— ᠥᠪᠡᠷᠲᠡᠭᠡᠨ ᠵᠠᠰᠠᠬᠤ ᠣᠷᠣᠨ᠎ᠤ
ᠱᠢᠭᠤᠳ ᠬᠠᠷᠢᠶ᠎ᠠ ᠪᠠᠢᠭᠤᠯᠭ᠎ᠠ ᠶ᠋ᠢᠨ ᠺᠠᠳ᠋ᠷ ᠣᠯᠠᠨ ᠲᠦᠮᠡᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠤᠨ ᠲᠤᠬᠠᠢ ᠬᠠᠯᠠᠭᠤᠨ ᠶᠠᠷᠢᠯᠴᠠᠯᠭ᠎ᠠ ᠦᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠭᠤᠯᠤᠮᠵᠢ
ᠣᠷᠣᠨ ᠲᠤᠭ᠎ᠠ ᠵᠢᠨ ᠬᠤᠷᠢᠶ᠎ᠠ ᠵᠢᠨ ᠠᠯᠪᠠᠨ ᠭᠡᠷ
ᠥᠭᠡᠷᠡᠴᠢᠯᠡᠯᠲᠡ᠎ᠶ᠋ᠢᠨ
ᠲᠤᠷᠱᠢᠯᠲᠠ᠎ᠶ᠋ᠢᠨ ᠴᠡᠭ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠵᠦ ᠪᠠᠢᠭᠤᠯᠤᠮᠵᠢᠣᠷᠣᠨ
ᠲᠣᠭ᠎ᠠ᠎ᠶ᠋ᠢᠨ ᠬᠠᠮᠢᠶᠠᠷᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ
11 ᠰᠠᠷ᠎ᠠ᠎ᠶ᠋ᠢᠨ 27 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ
ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠦᠪᠡᠳᠡᠭ᠌ᠰᠢ
ᠶᠡᠬᠡᠪᠡᠷ ᠡᠬᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠭᠤᠯᠤᠮᠵᠢ ᠣᠷᠣᠨ ᠲᠤᠭ᠎ᠠ ᠵᠢᠨ ᠬᠣᠷᠢᠶ᠎ᠠ ᠵᠢᠨ ᠠᠯᠪᠠᠨ ᠭᠡᠷ᠎ᠦᠨ ᠪᠦᠬᠦ᠌ ᠺᠠᠳ᠋ᠷ ᠠᠵᠢᠯᠳᠠᠨ ᠲᠧᠯᠸᠢᠰ᠂ ᠰᠦᠯᠵᠢᠶ᠎ᠡ᠂ ᠷᠠᠳᠢᠣ᠋ ᠵᠡᠷᠭᠡ ᠤᠯᠠᠨ ᠵᠦᠢᠯ᠎ᠦᠨ ᠬᠡᠯᠪᠡᠷᠢ᠎ᠪᠡᠷ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠪᠡᠳᠡᠭ᠌ᠰᠢ
ᠪᠠᠢᠳᠠᠯ᠎ᠢ ᠬᠦᠯᠢᠶᠠᠨ ᠠᠪᠴᠤ᠌ ᠰᠣᠨᠣᠰᠴᠤ᠌ ᠬᠦᠯᠢᠶᠠᠨ ᠦᠵᠡᠵᠦ᠍᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ
ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠪᠠ᠃
ᠤᠯᠠᠨ᠎ᠢᠶᠠᠷ᠎ᠢᠶᠠᠨ᠂《ᠬᠣᠣᠰ ᠵᠠᠭᠤᠨ
ᠵᠢᠯ》᠎ᠤᠨ ᠲᠡᠮᠡᠴᠡᠬᠦ᠌ ᠬᠠᠷᠠᠯᠲᠠ᠎ᠶ᠋ᠢᠨ ᠲᠡᠦᠬᠡᠨ ᠠᠭᠤᠯᠵᠠᠷ᠎ᠲᠤ᠂《ᠠᠷᠪᠠᠨ ᠳᠥᠷᠪᠡᠳᠦᠭᠡᠷ ᠲᠠᠪᠤᠨ ᠵᠢᠯ 》᠎ᠤᠨ ᠱᠢᠨ᠎ᠡ
ᠠᠶᠠᠨ᠎ᠢ ᠪᠦᠬᠦ᠌ ᠲᠠᠯ᠎ᠠ᠎ᠪᠠᠷ ᠡᠬᠢᠯᠡᠭᠦᠯᠬᠦ᠌ ᠵᠠᠩᠭᠢᠯᠠᠭ᠎ᠠ᠎ᠶ᠋ᠢᠨ ᠴᠠᠭ᠎ᠲᠤ᠂ ᠥᠪᠡᠷᠲᠡᠭᠡᠨ ᠵᠠᠰᠠᠬᠤ ᠣᠷᠣᠨ᠎ᠤ
ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠷᠠᠯᠳᠤᠭᠰᠠᠨ ᠨᠢ
ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ
ᠪᠠ ᠮᠠᠨ᠎ᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠡᠭᠦᠳᠬᠦ᠌᠎ᠳᠦ
ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ ᠭᠡᠵᠦ᠍ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠭᠤᠯᠤᠮᠵᠢ ᠣᠷᠣᠨ ᠲᠣᠭ᠎ᠠ᠎ᠶ᠋ᠢᠨ ᠬᠣᠷᠢᠶ᠎ᠠ ᠵᠢᠨ ᠠᠯᠪᠠᠨ
ᠭᠡᠷ᠎ᠦᠨ ᠳᠡᠳ᠋ ᠡᠷᠬᠢᠯᠡᠭ᠌ᠴᠢ ᠴᠧᠨ ᠢ᠄《ᠥᠪᠡᠷᠲᠡᠭᠡᠨ
ᠵᠠᠰᠠᠬᠤ ᠣᠷᠣᠨ ᠤ ᠪᠠᠢᠭᠤᠯᠤᠮᠵᠢ ᠣᠷᠣᠨ ᠲᠣᠭ᠎ᠠ ᠶ᠋ᠢᠨ ᠰᠠᠯᠠᠭ᠎ᠠ ᠮᠥᠴᠢᠷ ᠨᠠᠮ᠎ᠤᠨ ᠲᠥᠯᠥᠭᠡᠯᠡᠭ᠌ᠴᠢᠳ᠎ᠦᠨ ᠶᠡᠬᠡ
ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠨᠠᠷᠢᠨ ᠬᠢᠨᠠᠮᠠᠭᠠᠢ
ᠰᠠᠢᠲᠤᠷ ᠠᠳᠭᠤᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠬᠤ ᠪᠠ ᠠᠷᠠᠳ ᠲᠦᠮᠡᠨ᠎ᠢᠶᠡᠷ
ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠢᠮᠠᠭ᠍ᠲᠠ ᠲᠤᠭᠤᠱᠢᠯᠠᠭᠤᠯᠵᠤ᠂ ᠤᠯᠤᠰ ᠲᠥᠷᠥ ᠵᠢᠨ
