᠮᠠᠰᠢ ᠲᠣᠳᠣᠷᠬᠠᠢ᠄ ᠢᠮᠠᠭ᠍ᠲᠠ ᠤᠬᠠᠮᠰᠠᠷ ᠡᠴᠡ ᠪᠠᠨ ᠨᠠᠮ ᠤᠨ ᠲᠥᠪ ᠬᠣᠷᠢᠶ᠎ᠠ᠎ᠲᠠᠶ
ᠨᠢᠭᠡᠳᠦᠯᠲᠡᠢ ᠪᠠᠢᠵᠤ᠂ ᠢᠮᠠᠭ᠍ᠲᠠ 《ᠬᠣᠶᠠᠷ ᠢ᠋ ᠬᠠᠮᠠᠭᠠᠯᠠᠬᠤ》 ᠵᠢ
ᠡᠷᠡᠰ ᠪᠡᠶᠡᠯᠡᠭᠦᠯᠦᠨ᠎ᠡ᠃
ᠢᠷᠡᠭᠡᠲᠦᠢᠵᠢᠪᠠᠷᠠᠯᠠᠬᠤᠶᠠ᠂ ᠥᠪᠥᠷ ᠮᠣᠩᠭᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ
ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠶᠠᠮᠠᠷ ᠬᠠᠷᠢᠭᠤᠴᠠᠯᠭ᠎ᠠ ᠪᠠ ᠡᠭᠦᠷᠭᠡ᠎ᠶ᠋ᠢ
ᠡᠭᠦᠷᠭᠡᠯᠡᠬᠦ ᠨᠢ ᠮᠠᠰᠢ ᠲᠣᠳᠣᠷᠬᠠᠢ᠄ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠪᠣᠯᠤᠭ᠍ᠰᠠᠨ᠎ᠤ
ᠬᠤᠪᠢ᠎ᠳᠤ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠬᠢᠴᠠᠲᠤᠮᠳᠠ
ᠠᠤᠭ᠎ᠠ ᠶᠡᠬᠡ ᠬᠦᠨᠳᠦ ᠴᠢᠬᠤᠯᠠ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠲᠡᠦᠭᠡᠳᠦ ᠡᠭᠦᠷᠭᠡ ᠶ᠋ᠢ ᠡᠷᠬᠡᠪᠰᠢ
ᠪᠠᠲᠤ ᠡᠭᠦᠷᠭᠡᠯᠡᠬᠦ᠌ ᠬᠡᠷᠡᠭ᠌ᠲᠡᠢ᠃
ᠡᠨᠡ ᠬᠦ᠌ ᠬᠦᠨᠳᠦ ᠴᠢᠬᠤᠯᠠ
ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠶ᠋ᠢ ᠪᠡᠶᠡᠯᠡᠭᠦᠯᠬᠦ᠌᠎ᠳᠦ ᠨᠠᠮ᠎ᠢ ᠴᠢᠩᠭ᠎ᠠ ᠬᠠᠮᠢᠶᠠᠷᠴᠤ᠌
ᠴᠢᠩᠭ᠎ᠠ ᠵᠠᠰᠠᠬᠤ ᠪᠣᠯ ᠦᠨᠳᠦᠰᠦᠨ ᠪᠠᠲᠤᠯᠠᠭ᠎ᠠ ᠮᠥᠨ᠃
ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ᠂ ᠪᠦᠬᠦ᠌
ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠨᠡᠢᠳᠡᠮ ᠲᠤᠭᠤᠰᠢᠯᠠᠭᠳᠠᠵᠤ ᠪᠤᠢ᠃
—
ᠪᠦᠬᠦ ᠲᠠᠯ᠎ᠠ ᠪᠡᠷ ᠨᠠᠮ᠎ᠢ ᠴᠢᠩᠭ᠎ᠠ ᠵᠠᠰᠠᠬᠤ ᠠᠵᠢᠯ ᠬᠡᠵᠢᠶᠡᠳᠡ ᠵᠤᠬ᠍ᠰᠤᠰᠢ
ᠦᠭᠡᠢ ᠶᠤᠮ᠂ ᠪᠢᠳᠡ ᠨᠢᠭᠡᠨᠳᠡ ᠣᠯᠤᠭ᠍ᠰᠠᠨ ᠠᠮᠵᠢᠯᠲᠠ᠎ᠳᠠᠭᠠᠨ
ᠰᠡᠳᠭᠢᠯ ᠬᠠᠨᠤᠵᠤ ᠪᠣᠯᠬᠤ ᠦᠭᠡᠢ᠂ ᠶᠠᠭᠠᠬᠢᠭ᠍ᠰᠠᠨ ᠴᠤ᠌ ᠲᠠᠢᠪᠤᠰᠢᠷᠠᠵᠤ ᠪᠣᠯᠬᠤ ᠦᠭᠡᠢ᠂ ᠨᠢᠭᠡᠨᠳᠡ ᠲᠤᠩ ᠴᠢᠩᠭ᠎ᠠ᠂
ᠲᠤᠢᠯ᠎ᠤᠨ ᠴᠢᠩᠭ᠎ᠠ ᠪᠤᠯᠤᠭᠰᠠᠨ ᠬᠡᠬᠦ ᠪᠤᠳᠤᠯᠤᠭᠳᠤ ᠤᠷᠤᠵᠤ
ᠪᠤᠯᠬᠤ ᠦᠭᠡᠢ! ᠡᠷᠬᠡᠪᠰᠢ ᠲᠠᠷᠢᠬᠢ ᠲᠣᠯᠣᠭᠠᠢ᠎ᠪᠠᠨ ᠰᠡᠷᠭᠡᠭ ᠪᠠᠢᠯᠭᠠᠵᠤ᠂
ᠠᠵᠠ ᠲᠤᠬᠢᠶᠠᠯ᠎ᠢ ᠠᠮᠵᠢᠨ ᠤᠷᠤᠭ᠍ᠰᠢᠯᠠᠵᠤ᠂ ᠨᠢᠭᠡ ᠯᠡ ᠠᠮᠢᠰᠭᠤᠭ᠎ᠠ᠎ᠪᠠᠷ ᠬᠢᠵᠦ᠍᠂ ᠪᠦᠷᠢᠨ ᠢᠯᠠᠯᠲᠠ ᠤᠯᠬᠤ᠎ᠪᠠᠷ
ᠴᠢᠷᠮᠠᠢᠬᠤ ᠬᠡᠷᠡᠭ᠌ᠲᠡᠢ᠃
—
ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ
ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂
ᠤᠨᠤᠯ ᠵᠢᠡᠷ ᠵᠡᠪᠰᠡᠭᠯᠡᠬᠦ ᠵᠢ ᠲᠠᠰᠤᠷᠠᠯᠳᠠ ᠦᠭᠡᠢ ᠭᠦᠨᠵᠡᠭᠡᠢᠷᠡᠭᠦᠯᠦᠨ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶ᠋ᠢ
ᠠᠬᠢᠭᠤᠯᠬᠤ ᠬᠡᠷᠡᠭᠳᠡᠢ᠃
—
ᠨᠠᠮ ᠤᠨ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠬᠦ᠌᠂ ᠡᠯ᠎ᠡ ᠲᠠᠯ᠎ᠠ᠎ᠶ᠋ᠢ ᠵᠣᠬᠢᠴᠠᠭᠤᠯᠬᠤ ᠦᠨᠳᠦᠰᠦᠨ ᠱᠠᠭᠠᠷᠳᠠᠯᠭ᠎ᠠ᠎ᠶ᠋ᠢ ᠡᠷᠡᠰ ᠲᠤᠭᠤᠱᠢᠯᠠᠭᠤᠯᠵᠤ᠂ ᠡᠯ᠎ᠡ ᠱᠠᠲᠤ ᠡᠯ᠎ᠡ ᠲᠠᠯ᠎ᠠ᠎ᠶ᠋ᠢᠨ
ᠬᠢᠨ ᠨᠠᠮ᠎ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ ᠲᠤᠰ ᠲᠤᠰ᠎ᠤᠨ ᠲᠤᠱᠢᠶᠠᠯ ᠡᠬᠦᠷᠭᠡ ᠬᠠᠷᠢᠭᠤᠴᠠᠯᠭ᠎ᠠ᠎ᠪᠠᠨ
ᠭᠦᠢᠴᠡᠳᠭᠡᠵᠦ᠍᠂ ᠡᠮᠬᠢ ᠵᠢᠷᠤᠮ᠎ᠲᠠᠶ ᠬᠠᠮᠵᠢᠯᠴᠠᠬᠤ ᠶ᠋ᠢ ᠦᠨᠡᠨ ᠬᠦ᠌ ᠪᠠᠳᠤᠯᠠᠬᠤ ᠬᠡᠷᠡᠭᠳᠡᠢ᠃
—
ᠱᠢᠨ᠎ᠡ ᠴᠠᠭ ᠦᠶ᠎ᠡ᠎ᠶ᠋ᠢᠨ ᠰᠠᠢᠨ ᠺᠠᠳ᠋ᠷ᠎ᠤᠨ ᠪᠠᠷᠢᠮᠵᠢᠶ᠎ᠠ᠎ᠶ᠋ᠢ ᠪᠠᠷᠢᠮᠲᠠᠯᠠᠵᠤ᠂
ᠤᠯᠤᠰ ᠲᠥᠷᠥ᠎ᠶ᠋ᠢᠨ ᠪᠠᠷᠢᠮᠵᠢᠶ᠎ᠠ᠎ᠶ᠋ᠢ ᠳᠣᠪᠣᠢᠯᠭᠠᠵᠤ᠂ ᠤᠨᠤᠴᠠᠳᠠᠢ ᠱᠢᠨᠵᠢᠯᠡᠬᠦ᠌ ᠤᠬᠠᠭᠠᠨᠴᠢ᠎ᠪᠠᠷ ᠬᠥᠮᠦᠨ
ᠰᠣᠩᠭᠣᠨ ᠬᠡᠷᠡᠭ᠌ᠯᠡᠵᠦ᠍᠂ ᠡᠯ᠎ᠡ ᠱᠠᠲᠤᠨ᠎ᠤ ᠤᠳᠤᠷᠢᠳᠭᠤ ᠡᠷᠬᠡ ᠵᠢ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ
ᠡᠭᠦᠷᠭᠡᠯᠡᠯ ᠲᠠᠢ ᠺᠠᠳ᠋ᠷᠡᠵᠡᠮᠰᠢᠬᠦ ᠶ᠋ᠢ ᠦᠨᠡᠨ ᠬᠦ᠌ ᠪᠠᠲᠤᠯᠠᠬᠤ ᠬᠡᠷᠡᠭᠳᠡᠢ᠃
—
ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠪᠠᠷ
ᠲᠠᠪᠱᠢᠬᠤ ᠪᠦᠬᠦ᠌ ᠲᠠᠯ᠎ᠠ᠎ᠪᠠᠷ ᠴᠠᠭᠠᠷᠠᠬᠤ᠎ᠶ᠋ᠢ ᠠᠬᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨᠪᠠᠢᠭᠤᠯᠤᠯᠲᠠᠶ᠋ᠢᠨᠲᠠᠢ᠌ᠴᠢᠨᠪᠡᠬᠢᠯᠡᠯᠲᠡᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠳᠡᠢ᠃
ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠠᠷᠠᠯ᠎ᠢ
ᠡᠰᠡᠷᠭᠦᠴᠡᠬᠦ᠌ ᠠᠵᠢᠯ᠎ᠢ ᠬᠦᠴᠦᠲᠡᠢ ᠠᠬᠢᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷᠴᠤᠳ ᠰᠤᠷᠲᠠᠯ ᠴᠢᠬᠡᠴᠢ ᠣᠪᠣᠷ ᠲᠥᠪ ᠵᠠᠰᠠᠭ ᠡᠷᠬᠢᠯᠡᠬᠦ᠌ ᠣᠷᠴᠢᠨ ᠨᠥᠬᠥᠴᠡᠯ᠎ᠦᠨ
ᠳᠤᠮᠳᠠ ᠨᠡᠩ ᠰᠠᠢ᠌ᠨ ᠠᠵᠢᠯᠯᠠᠵᠤ᠂ ᠦᠨᠳᠦᠰᠦᠲᠡᠨ᠎ᠨᠦᠭᠦᠳ᠎ᠦᠨ ᠠᠷᠠᠳ ᠤᠯᠠᠨ ᠠᠮᠤᠷ ᠳᠤᠭᠳᠠᠭᠤᠨ ᠤᠯᠤᠰ ᠲᠦᠷᠦ᠍᠎ᠶ᠋ᠢᠨ
ᠠᠮᠢ ᠠᠬᠤᠢ᠎ᠵᠢᠨ ᠲᠤᠮᠳᠠ ᠨᠠᠮ᠎ᠳᠠᠭᠠᠨ ᠨᠡᠩ ᠢᠲᠡᠭᠡᠯ ᠲᠡᠭᠦᠯᠳᠡᠷ ᠪᠤᠯᠤᠨ᠎ᠠ᠃
《ᠢᠯᠡᠳᠬᠡᠯ ᠨᠢ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠤᠯᠤᠰ ᠲᠥᠷᠥ᠎ᠶ᠋ᠢᠨ ᠠᠮᠢ
ᠠᠬᠤᠶ᠎ᠶ᠋ᠢ ᠳᠠᠬᠢᠨ ᠴᠣᠭ᠍ᠴᠠᠯᠠᠬᠤ ᠢᠲᠡᠭᠡᠯ ᠵᠣᠷᠢᠭ᠎ᠢ ᠢᠯᠡᠷᠡᠭᠦᠯᠵᠦ᠍᠂ ᠦᠵᠡᠯ ᠰᠠᠨᠠᠭ᠎ᠠ ᠲᠦᠪ ᠴᠢᠩᠭ᠎ᠠ᠂ ᠬᠢᠨᠠᠯᠲᠠ
ᠲᠠᠯᠪᠢᠯᠲᠠ ᠲᠦᠪ ᠴᠢᠩᠭ᠎ᠠ᠂ ᠰᠠᠬᠢᠯᠭ᠎ᠠ ᠬᠡᠷᠡᠭᠵᠢᠬᠦᠯᠦᠯᠳᠡ ᠲᠦᠪ ᠴᠢᠩᠭ᠎ᠠ᠂ ᠠᠯᠪᠠᠨ ᠲᠤᠱᠢᠶᠠᠯᠲᠠᠨ ᠤ᠋ ᠵᠠᠰᠠᠯᠳᠠ ᠲᠦᠪ ᠴᠢᠩᠭ᠎ᠠ᠂ ᠰᠤᠷᠲᠠᠯ ᠲᠦᠪ ᠴᠢᠩᠭ᠎ᠠ᠂ ᠢᠯᠵᠠᠷᠠᠯ᠎ᠢ
ᠡᠰᠡᠷᠭᠦᠴᠡᠬᠦ᠌ ᠠᠵᠢᠯ ᠲᠦᠪ ᠴᠢᠩᠭ᠎ᠠ ᠪᠠᠢᠬᠤ ᠲᠤᠬᠠᠶ ᠪᠥᠬᠥ᠌
ᠲᠠᠯ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠴᠠᠭ ᠢᠮᠠᠭ᠍ᠲᠠ ᠠᠬᠢᠭᠤᠯᠬᠤ
ᠬᠡᠷᠡᠭ᠌ᠲᠡᠶ》 ᠭᠡᠵᠦ᠍
ᠴᠢᠬᠤᠯᠠᠴᠢᠯᠠᠪᠠ᠃ ᠱᠢᠯᠢ᠎ᠶ᠋ᠢᠨ ᠭᠤᠤᠯ ᠠᠢᠮᠠᠭ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢ ᠶᠤᠤ
ᠶᠦᠩ ᠪᠥᠸᠧ ᠡᠯ᠎ᠡ ᠬᠦᠷᠢᠶᠡᠨ᠎ᠦ ᠠᠵᠢᠯ ᠵᠢᠡᠨ ᠪᠥᠬᠥ᠌ ᠲᠠᠯ᠎ᠠ᠎ᠪᠠᠷ ᠡᠮᠬᠢᠯᠡᠵᠤ᠂ ᠨᠠᠢᠳᠠᠪᠤᠷᠢᠵᠢᠭᠤᠯᠬᠤ ᠠᠷᠭ᠎ᠠ
