11 ᠰᠠᠷ᠎ᠠ᠎ᠶ᠋ᠢᠨ 27᠎ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠬᠥᠬᠡᠬᠣᠲᠠ᠎ᠳᠤ ᠦᠪᠡᠳᠡᠭ᠌ᠰᠢ ᠶᠡᠬᠡᠪᠡᠷ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠬᠢᠨ ᠲᠤᠰ ᠱᠢᠰᠲ᠋ᠧᠮᠦᠨᠵᠢᠡᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠠᠵᠢᠯᠲᠠᠨᠵᠢᠡᠨ ᠵᠤᠬᠢᠶᠠᠨ ᠪᠠᠢᠭᠤᠯᠵᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠪᠡᠳᠡᠭ᠌ᠰᠢ ᠪᠠᠢᠳᠠᠯ᠎ᠢ ᠭᠥᠯᠢᠶᠡᠨ ᠠᠪᠴᠤ᠌ ᠦᠵᠡᠵᠦ᠂ ᠨᠠᠮ᠎ᠤᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠢᠯᠡᠳᠬᠡᠯ᠎ᠢ ᠨᠠᠷᠢᠨ ᠬᠢᠨᠠᠮᠠᠭᠠᠶ ᠰᠣᠨᠣᠰᠪᠠ᠃
ᠤᠯᠠᠨ᠎ᠢᠶᠠᠷ᠎ᠢᠶᠠᠨ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠨᠢ ᠮᠠᠨ᠎ᠤ ᠣᠷᠣᠨ᠎ᠤ ᠥᠩᠭᠡᠷᠡᠭ᠌ᠰᠡᠨ ᠲᠠᠪᠤᠨ ᠵᠢᠯ᠎ᠦᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠪᠣᠯᠤᠨ ᠠᠮᠵᠢᠯᠲᠠ᠎ᠲᠠᠶ ᠲᠤᠷᠱᠢᠯᠭ᠎ᠠ ᠶ᠋ᠢ ᠳ᠋ᠥᠡᠭᠨᠡᠭᠰᠡᠨ ᠪᠦᠭᠡᠳ ᠥᠪᠥᠷ ᠮᠣᠩᠭᠣᠯ᠎ᠤᠨ ᠢᠷᠡᠭᠡᠳᠦᠢ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠵᠢᠨ ᠠᠤᠭ᠎ᠠ ᠵᠢᠷᠤᠭ ᠲᠥᠰᠦᠪ᠎ᠢ ᠵᠢᠷᠤᠭ᠍ᠯᠠᠵᠤ᠂ ᠨᠢᠭᠡᠨ ᠤᠳᠠᠭ᠎ᠠ᠎ᠶ᠋ᠢᠨ ᠠᠷᠠᠳ᠎ᠤᠨ ᠰᠡᠳᠭᠢᠯ᠎ᠢ ᠨᠢᠭ᠍ᠲᠠᠷᠠᠭᠤᠯᠤᠭ᠍ᠰᠠᠨ᠂ ᠬᠥᠮᠦᠰ᠎ᠦᠨ ᠰᠡᠳᠭᠢᠯ᠎ᠢ ᠬᠥᠭ᠌ᠵᠢᠭᠡᠭ᠌ᠰᠡᠨ ᠶᠡᠬᠡ ᠬᠤᠷᠠᠯ ᠪᠣᠯᠤᠨ᠎ᠠ ᠂ ᠯᠠᠪᠲᠠᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠱᠢᠨ᠎ᠡ ᠠᠶᠠᠨ᠎ᠳᠠᠭᠠᠨ ᠰᠠᠬᠢᠨ ᠪᠠᠷᠠᠯᠠᠵᠤ ᠂ ᠬᠠᠷᠢᠯᠴᠠᠨ ᠬᠠᠪᠰᠤᠷᠤᠯᠴᠠᠵᠤ ᠂ ᠪᠦᠯᠬᠦᠮᠳᠡᠨ ᠲᠡᠮᠡᠴᠡᠵᠦ᠍᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠲᠠᠯ᠎ᠠ ᠪᠠᠷ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ᠌᠎ᠶ᠋ᠢ ᠵᠣᠷᠢᠭ᠍ᠵᠢᠭᠤᠯᠬᠤ ᠪᠣᠯᠤᠨ᠎ᠠ ᠭᠡᠵᠦ᠍ ᠦᠵᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶ᠋ᠢᠨ ᠶᠡᠷᠦᠩᠬᠡᠶ ᠥᠷᠲᠡᠭᠡ ᠶ᠋ᠢᠨ ᠳᠡᠳ᠋ ᠳᠠᠷᠤᠭ᠎ᠠ ᠰᠦ᠍ ᠶ᠋ᠢᠨ ᠬᠤᠸᠠ ᠂ ᠪᠢᠳᠡᠨᠠᠮᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠵᠤ ᠲᠤᠭᠤᠰᠢᠯᠠᠭᠤᠯᠤᠨ᠂ ᠵᠣᠷᠢᠭ ᠰᠠᠨᠠᠭ᠎ᠠ᠎ᠪᠠᠷ ᠦᠶ᠋ᠯᠡᠳᠦᠯᠭᠡ᠎ᠪᠡᠨ ᠵᠢᠯᠤᠭᠤᠳᠤᠭᠤᠯᠵᠦ᠂ ᠠᠮᠢ ᠠᠬᠤᠶ᠎ᠶ᠋ᠢᠨ ᠣᠷᠴᠢᠨ ᠲᠣᠭᠣᠷᠢᠨ᠎ᠢ ᠬᠢᠨᠠᠨ ᠬᠡᠮᠵᠢᠬᠦ᠌ ᠲᠤᠬᠠᠢᠯᠠᠭ᠍ᠰᠠᠨ ᠠᠵᠢᠯ᠎ᠳ᠋ᠠᠭᠠᠨ ᠰᠠᠭᠤᠷᠢᠯᠠᠨ᠂ ᠱᠢᠨᠵᠢᠯᠡᠬᠦ᠌ ᠤᠬᠠᠭᠠᠨᠴᠢ ᠦᠨᠡᠨ᠎ᠢ ᠪᠠᠷᠢᠮᠲᠠᠯᠠᠬᠤ ᠣᠪᠣᠷ᠎ᠢ ᠪᠠᠳᠠᠷᠠᠭᠤᠯᠵᠤ᠂ ᠠᠮᠢ ᠠᠬᠤᠶ ᠣᠷᠴᠢᠨ ᠲᠣᠭᠣᠷᠢᠨ᠎ᠢ ᠬᠢᠨᠠᠨ ᠬᠡᠮᠵᠢᠬᠦ ᠴᠢᠳᠠᠪᠤᠷᠢ᠎ᠶ᠋ᠢᠨ ᠬᠢᠷᠢ ᠲᠦᠪᠰᠢᠨ᠎ᠵᠢᠡᠨ ᠲᠠᠰᠤᠷᠠᠯᠲᠠ ᠤᠢ᠍ᠭᠡᠢ ᠳᠡᠭᠡᠭᠰᠢᠯᠡᠭᠦᠯᠦᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ ᠭᠡᠵᠦ ᠢᠯᠡᠷᠬᠡᠢᠯᠡᠭᠰᠡᠨ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠶᠡᠷᠦᠩᠬᠡᠶ ᠠᠩᠭᠢ᠎ᠶ᠋ᠢᠨ ᠳᠡᠳ᠋ ᠳᠠᠷᠤᠭ᠎ᠠ ᠶᠦᠨ ᠯᠢ ᠭᠠᠩ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ᠂ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠶ ᠰᠠᠢᠲᠤᠷ ᠦᠷᠨᠢᠭᠦᠯᠦᠨ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠠᠬᠢᠭᠤᠯᠵᠤ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠣᠷᠣᠱᠢᠨ ᠲᠤᠭᠲᠠᠨᠢᠵᠤ ᠪᠠᠢᠭ᠎ᠠ ᠰᠠᠢᠨ ᠰᠠᠢᠬᠠᠨ ᠬᠡᠷ ᠣᠷᠣᠨ᠎ᠢ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠠᠮᠢ ᠠᠬᠤᠶ ᠣᠷᠴᠢᠨ ᠲᠣᠭᠣᠷᠢᠨ᠎ᠤ ᠬᠠᠤᠯᠢ ᠬᠡᠷᠡᠭ᠌ᠵᠢᠭᠦᠯᠬᠦ᠌ ᠡᠮᠦᠨ᠎ᠡ ᠹᠷᠣᠨᠲ᠎ᠤ᠋ᠨ ᠠᠵᠢᠯᠯᠠᠭᠴᠢ ᠪᠤᠯᠤᠭᠰᠠᠨ᠎ᠤ ᠬᠤᠪᠢ᠎ᠳᠦ᠂ ᠪᠢᠳᠡ ᠤᠬᠠᠮᠰᠠᠷ᠎ᠠᠴᠠ᠎ᠪᠠᠨ ᠮᠡᠳᠡᠭᠦᠯᠦᠯᠲᠡ᠎ᠡᠴᠡ ᠤᠷᠤᠭ᠍ᠰᠢᠯᠠᠯᠲᠠ ᠶ᠋ᠢᠨ ᠬᠦᠴᠦᠨ᠎ᠢ ᠱᠢᠩᠭᠡᠭᠡᠨ ᠠᠪᠴᠤ᠌ ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠦᠨ᠂ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠬᠠᠤᠯᠢ ᠬᠡᠷᠡᠭ᠌ᠵᠢᠭᠦᠯᠬᠦ᠌ ᠲᠦᠪᠱᠢᠨ᠎ᠢᠶᠡᠨ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠂ ᠠᠮᠢ ᠠᠬᠤᠶ ᠣᠷᠴᠢᠨ ᠲᠣᠭᠣᠷᠢᠨ᠎ᠤ ᠬᠠᠤᠯᠢ ᠬᠡᠷᠡᠭ᠌ᠵᠢᠭᠦᠯᠦᠯᠲᠡ᠎ᠶ᠋ᠢᠨ ᠰᠦᠷ ᠬᠦᠴᠦᠨ᠎ᠢ ᠪᠠᠲᠤᠯᠠᠵᠤ᠂ ᠬᠠᠲᠠᠭᠤ ᠴᠢᠩᠭ᠎ᠠ ᠪᠡᠷ ᠬᠠᠤᠯᠢ ᠬᠡᠷᠡᠭ᠌ᠵᠢᠭᠦᠯᠤᠨ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠶ ᠰᠠᠢᠲᠤᠷ ᠬᠢᠵᠦ᠍᠂ ᠡᠷᠡᠰ ᠪᠠᠲᠤ᠂ ᠤᠬᠠᠮᠰᠠᠷ᠎ᠠᠴᠠ᠎ᠪᠠᠨ᠂ ᠪᠣᠳᠠᠲᠠᠶ ᠠᠵᠢᠯᠯᠠᠭ᠎ᠠ᠎ᠪᠠᠷ᠎ᠢᠶᠠᠨ 《ᠨᠠᠮ᠎ᠢᠶᠠᠨ ᠡᠭᠦᠷᠢᠳᠡ ᠳᠠᠭᠠᠵᠤ》᠂ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠳᠤ ᠱᠢᠨ᠎ᠡ ᠳᠦᠷᠰᠦ ᠪᠠᠢᠳᠠᠯ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠲᠩᠷᠢ᠎ᠨᠢ ᠨᠠᠩ ᠴᠡᠯᠮᠡᠭ᠂ ᠠᠭᠤᠯᠠ᠎ᠨᠢ ᠨᠠᠩ ᠬᠥᠬᠡᠮᠳᠦᠭ᠂ ᠤᠰᠤ᠎ᠨᠢ ᠨᠠᠩ ᠲᠤᠩᠭᠠᠯᠠᠭ ᠪᠣᠬᠢᠷᠲᠤᠯ ᠥᠬᠡᠶ ᠦᠪᠦᠷ ᠮᠤᠡᠭᠭᠤᠯᠢ ᠪᠦᠲᠦᠭᠡᠨ ᠪᠠᠢᠭᠤᠯᠬᠤ᠎ᠳᠦ ᠨᠡᠡᠭ ᠶᠡᠬᠡ ᠬᠦᠴᠦᠨ ᠴᠢᠳᠠᠯ᠎ᠵᠢᠡᠨ ᠨᠡᠮᠡᠷᠢᠯᠡᠨ᠎ᠡ ᠭᠡᠵᠦ ᠢᠯᠡᠷᠬᠡᠢᠯᠡᠪᠡ᠃