ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠬᠤᠷᠠᠯᠳᠤᠭ᠍ᠰᠠᠨᠤ ᠳᠠᠷᠠᠭ᠎ᠠ᠂ ᠪᠥᠬᠥ᠌ ᠣᠷᠣᠨ᠎ᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ᠎ᠦᠨ ᠺᠠᠳ᠋ᠷ ᠴᠠᠭ᠍ᠳᠠᠭ᠎ᠠ ᠨᠠᠷ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠪᠡᠳᠡᠭ᠌ᠰᠢ ᠪᠠᠢᠳᠠᠯ᠎ᠢ ᠨᠠᠷᠢᠨ ᠬᠢᠨᠠᠮᠠᠭᠠᠶ ᠭᠥᠯᠢᠶᠡᠨ ᠠᠪᠴᠤ᠌ ᠦᠵᠡᠵᠦ᠍᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠢ ᠰᠡᠳᠭᠢᠯ ᠳᠡᠯᠪᠢᠨ ᠰᠤᠷᠤᠯᠴᠠᠨ ᠣᠢᠯᠠᠭᠠᠪᠠ᠃
ᠤᠯᠠᠨ᠎ᠢᠶᠠᠷ᠎ᠢᠶᠠᠨ᠂ ᠡᠨᠡ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠤ᠋ ᠴᠢᠬᠤᠯᠠ ᠴᠠᠭ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠃ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠢᠯᠡᠳᠭᠡᠯ᠎ᠳᠦ᠂ ᠥᠪᠡᠷᠲᠡᠭᠡᠨ ᠵᠠᠰᠠᠬᠤ ᠣᠷᠣᠨ᠎ᠤ ᠥᠩᠭᠡᠷᠡᠭ᠌ᠰᠡᠨ ᠲᠠᠪᠤᠨ ᠵᠢᠯ᠎ᠦᠨ ᠠᠵᠢᠯ᠎ᠤᠨ ᠠᠮᠵᠢᠯᠲᠠ᠎ᠶ᠋ᠢ ᠳ᠋ᠦᠩᠨᠡᠵᠦ᠍᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠤ᠂ ᠬᠣᠢᠱᠢᠳᠠ᠎ᠶ᠋ᠢᠨ ᠲᠠᠪᠤᠨ ᠵᠢᠯ᠎ᠦᠨ ᠠᠵᠢᠯ᠎ᠤᠨ ᠬᠠᠷᠠᠯᠲᠠ᠎ᠶ᠋ᠢ ᠳᠤᠷᠠᠳᠤᠨ ᠬᠥᠮᠦᠰ᠎ᠢ ᠣᠷᠮᠠᠰᠢᠭᠣᠯᠣᠨ ᠵᠣᠷᠢᠭ᠍ᠵᠢᠭᠤᠯᠪᠠ᠃ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠣᠢᠯᠠᠭᠠᠵᠤ᠂ ᠬᠦᠰᠡᠯ ᠨᠠᠢᠳᠠᠯᠭ᠎ᠠ᠎ᠶ᠋ᠢ ᠨᠢ ᠪᠠᠲᠤ ᠴᠡᠭᠡᠵᠢᠯᠡᠨ᠂ ᠵᠣᠷᠢᠭ᠍ᠲᠠᠢ᠎ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠍᠂ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠬᠦ᠌᠎ᠶ᠋ᠢ ᠪᠠᠷᠢᠮᠲᠠᠯᠠᠨ᠂ ᠠᠷᠠᠳ᠎ᠤᠨ ᠲᠥᠯᠥᠭᠡ ᠬᠠᠤᠯᠢ ᠪᠠᠷᠢᠬᠤ ᠵᠣᠷᠢᠯᠲᠠ᠎ᠶ᠋ᠢ ᠦᠢᠯᠡᠳᠦᠯᠭᠡᠵᠢᠭᠦᠯᠵᠦ᠍᠂ ᠬᠠᠤᠯᠢ᠎ᠪᠠᠷ ᠣᠷᠣᠨ᠎ᠢᠶᠠᠨ ᠵᠠᠰᠠᠬᠤ ᠪᠠ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠲᠠᠯ᠎ᠠ ᠪᠠᠷ ᠠᠬᠢᠭᠤᠯᠣᠨ᠎ᠠ ᠭᠡᠵᠦ ᠢᠯᠡᠳᠭᠡᠵᠡᠭᠡᠵᠦ ᠪᠠᠢᠯ᠎ᠠ᠃
ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠬᠥᠮᠦᠰ᠎ᠦᠨ ᠰᠡᠳᠭᠢᠯ᠎ᠢ ᠬᠥᠪᠴᠢᠯᠡᠪᠡ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠬᠠᠤᠯᠢ ᠲᠦᠭᠡᠮᠡᠯᠵᠢᠭᠦᠯᠬᠦ᠌ ᠪᠠ ᠬᠠᠤᠯᠢ ᠪᠡᠷ ᠵᠠᠰᠠᠬᠤ ᠭᠠᠵᠠᠷ᠎ᠤᠨ ᠳᠡᠳ᠋ ᠳᠠᠷᠤᠭ᠎ᠠ ᠸᠠᠩ ᠰᠢ ᠄ 《ᠢᠯᠡᠳᠭᠡᠯ᠎ᠢ ᠰᠣᠨᠣᠰᠤᠭ᠍ᠰᠠᠨ᠎ᠤ ᠳᠠᠷᠠᠭ᠎ᠠ᠂ ᠪᠢ ᠲᠤᠢᠯ᠎ᠢᠶᠠᠷ ᠤᠷᠮᠠᠱᠢᠨ ᠵᠣᠷᠢᠭ᠍ᠵᠢᠵᠤ᠂ ᠮᠠᠨ᠎ᠤ ᠣᠷᠣᠨ᠎ᠤ ᠢᠷᠡᠭᠡᠳᠦᠶ᠎ᠶ᠋ᠢᠨ ᠬᠥᠭ᠌ᠵᠢᠯᠲᠡ᠎ᠳᠦ ᠢᠲᠡᠭᠡᠯ ᠳᠦᠭᠦᠷᠡᠩ ᠪᠠᠢᠨ᠎ᠠ᠃ ᠬᠣᠢᠱᠢᠳᠠ ᠪᠢᠳᠡ 〈ᠨᠠᠶ᠋ᠮᠠᠳᠤᠭᠠᠷ ᠲᠠᠪᠤᠨ ᠵᠢᠯ〉 ᠤ᠋ᠨ ᠬᠠᠤᠯᠢ ᠲᠦᠭᠡᠮᠡᠯᠵᠢᠭᠦᠯᠬᠦ᠌ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠶ᠋ᠢ ᠦᠷᠭᠦᠯᠵᠢᠯᠡᠨ ᠰᠠᠢᠲᠤᠷ ᠠᠳᠭᠤᠵᠤ᠂ ᠬᠠᠤᠯᠢᠵᠢᠯ᠎ᠤᠨ ᠤᠯᠠᠭᠠᠨᠮᠥ᠋ᠴᠢᠷ᠂ 〈ᠲᠠᠨ᠎ᠳᠤ ᠬᠠᠤᠯᠢ ᠶᠠᠷᠢᠬᠣᠢ〉 ᠵᠡᠷᠭᠡ ᠤᠬᠠᠭᠤᠯᠭ᠎ᠠ᠎ᠶ᠋ᠢᠨ ᠠᠴᠢᠶᠠᠯᠠᠪᠤᠷᠢ᠎ᠶ᠋ᠢ ᠭᠦᠶ᠋ᠴᠡᠳ ᠠᠱᠢᠭ᠍ᠯᠠᠨ᠂ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠪᠠᠢᠭᠤᠯᠭ᠎ᠠ᠎ᠳᠤ ᠬᠦᠷᠭᠡᠬᠦ᠂ ᠮᠠᠯᠵᠢᠬᠤ ᠣᠷᠣᠨ᠎ᠳᠤ ᠬᠦᠷᠭᠡᠬᠦ᠂ ᠨᠡᠢᠭᠡᠮ ᠲᠣᠭᠣᠷᠢᠭ᠎ᠲᠤ ᠬᠦᠷᠭᠡᠬᠦ ᠵᠡᠷᠭᠡ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠬᠠᠤᠯᠢ᠎ᠶ᠋ᠢ ᠬᠦᠨᠳᠦᠳᠭᠡᠬᠦ᠌᠂ ᠬᠠᠤᠯᠢ᠎ᠶ᠋ᠢ ᠰᠤᠷᠤᠯᠴᠠᠬᠤ᠂ ᠬᠠᠤᠯᠢ᠎ᠶ᠋ᠢ ᠰᠠᠬᠢᠬᠤ᠂ ᠬᠠᠤᠯᠢ᠎ᠶ᠋ᠢ ᠬᠡᠷᠡᠭ᠌ᠯᠡᠬᠦ᠌ ᠰᠠᠢᠨ ᠰᠠᠢᠬᠠᠨ ᠬᠠᠤᠯᠢᠵᠢᠯ᠎ᠤᠨ ᠣᠷᠴᠢᠨ ᠲᠣᠭᠣᠷᠢᠨ᠎ᠢ ᠬᠦᠴᠦᠯᠡᠨ ᠪᠣᠶ ᠪᠣᠯᠭᠠᠨ᠎ᠠ》ᠭᠡᠵᠦ ᠲᠣᠬᠲᠣᠯᠣᠨ ᠶᠠᠷᠢᠵᠦ ᠪᠠᠢᠯ᠎ᠠ᠃
《ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠨᠢ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠬᠤ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌᠂ ᠡᠷᠡᠭᠦᠦ᠍᠎ᠶ᠋ᠢᠨ ᠬᠡᠷᠡᠭ᠎ᠦᠨ ᠬᠡᠷᠡᠭ᠌ᠵᠢᠭᠦᠯᠦᠯᠲᠡ᠂ ᠬᠠᠤᠯᠢ ᠲᠦᠭᠡᠮᠡᠯᠵᠢᠭᠦᠯᠬᠦ᠌ ᠪᠠ ᠬᠠᠤᠯᠢ᠎ᠶ᠋ᠢ ᠰᠠᠬᠢᠬᠤ ᠵᠡᠷᠭᠡ ᠴᠢᠬᠤᠯᠠ ᠡᠭᠦᠷᠭᠡ ᠴᠢᠳᠠᠪᠤᠷᠢ᠎ᠶ᠋ᠢ ᠡᠭᠦᠷᠭᠡᠯᠡᠵᠦ᠍ ᠪᠠᠢᠬᠤ᠎ᠶ᠋ᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠥᠬᠥ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠬᠣᠷᠢᠶ᠎ᠠ᠎ᠶ᠋ᠢᠨ ᠠᠯᠪᠠᠨ ᠬᠡᠷ᠎ᠦᠨ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠬᠠᠷᠢᠭᠤᠴᠠᠯᠭ᠎ᠠ ᠬᠦᠨᠳᠦ ᠡᠭᠦᠷᠭᠡ ᠥᠩᠭᠡ ᠭᠡᠷᠡᠯᠲᠡᠶ ᠶᠤᠮ》᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠦᠨ ᠳᠠᠷᠤᠭ᠎ᠠ ᠪᠠᠶ ᠶᠦᠩ ᠫᠢᠩ ᠢᠯᠡᠷᠬᠡᠢᠯᠡᠬᠦ᠌᠎ᠳᠡᠭᠡᠨ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠭᠤᠤᠯ ᠬᠥᠭ ᠠᠶᠠᠰ᠎ᠢ ᠴᠢᠪᠬᠠᠲᠠᠵᠦ᠂ ᠢᠳᠡᠪᠬᠢ ᠬᠦᠴᠦᠨ᠎ᠢ ᠪᠠᠳᠠᠷᠠᠭᠤᠯᠣᠨ᠂ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠰᠡᠳᠭᠢᠯᠭᠡ᠂ ᠲᠤᠯᠭᠠᠮ ᠰᠡᠳᠭᠢᠯᠭᠡ᠎ᠪᠡᠨ ᠦᠨᠡᠨ ᠬᠦ᠌ ᠴᠢᠩᠭᠠᠳᠭᠠᠨ᠎ᠠ ᠭᠡᠪᠡ᠃