ᠬᠡᠮᠵᠢᠶ᠎ᠡ᠎ᠶ᠋ᠢ ᠬᠢᠨᠠᠮᠠᠭᠠᠶ ᠲᠥᠯᠥᠪᠯᠡᠨ᠎ᠡ ᠬᠡᠵᠦ ᠢᠯᠡᠷᠭᠡᠢᠯᠡᠵᠦ ᠪᠠᠢᠯ᠎ᠠ᠃
ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠ ᠲᠦᠪ᠎ᠤᠨ ᠥᠪᠡᠷᠲᠡᠭᠡᠨ
ᠵᠠᠰᠠᠬᠤᠣᠷᠣᠨᠳᠤᠰᠠᠭᠤᠭᠠ ᠨᠢᠬᠡᠴᠢ ᠵᠢᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢ ᠪᠦᠦ ᠭᠦᠸᠧ
ᠴᠢᠤᠸᠠᠨ ᠤ ᠦᠵᠡᠬᠦ᠌᠎ᠪᠡᠷ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠡᠷᠬᠡᠪᠰᠢ ᠡᠮᠦᠨ᠎ᠡ᠎ᠨᠢ
ᠶᠠᠪᠤᠵᠤ᠂ ᠥᠯᠢᠭᠡᠷ ᠳᠠᠭᠤᠷᠢᠶᠠᠯ ᠪᠣᠯᠵᠣ᠂ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ
ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠣᠨᠣᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠵᠤ᠂ ᠲᠤᠰᠭᠠᠶ ᠰᠡᠳᠦᠪᠲᠦ
ᠪᠣᠯᠪᠠᠰᠤᠷᠠᠯ᠎ᠢ ᠴᠢᠩᠭᠠᠳᠭᠠᠬᠤ ᠬᠡᠷᠡᠭ᠌ᠲᠡᠶ᠃ᠭᠦᠨᠵᠡᠭᠡᠶ ᠠᠭᠤᠰᠤᠯᠴᠠᠯ ᠳᠤ ᠠᠩᠬᠠᠷᠤᠯ ᠢᠶᠠᠨ ᠲᠥᠪᠯᠡᠷᠡᠭᠦᠯᠦᠨ
ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠨᠠᠮ ᠤᠨ ᠪᠠᠢᠭᠤᠯᠤᠯᠲᠠ᠎ᠶ᠋ᠢᠨ ᠠᠵᠢᠯ᠎ᠤᠨ ᠠᠷᠭ᠎ᠠ ᠬᠡᠯᠪᠡᠷᠢ ᠠᠷᠭ᠎ᠠ
ᠪᠠᠷᠢᠯ ᠤᠨ ᠱᠢᠨ᠎ᠡ ᠶ᠋ᠢ ᠡᠭᠦᠳᠴᠦ᠍᠂ ᠬᠢᠨᠠᠨ ᠱᠢᠯᠭᠠᠵᠤ ᠦᠨᠡᠯᠡᠬᠦ᠌ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂
ᠨᠠᠮ᠎ᠤᠨ ᠪᠠᠢᠭᠤᠯᠤᠯᠲᠠ᠎ᠶ᠋ᠢᠨ ᠠᠵᠢᠯ ᠬᠢᠭᠡᠳ ᠲᠤᠬᠠᠢᠯᠠᠭ᠍ᠰᠠᠨ ᠠᠵᠢᠯ ᠤᠨ ᠭᠦᠨᠵᠡᠭᠡᠶ ᠠᠭᠤᠰᠤᠯᠴᠠᠯ᠎ᠢ ᠠᠬᠢᠭᠤᠯᠬᠤ
ᠬᠡᠷᠡᠭᠳᠡᠢ᠃ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠠᠳᠭᠤᠬᠤ᠎ᠶ᠋ᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠶ᠋ᠢᠨ ᠪᠦᠬᠦ᠌ ᠲᠠᠯ᠎ᠠ ᠪᠠᠷ
ᠳᠠᠪᠱᠢᠵᠤ ᠪᠦᠬᠦ᠌ ᠲᠠᠯ᠎ᠠ ᠪᠠᠷ ᠴᠠᠭᠠᠷᠠᠬᠤ᠎ᠶ᠋ᠢ ᠠᠬᠢᠭᠤᠯᠬᠤ ᠬᠡᠷᠡᠭᠳᠡᠢ᠃
