— ᠦᠪᠡᠷᠲᠡᠭᠡᠨ ᠵᠠᠰᠠᠬᠣ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠶ᠋ᠢᠨ ᠺᠠᠳ᠋ᠷ ᠤᠯᠠᠨ ᠲᠦᠮᠡᠨ ᠨᠠᠮ ᠤᠨ ᠲᠦᠯᠦᠭᠡᠯᠡᠭ᠌ᠴᠢᠳ ᠦᠨ ᠶᠡᠬᠡ ᠬᠤᠷᠠᠯ ᠤᠨ ᠢᠯᠡᠳᠭᠡᠯ ᠦᠨ ᠲᠤᠬᠠᠢ ᠬᠠᠯᠠᠭᠤᠨ ᠶᠠᠷᠢᠯᠴᠠᠯᠭ᠎ᠠ ᠦᠷᠨᠢᠭᠦᠯᠪᠡ
ᠦᠪᠡᠷᠲᠡᠭᠡᠨ ᠵᠠᠰᠠᠬᠣ ᠣᠷᠣᠨ᠎ᠤ ᠲᠣᠲᠣᠭᠠᠲᠣ᠎ᠶᠢ ᠬᠠᠮᠠᠭᠠᠯᠠᠬᠣ ᠲᠢᠩᠬᠢᠮ 《ᠬᠣᠶᠠᠷ ᠬᠠᠯᠬᠠᠪᠴᠢ》 ᠶ᠋ᠢᠨ ᠦᠨᠡᠨᠴᠢ ᠰᠢᠲᠣᠷᠭᠣ ᠬᠠᠮᠠᠭᠠᠯᠠᠬᠴᠢ ᠪᠣᠯᠣᠨ᠎ᠠ
ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠬᠢᠯᠡᠭ᠌ᠰᠡᠨ᠎ᠦ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠲᠡᠷᠡ ᠳᠠᠷᠤᠢ᠎ᠳᠤ᠎ᠨᠢ ᠸᠢᠳᠢᠣ᠋ ᠬᠤᠷᠠᠯ ᠬᠤᠷᠠᠯᠳᠤᠭᠤᠯᠵᠤ᠂ ᠪᠦᠬᠦ᠌ ᠣᠷᠣᠨ᠎ᠤ ᠡᠯ᠎ᠡ ᠱᠠᠲᠤᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠪᠣᠯᠤᠨ ᠥᠷᠭᠡᠨ ᠤᠯᠠᠨ ᠳᠣᠲᠣᠭᠠᠳᠤ᠎ᠶ᠋ᠢ ᠬᠠᠮᠠᠭᠠᠯᠠᠬᠤ ᠠᠷᠠᠳ᠎ᠤᠨ ᠴᠠᠭ᠍ᠳᠠᠭ᠎ᠠ᠂ ᠲᠤᠰᠠᠯᠠᠭ᠍ᠴᠢ ᠴᠠᠭ᠍ᠳᠠᠭ᠎ᠠ᠎ᠨᠠᠷ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠨᠠᠢᠳᠠᠪᠤᠷᠢᠵᠢᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃
ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠺᠠᠳ᠋ᠷ ᠠᠵᠢᠯᠲᠠᠳ ᠰᠣᠨᠢᠨ᠂ ᠲᠧᠯᠸᠢᠰ᠂ ᠷᠠᠳᠢᠣ᠋᠂ ᠰᠦᠯᠵᠢᠶᠡᠵᠡᠷᠭᠡᠠᠷᠭᠠᠬᠡᠯᠪᠡᠷᠢᠪᠡᠷ ᠲᠠᠮᠵᠢᠭᠣᠯᠣᠨ ᠨᠠᠮ ᠤᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠦᠪᠡᠳᠡᠭ᠌ᠰᠢ ᠪᠠᠢᠳᠠᠯ᠂ ᠨᠠᠮᠤᠨᠲᠥᠯᠥᠭᠡᠯᠡᠭ᠌ᠴᠢᠳᠦᠨᠶᠡᠬᠡ ᠬᠤᠷᠠᠯ᠎ᠤᠨ ᠢᠯᠡᠳᠭᠡᠯ᠎ᠳᠦ ᠳᠤᠷᠠᠳᠤᠭ᠍ᠰᠠᠨ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠬᠦ᠌ ᠂ ᠨᠠᠩ ᠥᠨᠳᠥᠷ ᠲᠦᠪᠱᠢᠨ ᠪᠥᠬᠥᠶ ᠠᠮᠤᠷ ᠠᠮᠤᠭᠤᠯᠠᠩᠥᠪᠥᠷᠮᠣᠩᠭᠣᠯᠢ ᠪᠥᠲᠥᠭᠡᠨ ᠪᠠᠢᠭᠤᠯᠬᠤ ᠵᠡᠷᠭᠡ ᠠᠭᠤᠯᠭ᠎ᠠ᠎ᠶ᠋ᠢ ᠴᠠᠭ ᠲᠤᠬᠠᠶ᠎ᠳᠤᠨᠢ ᠭᠥᠯᠢᠶᠡᠨ ᠠᠪᠴᠤ᠌᠂ ᠥᠷᠭᠡᠨ ᠳᠡᠯᠭᠡᠷ ᠬᠠᠯᠠᠮᠰᠢᠯ ᠶᠠᠷᠢᠯᠴᠠᠭ᠎ᠠ ᠪᠣᠯᠵᠠᠢ᠃