ᠵᠢᠯᠣᠭᠣᠳᠤᠮᠵᠢ᠎ᠶ᠋ᠢ ᠴᠢᠩᠭᠠᠳᠭᠠᠨ᠂ ᠤᠯᠤᠰ ᠲᠥᠷᠥ᠎ᠶ᠋ᠢᠨ ᠴᠢᠭ᠌ᠯᠡᠯ᠎ᠢᠶᠡᠨ ᠪᠠᠲᠤᠳᠭᠠᠵᠤ᠂ ᠤᠯᠤᠰ ᠲᠥᠷᠥ᠎ᠶ᠋ᠢᠨ
ᠵᠣᠭ᠍ᠰᠣᠯᠲᠠ᠎ᠪᠠᠨ ᠪᠠᠲᠤᠳᠬᠠᠨ᠂ ᠤᠯᠤᠰ ᠲᠥᠷᠥ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠨᠠᠮ ᠵᠠᠰᠠᠭ᠎ᠤᠨ
ᠪᠠᠢᠭᠤᠯᠤᠮᠵᠢ᠎ᠶ᠋ᠢᠨ ᠥᠭᠡᠷᠡᠴᠢᠯᠡᠯᠲᠡ ᠪᠠ ᠠᠵᠢᠯ ᠦᠢᠯᠡᠰ᠎ᠦᠨ ᠨᠢᠭᠡᠴᠢᠶ᠋ᠢᠨᠥᠭᠡᠷᠡᠴᠢᠯᠡᠯᠲᠡᠵᠢᠨᠲᠤᠷᠱᠢᠯᠲᠠᠶ᠋ᠢᠨ
ᠴᠡᠭ᠎ᠦᠨ ᠦᠷ᠎ᠡ ᠪᠦᠲᠦᠭᠡᠯ᠎ᠢ ᠲᠠᠰᠤᠷᠠᠯᠲᠠ ᠦᠭᠡᠢ ᠪᠡᠬᠢᠵᠢᠭᠦᠯᠦᠨ ᠭᠦᠨᠵᠡᠭᠡᠢᠷᠡᠭᠦᠯᠵᠦ᠂ ᠪᠠᠢᠭᠤᠯᠤᠮᠵᠢ ᠤᠷᠤᠨ
ᠲᠤᠭ᠎ᠠ ᠵᠢᠨ ᠡᠬᠢ ᠪᠠᠶᠠᠯᠢᠭ᠎ᠢ ᠰᠠᠢᠲᠤᠷ ᠬᠠᠮᠢᠶᠠᠷᠴᠤ᠌ ᠠᠮᠢᠳᠤᠯᠢᠭ ᠵᠢᠡᠷ ᠠᠰᠢᠭᠯᠠᠵᠤ᠂ ᠪᠠᠢᠭᠤᠯᠤᠮᠵᠢ ᠣᠷᠣᠨ ᠲᠣᠭ᠎ᠠ᠎ᠶ᠋ᠢᠨ ᠬᠠᠮᠢᠶᠠᠷᠤᠯᠲᠠ᠎ᠶ᠋ᠢᠨ
ᠲᠦᠪᠱᠢᠨ᠎ᠢ ᠳᠡᠭᠡᠭ᠌ᠰᠢᠯᠡᠭᠦᠯᠦᠨ᠎ᠡ》 ᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠭᠤᠯᠤᠮᠵᠢ
ᠣᠷᠣᠨ ᠲᠣᠭ᠎ᠠ᠎ᠶ᠋ᠢᠨ ᠬᠣᠷᠢᠶ᠎ᠠ ᠵᠢᠨ ᠠᠯᠪᠠᠨ ᠭᠡᠷ᠎ᠦᠨ
ᠬᠢᠨᠠᠯᠲᠠ ᠲᠠᠯᠪᠢᠵᠤ ᠪᠠᠢᠴᠠᠭᠠᠬᠤ ᠭᠠᠵᠠᠷ᠎ᠤᠨ ᠺᠠᠳ᠋ᠷ ᠭᠦᠩ ᠯᠢ᠄ 《ᠨᠠᠮ᠎ᠤᠨ ᠭᠡᠱᠢᠭᠦᠨ
ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ
ᠲᠤᠭᠤᠱᠢᠯᠠᠭᠤᠯᠬᠤ᠎ᠶ᠋ᠢ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠂ ᠤᠬᠠᠮᠰᠠᠷ᠎ᠠᠴᠠ᠎ᠪᠠᠨ ᠪᠠᠢᠭᠤᠯᠤᠮᠵᠢ
ᠣᠷᠣᠨ ᠲᠣᠭ᠎ᠠ᠎ᠶ᠋ᠢᠨ ᠬᠢᠨᠠᠯᠲᠠ ᠲᠠᠯᠪᠢᠵᠤ ᠪᠠᠢᠴᠠᠭᠠᠬᠤ ᠠᠵᠢᠯ᠎ᠢ ᠪᠦᠬᠦ᠌ ᠣᠷᠣᠨ᠎ᠤ ᠠᠵᠤ ᠠᠬᠤᠢ ᠨᠡᠢᠭᠡᠮ᠎ᠦᠨ
ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠬᠦ᠌ ᠶᠡᠬᠡ ᠲᠠᠯ᠎ᠠ᠎ᠳᠤ ᠠᠭᠤᠰᠤᠯᠴᠠᠭᠤᠯᠵᠦ᠍᠂ ᠪᠠᠢᠭᠤᠯᠤᠮᠵᠢ ᠣᠷᠣᠨ