《ᠴᠡᠷᠢᠭ ᠡᠴᠡ ᠬᠠᠯᠠᠭ᠍ᠳᠠᠭ᠍ᠰᠠᠳ᠎ᠤᠨ ᠶᠠᠪᠤᠳᠠᠯ ᠤᠨ ᠰᠠᠯᠠᠭ᠎ᠠ ᠮᠥᠴᠢᠷ 〈ᠳᠥᠷᠪᠡᠨ ᠤᠬᠠᠮᠰᠠᠷ〉 ᠵᠢᠡᠨ ᠴᠢᠨᠠᠭ᠍ᠰᠢᠳᠠ ᠴᠢᠩᠭᠠᠳᠭᠠᠵᠤ᠂
〈ᠳᠥᠷᠪᠡᠨ ᠢᠲᠡᠭᠡᠯ〉ᠵᠢᠡᠨ ᠪᠠᠲᠤᠳᠭᠠᠵᠤ᠂
〈ᠬᠣᠶᠠᠷ᠎ᠢ ᠬᠠᠮᠠᠭᠠᠯᠠᠬᠤ〉᠎ᠶ᠋ᠢ
ᠪᠡᠶᠡᠯᠡᠭᠦᠯᠵᠦ᠍᠂ ᠴᠡᠷᠢᠭ ᠡᠴᠡ ᠬᠠᠯᠠᠭ᠍ᠳᠠᠭ᠍ᠰᠠᠳ᠎ᠤᠨ ᠠᠵᠢᠯ᠎ᠳᠠᠬᠢ ᠨᠠᠮ᠎ᠤᠨ ᠨᠢᠭᠡᠳᠦᠯᠲᠡᠶ ᠤᠳᠤᠷᠢᠳᠤᠯᠭ᠎ᠠ᠎ᠶ᠋ᠢ
ᠴᠢᠩᠭᠠᠳᠭᠠᠵᠤ᠂ ᠥᠭᠡᠷᠡᠴᠢᠯᠡᠯᠲᠡ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂
ᠬᠠᠮᠢᠶᠠᠷᠤᠯᠲᠠ ᠦᠶ᠋ᠯᠡᠴᠢᠯᠡᠭᠡᠨ ᠦ ᠪᠠᠲᠤᠯᠠᠭᠠᠶ᠋ᠢᠨᠲᠦᠪᠱᠢᠨᠢᠲᠠᠰᠤᠷᠠᠯᠲᠠᠥᠬᠡᠶ ᠳᠡᠭᠡᠭ᠌ᠰᠢᠯᠡᠭᠦᠯᠵᠦ᠍᠂
ᠡᠷᠡᠰ ᠬᠠᠳᠠᠭᠤ ᠴᠤᠴᠠᠯᠲᠠ ᠥᠬᠡᠶᠤᠷᠤᠭ᠍ᠰᠢᠯᠠᠬᠤᠰᠥᠰᠥ᠍ ᠵᠣᠷᠢᠭ᠎ᠢᠶᠠᠷ ᠡᠬᠡ ᠤᠯᠤᠰ᠎ᠤᠨ ᠤᠮᠠᠷᠠᠲᠤ ᠶ᠋ᠢᠨ
ᠦᠵᠡᠰᠭᠦᠯᠡᠩᠲᠦ ᠰᠠᠢᠬᠠᠨᠦᠵᠡᠮᠵᠢᠶ᠋ᠢᠨᠣᠷᠣᠨᠢᠪᠥᠲᠥᠭᠡᠨᠪᠠᠢᠭᠤᠯᠬᠤᠳᠤ ᠬᠦᠴᠦᠨ ᠴᠢᠳᠠᠯ᠎ᠢᠶᠠᠨ ᠡᠷᠭᠦᠨ᠎ᠡ》
ᠬᠡᠵᠦᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠ ᠲᠦᠪᠤᠨᠥᠪᠡᠷᠲᠡᠭᠡᠨ
ᠵᠠᠰᠠᠬᠤ ᠣᠷᠣᠨ᠎ᠳᠤ ᠰᠠᠭᠤᠭ᠎ᠠ ᠨᠢᠭᠡᠴᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠴᠠᠩ ᡁᠢ ᠭᠠᠩ ᠲᠥᠯᠥᠭᠡᠯᠡᠭ᠌ᠴᠢ
ᠬᠡᠯᠡᠪᠡ᠃
ᠤᠯᠠᠭᠠᠨᠬᠠᠳᠠ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢ
ᠰᠦᠨ ᠠᠢ ᠹᠠᠩ ᠪᠢᠳᠡ ᠢᠯᠡᠳᠭᠡᠯ᠎ᠦᠨ ᠡᠯ᠎ᠡ ᠵᠦᠢᠯ᠎ᠦᠨ ᠪᠠᠢᠷᠢᠯᠠᠭᠤᠯᠤᠯᠲᠠ᠎ᠶ᠋ᠢ ᠲᠤᠭᠤᠰᠢᠳᠠᠢ ᠠᠬᠢᠭᠤᠯᠵᠤ᠂ ᠰᠢᠯᠢᠳᠡᠭ
ᠰᠠᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠵᠤ᠂ ᠺᠠᠳ᠋ᠷ᠎ᠢ ᠰᠠᠢᠲᠤᠷ ᠰᠣᠩᠭᠣᠵᠤ᠂
ᠰᠠᠢᠲᠤᠷ ᠬᠡᠷᠡᠭ᠌ᠯᠡᠵᠦ᠍᠂ ᠰᠠᠢᠲᠤᠷ ᠬᠠᠮᠢᠶᠠᠷᠴᠤ᠌᠂ ᠡᠯᠡᠲᠠᠯᠠᠶ᠋ᠢᠨᠱᠢᠯᠢᠳᠡᠭ ᠴᠢᠳᠠᠪᠤᠷᠢᠲᠠᠨ᠎ᠢ ᠲᠥᠪᠯᠡᠷᠡᠭᠦᠯᠵᠦ᠍᠂
ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠴᠢᠩᠭ᠎ᠠ ᠵᠣᠬᠢᠶᠠᠨ
ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠨ᠎ᠠ ᠭᠡᠵᠦ᠍ ᠢᠯᠡᠷᠭᠡᠢᠯᠡᠪᠡ᠃
ᠠᠯᠠᠱᠠ ᠠᠢᠮᠠᠭ᠎ᠤᠨ ᠲᠥᠯᠥᠭᠡᠯᠡᠭ᠌ᠴᠢᠳ᠎ᠦᠨ ᠪᠦᠯᠬᠦᠮ ᠦᠨ ᠲᠥᠯᠥᠭᠡᠯᠡᠭ᠌ᠴᠢ
ᠬᠠᠨ ᠸᠧᠢ ᠱᠢᠨᠤ᠋ ᠦᠵᠡᠬᠦ ᠪᠡᠷ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ ᠤᠳᠤᠷᠢᠳᠭᠤ
ᠪᠠᠭ ᠪᠣᠯᠤᠨ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶ᠋ᠢ ᠰᠠᠢᠲᠤᠷ ᠠᠳᠭᠤᠵᠤ᠂ ᠦᠨᠳᠦᠰᠦᠨ ᠱᠠᠲᠤᠨ᠎ᠤ ᠡᠮᠦᠨ᠎ᠡ
ᠹᠷᠣᠨᠲ ᠪᠣᠯᠤᠨ ᠬᠦᠴᠢᠷ ᠪᠡᠷᠬᠡᠱᠢᠶᠡᠯ᠎ᠲᠡᠶ ᠭᠠᠵᠠᠷ ᠣᠷᠣᠨ ᠳ᠋ᠤ᠂ ᠴᠢᠬᠤᠯᠠ ᠶᠡᠬᠡ ᠠᠵᠢᠯ ᠪᠣᠯᠤᠨ ᠴᠢᠬᠤᠯᠠ ᠶᠡᠬᠡ
ᠲᠡᠮᠡᠴᠡᠯ᠎ᠦᠨ ᠳᠤᠮᠳᠠ ᠺᠠᠳ᠋ᠷ᠎ᠢ ᠬᠥᠮᠦᠵᠢᠭᠦᠯᠦᠨ ᠲᠠᠪᠳᠠᠨ
ᠪᠣᠯᠪᠠᠰᠤᠷᠠᠭᠤᠯᠬᠤ᠎ᠶ᠋ᠢ ᠴᠢᠬᠤᠯᠠᠴᠢᠯᠠᠵᠤ᠂ ᠡᠯ᠎ᠡ ᠲᠦᠷᠦᠯ᠎ᠦᠨ ᠴᠢᠳᠠᠪᠤᠷᠢᠲᠠᠨ᠎ᠤ ᠤᠶᠤᠨ ᠤᠬᠠᠭᠠᠨ ᠪᠣᠯᠤᠨ ᠬᠦᠴᠦᠨ
ᠴᠢᠳᠠᠯ᠎ᠢ ᠨᠢᠭ᠍ᠲᠠᠷᠠᠭᠤᠯᠵᠤ᠂ ᠡᠯ᠎ᠡ ᠵᠦᠢᠯ᠎ᠦᠨ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ᠎ᠳᠤ ᠬᠦᠴᠦᠲᠡᠢ
ᠪᠠᠲᠤᠯᠠᠭ᠎ᠠ ᠬᠠᠩᠭᠠᠬᠤ ᠬᠡᠷᠡᠭ᠌ᠲᠡᠢ ᠃
ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ ᠦᠨ ᠲᠥᠯᠥᠭᠡᠯᠡᠭ᠌ᠴᠢ ᠯᠢ ᠢ ᡁᠢ ᠪᠣᠯ ᠨᠡᠢᠭᠡᠮ ᠲᠣᠭᠣᠷᠢᠭ᠎ᠤᠨ ᠨᠠᠮ ᠤᠨ ᠶᠡᠷᠦᠩᠬᠡᠢ
ᠡᠭᠦᠷ᠎ᠦᠨ ᠱᠦᠵᠢ ᠪᠣᠯᠤᠨ᠎ᠠ᠂ ᠲᠡᠷᠡ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠢᠯᠡᠳᠬᠡᠯ ᠢ᠋ ᠬᠢᠨᠠᠨ ᠵᠦᠪᠯᠡᠭᠰᠡᠨ ᠤ᠋ ᠲᠠᠷᠠᠭ᠎ᠠ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ
ᠠᠵᠢᠯ᠎ᠢ ᠰᠠᠢᠲᠤᠷ ᠬᠢᠬᠦ᠌ ᠲᠤᠬᠠᠢ ᠱᠢᠨ᠎ᠡ ᠲᠦᠷᠦᠭ᠌ᠳᠡᠯ᠎ᠲᠡᠶ ᠪᠣᠯᠵᠠᠢ᠃ 《ᠪᠢᠳᠡ ᠨᠠᠮ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠵᠣᠷᠢᠭ ᠰᠠᠨᠠᠭ᠎ᠠ᠎ᠶ᠋ᠢ