ᠪᠦᠬᠦᠲᠡᠭᠡᠷ᠎ᠢᠶᠠᠨ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠡᠷᠡᠰ ᠭᠦᠶ᠋ᠴᠡᠳᠭᠡᠬᠦ᠌᠂ ᠲᠣᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠬᠤ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠭᠠᠵᠤ᠂ 《ᠳᠥᠷᠪᠡᠨ ᠤᠬᠠᠮᠰᠠᠷ》 ᠶ᠋ᠢᠡᠨ ᠴᠢᠨᠠᠭ᠍ᠰᠢᠳᠠ ᠴᠢᠩᠭᠠᠳᠭᠠᠵᠤ᠂《ᠳᠥᠷᠪᠡᠨ ᠢᠲᠡᠭᠡᠯ》ᠶ᠋ᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠨᠠᠩ ᠴᠣᠭ ᠪᠠᠳᠠᠷᠠᠩᠭᠤᠶ ᠳᠦᠷᠰᠦ ᠪᠠᠢᠳᠠᠯ᠎ᠢᠶᠠᠷ᠂ ᠦᠨᠡᠨᠴᠢ ᠱᠢᠳᠤᠷᠭᠤ ᠴᠠᠭ᠍ᠳᠠᠭᠠᠨ᠎ᠤ ᠰᠦᠯᠲᠡ᠎ᠶᠢ ᠱᠣᠭᠣᠵᠦ᠂ 《ᠳᠥᠷᠪᠡᠨ ᠲᠡᠮᠦᠷ ᠮᠡᠲᠦ ᠪᠠᠲᠤ ᠴᠢᠩᠭ᠎ᠠ》 ᠡᠩᠨᠡᠭᠡ ᠶ᠋ᠢ ᠴᠣᠭ᠍ᠴᠠᠯᠠᠵᠤ᠂ 《ᠬᠣᠶᠠᠷ ᠬᠠᠯᠬᠠᠪᠴᠢ》 ᠶ᠋ᠢᠨ ᠦᠨᠡᠨᠴᠢ ᠰᠢᠲᠣᠷᠭᠣ ᠬᠠᠮᠠᠭᠠᠯᠠᠭ᠍ᠴᠢ ᠪᠣᠯᠵᠣ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠳᠣᠲᠣᠭᠠᠳᠤ᠎ᠶ᠋ᠢ ᠬᠠᠮᠠᠭᠠᠯᠠᠬᠤ ᠠᠵᠢᠯ᠎ᠢ ᠰᠠᠢᠲᠤᠷ ᠬᠢᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠣᠨ᠎ᠠ ᠭᠡᠵᠦ᠍ ᠢᠯᠡᠳᠭᠡᠵᠡᠭᠡᠪᠡ᠃
《ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠳ᠋ᠦ ᠥᠩᠭᠡᠷᠡᠭ᠌ᠰᠡᠨ ᠲᠠᠪᠤᠨ ᠵᠢᠯ᠎ᠦᠨ ᠠᠮᠵᠢᠯᠲᠠ ᠪᠦᠲᠦᠮᠵᠢ᠎ᠶ᠋ᠢ ᠠᠴᠢᠶᠠᠯᠠᠵᠤ᠂ ᠢᠷᠡᠭᠡᠳᠦᠢ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠶ᠋ᠢᠨ ᠵᠢᠷᠤᠭ ᠲᠦᠰᠦᠪ᠎ᠢ ᠵᠢᠷᠤᠭ᠍ᠯᠠᠵᠤ᠂ ᠬᠥᠮᠦᠰ᠎ᠢ ᠶᠡᠬᠡᠳᠡ ᠵᠣᠷᠢᠭ᠍ᠵᠢᠭᠤᠯᠪᠠ᠃ ᠬᠠᠷᠢᠭᠤᠴᠠᠯᠭ᠎ᠠ ᠪᠣᠯ ᠳᠠᠷᠤᠢ ᠶᠡᠬᠡ ᠲᠠᠯ᠎ᠠ᠂ ᠡᠭᠦᠷᠭᠡ ᠪᠣᠯ ᠳᠠᠷᠤᠢ ᠬᠥᠳᠡᠯᠭᠡᠬᠦ᠌ ᠬᠦᠴᠦᠨ ᠮᠥᠨ᠃ ᠪᠢ ᠨᠠᠮ᠎ᠤᠨ ᠲᠥᠯᠥᠭᠡᠯᠡᠭ᠌ᠴᠢ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠲᠤᠰ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠤᠨ ᠲᠣᠭᠣᠰᠢᠯᠠᠭᠣᠯᠵᠦ᠂ ᠳᠣᠲᠣᠭᠠᠳᠤ᠎ᠶ᠋ᠢ ᠬᠠᠮᠠᠭᠠᠯᠠᠬᠤ ᠦᠢᠯᠡᠰ᠎ᠲᠦ ᠰᠠᠭᠤᠷᠢᠯᠠᠨ᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠥᠪᠥᠷ ᠮᠣᠩᠭᠣᠯ᠎ᠢ ᠪᠦᠳᠦᠭᠡᠨ ᠪᠠᠢᠭᠤᠯᠵᠦ᠂ ᠡᠭᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ》ᠭᠡᠵᠦ᠍ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ ᠶ᠋ᠢᠨ ᠪᠠᠢᠴᠠᠭᠠᠬᠤ ᠶᠡᠷᠦᠩᠬᠡᠶ ᠥᠷᠲᠡᠭᠡ᠎ᠶ᠋ᠢᠨ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠭᠠᠵᠠᠷ᠎ᠤᠨ ᠳᠡᠳ᠋ ᠳᠠᠷᠤᠭ᠎ᠠ ᠶᠠᠩ ᠴᠦᠨ ᠶᠠᠨ ᠬᠡᠯᠡᠵᠦ ᠪᠠᠢᠯ᠎ᠠ᠃
ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠮᠡᠳᠡᠭᠡ ᠵᠠᠩᠭᠢᠵᠢᠯᠲᠠ᠎ᠶ᠋ᠢᠨ ᠶᠡᠷᠦᠩᠬᠡᠶ ᠠᠩᠭᠢ ᠶ᠋ᠢᠨ ᠳᠡᠳ᠋ ᠲᠠᠷᠣᠭ᠎ᠠ ᠵᠢᠶᠠᠩ ᠲᠢᠶᠠᠨ᠄ 《ᠳᠣᠲᠣᠭᠠᠳᠤ᠎ᠶ᠋ᠢ ᠬᠠᠮᠠᠭᠠᠯᠠᠬᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠮᠡᠳᠡᠭᠡ ᠵᠠᠩᠭᠢᠵᠢᠯᠲᠠ᠎ᠶ᠋ᠢᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨᠣᠢᠯᠠᠭᠠᠵᠤ᠂ᠡᠯ᠎ᠡ ᠵᠦᠶ᠋ᠯ᠎ᠦᠨ ᠱᠠᠭᠠᠷᠳᠠᠯᠭ᠎ᠠ᠎ᠶ᠋ᠢ ᠣᠨᠣᠴᠠᠲᠠᠶ ᠨᠠᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠵᠤ᠂ 〈ᠬᠣᠶᠠᠷ᠎ᠢ ᠬᠠᠮᠠᠭᠠᠯᠠᠬᠤ〉 ᠶ᠋ᠢ ᠡᠷᠡᠰ ᠦᠶ᠋ᠯᠡᠳᠦᠯᠭᠡᠵᠢᠭᠦᠯᠵᠦ᠍᠂ ᠭᠤᠤᠯᠯᠠᠭ᠍ᠴᠢ᠎ᠳᠠᠭᠠᠨ ᠦᠨᠡᠨᠴᠢ᠂ ᠭᠤᠤᠯᠯᠠᠭ᠍ᠴᠢ᠎ᠪᠠᠨ ᠬᠦᠷᠢᠶᠡᠯᠡᠬᠦ᠌᠂ ᠭᠤᠤᠯᠯᠠᠭ᠍ᠴᠢ᠎ᠲᠠᠢ ᠪᠠᠨ ᠨᠢᠭᠡᠲᠦᠯᠲᠡᠢ ᠪᠠᠢᠬᠣ᠂ ᠭᠤᠤᠯᠯᠠᠭ᠍ᠴᠢ᠎ᠪᠠᠨ ᠬᠠᠮᠠᠭᠠᠯᠠᠬᠤ ᠤᠯᠤᠰ ᠲᠥᠷᠥ᠎ᠶ᠋ᠢᠨ ᠤᠬᠠᠮᠰᠠᠷ᠂ ᠦᠵᠡᠯ ᠰᠠᠨᠠᠭᠠᠨ᠎ᠤ ᠣᠬᠠᠮᠰᠠᠷ ᠪᠣᠯᠣᠨ ᠦᠶ᠋ᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠨ᠎ᠠ》 ᠭᠡᠪᠡ᠃