ᠲᠣᠭ᠎ᠠ᠎ᠶ᠋ᠢᠨ ᠡᠯ᠎ᠡ ᠵᠦᠢᠯ᠎ᠦᠨ ᠲᠦᠷᠦ᠍᠎ᠶ᠋ᠢᠨ ᠪᠤᠳᠤᠯᠭ᠎ᠠ ᠲᠣᠭ᠍ᠲᠠᠭᠠᠯ᠎ᠢ ᠭᠦᠨᠵᠡᠭᠡᠢ ᠨᠠᠷᠢᠯᠢᠭ ᠪᠣᠳᠠᠲᠠᠢ
ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ》 ᠭᠡᠵᠦ ᠶᠠᠷᠢᠪᠠ᠃
《ᠪᠢ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ
ᠪᠣᠯᠭᠠᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ
ᠶᠠᠭ ᠥᠷᠨᠢᠭᠦᠯᠵᠦ᠍ ᠪᠠᠢᠭ᠎ᠠ ᠠᠵᠢᠯ ᠦᠢᠯᠡᠰ᠎ᠦᠨ ᠨᠢᠭᠡᠴᠢᠶ᠋ᠢᠨᠥᠭᠡᠷᠡᠴᠢᠯᠡᠯᠲᠡᠲᠡᠶᠤᠶᠠᠯᠳᠤᠭᠤᠯᠵᠤ᠂ᠨᠡᠢᠲᠡᠶ᠋ᠢᠨᠠᠰᠠᠷᠠᠮᠵᠢᠶ᠋ᠢᠨ ᠦᠢᠯᠡᠰ᠎ᠦᠨ ᠲᠡᠩᠴᠡᠭᠦᠷᠢᠲᠡᠢ ᠭᠦᠢᠴᠡᠳ ᠬᠥᠭ᠌ᠵᠢᠯᠲᠡ᠎ᠶ᠋ᠢ ᠢᠳᠡᠪᠬᠢᠲᠡᠢ ᠠᠬᠢᠭᠤᠯᠵᠤ᠂ ᠠᠵᠢᠯ
ᠦᠢᠯᠡᠰ᠎ᠦᠨ ᠨᠢᠭᠡᠴᠢ᠎ᠶ᠋ᠢᠨ ᠦᠢᠯᠡᠴᠢᠯᠡᠭᠡᠨ᠎ᠦ ᠴᠢᠳᠠᠪᠤᠷᠢ ᠪᠣᠯᠤᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂
ᠠᠷᠠᠳ ᠤᠯᠠᠨ᠎ᠤ ᠤᠯᠠᠨ ᠲᠡᠰ ᠳᠠᠪᠬᠤᠷᠭ᠎ᠠ᠎ᠶ᠋ᠢᠨ ᠤᠯᠠᠨ ᠶᠠᠩᠵᠤ᠎ᠶ᠋ᠢᠨ ᠬᠡᠷᠡᠭ᠌ᠴᠡᠭᠡ᠎ᠶ᠋ᠢ ᠲᠠᠰᠤᠷᠠᠯᠳᠠ ᠦᠭᠡᠢ
ᠬᠠᠩᠭᠠᠵᠤ᠂ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠤᠯᠠᠨ ᠲᠦᠮᠡᠨ ᠳᠤ ᠨᠡᠩ ᠡᠷᠬᠡ ᠲᠡᠭ᠌ᠰᠢ᠎ᠪᠡᠷ
ᠬᠦᠷᠲᠡᠭᠡᠨ᠎ᠡ》ᠭᠡᠵᠦ᠍ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠭᠤᠯᠤᠮᠵᠢ ᠣᠷᠣᠨ ᠲᠣᠭ᠎ᠠ᠎ᠶ᠋ᠢᠨ ᠬᠣᠷᠢᠶ᠎ᠠ ᠵᠢᠨ ᠠᠯᠪᠠᠨ
ᠬᠡᠷ᠎ᠦᠨ ᠠᠵᠢᠯ ᠦᠢᠯᠡᠰ᠎ᠦᠨ ᠪᠠᠢᠭᠤᠯᠤᠮᠵᠢ ᠣᠷᠣᠨ ᠲᠣᠭ᠎ᠠ᠎ᠶ᠋ᠢᠨ ᠭᠠᠵᠠᠷ᠎ᠤᠨ ᠳᠠᠷᠤᠭ᠎ᠠ ᠱᠢᠤᠢ ᠱᠧᠩ ᠴᠧᠩ ᠬᠡᠯᠡᠨ᠎ᠡ᠃