ᠰᠠᠢᠲᠤᠷ ᠰᠤᠷᠤᠯᠴᠠᠵᠤ᠂ ᠰᠠᠢᠲᠤᠷ ᠤᠬᠠᠭᠤᠯᠵᠤ᠂ ᠰᠠᠢᠲᠤᠷ ᠲᠤᠭᠤᠱᠢᠯᠠᠭᠤᠯᠵᠤ᠂ ᠦᠨᠳᠦᠰᠦᠨ ᠱᠠᠲᠤᠨ᠎ᠤ ᠨᠠᠮ᠎ᠤᠨ
ᠵᠣᠬᠢᠶᠠᠨ ᠪᠠᠢᠭᠤᠯᠤᠯᠲᠠ᠎ᠶ᠋ᠢᠨ ᠲᠠᠢ᠌ᠴᠢᠨ ᠪᠡᠬᠢᠯᠡᠯᠲᠡ᠎ᠶ᠋ᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ
ᠲᠦᠮᠡᠨ᠎ᠳᠦ ᠦᠢᠯᠡᠴᠢᠯᠡᠬᠦ᠌᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ᠂ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠬᠦ᠌᠂
ᠲᠣᠭ᠍ᠲᠠᠭᠤᠨ ᠪᠠᠢᠳᠠᠯ᠎ᠢ ᠬᠠᠮᠠᠭᠠᠯᠠᠬᠤ ᠲᠤᠭᠤᠷᠢᠨ ᠳ᠋ᠤ᠂
ᠦᠨᠳᠦᠰᠦᠨ ᠱᠠᠲᠤᠨ᠎ᠤ ᠵᠠᠰᠠᠯᠲᠠ᠎ᠶ᠋ᠢ ᠤᠯᠠᠨ ᠲᠦᠮᠡᠨ᠎ᠳᠦ ᠦᠢᠯᠡᠴᠢᠯᠡᠬᠦ᠌ᠯᠤᠭᠡ ᠨᠡᠩ ᠰᠠᠢᠲᠤᠷ ᠤᠶᠠᠯᠳᠤᠭᠤᠯᠵᠤ᠂
ᠤᠯᠠᠨ ᠲᠦᠮᠡᠨ᠎ᠦ ᠬᠠᠮᠤᠭ ᠡᠴᠨ ᠠᠩᠬᠠᠷᠴᠤ᠌ ᠪᠠᠢᠭ᠎ᠠ᠂ ᠬᠠᠮᠤᠭ᠎ᠤᠨ ᠱᠢᠭᠤᠳ᠂ ᠬᠠᠮᠤᠭ᠎ᠤᠨ
ᠪᠣᠳᠠᠲᠠᠢ ᠠᠰᠠᠭᠤᠳᠠᠯ᠎ᠢ ᠪᠦᠬᠦ᠌ ᠬᠦᠴᠦ᠍᠎ᠪᠡᠷ᠎ᠢᠶᠡᠨ ᠱᠢᠢᠳᠪᠦᠷᠢᠯᠡᠬᠦ᠌ ᠬᠡᠷᠡᠭ᠌ᠲᠡᠢ》 ᠬᠡᠪᠡ᠃
ᠤᠷᠢᠳ ᠡᠮᠦᠨ᠎ᠡ ᠪᠠᠢᠭ᠎ᠠ ᠦᠭᠡᠢ ᠡᠷᠴᠢᠮ᠎ᠢᠶᠡᠷ ᠢᠯᠵᠠᠷᠡᠯ᠎ᠢ ᠡᠰᠡᠷᠭᠦᠴᠡᠬᠦ᠌
ᠲᠡᠮᠡᠴᠡᠯ᠎ᠢ ᠠᠬᠢᠭᠤᠯᠤᠭ᠍ᠰᠠᠨ ᠵᠡᠷᠭᠡ ᠢᠯᠡᠳᠭᠡᠯ᠎ᠤᠨ ᠠᠭᠤᠯᠭ᠎ᠠ᠎ᠨᠢ ᠬᠥᠯᠥᠨ ᠪᠤᠢ᠌ᠷ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢ ᠬᠠᠢ ᠶᠠᠨ ᠳ᠋ᠤ ᠭᠦᠨ ᠰᠠᠭᠤᠭ᠍ᠳᠠᠯ ᠦᠯᠡᠳᠡᠭᠡᠪᠡ᠃ ᠲᠡᠷᠡ᠂ ᠥᠪᠥᠷ ᠮᠣᠩᠭᠣᠯ᠎ᠤᠨ
ᠤᠯᠤᠰ ᠲᠦᠷᠦ᠍᠎ᠶ᠋ᠢᠨ ᠠᠮᠢ ᠠᠬᠤᠢ ᠮᠠᠰᠢ ᠲᠦᠷᠬᠡᠨ ᠴᠡᠪᠡᠷᠰᠢᠵᠦ ᠱᠢᠯᠢᠳᠡᠭ᠌ᠵᠢᠵᠦ᠍ ᠪᠠᠢᠨ᠎ᠠ᠂ ᠬᠣᠢᠱᠢᠳᠠ ᠲᠥᠪ ᠶᠣᠰᠣ᠎ᠶ᠋ᠢ ᠰᠠᠬᠢᠬᠤ
ᠪᠠ ᠱᠢᠨ᠎ᠡ᠎ᠶ᠋ᠢ ᠡᠭᠦᠳᠬᠦ᠌᠎ᠶ᠋ᠢᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠵᠦ᠍᠂ ᠰᠠᠬᠢᠯᠭ᠎ᠠ ᠪᠠᠲᠤ ᠪᠠᠢᠴᠠᠭᠠᠬᠤ
ᠬᠢᠨᠠᠨ ᠪᠠᠢᠴᠠᠭᠠᠬᠤ ᠠᠵᠢᠯ᠎ᠢ ᠨᠡᠩ ᠰᠠᠢᠲᠤᠷ ᠥᠷᠨᠢᠭᠦᠯᠬᠦ᠌ ᠬᠡᠷᠡᠭ᠌ᠲᠡᠢ᠃ ᠲᠦᠭᠡᠮᠡᠯ ᠴᠢᠨᠠᠷ ᠪᠠ ᠣᠨᠴᠠᠭᠠᠢ
ᠴᠢᠨᠠᠷ᠎ᠤᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠵᠦ᠍᠂ ᠰᠤᠷᠲᠠᠯ᠎ᠢ ᠴᠡᠭᠴᠡᠯᠡᠵᠦ ᠢᠯᠵᠠᠷᠠᠯ᠎ᠢ ᠡᠰᠡᠷᠭᠦᠴᠡᠵᠦ᠍
ᠰᠠᠬᠢᠯᠭ᠎ᠠ ᠪᠠᠲᠤ᠎ᠶ᠋ᠢ ᠴᠢᠩᠳᠠᠯᠠᠬᠤ ᠡᠯ᠎ᠡ ᠵᠦᠢᠯ᠎ᠦᠨ ᠠᠭᠤᠯᠭ᠎ᠠ᠎ᠶ᠋ᠢ ᠰᠠᠢᠲᠤᠷ ᠪᠡᠶᠡᠯᠡᠭᠦᠯᠬᠦ᠌ ᠬᠡᠷᠡᠭ᠌ᠲᠡᠢ᠃
ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶ᠋ᠢᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠵᠦ᠍᠂
ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ ᠬᠡᠷᠡᠭ᠌ᠲᠡᠢ
ᠬᠡᠵᠦ ᠪᠠᠢᠪᠠ᠃
ᠵᠠᠭᠤᠨ ᠵᠢᠯ᠎ᠢᠶᠡᠷ ᠲᠡᠮᠡᠴᠡᠯ᠎ᠦᠨ ᠱᠢᠨ᠎ᠡ ᠭᠠᠷᠤᠭ᠎ᠠ ᠪᠣᠯᠭᠠᠵᠤ᠂ ᠴᠥᠬᠥᠷᠡᠰᠢ
ᠦᠭᠡᠢ ᠲᠡᠮᠡᠴᠡᠬᠦ᠌ ᠤᠭ ᠰᠠᠨᠠᠭ᠎ᠠ᠎ᠪᠠᠷ ᠲᠦᠭ ᠲᠦᠮᠡᠨ᠎ᠤ ᠭᠠᠯ ᠬᠠᠯᠠᠭᠤᠨ ᠰᠡᠳᠭᠢᠯ᠎ᠢ ᠨᠢᠭ᠍ᠲᠠᠷᠠᠭᠤᠯᠤᠨ᠎ᠠ᠃ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ
ᠺᠠᠳ᠋ᠷ ᠨᠠᠮ᠎ᠳᠠᠭᠠᠨ ᠬᠠᠷᠢᠴᠠᠯᠠᠱᠢᠭᠦᠢ ᠦᠨᠡᠨᠴᠢ ᠱᠢᠳᠤᠷᠭᠤ ᠪᠠᠢᠬᠤ ᠤᠯᠤᠰ ᠲᠦᠷᠦ᠍᠎ᠶ᠋ᠢᠨ ᠬᠡᠪ ᠰᠤᠷᠳᠠᠯ ᠵᠢᠡᠨ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠰᠢ᠎ᠶ᠋ᠢᠨ
ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠢᠯᠡᠬᠦᠦ ᠨᠢᠭ᠍ᠲᠠᠷᠠᠨ ᠪᠦᠯᠬᠦᠮᠳᠡᠵᠦ᠍᠂ ᠠᠭᠤᠤ ᠶᠡᠬᠡ ᠨᠠᠮ ᠪᠠᠢᠭᠤᠯᠬᠤ
ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ
ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠶ᠋ᠢᠨ ᠲᠥᠯᠥᠭᠡ
ᠴᠤᠴᠠᠯᠳᠠ ᠦᠭᠡᠢ ᠲᠡᠮᠡᠴᠡᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌
ᠱᠢᠨ᠎ᠡ ᠱᠢᠯᠭᠠᠯᠲᠠ᠎ᠵᠢᠨ ᠠᠶᠠᠨ᠎ᠢ ᠰᠠᠢᠲᠤᠷ ᠵᠠᠮᠨᠠᠵᠤ᠂ ᠥᠨᠥᠳᠦᠷ ᠦᠨ ᠡᠭᠦᠷᠭᠡ ᠬᠠᠷᠢᠭᠤᠴᠠᠯᠭ᠎ᠠ᠎ᠳᠠᠭᠠᠨ
ᠣᠰᠣᠯᠳᠠᠬᠤ ᠦᠭᠡᠢ᠂ ᠮᠠᠷᠭᠠᠰᠢ᠎ᠶ᠋ᠢᠨ ᠠᠭᠤᠤ ᠶᠡᠬᠡ ᠬᠦᠰᠡᠯ ᠵᠡᠭᠦᠳᠦ᠍᠎ᠪᠡᠨ ᠬᠥᠰᠡᠷᠳᠡᠭᠦᠯᠬᠦ᠌ ᠦᠭᠡᠢ᠃